2022-03-17 09:28:53
ᠤᠢᠷ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠰᠣᠨᠢᠨ ᠮᠡᠳᠡᠭᠡ ᠨᠡᠢᠲᠡᠯᠡᠬᠦ᠌ ᠬᠤᠷᠠᠯ ᠬᠤᠷᠠᠯᠳᠤᠭᠤᠯᠵᠤ᠂ 《〈ᠥᠪᠡᠷᠲᠡᠭᠡᠨ ᠵᠠᠰᠠᠬᠤ ᠣᠷᠣᠨ᠎ᠤ ᠨᠠᠩ ᠱᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢᠶᠡᠷ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠳᠤ ᠦᠶ᠋ᠯᠡᠴᠢᠯᠡᠬᠦ᠌ ᠠᠵᠢᠯᠯᠠᠭᠠᠨ᠎ᠤ ᠲᠥᠰᠦᠯ〉᠎ᠢ᠋ ᠲᠤᠭᠤᠰᠢᠯᠠᠭᠤᠯᠵᠤ ᠨᠠᠢᠳᠠᠪᠤᠷᠢᠵᠢᠭᠤᠯᠬᠤ ᠲᠤᠬᠠᠶ ᠡᠬᠦᠷᠬᠡ ᠵᠢ ᠨᠠᠷᠢᠯᠢᠬᠵᠢᠭᠤᠯᠬᠤ ᠲᠦᠰᠦᠯ》 (ᠳᠣᠷᠣᠭ᠍ᠰᠢ《ᠨᠠᠷᠢᠯᠢᠬ᠍ᠵᠢᠭᠤᠯᠬᠤ ᠲᠥᠰᠦᠯ》 ᠭᠡᠵᠦ᠍ ᠲᠣᠪᠴᠢᠯᠠᠨ᠎ᠠ) ᠤ᠋ᠨ ᠠᠭᠤᠯᠭ᠎ᠠ᠎ᠶ᠋ᠢ ᠨᠡᠢᠲᠡᠯᠡᠪᠡ᠃
《ᠨᠠᠷᠢᠯᠢᠬ᠍ᠵᠢᠭᠤᠯᠬᠤ ᠲᠥᠰᠦᠯ》 ᠨᠢ ᠲᠣᠭᠠᠴᠢᠯᠠᠭ᠍ᠰᠠᠨ ᠮᠡᠳᠡᠭᠡ ᠵᠠᠩᠭᠢᠵᠢᠯᠲᠠ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠳᠡᠰ ᠳᠡᠪᠱᠢᠭᠦᠯᠬᠦ᠌᠂ ᠪᠦᠬᠦ᠌ ᠶᠠᠪᠤᠴᠠ᠎ᠶ᠋ᠢᠨ ᠰᠦᠯᠵᠢᠶᠡᠨ ᠳᠡᠭᠡᠷᠡᠬᠢ ᠦᠢᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠬᠦ᠌᠎ᠪᠡᠷ ᠶᠡᠷᠦᠩᠬᠡᠢᠯᠡᠨ ᠵᠢᠯᠤᠭᠤᠳᠤᠭᠤᠯᠵᠤ᠂ ᠭᠣᠣᠯᠳᠠᠯᠭ᠎ᠠ᠎ᠲᠠᠶ ᠪᠣᠭᠣᠮᠲᠠ ᠱᠢᠪᠲᠤᠯᠬᠤ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 《ᠨᠢᠭᠡ ᠰᠦᠯᠵᠢᠶ᠎ᠡ᠎ᠪᠡᠷ ᠨᠡᠢᠳᠡᠮ ᠭᠦᠢᠴᠡᠳᠭᠡᠬᠦ᠌》᠂ 《ᠨᠢᠭᠡ ᠰᠦᠯᠵᠢᠶ᠎ᠡ᠎ᠪᠡᠷ ᠨᠢᠭᠡᠳᠦᠯᠲᠡᠢ ᠬᠠᠮᠢᠶᠠᠷᠬᠤ》 ᠵᠢ ᠲᠤᠪᠤᠢ᠌ᠯᠭᠠᠵᠤ᠂ 5 ᠬᠡᠰᠡᠭ ᠬᠤᠪᠢᠶᠠᠨ 32 ᠵᠦᠢᠯ᠎ᠦᠨ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠳᠤᠷᠠᠳᠪᠠ᠃
ᠳᠥᠭᠥᠮᠳᠥᠲᠡᠥᠨᠳᠥᠷ ᠪᠦᠲᠦᠮᠵᠢᠲᠡᠶ ᠵᠠᠰᠠᠭ᠎ᠤᠨ ᠶᠠᠪᠤᠳᠠᠯ᠎ᠤᠨ ᠣᠷᠴᠢᠨ ᠨᠥᠬᠥᠴᠡᠯ᠎ᠢ ᠱᠢᠰᠲ᠋ᠧᠮ᠎ᠲᠡᠶ ᠪᠠᠢᠭᠤᠯᠬᠤ᠎ᠶ᠋ᠢᠨ ᠲᠥᠯᠥᠭᠡ᠂ ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠰᠦᠯᠵᠢᠶᠡᠨ ᠳᠡᠭᠡᠷᠡᠬᠢ ᠦᠶ᠋ᠯᠡᠴᠢᠯᠡᠭᠡᠨ᠎ᠦ ᠲᠦᠪᠱᠢᠨ᠎ᠢᠶᠡᠨ ᠦᠷᠭᠦᠯᠵᠢᠯᠡᠨ ᠳᠡᠭᠡᠭ᠌ᠰᠢᠯᠡᠭᠦᠯᠵᠦ᠍᠂《ᠨᠢᠭᠤᠷᠳᠠᠬᠤ ᠥᠬᠡᠶ᠎ᠪᠡᠷ ᠬᠢᠨᠠᠨ ᠵᠥᠪᠱᠢᠶᠡᠷᠡᠬᠦ᠌》ᠥᠭᠡᠷᠡᠴᠢᠯᠡᠯᠲᠡ᠎ᠶ᠋ᠢ ᠠᠬᠢᠭᠤᠯᠵᠤ᠂ ᠳᠣᠲᠣᠭᠠᠳᠤ᠎ᠶ᠋ᠢ ᠬᠠᠮᠠᠭᠠᠯᠠᠬᠤ ᠵᠠᠰᠠᠭ᠎ᠤᠨ ᠶᠠᠪᠤᠳᠠᠯ᠎ᠤᠨ ᠵᠦᠶ᠋ᠯᠡᠰ᠎ᠢ 100% ᠪᠠᠷ 《ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌》᠂ 100% ᠪᠠᠷ 《 ᠪᠥᠬᠥ᠌ ᠶᠠᠪᠤᠴᠠ᠎ᠪᠠᠷ ᠰᠦᠯᠵᠢᠶ᠎ᠡ᠎ᠪᠡᠷ ᠭᠦᠶ᠋ᠴᠡᠳᠭᠡᠬᠦ᠌》᠂ 100% ᠪᠠᠷ 《ᠠᠯᠠᠭᠠᠨ ᠳᠡᠭᠡᠷ᠎ᠡ ᠭᠦᠶ᠋ᠴᠡᠳᠭᠡᠬᠦ᠌》᠎ᠶ᠋ᠢ ᠪᠡᠶᠡᠯᠡᠭᠦᠯᠦᠨ᠎ᠡ; ᠪᠥᠬᠥ᠌ ᠣᠷᠣᠨ᠎ᠳᠤ ᠨᠢᠭᠡᠳᠦᠯᠲᠡᠶ ᠳᠣᠲᠣᠭᠠᠳᠤ᠎ᠶ᠋ᠢ ᠬᠠᠮᠠᠭᠠᠯᠠᠬᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠠᠵᠢᠯ ᠶᠠᠪᠤᠳᠠᠯ ᠭᠦᠶ᠋ᠴᠡᠳᠭᠡᠬᠦ᠌ ᠵᠦᠭ᠌ᠯᠡᠭᠦᠷ᠂ ᠬᠢᠨᠠᠯᠲᠠ ᠲᠠᠯᠪᠢᠵᠤ ᠦᠨᠡᠯᠡᠬᠦ᠌ ᠪᠠᠷᠢᠮᠵᠢᠶ᠎ᠠ᠎ᠶ᠋ᠢ ᠬᠡᠷᠡᠭ᠌ᠵᠢᠭᠦᠯᠵᠦ᠍᠂ 《ᠪᠥᠬᠥ᠌ ᠣᠷᠣᠨ᠎ᠳᠤ ᠨᠡᠢᠳᠡᠮ ᠭᠦᠶ᠋ᠴᠡᠳᠭᠡᠬᠦ᠌》᠎ᠶ᠋ᠢ ᠠᠬᠢᠭᠤᠯᠤᠨ᠎ᠠ; ᠥᠪᠥᠷ ᠮᠣᠩᠭᠣᠯ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠡᠯᠧᠺᠲ᠋ᠷᠣᠨ ᠲᠠᠮᠠᠭ᠎ᠠ᠂ ᠡᠯᠧᠺᠲ᠋ᠷᠣᠨ ᠦᠨᠡᠮᠯᠡᠯ᠎ᠦᠨ ᠬᠠᠮᠢᠶᠠᠷᠤᠯᠲᠠ᠎ᠶ᠋ᠢᠨ ᠠᠷᠭ᠎ᠠ᠎ᠶ᠋ᠢ ᠨᠡᠢᠲᠡᠯᠡᠵᠦ᠍᠂ ᠡᠯᠧᠺᠲ᠋ᠷᠣᠨ ᠲᠠᠮᠠᠭ᠎ᠠ᠂ ᠡᠯᠧᠺᠲ᠋ᠷᠣᠨ ᠭᠠᠷᠤᠨ ᠥᠰᠥᠭᠵᠢᠷᠤᠬᠤ ᠠᠵᠤ ᠠᠬᠤᠢᠯᠠᠯ᠎ᠤᠨ ᠬᠠᠮᠢᠶᠠᠷᠤᠯᠲᠠ ᠵᠡᠷᠭᠡ ᠨᠠᠩ ᠥᠷᠭᠡᠨ ᠬᠦᠷᠢᠶᠡᠨ᠎ᠳᠡᠬᠢ ᠬᠡᠷᠡᠭ᠌ᠯᠡᠯᠲᠡ᠎ᠶ᠋ᠢ ᠠᠬᠢᠭᠤᠯᠵᠤ᠂ ᠣᠷᠣᠨ ᠪᠦᠰᠡ ᠠᠯᠤᠰᠯᠠᠭ᠍ᠰᠠᠨ᠂ ᠰᠠᠯᠠᠭ᠎ᠠ ᠮᠥᠴᠢᠷ ᠠᠯᠤᠰᠯᠠᠭ᠍ᠰᠠᠨ ᠡᠯᠧᠺᠲ᠋ᠷᠣᠨ ᠦᠨᠡᠮᠯᠡᠯ᠎ᠢ ᠬᠠᠷᠢᠯᠴᠠᠨ ᠮᠡᠳᠡᠷᠡᠵᠦ᠍ ᠬᠠᠷᠢᠯᠴᠠᠨ ᠢᠲᠡᠭᠡᠬᠦ᠌᠎ᠶ᠋ᠢ ᠠᠯᠬᠤᠮ ᠠᠯᠬᠤᠮ᠎ᠢᠶᠠᠷ ᠪᠡᠶᠡᠯᠡᠭᠦᠯᠦᠨ᠎ᠡ᠃ ᠰᠦᠯᠵᠢᠶᠡᠨ ᠭᠠᠳᠠᠨᠠᠬᠢ ᠦᠶ᠋ᠯᠡᠴᠢᠯᠡᠭᠡᠨ ᠦ ᠲᠦᠪᠱᠢᠨ᠎ᠢ ᠳᠡᠭᠡᠭ᠌ᠰᠢᠯᠡᠭᠦᠯᠵᠦ᠍᠂ 《ᠨᠢᠭᠡ ᠥᠷᠲᠡᠭᠡᠴᠢᠯᠡᠭᠰᠡᠨ ᠮᠠᠶᠢᠭ》 ᠤ᠋ᠨ ᠲᠣᠮᠢᠯᠠᠭ᠍ᠰᠠᠨ ᠰᠠᠯᠪᠤᠷᠢ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠠᠭ᠍ᠪᠤᠷ᠎ᠢ ᠳᠡᠯᠭᠡᠷᠡᠭᠦᠯᠵᠦ᠍᠂ ᠨᠠᠩ ᠣᠯᠠᠨ ᠲᠥᠬᠥᠮ ᠥᠨᠳᠥᠷ ᠳᠠᠪᠲᠠᠮᠵᠢᠲᠤ ᠲᠤᠬᠠᠢᠯᠠᠭ᠍ᠰᠠᠨ ᠠᠵᠢᠯ᠎ᠢ ᠲᠣᠮᠢᠯᠠᠭ᠍ᠰᠠᠨ ᠰᠠᠯᠪᠤᠷᠢ ᠳᠤ ᠬᠦᠷᠲᠡᠯ᠎ᠡ ᠤᠷᠲᠤᠳᠭᠠᠨ᠎ᠠ᠃
ᠡᠭᠦᠨ᠎ᠡᠴᠡ ᠭᠠᠳᠠᠨ᠎ᠠ᠂ ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠪᠠᠰᠠ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠪᠦᠬᠦᠢᠯᠡ ᠦᠶᠡᠯᠡᠯ᠎ᠦᠨ ᠬᠤᠭᠤᠴᠠᠭᠠᠨ᠎ᠤ ᠦᠶ᠋ᠯᠡᠴᠢᠯᠡᠭᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠬᠦ᠌ ᠪᠣᠯᠤᠨ᠎ᠠ᠃ 《ᠭᠡᠷᠡᠴᠢ ᠦᠨᠡᠮᠯᠡᠯ᠎ᠢ ᠰᠠᠯᠭᠠᠬᠤ》12 ᠵᠦᠶ᠋ᠯ᠎ᠦᠨ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠤᠨ ᠬᠡᠷᠡᠭ᠌ᠵᠢᠬᠦᠯᠦᠨ᠎ᠡ; ᠬᠣᠲᠠ᠎ᠶ᠋ᠢᠨ ᠵᠠᠮ ᠬᠠᠷᠢᠯᠴᠠᠭᠠᠨ᠎ᠤ ᠲᠣᠭ᠎ᠠ ᠪᠠᠷᠢᠮᠲᠠ᠎ᠶ᠋ᠢᠨ ᠶᠡᠷᠦᠩᠬᠡᠢᠯᠡᠭ᠌ᠰᠡᠨ ᠮᠡᠳᠡᠭᠡ ᠵᠠᠩᠭᠢ᠎ᠶ᠋ᠢᠨ ᠲᠠᠪᠴᠠᠩ᠎ᠢ ᠪᠠᠢᠭᠤᠯᠵᠤ᠂ ᠬᠣᠲᠠ᠎ᠶ᠋ᠢᠨ ᠵᠠᠮ᠎ᠤᠨ ᠲᠦᠭ᠌ᠵᠢᠷᠡᠯ᠎ᠦᠨ ᠪᠠᠢᠳᠠᠯ᠎ᠢ ᠰᠠᠢᠵᠢᠷᠠᠭᠤᠯᠵᠤ᠂ ᠣᠯᠠᠨ ᠲᠦᠮᠡᠨ᠎ᠦ ᠠᠵᠢᠯ ᠶᠠᠪᠤᠳᠠᠯ ᠭᠦᠶ᠋ᠴᠡᠳᠭᠡᠬᠦ᠌᠎ᠳᠦ ᠨᠠᠩ ᠳᠥᠭᠥᠮᠳᠥᠲᠡᠪᠤᠯᠭᠠᠨᠠ; ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠳᠤ ᠬᠣᠯᠪᠣᠭ᠍ᠳᠠᠭ᠍ᠰᠠᠨ ᠬᠡᠷᠡᠭ᠎ᠦᠨ ᠬᠠᠤᠯᠢ ᠬᠡᠷᠡᠭ᠌ᠵᠢᠭᠦᠯᠦᠯᠲᠡ᠎ᠶ᠋ᠢᠨ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠡᠷᠬᠡ ᠠᠱᠢᠭ᠎ᠲᠤ ᠬᠠᠯᠳᠠᠭ᠍ᠰᠠᠨ ᠡᠯ᠎ᠡ ᠲᠥᠷᠥᠯ᠎ᠦᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠦᠭᠬᠦᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃