2022-03-10 09:55:03
《ᠲᠡᠭᠷᠢ ᠲᠤᠯᠠᠭᠠᠷᠠᠪᠠᠯ ᠤᠯᠠᠭᠠᠨᠬᠠᠳᠠ ᠶ᠋ᠢᠨ ᠬᠡᠷᠡᠭ᠌ᠯᠡᠭᠡᠨ ᠤ᠋ ᠮᠡᠷᠭᠡᠵᠢᠯ ᠤ᠋ᠨ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ ᠶ᠋ᠢᠨ ᠪᠠᠢᠷᠢ ᠶ᠋ᠢᠨ ᠠᠰᠠᠷ ᠤ᠋ᠨ ᠲᠥᠷᠥᠯ ᠵᠦᠶ᠋ᠯ ᠪᠠᠷᠢᠯᠭ᠎ᠠ ᠪᠠᠨ ᠡᠬᠢᠯᠡᠭᠦᠯᠴᠢᠬᠡᠨᠡ᠃ ᠪᠢᠳᠡ ᠶᠠᠭ ᠪᠦᠬᠦ᠌ ᠬᠦᠴᠦ᠍ ᠪᠡᠷ ᠢ᠋ᠶ᠋ᠡᠨ ᠴᠢᠷᠮᠠᠢᠵᠦ ᠪᠠᠢᠭᠠᠳ ᠳᠠᠷᠠᠭ᠎ᠠ ᠬᠤᠭᠤᠴᠠᠭ᠎ᠠ ᠰᠤᠷᠤᠭ᠍ᠴᠢᠳ ᠢ᠋ ᠱᠢᠨ᠎ᠡ ᠭᠡᠷ ᠲᠦ᠍ ᠣᠷᠣᠭᠤᠯᠬᠤ ᠪᠠᠷ ᠪᠡᠯᠡᠳᠭᠡᠵᠦ᠍ ᠪᠠᠢᠨ᠎ᠠ》 ᠬᠡᠵᠤ ᠤᠯᠠᠭᠠᠨᠬᠠᠳᠠ ᠶ᠋ᠢᠨ ᠵᠧᠩ ᠱᠢᠶᠠᠩ ᠪᠠᠷᠢᠯᠭ᠎ᠠ ᠶ᠋ᠢᠨ ᠢᠨᠵᠧᠨᠧᠷᠢᠩ ᠤ᠋ᠨ ᠬᠢᠵᠠᠭᠠᠷᠲᠤ ᠺᠣᠮᠫᠠᠨᠢ ᠶ᠋ᠢᠨ ᠶᠡᠷᠦᠩᠬᠡᠢ ᠳᠠᠭᠠᠭᠠᠮᠠᠯ ᠸᠠᠩ ᠵᠢᠶᠦ᠋ᠨ ᠱᠢᠶᠠᠩ ᠵᠢᠯ ᠤ᠋ᠨ ᠠᠵᠢᠯᠳᠠᠭᠠᠨ ᠶᠠᠭᠠᠷᠠᠵᠦ ᠡᠬᠢᠯᠡᠯ᠎ᠠ᠃
ᠨᠢᠳᠤᠨᠤᠨ ᠲᠣᠰ ᠺᠣᠮᠫᠠᠨᠢ ᠶ᠋ᠢᠨ ᠳᠠᠭᠠᠭᠠᠴᠢᠯᠠᠨ ᠪᠠᠢᠭᠤᠯᠤᠭ᠍ᠰᠠᠨ 《ᠬᠠᠯᠳᠠᠪᠤᠷᠢᠲᠤ ᠡᠪᠡᠳᠴᠢᠨ ᠤ᠋ ᠡᠮᠨᠡᠯᠭᠡ ᠶ᠋ᠢᠨ ᠬᠣᠷᠢᠶ᠎ᠠ ᠵᠢ ᠰᠡᠯᠪᠢᠨ ᠵᠠᠰᠠᠵᠤ ᠥᠭᠡᠷᠡᠴᠢᠯᠡᠬᠦ᠌》 ᠪᠤᠯᠤᠨ《ᠲᠠᠷᠢᠶᠠᠯᠠᠩ ᠮᠠᠯ ᠠᠵᠤ ᠠᠬᠤᠶ ᠶ᠋ᠢᠨ ᠳᠡᠭᠡᠳᠦ ᠰᠤᠷᠭᠠᠭᠤᠯᠢ ᠶ᠋ᠢᠨ ᠳᠠᠳᠤᠯᠭ᠎ᠠ ᠪᠣᠯᠪᠠᠰᠤᠷᠠᠯ ᠤ᠋ᠨ ᠠᠰᠠᠷ ᠤ᠋ᠨ ᠪᠥᠲᠥᠭᠡᠨ ᠪᠠᠢᠭᠤᠯᠤᠯᠲᠠ》 ᠶ᠋ᠢᠨ ᠲᠥᠷᠥᠯ ᠵᠦᠶ᠋ᠯ ᠤ᠋ᠨ ᠥᠪᠡᠷ ᠤ᠋ᠨ ᠥᠷᠲᠡᠭ ᠨᠢ ᠨᠡᠮᠡᠭ᠌ᠳᠡᠭ᠌ᠰᠡᠨ ᠡᠴᠡ ᠪᠠᠷᠢᠯᠭ᠎ᠠ ᠶ᠋ᠢᠨ ᠠᠬᠢᠴᠠ ᠨᠢ ᠨᠡᠯᠢᠶᠡᠳ ᠤᠳᠠᠭᠠᠨ ᠪᠣᠯᠵᠠᠶ᠃ ᠪᠠᠢᠳᠠᠯ ᠢ᠋ ᠣᠢᠯᠠᠭᠠᠭ᠍ᠰᠠᠨ ᠤ᠋ ᠳᠠᠷᠠᠭ᠎ᠠ᠂ ᠤᠯᠤᠰ ᠤ᠋ᠨ ᠭᠠᠢᠯᠢ ᠶ᠋ᠢᠨ ᠶᠠᠪᠤᠳᠠᠯ ᠤ᠋ᠨ ᠶᠡᠷᠦᠩᠬᠡᠶ ᠲᠣᠪᠴᠢᠶ᠎ᠠ ᠶ᠋ᠢᠨ ᠤᠯᠠᠭᠠᠨᠬᠠᠳᠠ ᠬᠣᠲᠠ ᠶ᠋ᠢᠨ ᠭᠠᠢᠯᠢ ᠶ᠋ᠢᠨ ᠶᠠᠪᠤᠳᠠᠯ ᠤ᠋ᠨ ᠲᠣᠪᠴᠢᠶ᠎ᠠ ᠲᠤᠰ ᠺᠤᠮᠫᠠᠨᠢ ᠲᠠᠢ ᠬᠠᠷᠢᠯᠴᠠᠵᠦ ᠬᠡᠷᠡᠭ᠌ᠴᠡᠭᠡ ᠱᠠᠭᠠᠷᠳᠠᠯᠭ᠎ᠠ ᠵᠢ ᠨᠢ ᠤᠢᠯᠠᠭᠠᠵᠤ᠂ ᠭᠠᠢᠯᠢ ᠰᠦᠶ᠋ᠳᠭᠡᠯ ᠤ᠋ᠨ ᠬᠠᠷᠠᠭᠠᠯᠵᠠᠯ ᠤ᠋ᠨ ᠲᠥᠷᠥ ᠶ᠋ᠢᠨ ᠪᠣᠳᠣᠯᠭ᠎ᠠ ᠵᠢ ᠦᠨᠳᠦᠰᠦᠯᠡᠨ ᠠᠵᠤ ᠠᠬᠤᠢᠯᠠᠯ ᠤ᠋ᠨ 2021 ᠣᠨ ᠤ᠋ ᠨᠡᠢᠭᠡᠮ ᠤ᠋ᠨ ᠳᠠᠭᠠᠳᠭᠠᠯ ᠤ᠋ᠨ ᠰᠦᠶ᠋ᠳᠭᠡᠯ ᠢ᠋ 18 ᠲᠦᠮᠡ ᠭᠠᠷᠤᠶ ᠲᠥᠭᠥᠷᠢᠭ ᠬᠠᠰᠤᠵᠤ ᠭᠡᠯᠳᠦᠷᠢᠭᠦᠯᠦᠨ᠂ ᠵᠧᠩ ᠱᠢᠶᠠᠩ ᠺᠣᠮᠫᠠᠨᠢ ᠵᠢᠨ ᠬᠥᠭ᠌ᠵᠢᠯᠲᠡ ᠶ᠋ᠢᠨ ᠵᠢᠱ᠌ᠢᠯᠲᠡ ᠵᠢ ᠲᠣᠭ᠍ᠲᠠᠪᠤᠷᠢᠵᠢᠭᠤᠯᠵᠤ ᠬᠥᠭ᠌ᠵᠢᠯᠲᠡ ᠶ᠋ᠢᠨ ᠢᠲᠡᠭᠡᠯ ᠵᠣᠷᠢᠭ ᠢ᠋ ᠨᠢ ᠤᠯᠠᠮ ᠬᠥᠪᠴᠢᠯᠡᠪᠡ᠃
ᠨᠢᠳᠤᠨᠤᠨ ᠪᠥᠬᠥ᠌ ᠤᠯᠤᠰ ᠤ᠋ᠨ ᠠᠵᠤ ᠠᠬᠤᠶ ᠵᠢᠨ ᠬᠡᠷᠡᠭ᠌ᠴᠡᠭᠡ ᠪᠠᠭᠠᠰᠴᠤ᠌᠂ ᠬᠠᠩᠭᠠᠯᠭ᠎ᠠ ᠦᠯᠡᠬᠦᠳᠡᠵᠦ᠂ ᠵᠢᠱ᠌ᠢᠯᠲᠡ ᠪᠠᠭᠤᠷᠠᠭᠰᠠᠨ ᠭᠤᠷᠪᠠᠨ ᠳᠠᠪᠬᠤᠷ ᠳᠠᠷᠤᠯᠲᠠ ᠲᠠᠢ ᠶᠡᠬᠡ ᠣᠷᠴᠢᠨ ᠨᠥᠬᠥᠴᠡᠯ ᠳᠤᠤᠷ᠎ᠠ᠂ ᠮᠠᠨ ᠤ᠋ ᠣᠷᠣᠨ ᠭᠠᠢᠯᠢ ᠵᠢ ᠪᠠᠭᠠᠰᠬᠠᠵᠦ ᠰᠦᠶ᠋ᠳᠭᠡᠯ ᠢ᠋ ᠪᠠᠭᠤᠷᠠᠭᠤᠯᠬᠤ ᠵᠢ ᠦᠷᠭᠦᠯᠵᠢᠯᠡᠨ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠰᠢᠯᠢᠳᠡᠭᠵᠢᠬᠦᠯᠬᠦ ᠪᠡᠷ ᠵᠠᠬ᠎ᠠ ᠳᠡᠯᠭᠡᠭᠦᠷ ᠤ᠋ᠨ ᠪᠡᠶᠡᠴᠢ ᠴᠣᠭ᠍ᠴᠠ ᠶ᠋ᠢᠨ ᠠᠮᠢᠵᠢᠷᠠᠯ ᠤ᠋ᠨ ᠬᠦᠴᠦᠨ ᠢ᠋ ᠬᠦᠭᠵᠢᠭᠡᠵᠦ᠂ ᠪᠠᠯᠠ ᠣᠷᠣᠭᠤᠯᠤᠯᠲᠠ ᠶ᠋ᠢᠨ ᠲᠥᠷᠥᠯ ᠵᠦᠶ᠋ᠯ ᠤ᠋ᠨ ᠨᠡᠮᠡᠭ᠌ᠳᠡᠯ ᠢ᠋ ᠳᠠᠢᠴᠢᠯᠠᠨ᠂ ᠠᠵᠤ ᠠᠬᠤᠶ ᠶ᠋ᠢᠨ ᠲᠣᠭ᠍ᠲᠠᠭᠤᠨ ᠵᠢᠡᠷ ᠡᠷᠬᠢᠯᠳᠦᠬᠦ ᠵᠢ ᠪᠠᠲᠤᠯᠠᠨ ᠠᠬᠢᠭᠤᠯᠵᠤ᠂ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠦᠭᠰᠡᠨ ᠪᠠᠢᠨ᠎ᠠ᠃
ᠠᠵᠤ ᠠᠬᠤᠢᠯᠠᠯ ᠤ᠋ᠨ ᠱᠢᠨ᠎ᠡ ᠵᠢ ᠡᠭᠦᠳᠦᠨ ᠬᠥᠭ᠌ᠵᠢᠬᠦ᠌ ᠵᠢ ᠵᠣᠷᠢᠭ᠍ᠵᠢᠭᠤᠯᠵᠤ᠂ ᠦᠢᠯᠡᠳᠬᠦ᠌ ᠦᠢᠯᠡᠰ ᠤ᠋ᠨ ᠳᠡᠭᠡᠳᠦ ᠲᠡᠰᠵᠢᠯᠳᠡ᠂ ᠤᠶᠤᠨᠴᠢᠯᠠᠯᠳᠠ ᠪᠠ ᠪᠣᠬᠢᠷᠲᠤᠯ ᠦᠬᠡᠢ ᠬᠥᠭ᠌ᠵᠢᠯᠳᠠ ᠵᠢ ᠠᠬᠢᠭᠤᠯᠬᠤ ᠪᠣᠯ ᠭᠠᠢᠯᠢ ᠶ᠋ᠢᠨ ᠶᠠᠪᠤᠳᠠᠯ ᠤ᠋ᠨ ᠪᠠᠢᠭᠤᠯᠭ᠎ᠠ ᠶ᠋ᠢᠨ ᠭᠠᠢᠯᠢ ᠵᠢ ᠪᠠᠭᠠᠰᠭᠠᠵᠤ ᠰᠦᠢᠳᠭᠡᠯ ᠢ᠋ ᠪᠠᠭᠤᠷᠠᠭᠤᠯᠬᠤ ᠲᠦᠷᠦ᠍ ᠶ᠋ᠢᠨ ᠪᠤᠳᠤᠯᠭ᠎ᠠ ᠶ᠋ᠢᠨ ᠨᠢᠬᠡᠨ ᠵᠣᠷᠢᠯᠲᠠ ᠪᠠ ᠲᠤᠰᠤᠯᠳᠠ ᠮᠥᠨ᠃ ᠠᠵᠤ ᠠᠬᠤᠢᠯᠠᠯ ᠳ᠋ᠤ ᠲᠥᠷᠥ ᠶ᠋ᠢᠨ ᠪᠣᠳᠣᠯᠭ᠎ᠠ ᠶ᠋ᠢᠨ ᠠᠱᠢᠭ ᠢ᠋ ᠨᠠᠩ ᠰᠠᠢᠲᠤᠷ ᠬᠦᠷᠲᠡᠭᠡᠬᠦ᠌ ᠶ᠋ᠢᠨ ᠲᠥᠯᠥᠭᠡ᠂ ᠤᠯᠤᠰ ᠤ᠋ᠨ ᠭᠠᠢᠯᠢ ᠶ᠋ᠢᠨ ᠶᠠᠪᠤᠳᠠᠯ ᠤ᠋ᠨ ᠶᠡᠷᠦᠩᠬᠡᠶ ᠲᠣᠪᠴᠢᠶ᠎ᠠ ᠶ᠋ᠢᠨ ᠪᠤᠭᠤᠲᠤ ᠬᠣᠲᠠ ᠶ᠋ᠢᠨ ᠬᠥᠨᠳᠡᠯᠡᠨ ᠲᠣᠭᠣᠷᠢᠭ ᠤ᠋ᠨ ᠭᠠᠢᠯᠢ ᠶ᠋ᠢᠨ ᠶᠠᠪᠤᠳᠠᠯ ᠤ᠋ᠨ ᠲᠣᠪᠴᠢᠶ᠎ᠠ ᠲᠤᠰᠭᠠᠶ ᠮᠡᠷᠭᠡᠵᠢᠯᠲᠡᠨ ᠤ᠋ ᠵᠥᠪᠯᠡᠭ᠌ᠴᠢ ᠶ᠋ᠢᠨ ᠪᠦᠯᠬᠦᠮ ᠢ᠋ ᠵᠣᠬᠢᠶᠠᠨ ᠪᠠᠢᠭᠤᠯᠵᠤ᠂ ᠬᠣᠪᠣᠷ ᠱᠢᠷᠣᠶ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠱᠢᠨ᠎ᠡ ᠡᠭᠦᠳᠦᠯᠲᠡ᠂ ᠦᠶ᠋ᠯᠡᠳᠬᠦ᠌ ᠦᠶ᠋ᠯᠡᠰ ᠵᠡᠷᠭᠡ ᠭᠤᠤᠯᠳᠠᠯᠭ᠎ᠠ ᠲᠠᠶ ᠠᠵᠢᠯ ᠲᠥᠷᠥᠯ ᠤ᠋ᠨ ᠠᠵᠤ ᠠᠬᠤᠢᠯᠠᠯ ᠳ᠋ᠤ 《ᠨᠢᠭᠡ ᠳ᠋ᠤ ᠨᠢᠭᠡ ᠦᠶ᠋ᠯᠡᠴᠢᠯᠡᠬᠦ᠌》 ᠦᠢᠯᠡᠴᠢᠯᠡᠬᠡ ᠭᠠᠷᠭᠠᠭᠰᠠᠨ ᠤ᠋ ᠬᠠᠮᠲᠤ ᠲᠤᠰᠬᠠᠢᠯᠠᠨ 《ᠭᠠᠢᠯᠢ ᠵᠢ ᠪᠠᠭᠠᠰᠬᠠᠵᠤ ᠰᠦᠶ᠋ᠳᠭᠡᠯ ᠢ᠋ ᠪᠠᠭᠤᠷᠠᠭᠤᠯᠬᠤ ᠲᠥᠷᠥ ᠶ᠋ᠢᠨ ᠪᠣᠳᠣᠯᠭ᠎ᠠ ᠶ᠋ᠢᠨ ᠡᠮᠬᠢᠳᠭᠡᠯ》 ᠢ᠋ ᠡᠮᠬᠢᠯᠡᠨ ᠨᠠᠢᠷᠠᠭᠤᠯᠵᠦ᠂ ᠠᠵᠤ ᠠᠬᠤᠢᠯᠠᠯ ᠳ᠋ᠤ ᠬᠠᠪᠰᠤᠷᠤᠨ ᠲᠥᠷᠥ ᠶ᠋ᠢᠨ ᠪᠣᠳᠣᠯᠭ᠎ᠠ ᠶ᠋ᠢᠨ ᠭᠤᠤᠯᠳᠠᠯᠭ᠎ᠠ ᠵᠢ ᠡᠵᠡᠮᠱᠢᠭᠦᠯᠪᠡ᠃ ᠪᠠᠶᠠᠨᠨᠠᠭᠤᠷ ᠬᠣᠲᠠ ᠶ᠋ᠢᠨ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠪᠠ ᠠᠵᠤ ᠦᠶ᠋ᠯᠡᠰ ᠤ᠋ᠨ ᠬᠥᠭ᠌ᠵᠢᠯᠲᠡ ᠵᠢ ᠳᠡᠮᠵᠢᠬᠦ᠌ ᠶ᠋ᠢᠨ ᠲᠥᠯᠥᠭᠡ᠂ ᠤᠯᠤᠰ ᠤ᠋ᠨ ᠭᠠᠢᠯᠢ ᠶ᠋ᠢᠨ ᠶᠠᠪᠤᠳᠠᠯ ᠤ᠋ᠨ ᠶᠡᠷᠦᠩᠬᠡᠶ ᠲᠣᠪᠴᠢᠶ᠎ᠠ ᠶ᠋ᠢᠨ ᠦᠶᠤᠸᠠᠨ ᠱᠢᠶᠠᠨ ᠤ᠋ ᠭᠠᠢᠯᠢ ᠶ᠋ᠢᠨ ᠶᠠᠪᠤᠳᠠᠯ ᠤ᠋ᠨ ᠲᠣᠪᠴᠢᠶ᠎ᠠ ᠲᠠᠷᠢᠶᠠᠯᠠᠩ ᠤ᠋ᠨ ᠭᠠᠢᠯᠢ ᠰᠦᠢᠳᠬᠡᠯ ᠤ᠋ᠨ ᠦᠶ᠋ᠯᠡᠴᠢᠯᠡᠭᠡᠨ ᠤ᠋ ᠠᠩᠭᠢ ᠪᠠᠢᠭᠤᠯᠵᠤ᠂ ᠲᠠᠷᠢᠶᠠᠯᠠᠩ ᠳ᠋ᠤ ᠬᠣᠯᠪᠣᠭ᠍ᠳᠠᠬᠤ ᠠᠵᠤ ᠠᠬᠤᠢᠯᠠᠯ ᠳ᠋ᠤ ᠥᠪᠡᠷᠮᠢᠴᠡ ᠦᠶ᠋ᠯᠡᠴᠢᠯᠡᠭᠡ ᠬᠠᠩᠭᠠᠨ᠂ ᠣᠲᠣ ᠦᠶ᠎ᠡ ᠶ᠋ᠢᠨ ᠲᠠᠷᠢᠶᠠᠯᠠᠩ ᠤ᠋ᠨ ᠬᠥᠭ᠌ᠵᠢᠯᠲᠡ ᠵᠢ ᠳᠡᠮᠵᠢᠬᠦ᠌ ᠭᠠᠢᠯᠢ ᠰᠦᠶ᠋ᠳᠭᠡᠯ ᠤ᠋ᠨ ᠲᠥᠷᠥ ᠶ᠋ᠢᠨ ᠪᠣᠳᠣᠯᠭ᠎ᠠ ᠵᠢ ᠣᠨᠣᠪᠴᠢᠲᠠᠶ ᠨᠠᠢᠳᠠᠪᠤᠷᠢᠵᠢᠭᠤᠯᠵᠤ ᠪᠤᠢ᠃
ᠤᠨᠢᠨ ᠳᠡᠭᠡᠷ᠎ᠡ ᠨᠢ ᠴᠢᠷᠮᠠᠢᠵᠦ ᠪᠦᠬᠦ ᠲᠠᠯ᠎ᠠ ᠪᠡᠷ ᠬᠦᠴᠦᠯᠡᠨ᠎ᠡ᠃ 2021 ᠣᠨ ᠳ᠋ᠤ᠂ ᠪᠥᠬᠥ᠌ ᠣᠷᠣᠨ ᠤ᠋ ᠭᠠᠢᠯᠢ ᠶ᠋ᠢᠨ ᠶᠠᠪᠤᠳᠠᠯ ᠤ᠋ᠨ ᠱᠢᠰᠲ᠋ᠧᠮ ᠤ᠋ᠨ ᠬᠢᠨ ᠭᠠᠢᠯᠢ ᠰᠦᠶ᠋ᠳᠭᠡᠯ ᠤ᠋ᠨ ᠬᠠᠷᠠᠭᠠᠯᠵᠠᠯ ᠤ᠋ᠨ ᠲᠥᠷᠥ ᠶ᠋ᠢᠨ ᠪᠣᠳᠣᠯᠭ᠎ᠠ ᠵᠢ ᠨᠠᠢᠳᠠᠪᠤᠷᠢᠵᠢᠭᠤᠯᠤᠭ᠍ᠰᠠᠨ ᠪᠠᠢᠳᠠᠯ ᠳ᠋ᠤ ᠲᠦᠭ᠌ᠰᠢᠭᠦᠷᠢ ᠵᠢ ᠱᠢᠭ᠌ᠰᠢᠨ ᠪᠠᠢᠴᠠᠭᠠᠬᠤ ᠵᠢᠴᠢ ᠠᠷᠭᠠᠴᠠᠭᠠᠬᠤ ᠠᠵᠢᠯ ᠥᠷᠨᠢᠭᠦᠯᠵᠦ᠍᠂ ᠲᠣᠮᠣ ᠳ᠋ᠠᠢᠲ᠋ᠠ ᠵᠢ ᠬᠡᠷᠡᠭ᠌ᠯᠡᠨ ᠬᠠᠷᠠᠭᠠᠯᠵᠠᠯ ᠤ᠋ᠨ ᠲᠥᠷᠥ ᠶ᠋ᠢᠨ ᠪᠣᠳᠣᠯᠭ᠎ᠠ ᠶ᠋ᠢᠨ ᠮᠡᠳᠡᠭᠡ ᠵᠠᠩᠭᠢ ᠵᠢ ᠲᠤᠢᠯ ᠤ᠋ᠨ ᠣᠨᠣᠪᠴᠢᠲᠠᠶ ᠪᠠᠷ ᠲᠠᠨᠢᠯᠴᠠᠭᠤᠯᠤᠨ ᠬᠦᠷᠭᠡᠵᠦ᠍᠂ ᠭᠠᠢᠯᠢ ᠰᠦᠶ᠋ᠳᠭᠡᠯ ᠲᠤᠱᠢᠶᠠᠭ᠍ᠴᠢ ᠳ᠋ᠤ ᠤᠬᠠᠭᠤᠯᠭ᠎ᠠ ᠵᠢᠯᠣᠭᠣᠳᠣᠯᠭ᠎ᠠ ᠬᠠᠩᠭᠠᠨ᠂ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠶ᠋ᠢᠨ ᠲᠥᠷᠥ ᠶ᠋ᠢᠨ ᠪᠣᠳᠣᠯᠭ᠎ᠠ ᠶ᠋ᠢᠨ ᠠᠱᠢᠭ ᠢ᠋ ᠭᠦᠶ᠋ᠴᠡᠳ ᠭᠥᠷᠳᠡᠬᠦ᠌ ᠵᠢ ᠠᠬᠢᠭᠤᠯᠪᠠ ; ᠡᠯ᠎ᠡ ᠵᠦᠶ᠋ᠯ ᠤ᠋ᠨ ᠭᠠᠢᠯᠢ ᠰᠦᠶ᠋ᠳᠭᠡᠯ ᠤ᠋ᠨ ᠬᠠᠷᠠᠭᠠᠯᠵᠠᠯ ᠤ᠋ᠨ ᠲᠥᠷᠥ ᠶ᠋ᠢᠨ ᠪᠣᠳᠣᠯᠭ᠎ᠠ ᠵᠢ ᠨᠠᠢᠳᠠᠪᠤᠷᠢᠵᠢᠭᠤᠯᠤᠭ᠍ᠰᠠᠨ ᠦᠷ᠎ᠡ ᠪᠦᠲᠦᠮᠵᠢ ᠵᠢ ᠦᠨᠡᠯᠡᠨ ᠵᠢᠱ᠌ᠢᠵᠦ᠍ ᠵᠠᠳᠠᠯᠬᠤ ᠵᠢ ᠴᠢᠩᠭᠠᠳᠭᠠᠨ᠂ ᠲᠥᠷᠥ ᠶ᠋ᠢᠨ ᠪᠣᠳᠣᠯᠭ᠎ᠠ ᠵᠢ ᠬᠡᠷᠡᠭ᠌ᠵᠢᠭᠦᠯᠬᠦ᠌ ᠶᠠᠪᠤᠴᠠ ᠳ᠋ᠠᠬᠢ ᠠᠰᠠᠭᠤᠳᠠᠯ ᠢ᠋ ᠴᠠᠭ ᠲᠤᠬᠠᠶ ᠳ᠋ᠤᠨᠢ ᠰᠤᠳᠤᠯᠬᠤ ᠶ᠋ᠢᠨ ᠬᠠᠮᠲᠤ ᠬᠠᠮᠢᠶ᠎ᠠ ᠪᠥᠬᠥᠶ ᠰᠠᠨᠠᠭᠤᠯᠭ᠎ᠠ ᠳᠤᠷᠠᠳᠴᠤ᠌᠂ ᠭᠠᠢᠯᠢ ᠵᠢ ᠪᠠᠭᠠᠰᠬᠠᠵᠤ ᠰᠦᠶ᠋ᠳᠭᠡᠯ ᠢ᠋ ᠪᠠᠭᠤᠷᠠᠭᠤᠯᠬᠤ ᠶᠡᠷᠦᠩᠬᠡᠢᠯᠡᠭ᠌ᠰᠡᠨ ᠦᠶ᠋ᠯᠡᠳᠦᠯ ᠢ᠋ ᠦᠨᠡᠨ ᠬᠦ᠌ ᠳᠡᠭᠡᠭ᠌ᠰᠢᠯᠡᠭᠦᠯᠦᠨ᠂ ᠠᠵᠤ ᠠᠬᠤᠢᠯᠠᠯ ᠤ᠋ᠨ ᠳᠠᠷᠤᠭᠠᠰᠤ ᠵᠢ ᠪᠦᠲᠦᠮᠵᠢᠲᠡᠶ ᠬᠥᠩᠭᠡᠷᠡᠭᠦᠯᠵᠦ᠍᠂ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠶ᠋ᠢᠨ ᠠᠮᠢᠵᠢᠷᠠᠯ ᠤ᠋ᠨ ᠬᠦᠴᠦᠨ ᠢ᠋ ᠴᠢᠩᠭᠠᠷᠠᠭᠤᠯᠵᠠᠢ᠃
《 ᠡᠨᠡ ᠵᠢᠯ ᠤ᠋ᠨ 〈 ᠭᠠᠢᠯᠢ ᠰᠤᠢᠳᠬᠡᠯ ᠲᠤᠱᠢᠶᠠᠭ᠍ᠴᠢ ᠳ᠋ᠤ ᠪᠣᠳᠠᠲᠤ ᠶᠠᠪᠤᠳᠠᠯ ᠬᠢᠵᠦ᠍ ᠥᠭ᠌ᠬᠦ ᠵᠢᠴᠢ ᠠᠷᠠᠳ ᠲᠦ᠍ ᠲᠥᠬᠥᠮ ᠦᠵᠡᠭᠦᠯᠵᠦ ᠭᠠᠢᠯᠢ ᠳᠠᠳᠠᠪᠤᠷᠢᠯᠠᠬᠤ ᠬᠠᠯᠠᠮᠵᠢᠶᠢᠨ ᠠᠵᠢᠯᠯᠠᠭᠠᠨ〉 ᠨᠢᠭᠡᠨᠲᠡ ᠡᠬᠢᠯᠡᠪᠡ᠃ ᠪᠢᠳᠡ ᠲᠦᠷᠦᠭᠦᠦ ᠪᠦᠯᠦᠭ ᠤ᠋ᠨ ᠠᠷᠠᠳ ᠲᠦ᠍ ᠲᠥᠬᠥᠮ ᠦᠵᠡᠭᠦᠯᠬᠦ᠌ 80 ᠵᠦᠶ᠋ᠯ ᠤ᠋ᠨ ᠭᠠᠢᠯᠢ ᠲᠤᠱᠢᠶᠠᠬᠤ ᠠᠷᠭ᠎ᠠ ᠬᠡᠮᠵᠢᠶ᠎ᠡ ᠭᠠᠷᠭᠠᠭ᠍ᠰᠠᠨ ᠤ᠋ ᠳᠠᠷᠠᠭ᠎ᠠ᠂ ᠪᠠᠰᠠ ᠱᠢᠨ᠎ᠡ ᠪᠠᠢᠳᠠᠯ᠂ ᠱᠢᠨ᠎ᠡ ᠬᠡᠷᠡᠭ᠌ᠴᠡᠭᠡ ᠵᠢ ᠦᠨᠳᠦᠰᠦᠯᠡᠨ ᠲᠠᠰᠤᠷᠠᠯᠲᠠ ᠥᠬᠡᠶ ᠲᠡᠭᠦᠯᠳᠡᠷᠵᠢᠭᠦᠯᠬᠦ᠌ ᠪᠣᠯᠤᠨ᠎ᠠ᠃ ᠡᠭᠦᠨ ᠤ᠋ ᠬᠠᠮᠲᠤ 〈ᠪᠠᠩᠬᠢ ᠭᠠᠢᠯᠢ ᠶ᠋ᠢᠨ ᠬᠤᠷᠱᠢᠯ〉ᠤ᠋ᠨ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠢᠷᠡᠭᠦᠯᠵᠦ᠍᠂ ᠠᠵᠤ ᠠᠬᠤᠢᠯᠠᠯ ᠤ᠋ᠨ ᠪᠡᠯᠡ ᠬᠤᠷᠠᠮᠳᠤᠭᠤᠯᠬᠤ ᠳ᠋ᠤ ᠬᠦᠴᠢᠷ ᠪᠡᠯᠡ ᠬᠤᠷᠠᠮᠳᠤᠭᠤᠯᠬᠤ ᠳ᠋ᠤ ᠦᠨᠡᠲᠡᠢ ᠪᠠᠢᠬᠤ ᠠᠰᠠᠭᠤᠳᠠᠯ ᠢ᠋ ᠱᠢᠢᠳᠪᠦᠷᠢᠯᠡᠬᠦ᠌ ᠳ᠋ᠤ ᠬᠦᠴᠦᠨ ᠨᠡᠮᠡᠷᠢᠯᠡᠨ᠎ᠡ》 ᠭᠡᠵᠦ᠍ ᠤᠯᠤᠰ ᠤ᠋ᠨ ᠭᠠᠢᠯᠢ ᠶ᠋ᠢᠨ ᠶᠠᠪᠤᠳᠠᠯ ᠤ᠋ᠨ ᠶᠡᠷᠦᠩᠬᠡᠶ ᠲᠣᠪᠴᠢᠶ᠎ᠠ ᠶ᠋ᠢᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠭᠠᠢᠯᠢ ᠶ᠋ᠢᠨ ᠶᠠᠪᠤᠳᠠᠯ ᠤ᠋ᠨ ᠲᠣᠪᠴᠢᠶ᠎ᠠ ᠶ᠋ᠢᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠰᠤᠷᠪᠤᠯᠵᠢᠯᠠᠭ᠍ᠴᠢ ᠳ᠋ᠤ ᠶᠠᠷᠢᠯ᠎ᠠ᠃
ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠰᠠᠢᠵᠢᠷᠠᠵᠤ᠂ ᠠᠵᠤ ᠠᠬᠤᠢᠯᠠᠯ ᠤ᠋ᠨ ᠥᠪᠡᠷ ᠤ᠋ᠨ ᠦᠷᠳᠡᠭ ᠦᠷᠭᠦᠯᠵᠢᠯᠡᠨ ᠪᠠᠭᠤᠷᠠᠪᠠ᠃ ᠨᠢᠳᠤᠨᠤᠨ ᠮᠠᠨ ᠤ᠋ ᠣᠷᠣᠨ ᠡᠯ᠎ᠡ ᠵᠦᠶ᠋ᠯ ᠤ᠋ᠨ ᠭᠠᠢᠯᠢ ᠵᠢ ᠪᠠᠭᠠᠰᠬᠠᠵᠦ ᠰᠦᠶ᠋ᠳᠭᠡᠯ ᠢ᠋ ᠪᠠᠭᠤᠷᠠᠭᠤᠯᠬᠤ ᠲᠥᠷᠥ ᠶ᠋ᠢᠨ ᠪᠣᠳᠣᠯᠭ᠎ᠠ ᠵᠢ ᠨᠠᠷᠢᠯᠢᠭ ᠨᠠᠢᠳᠠᠪᠤᠷᠢᠵᠢᠭᠤᠯᠤᠨ᠂ ᠠᠵᠤ ᠠᠬᠤᠢᠯᠠᠯ ᠤ᠋ᠨ ᠥᠪᠡᠷ ᠤ᠋ᠨ ᠥᠷᠲᠡᠭ ᠢ᠋ ᠪᠠᠭᠤᠷᠠᠭᠤᠯᠵᠤ ᠦᠷ᠎ᠡ ᠠᠱᠢᠭ ᠢ᠋ ᠨᠡᠮᠡᠭ᠌ᠳᠡᠭᠦᠯᠬᠦ᠌ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠱᠢᠨ᠎ᠡ ᠪᠡᠷ ᠨᠡᠮᠡᠭ᠌ᠳᠡᠭ᠌ᠰᠡᠨ ᠭᠠᠢᠯᠢ ᠵᠢ ᠪᠠᠭᠠᠰᠬᠠᠵᠦ ᠰᠦᠶ᠋ᠳᠭᠡᠯ ᠢ᠋ ᠪᠠᠭᠤᠷᠠᠭᠤᠯᠤᠭ᠍ᠰᠠᠨ ᠬᠡᠮᠵᠢᠶ᠎ᠡ 250 ᠳ᠋ᠦᠩᠱᠢᠭᠤᠷ ᠲᠥᠭᠥᠷᠢᠭ ᠢ᠋ ᠳᠠᠪᠠᠵᠤ᠂ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠶ᠋ᠢᠨ ᠠᠵᠤ ᠠᠬᠤᠢᠯᠠᠯ ᠤ᠋ᠨ ᠵᠠᠭᠤᠨ ᠲᠥᠭᠥᠷᠢᠭ ᠨᠢᠬᠡ ᠪᠦᠷᠢ ᠶ᠋ᠢᠨ ᠡᠵᠡᠩᠨᠡᠯᠲᠡ ᠶ᠋ᠢᠨ ᠣᠷᠣᠯᠭ᠎ᠠ ᠳ᠋ᠠᠬᠢ ᠥᠪᠡᠷ ᠤ᠋ᠨ ᠥᠷᠲᠡᠭ ᠨᠢ 75.9 ᠲᠥᠭᠥᠷᠢᠭ ᠪᠠᠢᠵᠤ᠂ ᠤᠷᠵᠢᠨᠤᠨ ᠤ᠋ ᠬᠢ ᠡᠴᠡ 4.3 ᠲᠥᠭᠥᠷᠢᠭ ᠪᠠᠭᠠᠰᠴᠠᠢ᠃
ᠣᠷᠴᠢᠨ ᠲᠣᠭᠣᠷᠢᠨ ᠬᠤᠪᠢᠷᠠᠵᠤ᠂ ᠦᠶ᠋ᠯᠡᠴᠢᠯᠡᠭᠡ ᠱᠢᠯᠢᠳᠡᠭ᠌ᠵᠢᠨ᠂ ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨ ᠪᠢᠯᠬᠠᠮ᠎ᠠ ᠪᠤᠯᠵᠠᠢ᠃ ᠨᠢᠳᠤᠨᠤᠨ ᠪᠥᠬᠥ᠌ ᠣᠷᠣᠨ ᠳ᠋ᠤ 38.6 ᠲᠦᠮᠡᠨ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠵᠢ ᠱᠢᠨ᠎ᠡ ᠪᠡᠷ ᠪᠠᠢᠭᠤᠯᠵᠤ᠂ ᠠᠵᠤ ᠦᠶ᠋ᠯᠡᠳᠪᠦᠷᠢ ᠶ᠋ᠢᠨ ᠠᠵᠤ ᠠᠬᠤᠢᠯᠠᠯ ᠤ᠋ᠨ ᠠᠱᠢᠭ ᠤᠯᠵᠠᠪᠤᠷᠢ ᠶ᠋ᠢᠨ ᠶᠡᠷᠦᠩᠬᠡᠶ ᠬᠡᠮᠵᠢᠶ᠎ᠡ 3000 ᠳ᠋ᠦᠩᠱᠢᠭᠤᠷ ᠲᠥᠭᠥᠷᠢᠭ ᠢ᠋ ᠳᠠᠪᠠᠵᠤ᠂ ᠲᠡᠦᠬᠡ ᠶ᠋ᠢᠨ ᠱᠢᠨ᠎ᠡ ᠲᠡᠮᠳᠡᠭ᠌ᠯᠡᠯ ᠢ᠋ ᠡᠭᠦᠳᠦᠭᠰᠨᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃