2022-03-14 10:50:36
ᠣᠢᠷ᠎ᠠ᠎ᠳᠤ᠂ ᠠᠯᠠᠱᠠ ᠠᠢᠮᠠᠬ᠎ᠤᠨ ᠳᠡᠭᠡᠳᠦ ᠱᠢᠨ᠎ᠡ ᠮᠡᠷᠭᠡᠵᠢᠯ᠎ᠤᠨ ᠲᠣᠭᠣᠷᠢᠭ᠎ᠤᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ ᠪᠠ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ᠎ᠶ᠋ᠢᠨ《ᠮᠥᠩᠬᠡ ᠰᠤᠪᠠᠭ·ᠲᠠᠨ᠎ᠢ ᠬᠠᠪᠰᠤᠷᠤᠨ ᠭᠦᠶ᠋ᠴᠡᠳᠭᠡᠬᠦ᠌》 ᠴᠤᠩᠬᠤᠪᠴᠢ᠎ᠳᠤ᠂ ᠥᠪᠥᠷ ᠮᠣᠩᠭᠣᠯ᠎ᠤᠨ ᠰᠢ ᠱᠠᠩ ᠰᠢ ᠱᠢᠨ᠎ᠡ ᠮᠠᠲ᠋ᠧᠷᠢᠶᠠᠯ᠎ᠤᠨ ᠬᠢᠵᠠᠭᠠᠷᠲᠤ ᠺᠣᠮᠫᠠᠨᠢ᠎ᠶ᠋ᠢᠨ ᠠᠵᠢᠯᠲᠠᠨ ᠵᠢᠩᠬᠢᠨᠢ᠎ᠪᠡᠷ ᠴᠠᠬᠢᠯᠭᠠᠨ ᠬᠡᠷᠡᠭ᠌ᠯᠡᠬᠦ᠌ ᠱᠤᠭᠤᠮ᠎ᠢ ᠬᠢᠨᠠᠨ ᠵᠥᠪᠱᠢᠶᠡᠷᠡᠬᠦ᠌ ᠭᠠᠷ ᠭᠦᠶ᠋ᠴᠡᠳᠭᠡᠯ᠎ᠢ ᠭᠦᠶ᠋ᠴᠡᠳᠭᠡᠬᠦ᠌᠎ᠪᠡᠷ ᠢᠷᠡᠭᠡᠳ10 ᠮᠢᠨᠦ᠋ᠲ ᠪᠤᠯᠤᠬᠰᠡᠨ ᠦᠭᠡᠢ ᠪᠡᠷ ᠭᠦᠶ᠋ᠴᠡᠳᠭᠡᠵᠦ᠍ ᠳᠠᠭᠤᠰᠭᠠᠪᠠ᠃ 《ᠡᠨᠡ ᠬᠦ᠌ ᠴᠣᠩᠬᠤᠪᠴᠢ ᠨᠢ ᠨᠢᠭᠡ ᠤᠳᠠᠭ᠎ᠠ ᠬᠦᠢᠴᠡᠳᠭᠡᠬᠦ᠂ ᠲᠠᠨ᠎ᠢ ᠬᠠᠪᠰᠤᠷᠤᠨ ᠬᠦᠢᠴᠡᠳᠭᠡᠬᠦ ᠵᠦᠢᠯ᠎ᠤᠨ ᠨᠠᠷᠢᠨ ᠲᠠᠨᠭᠰᠠ ᠵᠢ ᠡᠮᠬᠢᠯᠡᠨ ᠳᠢᠭ᠌ᠯᠡᠵᠤ ᠨᠡᠢᠲᠡᠯᠡᠭ᠌ᠰᠡᠨ ᠪᠥᠭᠡᠳ ᠲᠤᠰᠭᠠᠶ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡ᠎ᠶ᠋ᠢ ᠵᠣᠬᠢᠶᠠᠨ ᠪᠠᠢᠭᠤᠯᠵᠤ 〈ᠪᠥᠬᠥ᠌ ᠶᠠᠪᠤᠴᠠᠳ᠋ᠦ ᠬᠥᠲᠥᠯᠥᠨ ᠵᠢᠯᠣᠭᠣᠳᠴᠤ ᠰᠢᠢᠳᠪᠤᠷᠢᠯᠡᠬᠦ〉ᠦᠢᠯᠡᠴᠢᠯᠡᠭᠡ ᠭᠠᠷᠭᠠᠵᠤ᠂ ᠲᠤᠰᠭᠠᠶ ᠲᠤᠱᠢᠶᠠᠯᠲᠤ ᠬᠥᠲᠥᠯᠥᠨ ᠵᠢᠯᠣᠭᠣᠳᠴᠤ ᠦᠢᠯᠡᠴᠢᠯᠡᠬᠦ ᠠᠵᠢᠯᠲᠠᠨ᠎ᠢ ᠳᠣᠭᠢᠷᠠᠭᠤᠯᠤᠨ ᠠᠵᠢᠯ ᠶᠠᠪᠤᠳᠠᠯ ᠭᠦᠶ᠋ᠴᠡᠳᠭᠡᠬᠦ᠌ ᠬᠥᠮᠦᠰ᠎ᠲᠦ ᠬᠥᠲᠥᠯᠥᠨ ᠵᠢᠯᠣᠭᠣᠳᠭᠤ᠂ ᠵᠥᠪᠯᠡᠯᠭᠡ ᠥᠭ᠌ᠬᠦ ᠵᠡᠷᠭᠡ ᠣᠷᠣᠯᠠᠨ ᠭᠦᠶ᠋ᠴᠡᠳᠭᠡᠵᠦ᠍ ᠬᠠᠪᠰᠤᠷᠤᠨ ᠭᠦᠶ᠋ᠴᠡᠳᠭᠡᠬᠦ᠌ ᠦᠶ᠋ᠯᠡᠴᠢᠯᠡᠭᠡ᠎ᠶ᠋ᠢ ᠴᠠᠭ ᠲᠤᠬᠠᠶ᠎ᠳᠤᠨᠢ ᠬᠠᠩᠭᠠᠵᠤ᠂ ᠪᠢᠳᠡᠨ᠎ᠦ ᠠᠵᠢᠯ ᠶᠠᠪᠤᠳᠠᠯ ᠭᠦᠶ᠋ᠴᠡᠳᠭᠡᠬᠦ᠌᠎ᠳᠦ ᠲᠥᠬᠥᠮ ᠮᠥᠷᠲᠡᠭᠡᠨ ᠳᠣᠲᠣᠨᠣ ᠰᠠᠨᠠᠭ᠍ᠳᠠᠭᠤᠯᠵᠠᠢ》 ᠭᠡᠵᠦ᠍ ᠲᠤᠰ ᠺᠣᠮᠫᠠᠨᠢ ᠶ᠋ᠢᠨ ᠶᠡᠷᠦᠩᠬᠡᠢ ᠳᠠᠭᠠᠭᠠᠮᠠᠯ᠎ᠤᠨ ᠲᠤᠰᠠᠯᠠᠭ᠍ᠴᠢ ᠳ᠋ᠢᠩ ᠵᠢᠶᠠᠨ ᠬᠡᠯᠡᠪᠡ᠃
ᠣᠢᠯᠠᠭᠠᠭ᠍ᠰᠠᠨ᠎ᠢᠶᠠᠷ᠂ ᠠᠯᠠᠱᠠ ᠠᠢᠮᠠᠬ᠎ᠤᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ ᠪᠠ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ 《ᠮᠥᠩᠬᠡ ᠰᠤᠪᠠᠭ·ᠲᠠᠨ᠎ᠢ ᠬᠠᠪᠰᠤᠷᠤᠨ ᠭᠦᠶ᠋ᠴᠡᠳᠭᠡᠬᠦ᠌》ᠴᠣᠩᠬᠣᠪᠴᠢ ᠪᠠ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠦᠨ ᠶᠡᠷᠦᠩᠬᠡᠢᠯᠡᠭ᠌ᠰᠡᠨ ᠴᠣᠩᠬᠣᠪᠴᠢ ᠳ᠋ᠤ ᠲᠦᠱᠢᠭ᠌ᠯᠡᠨ᠂ ᠶᠡᠬᠡ ᠲᠢᠩᠬᠢᠮ᠎ᠳᠦ ᠲᠤᠰᠭᠠᠶ ᠮᠡᠷᠭᠡᠵᠢᠯ᠎ᠦᠨ ᠣᠷᠣᠯᠠᠨ ᠭᠦᠶ᠋ᠴᠡᠳᠭᠡᠭᠴᠢ ᠬᠠᠪᠰᠤᠷᠤᠨ ᠭᠦᠶ᠋ᠴᠡᠳᠭᠡᠭ᠌ᠴᠢ᠎ᠶ᠋ᠢ ᠳᠣᠭᠢᠷᠠᠭᠤᠯᠵᠤ᠂ ᠠᠵᠤ ᠠᠬᠤᠢᠯᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠦᠨᠳᠦᠰᠦᠯᠡᠨ ᠭᠣᠭ᠍ᠴᠣᠭ᠎ᠠ ᠬᠤᠪᠢᠶᠠᠨ᠂ ᠱᠠᠲᠤ ᠬᠤᠪᠢᠶᠠᠨ ᠣᠷᠣᠯᠠᠨ ᠭᠦᠶ᠋ᠴᠡᠳᠭᠡᠵᠦ᠍ ᠬᠠᠪᠰᠤᠷᠤᠨ ᠭᠦᠶ᠋ᠴᠡᠳᠭᠡᠬᠦ᠌ ᠦᠶ᠋ᠯᠡᠴᠢᠯᠡᠭᠡ ᠬᠠᠩᠭᠠᠵᠤ᠂ ᠴᠢᠬᠤᠯᠠ ᠶᠡᠬᠡ ᠲᠥᠷᠥᠯ ᠵᠦᠶ᠋ᠯ᠎ᠦᠨ《ᠶᠡᠷᠦᠩᠬᠡᠢᠯᠡᠭ᠌ᠰᠡᠨ ᠴᠣᠩᠬᠣᠪᠴᠢ᠎ᠪᠠᠷ ᠭᠥᠯᠢᠶᠡᠨ ᠠᠪᠴᠤ᠌ ᠭᠦᠶ᠋ᠴᠡᠳᠭᠡᠬᠦ᠌᠂ ᠵᠡᠷᠭᠡᠴᠡᠭᠦᠯᠦᠨ ᠬᠢᠨᠠᠨ ᠵᠥᠪᠱᠢᠶᠡᠷᠡᠬᠦ᠌》 ᠦᠶ᠋ᠯᠡᠴᠢᠯᠡᠭᠡᠨ᠎ᠦ ᠵᠠᠭ᠍ᠪᠤᠷ᠎ᠢ ᠬᠡᠷᠡᠭ᠌ᠵᠢᠭᠦᠯᠵᠦ᠍᠂ ᠬᠢᠨᠠᠨ ᠵᠥᠪᠱᠢᠶᠡᠷᠡᠬᠦ᠌ ᠴᠤᠪᠤᠷᠠᠯ᠎ᠢ ᠱᠢᠯᠢᠳᠡᠭ᠌ᠵᠢᠭᠦᠯᠦᠨ᠂ ᠬᠢᠨᠠᠨ ᠵᠥᠪᠱᠢᠶᠡᠷᠡᠬᠦ᠌ ᠴᠠᠭ᠎ᠤᠨ ᠬᠢᠵᠠᠭᠠᠷ᠎ᠢ ᠪᠣᠭᠣᠨᠢᠰᠭᠠᠵᠤ᠂ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠬᠢᠨᠠᠨ ᠵᠥᠪᠱᠢᠶᠡᠷᠡᠬᠦ᠌ ᠦᠷ᠎ᠡ ᠪᠦᠳᠦᠮᠵᠢ ᠵᠢ ᠲᠡᠭᠡᠭᠰᠢᠯᠡᠬᠦᠯᠵᠤ᠂ᠰᠠᠢᠨ ᠰᠠᠢᠬᠠᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ᠎ᠢ ᠪᠤᠢ ᠪᠤᠯᠭᠠᠪᠠ᠃
ᠨᠢᠭᠡ ᠵᠢᠯ᠎ᠦᠨ ᠲᠤᠷᠰᠢ᠂ ᠠᠯᠠᠱᠠ ᠠᠢᠮᠠᠭ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ᠎ᠪᠠᠨ ᠬᠤᠪᠢᠷᠠᠭᠤᠯᠬᠤ᠎ᠶ᠋ᠢ ᠲᠦᠷᠭᠡᠳᠭᠡᠨ ᠠᠬᠢᠭᠤᠯᠵᠤ᠂ 《ᠮᠸᠩ ᠴᠢ ᠲᠦᠩ》ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠎ᠤᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠠᠪᠴᠠᠩ᠎ᠢ ᠪᠠᠢᠭᠤᠯᠬᠤ᠎ᠶ᠋ᠢᠨ ᠬᠠᠮᠲᠤ ᠰᠦᠯᠵᠢᠶᠡᠨ᠎ᠳᠦ ᠣᠷᠣᠭᠤᠯᠤᠨ ᠠᠵᠢᠯᠯᠠᠭᠤᠯᠵᠤ᠂ 2085 ᠠᠵᠤ ᠠᠬᠤᠢᠯᠠᠯ᠎ᠢ ᠨᠤᠳᠤᠬᠰᠢᠭᠤᠯᠵᠤ᠂ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ ᠵᠢᠨ15 ᠵᠤᠷᠪᠤᠰ᠎ᠲᠤ ᠲᠦᠷᠭᠡᠨ ᠬᠠᠷᠢᠭᠤᠯᠲᠠ ᠥᠭ᠌ᠴᠦ ᠰᠢᠢᠳᠪᠤᠷᠢᠯᠡᠵᠤ᠂ ᠠᠵᠤ ᠠᠬᠤᠢᠯᠠᠯ ᠳᠤ ᠬᠣᠯᠪᠣᠭ᠍ᠳᠠᠬᠤ ᠬᠤᠯᠪᠤᠬᠳᠠᠯ ᠪᠥᠬᠥᠶ ᠲᠥᠷᠥ᠎ᠶ᠋ᠢᠨ ᠪᠣᠳᠣᠯᠭ᠎ᠠ ᠶ᠋ᠢᠨ ᠠᠷᠭ᠎ᠠ ᠬᠡᠮᠵᠢᠶ᠎ᠡ᠎ᠶ᠋ᠢ 198 ᠵᠤᠷᠪᠤᠰ ᠤᠯᠠᠮᠵᠢᠯᠡᠨ ᠤᠬᠠᠭᠤᠯᠪᠠ᠃
ᠠᠰᠠᠭᠤᠳᠠᠯ᠎ᠢᠶᠠᠷ ᠤᠳᠤᠷᠢᠳᠤᠮᠵᠢ ᠪᠤᠯᠭᠠᠬᠤ ᠪᠡᠷ《ᠵᠣᠭ᠍ᠰᠣᠴᠠ》 ᠪᠡᠨ ᠪᠤᠯᠭᠠᠵᠤ ᠦᠶ᠋ᠯᠡᠴᠢᠯᠡᠭᠡ᠎ᠪᠡᠨ ᠦᠷᠭᠦᠯᠵᠢᠯᠡᠨ ᠱᠢᠯᠢᠳᠡᠭ᠌ᠵᠢᠭᠦᠯᠪᠠ᠃ ᠲᠣᠰ ᠠᠢᠮᠠᠭ《ᠮᠥᠩᠬᠡ ᠰᠤᠪᠠᠭ·ᠲᠦᠷᠪᠡ ᠵᠢ ᠭᠦᠢᠴᠡᠳᠭᠡᠬᠦ》 ᠪᠡᠷ《ᠲᠠᠯᠪᠢᠬᠤ ᠬᠠᠮᠢᠶᠠᠷᠬᠤ ᠦᠶ᠋ᠯᠡᠴᠢᠯᠡᠬᠦ᠌》ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌ ᠴᠢᠬᠤᠯᠠ ᠠᠷᠭ᠎ᠠ ᠬᠡᠮᠵᠢᠶ᠎ᠡ ᠪᠣᠯᠭᠠᠵᠤ᠂ 《ᠨᠢᠭᠡ ᠰᠦᠯᠵᠢᠶ᠎ᠡ ᠪᠠᠷ ᠨᠡᠢᠳᠡᠮ ᠬᠦᠢᠴᠡᠳᠬᠡᠬᠦ》᠎ᠪᠡᠷ ᠠᠴᠢᠶᠠᠯᠠᠪᠤᠷᠢ ᠪᠣᠯᠭᠠᠵᠤ᠂ ᠪᠦᠬᠦ᠌ ᠠᠢᠮᠠᠭ᠎ᠤᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ᠎ᠤᠨ ᠦᠢᠯᠡᠴᠢᠯᠡᠭᠡᠨ᠎ᠦ ᠴᠢᠳᠠᠪᠤᠷᠢ᠎ᠶ᠋ᠢᠨ 6 ᠲᠠᠯ᠎ᠠ᠎ᠶ᠋ᠢᠨ 19 ᠵᠦᠢᠯ᠎ᠦᠨ ᠠᠷᠭ᠎ᠠ ᠬᠡᠮᠵᠢᠶ᠎ᠡ᠎ᠶ᠋ᠢ ᠨᠠᠷᠢᠯᠢᠭ᠍ᠵᠢᠭᠤᠯᠤᠨ ᠳᠡᠭᠡᠭ᠌ᠰᠢᠯᠡᠭᠦᠯᠵᠦ᠍᠂ ᠪᠦᠬᠦ᠌ ᠠᠢᠮᠠᠭ᠎ᠢᠶᠠᠷ᠎ᠢᠶᠠᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠵᠦᠢᠯᠡᠰ᠎ᠢ 18021 ᠵᠦᠢᠯ ᠢ᠋ ᠳᠠᠭᠠᠭᠠᠨ ᠠᠪᠴᠤ᠌ ᠨᠡᠢᠲᠡᠯᠡᠵᠦ᠂ ᠠᠮᠠᠯᠠᠯᠲᠠ᠎ᠶ᠋ᠢᠨ ᠴᠠᠭ᠎ᠤᠨ ᠬᠢᠵᠠᠭᠠᠷ᠎ᠢ ᠪᠠᠭᠠᠰᠭᠠᠭ᠍ᠰᠠᠨ ᠬᠠᠷᠢᠴᠠᠯ᠎ᠨᠢ 86.13% ᠳ᠋ᠤ ᠬᠦᠷᠴᠦ᠍᠂ ᠬᠠᠮᠤᠭ ᠣᠯᠠᠨ ᠳᠠᠭᠠᠨ ᠨᠢᠭᠡ ᠯᠡ ᠤᠳᠠᠭ᠎ᠠ᠎ᠳᠤ ᠭᠦᠢᠴᠡᠳᠭᠡᠬᠦ᠌ ᠵᠦᠢᠯᠡᠰ᠎ᠦᠨ ᠬᠠᠷᠢᠴᠠᠯ ᠨᠢ 99.71% ᠳ᠋ᠤ ᠬᠦᠷᠴᠦ᠍᠂ ᠪᠦᠬᠦ᠌ ᠶᠠᠪᠤᠴᠠ᠎ᠳᠤ ᠰᠦᠯᠵᠢᠶ᠎ᠡ᠎ᠪᠡᠷ ᠭᠦᠢᠴᠡᠳᠭᠡᠬᠦ᠌ ᠵᠦᠢᠯᠡᠰ᠎ᠦᠨ ᠬᠠᠷᠢᠴᠠᠯ᠎ᠨᠢ 82.02% ᠲᠦ᠍ ᠬᠦᠷᠴᠦ᠍᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ《ᠨᠢᠭᠡ ᠰᠦᠯᠵᠢᠶ᠎ᠡ ᠪᠠᠷ ᠨᠡᠢᠳᠡᠮ ᠭᠦᠢᠴᠡᠳᠭᠡᠬᠦ᠌》 ᠬᠢᠷᠢ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠪᠡ᠃
《ᠭᠠᠷ ᠤᠳᠠᠰᠤᠨ ᠲᠡᠭᠡᠷ᠎ᠡ ᠭᠦᠶ᠋ᠴᠡᠳᠭᠡᠬᠦ᠌》 ᠪᠠᠷ ᠲᠦᠱᠢᠭ ᠪᠣᠯᠭᠠᠵᠤ᠂ ᠣᠯᠠᠨ ᠲᠦᠮᠡᠨ᠎ᠦ《ᠦᠵᠡᠬᠦ᠌ ᠳᠤᠷᠠᠲᠠᠶ ᠬᠡᠷᠡᠭ᠌ᠯᠡᠬᠦ᠌ ᠳᠤᠷᠠᠲᠠᠶ᠂ ᠪᠠᠢᠩᠭᠤ ᠦᠵᠡᠬᠦ᠌ ᠪᠠ ᠪᠠᠢᠩᠭᠤ ᠬᠡᠷᠡᠭ᠌ᠯᠡᠬᠦ᠌᠂ ᠵᠠᠪᠠᠯ ᠦᠵᠡᠬᠦ᠌ ᠵᠠᠪᠠᠯ ᠬᠡᠷᠡᠭ᠌ᠯᠡᠬᠦ᠌》 ᠰᠢᠯᠵᠢᠭᠡ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠠᠪᠴᠠᠩ᠎ᠢ ᠴᠢᠷᠮᠠᠢᠨ ᠪᠠᠢᠭᠤᠯᠵᠤ᠂ 153 ᠣᠯᠠᠨ ᠲᠦᠮᠡᠨ ᠦ ᠦᠶ᠋ᠯᠡᠳᠪᠦᠷᠢᠯᠡᠯ ᠠᠮᠢᠳᠤᠷᠠᠯ᠎ᠯᠤᠭ᠎ᠠ ᠨᠢᠭ᠍ᠲᠠ ᠬᠣᠯᠪᠣᠭ᠎ᠠ ᠲᠠᠶ ᠣᠨᠴᠠᠯᠢᠭ᠍ᠲᠤ ᠬᠡᠷᠡᠭ᠌ᠯᠡᠯᠲᠡ᠎ᠶ᠋ᠢ《ᠮᠥᠩᠬᠡ ᠰᠤᠪᠠᠭ 》APP ᠲᠡᠭᠡᠷ᠎ᠡ ᠪᠠᠢᠴᠠᠭᠠᠨ ᠯᠠᠪᠯᠠᠵᠤ ᠭᠦᠶ᠋ᠴᠡᠳᠭᠡᠵᠦ᠍᠂ ᠰᠢᠯᠵᠢᠶ᠎ᠡ ᠵᠢᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠦ ᠴᠢᠳᠠᠪᠤᠷᠢ ᠲᠠᠰᠤᠷᠠᠯᠲᠠ ᠥᠬᠡᠶ ᠳᠡᠭᠡᠭ᠌ᠰᠢᠯᠡᠪᠡ;《ᠲᠠᠨ ᠢ᠋ ᠬᠠᠪᠰᠤᠷᠤᠨ ᠭᠦᠶ᠋ᠴᠡᠳᠭᠡᠬᠦ᠌》᠎ᠪᠠᠷ ᠲᠠᠪᠴᠠᠩ ᠪᠣᠯᠭᠠᠵᠤ᠂ 118 ᠵᠦᠶ᠋ᠯᠡᠰ᠎ᠢ ᠨᠡᠢᠲᠡᠯᠡᠵᠦ᠍᠂《 ᠠᠵᠤ ᠠᠬᠤᠢᠯᠠᠯ ᠭᠦᠶᠦᠬᠦ᠌》 ᠶ᠋ᠢ 《ᠵᠠᠰᠠᠭ᠎ᠤᠨ ᠣᠷᠳᠣᠨ ᠭᠦᠶᠦᠬᠦ᠌》 ᠪᠣᠯᠭᠠᠨ ᠬᠤᠪᠢᠷᠠᠭᠤᠯᠵᠤ᠂ 108 ᠬᠢᠨᠠᠨ ᠵᠥᠪᠱᠢᠶᠡᠷᠡᠬᠦ᠌ ᠵᠦᠶ᠋ᠯᠡᠰ᠎ᠢ ᠪᠡᠶᠡᠯᠡᠭᠦᠯᠪᠡ᠃
《ᠠᠢᠮᠠᠭ ᠤᠨ ᠬᠡᠪᠴᠢᠶᠡᠨ ᠳᠦ ᠨᠡᠢᠳᠡᠮ ᠭᠦᠶ᠋ᠴᠡᠳᠭᠡᠬᠦ᠌》 ᠪᠠᠷ ᠱᠢᠪᠲᠤᠯᠤᠯᠲᠠ ᠶ᠋ᠢᠨ ᠴᠡᠭ ᠪᠣᠯᠭᠠᠵᠤ᠂ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢ ᠨᠠᠩ ᠲᠤᠳᠤᠨᠤᠰᠤᠭ ᠪᠣᠯᠭᠠᠵᠤ᠂ ᠲᠣᠰ ᠠᠢᠮᠠᠭ ᠨᠢ ᠠᠵᠤ ᠠᠬᠤᠢᠯᠠᠯ ᠪᠠ ᠣᠯᠠᠨ ᠲᠦᠮᠡᠨ᠎ᠦ ᠤᠨᠳᠤᠤ ᠭᠠᠵᠠᠷ ᠰᠦᠯᠵᠢᠶᠡᠨ ᠤ᠋ ᠭᠠᠳᠠᠨ᠎ᠠ ᠠᠵᠢᠯ ᠶᠠᠪᠤᠳᠠᠯ ᠭᠦᠶ᠋ᠴᠡᠳᠭᠡᠬᠦ᠌ ᠬᠡᠷᠡᠭ᠌ᠴᠡᠭᠡ᠎ᠳᠦ ᠴᠢᠭ᠌ᠯᠡᠭᠦᠯᠦᠨ᠂《ᠪᠠᠷᠢᠮᠵᠢᠶ᠎ᠠ ᠵᠢᠷᠤᠮᠵᠢᠯ᠎ᠲᠠᠶ᠂ ᠬᠠᠷᠢᠯᠴᠠᠨ ᠡᠷᠬᠡ ᠣᠯᠭᠣᠵᠤ᠂ ᠤᠨᠳᠤᠤ ᠭᠠᠵᠠᠷ ᠳᠦ᠍ ᠭᠥᠯᠢᠶᠡᠨ ᠠᠪᠴᠤ᠌ ᠱᠢᠶ᠋ᠳᠪᠦᠷᠢᠯᠡᠬᠦ᠌᠂ ᠬᠠᠮᠵᠢᠯᠴᠠᠨ ᠬᠤᠯᠪᠤᠭᠠᠯᠠᠵᠤ》ᠪᠤᠯᠬᠤ 《ᠠᠢᠮᠠᠭ᠎ᠤᠨ ᠬᠡᠪᠴᠢᠶᠡᠨ ᠳᠦ ᠪᠦᠬᠦᠨ ᠢ᠋ ᠭᠦᠶ᠋ᠴᠡᠳᠭᠡᠬᠦ᠌》ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠠᠭ᠍ᠪᠤᠷ᠎ᠢ ᠪᠡᠶᠡᠯᠡᠭᠦᠯᠵᠦ᠍᠂ 256 ᠵᠦᠶ᠋ᠯ᠎ᠦᠨ 《ᠠᠢᠮᠠᠭ᠎ᠤᠨ ᠬᠡᠪᠴᠢᠶᠡᠨ᠎ᠳᠦ ᠪᠠᠷ ᠨᠡᠢᠳᠡᠮ ᠭᠦᠶ᠋ᠴᠡᠳᠭᠡᠬᠦ᠌》ᠵᠦᠶ᠋ᠯᠡᠰ᠎ᠢ ᠨᠡᠢᠲᠡᠯᠡᠪᠠ;12345 ᠬᠠᠯᠠᠮᠱᠢᠯ ᠤᠲᠠᠰᠤ᠎ᠪᠠᠷ ᠬᠥᠭᠥᠷᠭᠡ ᠪᠣᠯᠭᠠᠵᠤ᠂ ᠨᠢᠭᠡᠳᠦᠭᠡᠷ ᠨᠣᠮᠧᠷᠲᠤ ᠭᠥᠯᠢᠶᠡᠨ ᠠᠪᠴᠤ᠌ ᠰᠣᠨᠣᠰᠭᠤ ᠶᠡᠷᠦᠩᠬᠡᠶ ᠦᠶ᠋ᠯᠡᠴᠢᠯᠡᠭᠡ᠎ᠶᠢ ᠬᠠᠩᠭᠠᠵᠤ᠂ ᠠᠵᠢᠯ᠎ᠤᠨ ᠵᠠᠭ᠍ᠪᠤᠷ᠎ᠤᠨ ᠱᠢᠨ᠎ᠡ᠎ᠶ᠋ᠢ ᠡᠭᠦᠳᠬᠦ᠌ ᠪᠡᠷ ᠳᠠᠮᠵᠢᠭᠤᠯᠤᠨ᠂ ᠠᠷᠠᠳ᠎ᠲᠤ ᠳᠥᠭᠥᠮ ᠦᠵᠡᠭᠦᠯᠬᠦ᠌ ᠦᠶ᠋ᠯᠡᠴᠢᠯᠡᠭᠡᠨ᠎ᠦ ᠬᠢᠷᠢ ᠬᠡᠮᠵᠢᠶ᠎ᠡ ᠪᠠ ᠣᠯᠠᠨ ᠲᠦᠮᠡᠨ᠎ᠦ ᠬᠠᠨᠤᠮᠵᠢ᠎ᠶ᠋ᠢᠨ ᠬᠡᠮᠵᠢᠶ᠎ᠡ᠎ᠶ᠋ᠢ ᠪᠥᠬᠥ᠌ ᠬᠦᠴᠦᠨ᠎ᠢᠶᠡᠷ᠎ᠢᠶᠡᠨ ᠳᠡᠭᠡᠭ᠌ᠰᠢᠯᠡᠭᠦᠯᠵᠦ᠍᠂ 12345 ᠬᠠᠯᠠᠮᠱᠢᠯ ᠤᠲᠠᠰᠤᠨᠢᠭᠡᠨᠲᠡ ᠠᠵᠤ ᠠᠬᠤᠢᠯᠠᠯ ᠪᠠ ᠣᠯᠠᠨ ᠲᠦᠮᠡᠨ᠎ᠤ ᠲᠥᠷᠥ᠎ᠶ᠋ᠢᠨ ᠪᠣᠳᠣᠯᠭ᠎ᠠ᠎ᠶᠢ ᠯᠠᠪᠯᠠᠬᠤ᠂ ᠲᠤᠰᠠᠯᠠᠮᠵᠢ ᠭᠤᠶᠤᠴᠢᠯᠠᠬᠤ᠂ ᠰᠠᠨᠠᠯ ᠰᠠᠨᠠᠭᠤᠯᠭ᠎ᠠ ᠳᠤᠷᠠᠳᠭᠤ ᠲᠡᠷᠢᠭᠦᠨ ᠰᠣᠩᠭᠣᠯᠲᠠ᠎ᠶ᠋ᠢᠨ ᠲᠠᠪᠴᠠᠩ ᠪᠣᠯᠵᠠᠢ ᠃
ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ ᠮᠥᠨ᠃ 2021 ᠣᠨ᠎ᠳᠤ᠂ ᠲᠤᠰ ᠠᠢᠮᠠᠭ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠵᠢᠯᠣᠭᠣᠳᠤᠮᠵᠢ ᠪᠣᠯᠭᠠᠵᠤ᠂ ᠠᠵᠤ ᠠᠬᠤᠢᠯᠠᠯ᠎ᠤᠨ ᠱᠢᠨ᠎ᠡ ᠶ᠋ᠢ ᠡᠭᠦᠳᠬᠦ᠌ ᠭᠣᠣᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ ᠪᠠ ᠬᠥᠭ᠌ᠵᠢᠯᠲᠡ ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠬᠦᠴᠦᠯᠡᠨ ᠬᠥᠭ᠌ᠵᠢᠭᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠪᠦᠬᠦ᠌ ᠠᠢᠮᠠᠭ᠎ᠤᠨ ᠠᠵᠤ ᠠᠬᠤᠢ ᠶ᠋ᠢᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦᠲᠡᠢ ᠲᠤᠯᠭᠠᠭᠤᠷᠢᠯᠠᠯ ᠬᠠᠩᠭᠠᠪᠠ᠃ ᠨᠢᠳᠤᠨᠤᠨ ᠲᠤᠰ ᠠᠢᠮᠠᠭ ᠤᠨ ᠱᠢᠨ᠎ᠡ᠎ᠶ᠋ᠢ ᠡᠭᠦᠳᠬᠦ᠌ ᠦᠢᠯᠡᠰ ᠪᠤᠰᠭᠠᠬᠤ ᠦᠢᠯᠡᠴᠢᠯᠡᠭᠡ ᠵᠡᠷᠭᠡ ᠪᠡᠷ ᠶᠠᠪᠤᠭ᠍ᠳᠠᠵᠤ᠂ ᠭᠣᠣᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ ᠵᠡᠷᠭᠡ ᠡᠯ᠎ᠡ ᠱᠠᠲᠤᠨ᠎ᠤ ᠡᠯ᠎ᠡ ᠲᠦᠷᠦᠯ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠠᠴᠢᠶᠠᠯᠠᠪᠤᠷᠢ 55 ᠪᠤᠯᠵᠤ᠂ ᠪᠦᠬᠦ᠌ ᠠᠢᠮᠠᠭ ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠨᠡᠮᠡᠭ᠌ᠳᠡᠭᠡᠳ 35 ᠪᠤᠯᠵᠤ᠂ ᠲᠡᠭᠡᠷ᠎ᠠ ᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ 25% ᠪᠡᠷ ᠨᠡᠮᠡᠭ᠌ᠳᠡᠵᠦ᠍᠂ ᠬᠥᠮᠥᠷᠭᠡ᠎ᠳᠦ ᠣᠷᠣᠭᠤᠯᠤᠭ᠍ᠰᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ 13 ᠪᠤᠯᠵᠤ᠂ ᠳᠠᠬᠢᠨ᠎ᠢᠶᠠᠷ ᠨᠡᠮᠡᠭ᠌ᠳᠡᠬᠦ᠌ ᠬᠠᠷᠠᠯᠲᠠ᠎ᠶ᠋ᠢ ᠪᠡᠶᠡᠯᠡᠭᠦᠯᠪᠡ᠃
《ᠲᠠᠷᠠᠭᠠᠴᠢ᠎ᠶ᠋ᠢᠨ ᠠᠯᠬᠤᠮ᠎ᠳᠤ᠂ ᠪᠢᠳᠡ ᠦᠶ᠋ᠯᠡᠴᠢᠯᠡᠭᠡᠨ᠎ᠦ ᠤᠳᠤᠷᠢᠳᠤᠮᠵᠢ᠎ᠪᠠᠷ 〈ᠬᠦᠴᠦᠯᠡᠬᠦ᠌ ᠴᠡᠭ〉ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍ ᠵᠠᠬ᠎ᠠ ᠳᠡᠯᠭᠡᠭᠦᠷ᠎ᠦᠨ ᠪᠡᠶᠡᠴᠢ ᠴᠣᠭ᠍ᠴᠠ᠎ᠳᠤ ᠨᠠᠩ ᠰᠠᠢᠨ ᠦᠶ᠋ᠯᠡᠴᠢᠯᠡᠨ᠎ᠡ᠃ ᠨᠢᠭᠡ᠎ᠳᠦ᠂ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠎ᠢ ᠨᠠᠢᠳᠠᠪᠤᠷᠢᠵᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ᠃ ᠬᠣᠶᠠᠷ᠎ᠲᠤ᠂ ᠡᠷᠬᠡ ᠲᠡᠭ᠌ᠰᠢ᠎ᠪᠡᠷ ᠥᠷᠢᠰᠥᠯᠳᠦᠬᠦ᠌᠎ᠶ᠋ᠢ ᠴᠢᠩᠭᠠᠳᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠰᠠᠭᠤᠷᠢ᠎ᠶ᠋ᠢ ᠪᠡᠬᠢᠵᠢᠭᠦᠯᠦᠨ᠎ᠡ᠃ ᠭᠤᠷᠪᠠ᠎ᠳᠤ᠂ ᠠᠵᠤ ᠠᠬᠤᠢᠯᠠᠯ᠎ᠳᠤ ᠲᠥᠬᠥᠮ ᠦᠵᠡᠭᠦᠯᠵᠦ᠍ ᠠᠷᠠᠳ᠎ᠲᠤ ᠠᠱᠢᠭ ᠬᠦᠷᠲᠡᠭᠡᠬᠦ᠌᠎ᠶ᠋ᠢ ᠦᠷᠭᠦᠯᠵᠢᠯᠡᠨ ᠠᠬᠢᠭᠤᠯᠵᠤ᠂ 〈ᠨᠢᠭᠡ ᠰᠦᠯᠵᠢᠶ᠎ᠡ ᠪᠠᠷ ᠨᠡᠢᠳᠡᠮ ᠭᠦᠶ᠋ᠴᠡᠳᠭᠡᠬᠦ᠌〉 ᠶ᠋ᠢ ᠪᠥᠬᠥ᠌ ᠬᠦᠴᠦᠨ᠎ᠢᠶᠡᠷ ᠠᠬᠢᠭᠤᠯᠤᠨ᠎ᠠ᠃ ᠳᠥᠷᠪᠡ᠎ᠳᠦ᠂ ᠦᠶ᠋ᠯᠡᠴᠢᠯᠡᠭᠡᠨ᠎ᠦ 〈ᠵᠥᠭᠡᠯᠡᠨ ᠣᠷᠴᠢᠨ ᠲᠣᠭᠣᠷᠢᠨ〉 ᠢ᠋ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠪᠥᠬᠥ᠌ ᠠᠢᠮᠠᠭ᠎ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠪᠦᠬᠦᠯᠢ ᠴᠣᠭ᠍ᠴᠠ᠎ᠶ᠋ᠢᠨ ᠬᠢᠷᠢ ᠲᠦᠪᠱᠢᠨ᠎ᠢ ᠳᠠᠬᠢᠨ ᠱᠢᠯᠢᠳᠡᠭ᠌ᠵᠢᠭᠦᠯᠵᠦ᠍ ᠳᠠᠬᠢᠨ ᠳᠡᠭᠡᠭ᠌ᠰᠢᠯᠡᠭᠦᠯᠬᠦ᠌᠎ᠶ᠋ᠢ ᠦᠨᠡᠨ ᠬᠦ᠌ ᠠᠬᠢᠭᠤᠯᠤᠨ᠎ᠠ》 ᠭᠡᠵᠦ᠍ ᠠᠯᠠᠱᠠ ᠠᠢᠮᠠᠭ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ ᠮᠦᠸᠸ ᠮᠸᠩ ᠵᠢᠶᠦ᠋ᠨ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃