ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-03-20 21:27:05

ᠵᠣᠬᠢᠶᠠᠭ᠍ᠴᠢ᠄ ᠯᠢ ᠱᠢᠨ ᠵᠢᠶᠦ᠋ᠨ ᠤᠷᠬᠢᠯ ᠦ᠋ ᠰᠦᠡᠭ ᠺᠦᠢ ᠣᠩᠱᠢᠭ᠍ᠰᠠᠨ ᠣᠳᠠᠭ᠎ᠠ᠄ 3

ᠬᠥᠯᠥᠨ ᠪᠣᠢᠷ ᠬᠣᠲᠠ᠎ᠶ᠋ᠢᠨ ᠭᠠᠯ ᠰᠡᠷᠭᠡᠢᠯᠡᠵᠤ ᠭᠠᠯ ᠤᠨᠲᠠᠷᠠᠭᠠᠬᠤ ᠰᠠᠯᠪᠤᠷᠢ ᠠᠩᠭᠢ ᠦᠶ᠋ᠯᠡᠴᠢᠯᠡᠭᠡᠨ᠎ᠦ ᠶᠠᠰᠤ ᠴᠢᠨᠠᠷ᠎ᠢᠶᠠᠨ ᠳᠡᠭᠡᠭ᠌ᠰᠢᠯᠡᠭᠦᠯᠬᠦ᠌᠎ᠡᠴᠡ ᠭᠠᠷᠳᠠᠵᠤ᠂ ᠭᠠᠯ ᠰᠡᠷᠭᠡᠢᠯᠡᠵᠤ ᠭᠠᠯ ᠤᠨᠲᠠᠷᠠᠭᠠᠬᠤ ᠦᠶ᠋ᠯᠡᠴᠢᠯᠡᠭᠡᠨ᠎ᠦ ᠴᠣᠩᠬᠣᠪᠴᠢ᠎ᠶ᠋ᠢ ᠵᠢᠷᠤᠮᠵᠢᠭᠤᠯᠤᠨ ᠪᠠᠢᠭᠤᠯᠵᠤ᠂ ᠠᠵᠢᠯᠲᠠᠨ᠎ᠤ ᠲᠣᠬᠢᠷᠠᠭᠤᠯᠤᠯᠲᠠ ᠵᠢ ᠰᠢᠯᠢᠳᠡᠭᠵᠢᠬᠦᠯᠬᠦ᠂ ᠦᠢᠯᠡᠴᠢᠯᠡᠬᠡ ᠵᠢᠠ ᠴᠣᠩᠬᠣᠪᠴᠢ ᠵᠢᠠ ᠬᠡᠡ ᠤᠷᠢᠳ ᠵᠢᠡᠷ ᠠᠰᠠᠭᠤᠳᠠᠯ ᠲᠤᠰᠤᠭᠰᠠᠠ ᠪᠤᠯ ᠬᠡᠡ ᠬᠠᠷᠢᠭᠤᠴᠠᠬᠤ᠂ ᠨᠢᠭᠡ ᠯᠡ ᠤᠳᠠᠭ᠎ᠠ᠎ᠳᠤ ᠦᠢᠯᠠᠭᠠᠭᠤᠯᠵᠥ ᠮᠠᠳᠠᠬᠦᠯᠬᠦ ᠵᠡᠷᠭᠡ ᠠᠵᠢᠯ᠎ᠤᠨ ᠲᠣᠭ᠍ᠲᠠᠴᠠ ᠪᠠᠢᠭᠤᠯᠵᠥ᠂ ᠠᠰᠠᠭᠤᠨ ᠯᠠᠪᠯᠠᠭ᠎ᠠ ᠵᠢᠨ ᠲᠠᠯ᠎ᠡ ᠪᠠᠷ ᠡᠷᠡᠬᠡᠯᠵᠡᠬᠡ ᠦᠬᠡᠢ ᠪᠤᠯᠭᠠᠬᠤ᠂ ᠠᠵᠢᠯ ᠶᠠᠪᠤᠳᠠᠯ ᠭᠦᠶ᠋ᠴᠡᠳᠭᠡᠬᠦ᠌ ᠵᠦᠭ᠌ᠯᠡᠭᠦᠷ ᠲᠤᠬᠳᠠᠭᠠᠬᠤ᠂ ᠤᠷᠢᠳᠴᠢᠯᠠᠨ ᠪᠣᠯᠵᠣᠬᠤ ᠦᠶ᠋ᠯᠡᠴᠢᠯᠡᠭᠡ ᠪᠠ ᠰᠠᠨᠠᠯ᠎ᠢ ᠥᠷᠭᠡᠨ᠎ᠢᠶᠡᠷ ᠬᠤᠷᠢᠶᠠᠬᠤ᠎ᠶ᠋ᠢ ᠨᠢᠭᠡ ᠴᠤᠭ᠍ᠴᠠᠵᠢᠭᠤᠯᠤᠭ᠍ᠰᠠᠨ ᠵᠢᠷᠤᠮᠵᠢᠭ᠍ᠰᠠᠨ ᠣᠯᠠᠨ ᠴᠢᠳᠠᠮᠵᠢ᠎ᠲᠠᠶ᠂ ᠬᠠᠯᠠᠭᠤᠮᠰᠤᠭ ᠪᠥᠭᠡᠳ ᠥᠨᠳᠥᠷ ᠪᠦᠲᠦᠮᠵᠢᠲᠡᠶ ᠦᠶ᠋ᠯᠡᠴᠢᠯᠡᠭᠡᠨ᠎ᠦ ᠴᠣᠩᠬᠣᠪᠴᠢ ᠪᠠᠢᠭᠤᠯᠤᠭ᠍ᠰᠠᠨ ᠪᠠᠢᠨ᠎ᠠ᠃

ᠪᠦᠷᠢᠠ ᠪᠤᠰᠤ ᠪᠦᠷᠢᠳᠬᠡᠯ ᠵᠢᠡᠷ᠂ ᠲᠤᠰ ᠠᠡᠭ᠌ᠭᠢ 1008 ᠤᠳᠠᠭ᠎ᠠ ᠭᠡᠷ ᠲᠤᠨᠢ ᠬᠦᠷᠴᠦ᠍ ᠦᠢᠯᠡᠴᠢᠯᠡᠨ᠂ 4920 ᠤᠳᠠᠭ᠎ᠠ᠎ᠶ᠋ᠢᠨ ᠮᠡᠷᠭᠡᠵᠢᠯ᠎ᠦᠨ ᠵᠢᠯᠤᠭᠤᠳᠤᠯᠭ᠎ᠠ ᠬᠢᠵᠥ᠂ 162838 ᠵᠤᠷᠪᠤᠰ ᠭᠠᠯ ᠰᠡᠷᠭᠡᠢᠯᠡᠵᠤ ᠭᠠᠯ ᠤᠨᠲᠠᠷᠠᠭᠠᠬᠤ ᠠᠮᠤᠷ ᠲᠦᠪᠰᠢᠨ᠎ᠤ ᠰᠡᠷᠡᠮᠵᠢᠯᠡᠭᠦᠯᠦᠯ᠂ ᠰᠠᠨᠠᠭᠤᠯᠤᠮᠵᠢ᠎ᠶ᠋ᠢᠨ ᠮᠡᠳᠡᠭᠡ ᠵᠠᠩᠭᠢ ᠪᠠ ᠭᠠᠯ ᠰᠡᠷᠭᠡᠢᠯᠡᠵᠤ ᠭᠠᠯ ᠤᠨᠲᠠᠷᠠᠭᠠᠬᠤ ᠠᠮᠤᠷ ᠲᠦᠪᠰᠢᠨ᠎ᠤ ᠶᠡᠷᠦ᠍᠎ᠶ᠋ᠢᠨ ᠮᠡᠳᠡᠯᠭᠡ ᠵᠢ ᠤᠯᠠᠮᠵᠢᠯᠠᠠ ᠲᠡᠷᠬᠠᠭᠠᠵᠡᠢ᠃ ᠡᠨᠡ ᠬᠦ᠌ ᠲᠣᠭ᠎ᠠ ᠪᠠᠷᠢᠮᠲᠠ ᠪᠣᠯ ᠬᠥᠯᠥᠨ ᠪᠣᠢᠷ ᠬᠣᠲᠠ᠎ᠶ᠋ᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠭᠠᠯ ᠤᠨᠲᠠᠷᠠᠭᠠᠬᠤ ᠬᠠᠤᠯᠢ ᠬᠡᠷᠡᠭ᠌ᠵᠢᠭᠦᠯᠦᠯᠲᠡ᠎ᠶ᠋ᠢᠨ《ᠲᠠᠯᠪᠢᠬᠤ ᠬᠠᠮᠢᠶᠠᠷᠬᠤ ᠦᠶ᠋ᠯᠡᠴᠢᠯᠡᠬᠦ᠌》ᠥᠭᠡᠷᠡᠴᠢᠯᠡᠯᠲᠡ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠂ ᠠᠷᠠᠳ᠎ᠲᠤ ᠲᠥᠬᠥᠮ ᠦᠵᠡᠭᠦᠯᠵᠦ᠍ ᠠᠵᠤ ᠠᠬᠤᠢᠯᠠᠯ᠎ᠳᠤ ᠠᠱᠢᠭ ᠬᠦᠷᠳᠡᠭᠡᠬᠦ᠌ ᠦᠢᠯᠡᠴᠢᠯᠡᠭᠡ᠎ᠶ᠋ᠢ ᠠᠬᠢᠭᠤᠯᠵᠤ᠂ ᠬᠤᠳᠡᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠦᠷᠬᠦᠯᠵᠢᠯᠡᠨ ᠱᠢᠯᠢᠳᠡᠭ᠌ᠵᠢᠬᠦᠯᠬᠦ᠌ ᠠᠵᠢᠯ ᠲᠤᠮᠳᠡ ᠤᠯᠤᠡᠡᠰᠡᠨ ᠪᠤᠳᠡᠳᠤ ᠦᠷ᠎ᠠ ᠪᠦᠳᠤᠮᠵᠢ ᠪᠤᠯᠤᠨ᠎ᠠ᠃

《ᠠᠵᠤ ᠠᠬᠤᠢᠯᠠᠯ᠎ᠤᠨ ᠡᠵᠡᠩᠨᠡᠯᠲᠡ ᠬᠥᠭ᠌ᠵᠢᠯᠲᠡ᠎ᠳᠦ ᠨᠠᠩ ᠰᠠᠢᠨ ᠦᠶ᠋ᠯᠡᠴᠢᠯᠡᠬᠦ᠌ ᠎ᠶ᠋ᠢᠨ ᠲᠥᠯᠥᠭᠡ ᠮᠠᠠ ᠤ᠋ ᠰᠠᠯᠪᠤᠷᠢ ᠠᠩᠭᠢ〈ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠷᠪᠠᠨ ᠵᠦᠶ᠋ᠯ᠎ᠦᠨ ᠠᠷᠭ᠎ᠠ ᠬᠡᠮᠵᠢᠶ᠎ᠡ〉ᠲᠣᠭ᠍ᠲᠠᠭᠠᠵᠤ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠳᠤ ᠢᠳᠡᠪᠬᠢᠲᠡᠶ᠎ᠪᠡᠷ ᠬᠠᠷᠢᠭᠤᠯᠳᠡ ᠥᠭ᠌ᠴᠦ᠂ ᠣᠯᠠᠨ ᠲᠦᠮᠡᠨ᠎ᠤ ᠭᠠᠯ ᠰᠡᠷᠭᠡᠢᠯᠡᠵᠤ ᠭᠠᠯ ᠤᠨᠲᠠᠷᠠᠭᠠᠬᠤ ᠲᠤᠬᠠᠢᠯᠠᠭ᠍ᠰᠠᠨ ᠠᠵᠢᠯ᠎ᠢ ᠭᠦᠶ᠋ᠴᠡᠳᠭᠡᠬᠦ᠌ ᠶᠠᠪᠤᠴᠠ᠎ᠳᠤ ᠴᠠᠭ᠂ ᠬᠦᠴᠦ᠍᠂ ᠵᠣᠭᠣᠰ᠎ᠢ ᠠᠷᠪᠢᠯᠠᠵᠤ᠂ ᠠᠵᠢᠯ᠎ᠤᠨ ᠦᠷ᠎ᠡ ᠪᠦᠳᠦᠮᠵᠢ ᠪᠡᠷ ᠶᠡᠭᠡ ᠪᠡᠷ ᠳᠡᠭᠡᠭᠰᠢᠯᠡᠬᠦᠯᠵᠡᠢ》 ᠭᠡᠵᠦ᠍ ᠬᠥᠯᠥᠨ ᠪᠣᠢᠷ ᠬᠣᠲᠠ᠎ᠶ᠋ᠢᠨ ᠭᠠᠯ ᠰᠡᠷᠭᠡᠢᠯᠡᠵᠤ ᠭᠠᠯ ᠤᠨᠲᠠᠷᠠᠭᠠᠬᠤ ᠰᠠᠯᠪᠤᠷᠢ ᠠᠩᠭᠢ᠎ᠶ᠋ᠢᠨ ᠬᠠᠤᠯᠢ ᠲᠦᠷᠢᠮ ᠬᠢᠭᠡᠳ ᠨᠡᠢᠭᠡᠮ᠎ᠦᠨ ᠭᠠᠯ ᠰᠡᠷᠭᠡᠢᠯᠡᠵᠤ ᠭᠠᠯ ᠤᠨᠲᠠᠷᠠᠭᠠᠬᠤ ᠠᠵᠢᠯ᠎ᠤᠨ ᠰᠠᠯᠠᠭᠠᠨ᠎ᠤ ᠬᠠᠷᠢᠭᠤᠴᠠᠯᠭᠠᠲᠠᠨ ᠦ᠋ ᠽᠦᠩ ᠺᠦᠶ ᠲᠠᠨᠢᠯᠴᠠᠭᠤᠯᠪᠡ᠃

ᠨᠢᠳᠤᠨᠤᠨ ᠡᠴᠠ᠂ ᠬᠤᠳᠡᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠬᠦ᠌᠎ᠶ᠋ᠢᠨ ᠲᠤᠰᠠᠳᠠ ᠲᠤᠰ ᠰᠠᠯᠪᠤᠷᠢ ᠠᠩᠭᠢ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢ ᠦᠨᠡᠯᠡᠬᠦ᠌ ᠪᠠ ᠢᠯᠡ ᠨᠡᠢᠲᠡᠯᠡᠬᠦ ᠲᠦᠷᠢᠮ᠎ᠢ ᠲᠤᠭᠳᠠᠭᠠᠠ ᠬᠡᠷᠡᠭᠵᠢᠬᠦᠯᠵᠥ᠂ ᠬᠡᠷ᠎ᠲᠦᠨᠢ ᠬᠦᠷᠴᠦ᠍ ᠰᠤᠷᠪᠤᠯᠵᠢᠯᠠᠬᠤ᠂ ᠤᠲᠠᠰᠤ᠎ᠪᠠᠷ ᠠᠰᠠᠭᠤᠨ ᠯᠠᠪᠯᠠᠬᠤ᠂ ᠬᠠᠤᠯᠢ ᠬᠡᠷᠡᠭ᠌ᠵᠢᠭᠦᠯᠦᠯᠲᠡ᠎ᠶ᠋ᠢᠨ ᠬᠠᠨᠤᠮᠵᠢ᠎ᠶ᠋ᠢᠨ ᠬᠡᠮᠵᠢᠶ᠎ᠡ᠎ᠶ᠋ᠢ ᠪᠠᠢᠴᠠᠭᠠᠬᠤ ᠪᠠ ᠵᠠᠬᠢᠳᠠᠯ ᠢᠷᠡᠭᠦᠯᠬᠦ᠌ ᠵᠡᠷᠭᠡ ᠠᠷᠭ᠎ᠠ ᠵᠠᠮ᠎ᠢᠶᠠᠷ ᠰᠤᠷᠪᠤᠯᠵᠢᠯᠠᠭ᠎ᠠ ᠬᠢᠵᠥ ᠠᠰᠠᠭᠤᠨ ᠯᠠᠪᠯᠠᠬᠤ ᠲᠦᠷᠢᠮ᠎ᠢ ᠲᠡᠭᠦᠯᠳᠡᠷᠵᠢᠭᠦᠯᠵᠦ᠍᠂ 《ᠮᠠᠭᠤ ᠦᠨᠡᠯᠡᠯᠲᠡ》 ᠎ᠶ᠋ᠢ ᠬᠠᠷᠭᠤᠭᠤᠯᠤᠨ ᠪᠠᠢᠴᠠᠭᠠᠬᠤ ᠲᠦᠷᠢᠮ᠎ᠢ ᠣᠯᠠᠨ ᠨᠡᠢᠲᠡ᠎ᠶ᠋ᠢᠨ ᠴᠤᠭ᠍ᠯᠠᠷᠠᠭ᠍ᠰᠠᠨ ᠭᠠᠵᠠᠷ ᠲᠠᠯᠠᠪᠤᠷ ᠲᠤ᠌ ᠭᠡᠷᠡᠭ᠌ᠵᠢᠬᠦᠯᠵᠤ᠂ ᠬᠤᠳᠠᠯᠳᠤᠭ᠎ᠠ ᠡᠷᠬᠢᠯᠡᠬᠦ ᠤᠷᠴᠢᠠ ᠨᠦᠬᠦᠴᠡᠯ ᠳ᠋ᠦ ᠬᠤᠯᠪᠤᠭᠳᠠᠬᠤ ᠭᠠᠯ ᠰᠡᠷᠭᠡᠢᠯᠡᠵᠤ ᠭᠠᠯ ᠤᠨᠲᠠᠷᠠᠭᠠᠬᠤ ᠠᠮᠤᠷ ᠲᠦᠪᠱᠢᠨ᠎ᠦ ᠵᠠᠰᠠᠭ ᠵᠠᠬᠢᠷᠭᠠᠨ᠎ᠤ ᠵᠥᠪᠱᠢᠶᠡᠷᠡᠯ᠎ᠦᠨ ᠵᠦᠶ᠋ᠯᠡᠰ᠎ᠢ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠵᠢᠠ《ᠰᠠᠢᠨ ᠮᠠᠭᠤ ᠦᠨᠡᠯᠡᠯᠲᠡ》 ᠎ᠶ᠋ᠢᠨ ᠬᠡᠪᠴᠢᠶᠡᠨ᠎ᠳᠦ ᠣᠷᠣᠭᠤᠯᠪᠡ᠃

《ᠠᠵᠤ ᠠᠬᠤᠶ᠎ᠶ᠋ᠢ ᠭᠦᠢᠴᠡᠳ ᠪᠣᠳᠣᠯᠬᠢᠯᠠᠭ᠍ᠰᠠᠨ ᠤᠷᠢᠲᠠᠯ ᠳᠣᠣᠷ᠎ᠠ᠂ ᠡᠵᠡᠩᠨᠡᠯᠲᠡ ᠶ᠋ᠢᠨ ᠭᠠᠵᠠᠷ᠎ᠲᠤ ᠭᠠᠯ ᠰᠡᠷᠭᠡᠢᠯᠡᠵᠤ ᠭᠠᠯ ᠤᠨᠲᠠᠷᠠᠭᠠᠬᠤ ᠮᠡᠷᠭᠡᠵᠢᠯ᠎ᠦᠨ ᠪᠠᠷᠢᠮᠵᠢᠶ᠎ᠠ᠎ᠳᠤ ᠨᠡᠢᠴᠡᠬᠦ᠌ ᠵᠢᠯᠣᠭᠣᠳᠣᠯᠭ᠎ᠠ ᠬᠠᠩᠭᠠᠵᠤ᠂ ᠡᠵᠡᠩᠨᠡᠯᠲᠡ᠎ᠶ᠋ᠢᠨ ᠭᠠᠵᠠᠷ᠎ᠢ ᠡᠷᠲᠡᠬᠡᠨ ᠭᠠᠯ ᠰᠡᠷᠭᠡᠢᠯᠡᠵᠤ ᠭᠠᠯ ᠤᠨᠲᠠᠷᠠᠭᠠᠬᠤ ᠠᠮᠤᠷ ᠲᠦᠪᠰᠢᠨ᠎ᠤ ᠪᠠᠷᠢᠮᠵᠢᠶ᠎ᠠ᠎ᠳᠤ ᠬᠦᠷᠦᠭ᠌ᠰᠡᠨ ᠪᠠᠢᠳᠠᠯ ᠳᠣᠣᠷ᠎ᠠ ᠡᠵᠡᠩᠨᠡᠯᠳᠠ ᠬᠢᠬᠦ ᠵᠢ ᠵᠦᠪᠰᠢᠶᠡᠷᠡᠨ᠎ᠡ》ᠭᠡᠵᠦ᠍ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠭᠠᠯ ᠰᠡᠷᠭᠡᠢᠯᠡᠵᠤ ᠭᠠᠯ ᠤᠨᠲᠠᠷᠠᠭᠠᠬᠤ ᠶᠡᠬᠡ ᠠᠩᠬᠢ᠎ᠶ᠋ᠢᠨ ᠱᠢᠩ ᠵᠢᠨ ᠯᠢᠩ ᠬᠡᠯᠡᠪᠡ᠃

《ᠨᠢᠳᠤᠨᠤᠠ ᠪᠢ ᠨᠢᠭᠡᠨ ᠭᠡᠤᠭᠡᠤᠨ᠎ᠤᠨ ᠲᠤᠬᠯᠠᠭᠠᠮ᠎ᠤᠨ ᠭᠠᠵᠡᠷ ᠡᠷᠬᠢᠯᠡᠭᠰᠡᠡ ᠳ᠋ᠤ᠂ ᠡᠸᠡᠡᠭ᠌ᠬᠢ ᠬᠤᠱᠢᠭᠤᠨ᠎ᠤ ᠭᠠᠯ ᠰᠡᠷᠭᠡᠢᠯᠡᠵᠤ ᠭᠠᠯ ᠤᠨᠲᠠᠷᠠᠭᠠᠬᠤ ᠶᠡᠬᠡ ᠠᠩᠭᠢ ᠭᠠᠯ ᠤᠨᠲᠠᠷᠠᠭᠠᠬᠤ ᠲᠥᠬᠥᠭᠡᠷᠦᠮᠵᠢ᠂ ᠭᠠᠯ ᠤᠨᠲᠠᠷᠠᠭᠠᠬᠤ ᠪᠠᠭᠠᠵᠢ ᠬᠡᠷᠡᠭ᠌ᠰᠡᠯ᠎ᠦᠨ ᠲᠣᠬᠢᠷᠠᠭᠤᠯᠤᠯᠲᠠ ᠵᠢᠴᠢ ᠵᠠᠰᠠᠵᠤ ᠴᠢᠮᠡᠭ᠌ᠯᠡᠬᠦ᠌ ᠮᠠᠲ᠋ᠧᠷᠢᠶᠠᠯ᠎ᠳᠤ ᠴᠢᠭ᠌ᠯᠡᠭᠦᠯᠦᠭ᠌ᠰᠡᠨ ᠵᠢᠭᠠᠨ ᠵᠢᠯᠣᠭᠣᠳᠣᠯᠭ᠎ᠠ ᠬᠢᠵᠦ᠍᠂ ᠪᠢᠳᠠᠠ ᠢ᠋ ᠬᠠᠪᠰᠤᠷᠤᠠ 12 ᠡᠳᠤᠷ᠎ᠤᠨ ᠲᠤᠳᠤᠷ᠎ᠠ ᠠᠯᠢᠪᠠ ᠭᠠᠷ ᠭᠦᠢᠴᠡᠳᠭᠡᠯ ᠢ᠋ ᠪᠦᠷ ᠬᠦᠢᠴᠠᠳᠬᠡᠵᠥ᠂ ᠬᠢᠵᠢᠭ᠎ᠦᠨ ᠪᠠᠢᠳᠠᠯ᠎ᠡᠴᠡ ᠪᠣᠯᠤᠭ᠍ᠰᠠᠨ ᠠᠵᠤ ᠠᠬᠤᠶ᠎ᠶ᠋ᠢᠨ ᠳᠠᠷᠤᠭᠠᠰᠤ ᠎ᠶ᠋ᠢ ᠬᠥᠩᠭᠡᠷᠡᠭᠦᠯᠵᠤ ᠦᠭᠬᠦᠭᠰᠡᠨ ᠶᠤᠮ》 ᠭᠡᠵᠦ᠍ ᠪᠠᠶᠠᠨᠲᠤᠬᠠᠢ ᠪᠠᠯᠭᠠᠰᠤᠨ᠎ᠤ ᠵᠢᠤᠢ ᠳ᠋ᠦᠸᠸ ᠪᠦᠦ ᠬᠡᠦᠬᠡᠳ᠎ᠦᠨ ᠴᠡᠩᠭᠡᠯ᠎ᠦᠨ ᠬᠦᠷᠢᠶᠡᠯᠡᠩ᠎ᠦᠨ ᠡᠵᠡᠩᠨᠡᠭ᠌ᠴᠢ᠎ᠶ᠋ᠢᠨ ᠴᠦᠨ ᡁᠢ ᠶᠠᠷᠢᠨ᠎ᠠ᠃

ᠭᠠᠯ᠎ᠤᠨ ᠠᠶᠤᠯ᠎ᠤᠨ ᠳᠠᠯᠳᠠ ᠭᠡᠮ᠎ᠢ ᠢᠯᠡᠴᠢᠯᠡᠨ ᠮᠡᠳᠡᠭᠦᠯᠬᠦ᠌ 12345 ᠬᠠᠯᠠᠮᠱᠢᠯ ᠤᠲᠠᠰᠤ ᠪᠠᠷ ᠣᠯᠠᠨ ᠲᠦᠮᠡᠨ᠎ᠦ ᠠᠰᠠᠭᠤᠨ ᠯᠠᠪᠯᠠᠬᠤ᠂ ᠲᠤᠰᠠᠯᠠᠮᠵᠢ ᠬᠦᠰᠡᠬᠦ᠌᠂ ᠰᠠᠨᠠᠭᠤᠯᠭ᠎ᠠ ᠳᠤᠷᠠᠳᠭᠤ ᠪᠠ ᠢᠯᠡᠴᠢᠯᠡᠨ ᠵᠠᠭᠠᠯᠳᠤᠬᠤ ᠠᠷᠭ᠎ᠠ ᠵᠠᠮ᠎ᠢ ᠰᠠᠭᠠᠳ ᠦᠭᠡᠶ ᠨᠡᠪᠲᠡᠷᠡᠭᠦᠯᠵᠦ᠍᠂ ᠨᠡᠢᠭᠡᠮ ᠲᠡᠬᠡᠷ᠎ᠠ᠎ᠡᠴᠠ ᠥᠷᠭᠡᠨ᠎ᠢᠶᠡᠷ ᠰᠠᠨᠠᠯ ᠬᠤᠷᠢᠶᠠᠵᠤ᠂ 54 ᠬᠢᠨᠠᠭ᠍ᠴᠢ ᠤᠷᠢᠵᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠠᠵᠢᠯ᠎ᠤᠨ ᠶᠠᠷᠢᠯᠴᠠᠬᠤ ᠬᠤᠷᠠᠯ᠎ᠳᠤ ᠣᠷᠣᠯᠴᠠᠭᠤᠯᠬᠤ ᠪᠡ ᠭᠠᠯ ᠰᠡᠷᠭᠡᠢᠯᠡᠵᠤ ᠭᠠᠯ ᠤᠨᠲᠠᠷᠠᠭᠠᠬᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠦᠨᠡᠯᠡᠯᠲᠡ᠎ᠶ᠋ᠢᠨ ᠪᠠᠢᠴᠠᠭᠠᠯᠲᠠ᠎ᠶ᠋ᠢᠨ ᠬᠦᠰᠦᠨᠦᠭ᠌ᠲᠦ᠍᠎ᠶ᠋ᠢ ᠲᠠᠷᠬᠠᠭᠠᠬᠤ ᠬᠡᠯᠪᠡᠷᠢ᠎ᠪᠡᠷ ᠨᠡᠢᠭᠡᠮ ᠡᠴᠡ ᠰᠠᠨᠠᠯ ᠰᠠᠨᠠᠭᠤᠯᠭ᠎ᠠ ᠬᠤᠷᠢᠶᠠᠵᠤ᠂ ᠬᠥᠯᠥᠨ ᠪᠤᠢ᠌ᠷ ᠬᠤᠳᠠ᠎ᠶ᠋ᠢᠨ ᠭᠠᠯ ᠰᠡᠷᠭᠡᠢᠯᠡᠵᠤ ᠭᠠᠯ ᠤᠨᠲᠠᠷᠠᠭᠠᠬᠤ ᠰᠠᠯᠪᠤᠷᠢ ᠠᠩᠬᠢ᠎ᠶ᠋ᠢᠨ ᠬᠢᠨ ᠠᠵᠤ ᠠᠬᠤᠢᠯᠠᠯ ᠪᠣᠯᠤᠨ ᠤᠯᠠᠨ ᠲᠦᠮᠡᠨ᠎ᠳᠦ ᠬᠠᠨᠤᠮᠵᠢᠲᠠᠢ ᠦᠢᠯᠡᠴᠢᠯᠡᠭᠡ ᠬᠠᠩᠭᠠᠵᠤ᠂ ᠲᠤᠰ ᠬᠤᠳᠠ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌᠎ᠳᠦ ᠬᠦᠴᠦᠨ ᠨᠡᠮᠡᠷᠢᠯᠡᠵᠤ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面