2022-03-21 09:54:50
390 ᠭᠠᠷᠤᠢ ᠤᠳᠠᠭ᠎ᠠ ᠲᠥᠪᠯᠡᠷᠡᠭᠦᠯᠦᠨ ᠰᠤᠷᠤᠯᠴᠠᠵᠤ᠂ 54300 ᠭᠠᠷᠤᠢ ᠬᠥᠮᠦᠨ ᠤᠳᠠᠭ᠎ᠠ ᠺᠠᠳ᠋ᠷ ᠴᠠᠭ᠍ᠳᠠᠭ᠎ᠠ ᠣᠷᠣᠯᠴᠠᠪᠠ — ᠡᠨᠡ ᠪᠣᠯ ᠤᠯᠠᠭᠠᠨᠬᠠᠳᠠ ᠬᠤᠳᠠ᠎ᠶ᠋ᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠪᠠᠢᠭᠤᠯᠭ᠎ᠠ᠎ᠶ᠋ᠢᠨ ᠬᠠᠸ᠋ᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠢ ᠱᠢᠯᠢᠳᠡᠭ᠌ᠵᠢᠭᠦᠯᠬᠦ᠌ ᠲᠤᠬᠠᠢ ᠶᠡᠬᠡ ᠶᠠᠷᠢᠯᠴᠠᠭ᠎ᠠ ᠵᠢᠨ ᠠᠵᠢᠯᠯᠠᠭ᠎ᠠ᠎ᠶ᠋ᠢᠨ ᠨᠢᠭᠡᠳᠦᠭᠡᠷ ᠱᠠᠲᠤᠨ᠎ᠤ ᠥᠷᠨᠢᠭᠦᠯᠦᠭ᠌ᠰᠡᠨ ᠪᠠᠢᠳᠠᠯ ᠪᠣᠯᠤᠨ᠎ᠠ᠃
2 ᠰᠠᠷ᠎ᠠ᠎ᠶ᠋ᠢᠨ15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠍ ᠬᠠᠤᠯᠢ ᠴᠠᠭᠠᠵᠠ᠎ᠶ᠋ᠢᠨ ᠪᠠᠢᠭᠤᠯᠭ᠎ᠠ 《ᠨᠠᠮ᠎ᠤᠨ ᠬᠣᠷᠢᠳᠤᠭᠠᠷ ᠶᠡᠬᠡ ᠬᠤᠷᠠᠯ᠎ᠢ ᠤᠭ᠍ᠲᠤᠵᠤ᠂ ᠬᠠᠸ᠋ᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠢ ᠱᠢᠯᠢᠳᠡᠭ᠌ᠵᠢᠭᠦᠯᠬᠦ᠂ ᠴᠢᠨᠠᠷ ᠰᠠᠢᠲᠠᠶ ᠬᠥᠭ᠌ᠵᠢᠯᠲᠡ᠎ᠳᠦ ᠦᠢᠯᠡᠴᠢᠯᠡᠬᠦ ᠵᠢ ᠪᠠᠲᠤᠯᠠᠬᠤ》 ᠶᠡᠬᠡ ᠶᠠᠷᠢᠯᠴᠠᠭ᠎ᠠ ᠦᠷᠨᠢᠭᠦᠯᠬᠦ ᠠᠵᠢᠯᠯᠠᠭ᠎ᠠ᠎ᠶ᠋ᠢᠨ ᠪᠠᠢᠷᠢᠯᠠᠭᠤᠯᠤᠯᠲᠠ᠎ᠶ᠋ᠢᠨ ᠬᠤᠷᠠᠯ᠎ᠢ ᠬᠤᠷᠠᠯᠳᠤᠭᠤᠯᠤᠭ᠍ᠰᠠᠨᠤ ᠳᠠᠷᠠᠭ᠎ᠠ᠂ ᠤᠯᠠᠭᠠᠨᠬᠠᠳᠠ ᠬᠤᠳᠠ᠎ᠶ᠋ᠢᠨ ᠡᠯ᠎ᠡ ᠱᠠᠲᠤᠨ᠎ᠤ ᠤᠯᠤᠰ ᠲᠦᠷᠦ᠍ ᠬᠠᠤᠯᠢ ᠴᠠᠭᠠᠵᠠ᠎ᠶ᠋ᠢᠨ ᠪᠠᠢᠭᠤᠯᠭ᠎ᠠ᠎ᠶ᠋ᠢᠨ ᠬᠢᠨ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠍᠂ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠲᠥᠪᠯᠡᠷᠡᠭᠦᠯᠦᠨ ᠰᠤᠷᠤᠯᠴᠠᠬᠤ᠎ᠪᠠᠷ ᠭᠣᠣᠯᠳᠠᠯᠭ᠎ᠠ ᠪᠣᠯᠭᠠᠵᠤ᠂ ᠪᠦᠬᠦ᠌ ᠬᠤᠳᠠ᠎ᠶ᠋ᠢᠨ ᠬᠡᠪᠴᠢᠶᠡᠨ᠎ᠳᠦ ᠬᠠᠸ᠋ᠯᠢᠵᠢᠬᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠢ ᠱᠢᠯᠢᠳᠡᠭ᠌ᠵᠢᠭᠦᠯᠬᠦ᠌ ᠬᠠᠯᠠᠭᠤᠨ ᠥᠷᠨᠢᠯᠲᠡ ᠭᠠᠷᠭᠠᠬᠰᠠᠨ ᠪᠢᠯᠠ᠃
ᠤᠯᠠᠭᠠᠨᠬᠠᠳᠠ ᠬᠣᠲᠠ ᠶᠡᠬᠡ ᠶᠠᠷᠢᠯᠴᠠᠭ᠎ᠠ ᠦᠷᠨᠢᠭᠦᠯᠬᠦ ᠠᠵᠢᠯᠯᠠᠭ᠎ᠠ᠎ᠶ᠋ᠢᠨ ᠤᠳᠤᠷᠢᠳᠭᠤ ᠳᠤᠭᠤᠢᠯᠠᠩ ᠪᠠᠢᠭᠤᠯᠤᠭ᠍ᠰᠠᠨ ᠪᠥᠭᠡᠳ ᠠᠩᠬᠠᠳᠤᠭᠠᠷ ᠤᠳᠠᠭᠠᠨ᠎ᠤ ᠤᠳᠤᠷᠢᠳᠭᠤ ᠳᠤᠭᠤᠢᠯᠠᠩ᠎ᠤᠨ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ ᠪᠥᠬᠥ᠌ ᠬᠣᠲᠠ᠎ᠶ᠋ᠢᠨ ᠶᠡᠬᠡ ᠶᠠᠷᠢᠯᠴᠠᠭ᠎ᠠ ᠦᠷᠨᠢᠭᠦᠯᠬᠦ ᠠᠵᠢᠯᠯᠠᠭ᠎ᠠ᠎ᠶ᠋ᠢ ᠪᠠᠢᠷᠢᠯᠠᠭᠤᠯᠵᠤ᠂ ᠠᠵᠢᠯᠯᠠᠭ᠎ᠠ᠎ᠶ᠋ᠢᠨ ᠡᠮᠬᠢ ᠵᠢᠷᠤᠮ᠎ᠲᠠᠶ ᠥᠨᠳᠥᠷ ᠪᠦᠲᠦᠮᠵᠢᠲᠡᠶ ᠥᠷᠨᠢᠬᠦᠯᠬᠦ᠎ᠶ᠋ᠢ ᠠᠬᠢᠭᠤᠯᠪᠠ᠃ ᠪᠠᠭᠠᠷᠢᠨ ᠪᠠᠷᠠᠭᠤᠨ ᠬᠣᠱᠢᠭᠤ᠂ ᠯᠢᠨᠰᠢ ᠱᠢᠶᠠᠨ᠂ ᠶᠤᠸᠠᠨ ᠪᠦᠦ ᠱᠠᠨ ᠲᠣᠭᠣᠷᠢᠭ᠎ᠤᠨ ᠪᠠᠢᠴᠠᠭᠠᠬᠤ ᠬᠣᠷᠢᠶ᠎ᠠ ᠠᠯᠪᠠᠨ ᠰᠦᠯᠵᠢᠶ᠎ᠡ ᠲᠡᠭᠡᠷ᠎ᠠ ᠪᠠᠨ ᠬᠠᠸ᠋ᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠢ ᠱᠢᠯᠢᠳᠡᠭ᠌ᠵᠢᠭᠦᠯᠬᠦ᠌ ᠲᠤᠰᠭᠠᠢ ᠪᠤᠯᠤᠩ ᠭᠠᠷᠭᠠᠵᠤ᠂ ᠰᠤᠷᠤᠯᠴᠠᠬᠤ ᠮᠠᠲᠧᠷᠢᠶᠠᠯ ᠨᠡᠢᠲᠡᠯᠡᠪᠡ; ᠤᠯᠠᠭᠠᠨᠬᠠᠳᠠ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠬᠥᠳᠡᠯᠦᠩᠭᠦᠶ ᠲᠤᠷᠱᠢᠨ ᠪᠠᠢᠴᠠᠭᠠᠬᠤ ᠰᠠᠯᠪᠤᠷᠢ ᠠᠩᠭᠢ《ᠪᠢᠴᠢᠯ ᠰᠡᠷᠡᠮᠵᠢ》ᠵᠢᠨ ᠠᠷᠭ᠎ᠠ ᠮᠠᠶᠢᠭ᠎ᠢ ᠠᠪᠴᠤ᠌᠂ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠰᠣᠩᠭᠣᠨ ᠸᠢᠴᠠᠲ᠎ᠤᠨ ᠪᠦᠯᠦᠭ᠎ᠲᠦ ᠳᠠᠮᠵᠢᠭᠤᠯᠤᠨ ᠲᠠᠷᠬᠠᠭᠠᠵᠤ ᠰᠤᠷᠤᠯᠴᠠᠪᠠ ; ᠪᠠᠭᠠᠷᠢᠨ ᠪᠠᠷᠠᠭᠤᠨ ᠬᠣᠱᠢᠭᠤᠨ᠎ᠤ ᠬᠠᠸ᠋ᠯᠢ ᠴᠠᠭᠠᠵᠠ᠎ᠶ᠋ᠢᠨ ᠲᠣᠪᠴᠢᠶ᠎ᠠ᠂ ᠣᠩᠨᠢᠭᠤᠳ ᠬᠣᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠂ ᠶᠤᠸᠠᠨ ᠪᠦᠦ ᠱᠠᠨ ᠲᠣᠭᠣᠷᠢᠭ᠎ᠤᠨ ᠬᠠᠸ᠋ᠯᠢ ᠴᠠᠭᠠᠵᠠ᠎ᠶ᠋ᠢᠨ ᠲᠣᠪᠴᠢᠶ᠎ᠠ ᠪᠥᠬᠥ᠌ ᠺᠠᠳ᠋ᠷ ᠴᠠᠭ᠍ᠳᠠᠭ᠎ᠠ᠎ᠶ᠋ᠢ ᠵᠣᠬᠢᠶᠠᠨ ᠪᠠᠢᠭᠤᠯᠵᠤ ᠣᠨᠣᠯ᠎ᠤᠨ ᠱᠢᠯᠭᠠᠯᠲᠠ ᠬᠢᠵᠦ᠍᠂ ᠱᠢᠯᠭᠠᠯᠲᠠ᠎ᠪᠠᠷ ᠰᠤᠷᠤᠯᠴᠠᠯᠭ᠎ᠠ᠎ᠶ᠋ᠢ ᠠᠬᠢᠭᠤᠯᠪᠠ; ᠠᠷᠤ ᠬᠣᠷᠴᠢᠨ ᠬᠣᠱᠢᠭᠤ ᠰᠤᠷᠤᠯᠴᠠᠯᠭ᠎ᠠ᠎ᠶ᠋ᠢᠨ ᠲᠡᠮᠳᠡᠭ᠌ᠯᠡᠯ ᠬᠢᠬᠦ᠌᠂ ᠣᠯᠤᠯᠲᠠ ᠲᠥᠷᠥᠭ᠌ᠳᠡᠯ᠎ᠢᠶᠡᠨ ᠪᠢᠴᠢᠬᠦ᠌ ᠵᠡᠷᠭᠡ ᠠᠷᠭ᠎ᠠ᠎ᠪᠡᠷ ᠣᠯᠠᠨ ᠶᠠᠩᠵᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠠᠵᠢᠯᠯᠠᠭ᠎ᠠ ᠥᠷᠨᠢᠭᠦᠯᠪᠡ; ᠠᠸ᠋ᠬᠠᠨ ᠬᠣᠱᠢᠭᠤᠨ᠎ᠤ ᠨᠠᠮ᠎ᠤᠨ ᠬᠣᠷᠢᠶ᠎ᠠ᠎ᠶ᠋ᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ ᠶᠡᠬᠡ ᠲᠠᠩᠬᠢᠮ᠂ ᠬᠣᠩᠭᠢᠯ ᠵᠡᠷᠭᠡ ᠣᠯᠠᠨ ᠭᠠᠵᠠᠷ᠎ᠲᠤ ᠶᠡᠬᠡ ᠶᠠᠷᠢᠯᠴᠠᠭ᠎ᠠ᠎ᠶ᠋ᠢᠨ ᠠᠵᠢᠯᠯᠠᠭ᠎ᠠ ᠵᠢᠨ ᠦᠵᠡᠭᠦᠯᠭᠡ᠎ᠶ᠋ᠢᠨ ᠰᠠᠮᠪᠠᠷ᠎ᠠ ᠭᠠᠷᠭᠠᠵᠤ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠦ ᠳᠣᠲᠣᠭᠠᠳᠤ᠎ᠶ᠋ᠢᠨ ᠤᠬᠠᠭᠤᠯᠭ᠎ᠠ᠎ᠶ᠋ᠢᠨ ᠦᠷ᠎ᠡ ᠪᠦᠲᠦᠮᠵᠢ᠎ᠶ᠋ᠢ ᠴᠢᠩᠭᠠᠳᠭᠠᠪᠠ ᠁ ᠬᠠᠭᠠᠰ ᠰᠠᠷ᠎ᠠ᠎ᠶ᠋ᠢᠨ ᠬᠤᠭᠤᠴᠠᠭᠠᠨ᠎ᠳᠤ᠂ ᠤᠯᠠᠭᠠᠨᠬᠠᠳᠠ ᠬᠤᠲᠠ᠎ᠶ᠋ᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠪᠠᠢᠭᠤᠯᠭ᠎ᠠ᠎ᠶ᠋ᠢᠨ ᠬᠢᠨ ᠨᠡᠢ᠌ᠳᠡ 390 ᠭᠠᠷᠤᠢ ᠤᠳᠠᠭ᠎ᠠ ᠲᠥᠪᠯᠡᠷᠡᠭᠦᠯᠦᠨ ᠰᠤᠷᠤᠯᠴᠠᠬᠤ ᠠᠵᠢᠯᠯᠠᠭ᠎ᠠ ᠥᠷᠨᠢᠭᠦᠯᠵᠦ᠍᠂ 54300 ᠭᠠᠷᠤᠢ ᠬᠥᠮᠦᠨ ᠤᠳᠠᠭ᠎ᠠ ᠺᠠᠳ᠋ᠷ ᠴᠠᠭ᠍ᠳᠠᠭ᠎ᠠ ᠣᠷᠣᠯᠴᠠᠵᠤ᠂ 281 ᠵᠤᠷᠪᠤᠰ ᠮᠡᠳᠡᠭᠡ ᠵᠠᠩᠭᠢ ᠨᠡᠢᠲᠡᠯᠡᠵᠦ᠍᠂ ᠬᠠᠤᠯᠢᠵᠢᠯ᠎ᠤᠨ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠢ ᠲᠦᠷᠭᠡᠳᠭᠡᠨ ᠱᠢᠯᠢᠳᠡᠭ᠌ᠵᠢᠭᠦᠯᠬᠦ᠌ ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠪᠠ᠃
ᠠᠯᠢ ᠡᠷᠲᠡ 2020 ᠣᠨ᠎ᠳᠤ ᠤᠯᠠᠭᠠᠨᠬᠠᠳᠠ ᠬᠤᠳᠠ᠎ᠶ᠋ᠢᠨ ᠨᠠᠮ᠎ᠤᠨ ᠬᠣᠷᠢᠶ᠎ᠠ᠎ᠶ᠋ᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶ᠎ᠠ᠎ᠡᠴᠡ《ᠤᠯᠠᠭᠠᠨᠬᠠᠳᠠ ᠬᠤᠳᠠ᠎ᠶ᠋ᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠰᠠᠯᠠᠭ᠎ᠠ ᠮᠥᠴᠢᠷ᠎ᠦᠨ ᠬᠠᠸ᠋ᠯᠢᠵᠢᠬᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌ ᠵᠠᠭᠤᠨ ᠵᠦᠢᠯ᠎ᠦᠨ ᠠᠷᠭ᠎ᠠ》ᠵᠢ ᠨᠢᠭᠡᠳᠦᠯᠲᠡᠢ ᠲᠥᠯᠥᠪᠵᠢᠭᠦᠯᠦᠨ ᠭᠠᠷᠭᠠᠬᠰᠠᠨ ᠪᠠᠢᠪᠠ᠃ ᠱᠢᠨ᠎ᠡ ᠪᠠᠢᠳᠠᠯ ᠱᠢᠨ᠎ᠡ ᠬᠤᠪᠢᠷᠠᠯᠲᠠ ᠱᠢᠨ᠎ᠡ ᠱᠠᠭᠠᠷᠳᠠᠯᠭ᠎ᠠ᠎ᠶ᠋ᠢᠨ ᠡᠮᠦᠨ᠎ᠡ᠂ ᠪᠥᠬᠥ᠌ ᠬᠣᠲᠠ᠎ᠶ᠋ᠢᠨ ᠤᠯᠤᠰ ᠲᠥᠷᠥ᠍ ᠬᠠᠸ᠋ᠯᠢ ᠴᠠᠭᠠᠵᠠ᠎ᠶ᠋ᠢᠨ ᠪᠠᠢᠭᠤᠯᠭ᠎ᠠ ᠠᠵᠢᠯ᠎ᠤᠨ ᠪᠣᠳᠠᠲᠠᠶ᠎ᠲᠠᠶ ᠪᠠᠨ ᠤᠶᠠᠯᠳᠤᠭᠤᠯᠤᠨ᠂ ᠲᠣᠰ ᠲᠣᠰ᠎ᠤᠨ ᠬᠠᠸ᠋ᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠷᠭ᠎ᠠ᠎ᠪᠠᠨ ᠲᠡᠭᠦᠯᠳᠡᠷᠵᠢᠭᠦᠯᠦᠭ᠌ᠰᠡᠨ ᠪᠥᠭᠡᠳ 2022 ᠣᠨ᠎ᠤ 2 ᠰᠠᠷ᠎ᠠ᠎ᠶ᠋ᠢᠨ 23᠎ᠤ ᠡᠳᠦᠷ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ《ᠤᠯᠠᠭᠠᠨᠬᠠᠳᠠ ᠬᠣᠲᠠ᠎ᠶ᠋ᠢᠨ ᠤᠯᠤᠰ ᠲᠥᠷᠥ᠍ ᠬᠠᠸ᠋ᠯᠢ ᠴᠠᠭᠠᠵᠠ᠎ᠶ᠋ᠢᠨ ᠰᠠᠯᠠᠭ᠎ᠠ ᠮᠥᠴᠢᠷ᠎ᠦᠨ ᠬᠠᠸ᠋ᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠵᠠᠭᠤᠨ ᠵᠦᠶ᠋ᠯ᠎ᠦᠨ ᠠᠷᠭ᠎ᠠ (2022 ᠣᠨ᠎ᠤ ᠬᠡᠪᠯᠡᠯ)》 ᠶ᠋ᠢ ᠳᠠᠷᠤᠮᠠᠯᠯᠠᠨ ᠲᠠᠷᠬᠠᠭᠠᠪᠠ᠃100 ᠵᠦᠢᠯ᠎ᠦᠨ ᠠᠷᠭ᠎ᠠ ᠨᠢ ᠪᠦᠬᠦ᠌ ᠲᠠᠯ᠎ᠠ᠎ᠶ᠋ᠢ ᠬᠠᠮᠤᠷᠴᠤ᠌᠂ ᠤᠯᠠᠭᠠᠨᠬᠠᠳᠠ ᠬᠤᠳᠠ᠎ᠶ᠋ᠢᠨ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌ ᠳ᠋ᠤ ᠴᠢᠭᠯᠡᠯ ᠢ᠋ ᠵᠢᠭᠠᠵᠤ᠂ ᠦᠨᠳᠦᠰᠦᠨ ᠵᠢᠷᠤᠮᠯᠠᠯ ᠬᠠᠩᠭᠠᠭ᠍ᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃