ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-03-21 11:36:05

ᠵᠣᠬᠢᠶᠠᠭ᠍ᠴᠢ᠄ ​ᠪᠤᠤ ᠴᠢᠩ ᠱᠧᠩ ᠾᠧᠦ ᠱᠢᠶᠠᠨ ᠹᠸᠩ ᠱᠢᠤᠢ ᠱᠢᠶᠤᠤ ᠬᠣᠩ ᠣᠩᠱᠢᠭ᠍ᠰᠠᠨ ᠣᠳᠠᠭ᠎ᠠ᠄ 3

ᠨᠠᠶ᠋ᠮᠠᠨ ᠬᠣᠱᠢᠭᠤ 《 ᠠᠯᠤᠰ ᠡᠵᠡᠮᠰᠢᠯᠳᠥ ᠣᠨᠳᠣᠣ ᠭᠠᠵᠠᠷ᠎ᠲᠤ ᠳᠠᠭᠠᠭᠠᠴᠢᠯᠠᠯᠲᠠ ᠰᠢᠯᠭᠠᠷᠠᠭᠤᠯᠬᠤ 》 ᠶ᠋ᠢ ᠪᠠᠢᠩᠭᠤᠵᠢᠭᠤᠯᠵᠤ ᠬᠤᠳᠠᠯᠳᠤᠭ᠎ᠠ ᠡᠷᠬᠢᠯᠡᠬᠥ ᠣᠷᠴᠢᠨ ᠨᠥᠭᠥᠴᠡᠯ᠎ᠢ ᠰᠠᠢᠵᠢᠷᠠᠭᠤᠯᠵᠤ ᠪᠤᠢ

ᠤᠢᠷ᠎ᠠ᠎ᠳᠤ ᠂ 《 〈 ᠯᠢᠶᠣᠤᠾᠧ ᠭᠣᠣᠯ᠎ᠤᠨ ᠰᠠᠪᠠ ᠭᠠᠵᠠᠷ᠎ᠤᠨ ᠨᠠᠷᠢᠳ᠎ᠤᠨ ᠭᠣᠣᠯ (ᠨᠢ᠋ᠮᠠᠨ᠎ᠤ ᠬᠡᠰᠡᠭ )᠎ᠢ᠋ ᠵᠠᠰᠠᠬᠤ ᠢᠨᠵᠧᠨᠧᠷᠢᠩ᠎ᠦᠨ ᠪᠣᠯᠤᠮᠵᠢᠲᠤ ᠰᠤᠳᠤᠯᠭᠠᠨ᠎ᠤ ᠮᠡᠳᠡᠭᠦᠯᠦᠯᠲᠡ ᠪᠣᠯᠤᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ᠎ᠶ᠋ᠢᠨ ᠲᠦᠷᠦᠯ ᠵᠦᠢᠯ〉ᠨᠢ 6 ᠴᠠᠭ ᠯᠡ ᠬᠡᠷᠡᠭᠰᠡᠵᠤ ᠳᠠᠭᠠᠭᠠᠴᠢᠯᠠᠯᠲᠠ ᠨᠡᠢᠳᠡᠯᠡᠬᠥ ᠠᠵᠢᠯ᠎ᠢ ᠲᠡᠭᠦᠰ ᠠᠮᠵᠢᠯᠲᠠ᠎ᠲᠠᠶ ᠪᠡᠶᠡᠯᠡᠭᠦᠯᠵᠡᠢ》 ᠭᠡᠵᠦ᠍ ᠲᠦᠩᠯᠢᠶᠣᠤ ᠬᠣᠲᠠ᠎ᠶ᠋ᠢᠨ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶᠠᠨ᠎ᠤ ᠲᠥᠪ᠎ᠦᠨ ᠨᠠᠶ᠋ᠮᠠᠨ ᠬᠣᠱᠢᠭᠤᠨ᠎ᠤ ᠬᠤᠪᠢᠶᠠᠷᠢ ᠲᠥᠪ᠎ᠦᠨ ᠳᠡᠳ᠋ ᠡᠷᠬᠢᠯᠡᠭ᠌ᠴᠢ ᠭᠣᠸ᠋ ᠱᠢᠤᠸᠠᠢ ᠹᠠᠩ ᠪᠠᠶᠠᠷ ᠲᠠᠢ ᠶᠡᠷᠢᠵᠤ ᠪᠠᠢᠯ᠎ᠠ᠃

《ᠯᠢᠶᠣᠤᠾᠧ ᠭᠣᠸ᠋ᠯ᠎ᠤᠨ ᠰᠠᠪᠠ ᠭᠠᠵᠠᠷ᠎ᠤᠨ ᠨᠠᠷᠢᠳ᠎ᠤᠨ ᠭᠣᠸ᠋ᠯ ( ᠨᠢ᠋ᠮᠠᠨ᠎ᠤ ᠬᠡᠰᠡᠭ )᠎ᠢ᠋ ᠵᠠᠰᠠᠬᠤ ᠢᠨᠵᠧᠨᠧᠷᠢᠩ᠎ᠦᠨ ᠪᠣᠯᠤᠮᠵᠢᠲᠤ ᠰᠤᠳᠤᠯᠭᠠᠨ᠎ᠤ ᠮᠡᠳᠡᠭᠦᠯᠦᠯᠲᠡ ᠪᠤᠯᠤᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ᠎ᠶ᠋ᠢᠨ ᠲᠥᠷᠥᠯ ᠵᠦᠶ᠋ᠯ》ᠪᠤᠯ ᠠᠩᠬᠠᠳᠠᠭ᠍ᠴᠢ ᠠᠢᠮᠠᠭ ᠬᠣᠲᠠ ᠠᠯᠤᠰᠯᠠᠭ᠍ᠰᠠᠨ ᠣᠨᠳᠣᠸ᠋ ᠭᠠᠵᠠᠷ᠎ᠲᠤ ᠳᠠᠭᠠᠭᠠᠴᠢᠯᠠᠯᠲᠠ ᠰᠢᠯᠭᠠᠷᠠᠭᠤᠯᠤᠬᠰᠠᠨ ᠲᠥᠷᠥᠯ ᠵᠦᠶ᠋ᠯ ᠪᠤᠯᠤᠨ᠎ᠠ᠃ ᠨᠠᠶ᠋ᠮᠠᠨ ᠬᠣᠱᠢᠭᠤ ᠨᠢ ᠠᠯᠤᠰ ᠡᠵᠡᠮᠰᠢᠯᠳᠥ ᠣᠨᠳᠣᠸ᠋ ᠭᠠᠵᠠᠷ᠎ᠲᠤ ᠳᠠᠭᠠᠭᠠᠴᠢᠯᠠᠯᠲᠠ ᠰᠢᠯᠭᠠᠷᠠᠭᠤᠯᠬᠤ ᠱᠢᠰᠲ᠋ᠧᠮ᠎ᠢᠶᠡᠷ ᠳᠠᠮᠵᠢᠭᠤᠯᠤᠨ ᠤᠯᠠᠭᠠᠨᠬᠠᠳᠠ ᠬᠣᠲᠠ ᠲᠠᠢ ᠳᠠᠭᠠᠭᠠᠴᠢᠯᠠᠯᠲᠠ ᠰᠢᠯᠭᠠᠷᠠᠭᠤᠯᠬᠤ ᠠᠵᠢᠯ᠎ᠢ ᠪᠡᠶᠡᠯᠡᠭᠥᠯᠥᠭᠰᠡᠨ ᠶᠠᠪᠤᠳᠠᠯ ᠨᠢ ᠨᠠᠶ᠋ᠮᠠᠨ ᠬᠣᠱᠢᠭᠤᠨ᠎ᠤ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠰᠣᠯᠢᠯᠴᠠᠭᠠᠨ᠎ᠤ ᠠᠵᠢᠯ᠎ᠳᠤ ᠠᠪᠴᠤ᠌ ᠬᠡᠯᠡᠪᠡᠯ᠂ ᠠᠯᠤᠰ ᠡᠵᠡᠮᠰᠢᠯᠳᠥ ᠣᠨᠳᠣᠸ᠋ ᠭᠠᠵᠠᠷ᠎ᠲᠤ ᠳᠠᠭᠠᠭᠠᠴᠢᠯᠠᠯᠲᠠ ᠰᠢᠯᠭᠠᠷᠠᠭᠤᠯᠬᠤ ᠠᠵᠢᠯ ᠮᠥᠨ᠎ᠬᠦ ᠱᠢᠨ᠎ᠡ ᠳᠡᠭ᠌ᠲᠡᠷ᠎ᠲᠦ ᠠᠬᠢᠵᠤ᠂ ᠣᠷᠣᠨ ᠪᠦᠰᠡ ᠠᠯᠤᠰᠯᠠᠨ ᠠᠯᠤᠰ ᠡᠵᠡᠮᠰᠢᠯᠳᠥ ᠣᠨᠳᠣᠸ᠋ ᠭᠠᠵᠠᠷ᠎ᠲᠤ ᠳᠠᠭᠠᠭᠠᠴᠢᠯᠠᠯᠲᠠ ᠰᠢᠯᠭᠠᠷᠠᠭᠤᠯᠬᠤ᠎ᠶ᠋ᠢ ᠪᠠᠢᠩᠭᠤᠵᠢᠭᠤᠯᠬᠤ᠎ᠳᠤ ᠰᠠᠭᠤᠷᠢ ᠲᠠᠯᠪᠢᠵᠤ ᠥᠭ᠌ᠭᠦᠭ᠌ᠰᠡᠨ ᠶᠠᠪᠤᠳᠠᠯ ᠪᠣᠯᠬᠤ ᠶᠤᠮ᠃

2019 ᠣᠨ᠎ᠤ 12 ᠰᠠᠷ᠎ᠠ᠎ᠳᠤ ᠲᠦᠩᠯᠢᠶᠣᠤ ᠬᠤᠲᠠ᠎ᠶ᠋ᠢᠨ ᠠᠩᠬᠠᠳᠠᠭ᠍ᠴᠢ 《ᠠᠯᠤᠰ ᠡᠵᠡᠮᠰᠢᠯᠳᠥ ᠣᠨᠳᠣᠣ ᠭᠠᠵᠠᠷ᠎ᠲᠤ ᠳᠠᠭᠠᠭᠠᠴᠢᠯᠠᠯᠲᠠ ᠰᠢᠯᠭᠠᠷᠠᠭᠤᠯᠬᠤ 》 ᠵᠢ ᠪᠡᠶᠡᠯᠡᠭᠥᠯᠥᠭᠰᠡᠨ ᠡᠴᠡ ᠨᠠᠭᠠᠰᠢ ᠂ ᠨᠠᠢ᠍ᠮᠠᠨ ᠬᠣᠱᠢᠭᠤ ᠠᠯᠤᠰ ᠡᠵᠡᠮᠰᠢᠯᠳᠥ ᠣᠨᠳᠣᠣ ᠭᠠᠵᠠᠷ᠎ᠲᠤ ᠳᠠᠭᠠᠭᠠᠴᠢᠯᠠᠯᠲᠠ ᠰᠢᠯᠭᠠᠷᠠᠭᠤᠯᠬᠤ᠎ᠶ᠋ᠢ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠴᠢᠬᠤᠯᠠ ᠭᠠᠷᠳᠠᠴᠠ ᠪᠣᠯᠭᠠᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠭᠥᠴᠡᠯ᠎ᠢ ᠱᠢᠯᠢᠳᠡᠭ᠌ᠵᠢᠭᠦᠯᠬᠦ᠌᠎ᠶ᠋ᠢ ᠨᠠᠢᠳᠠᠪᠤᠷᠢᠵᠢᠭᠤᠯᠤᠨ ᠨᠠᠷᠢᠯᠢᠬ᠍ᠵᠢᠭᠤᠯᠵᠠᠢ᠃ ᠳᠠᠭᠠᠭᠠᠴᠢᠯᠠᠯᠲᠠ ᠱᠢᠯᠭᠠᠷᠠᠭᠤᠯᠬᠤ ᠲᠤᠰᠭᠠᠶ ᠮᠡᠷᠭᠡᠵᠢᠯᠲᠡᠨ ᠬᠢᠭᠡᠳ ᠳᠠᠭᠠᠭᠠᠴᠢᠯᠠᠯᠲᠠ ᠵᠠᠷᠯᠠᠭ᠍ᠴᠢ ᠂ ᠣᠷᠣᠯᠠᠨ ᠭᠦᠶ᠋ᠴᠡᠳᠭᠡᠬᠦ᠌ ᠪᠠᠢᠭᠤᠯᠤᠮᠵᠢ᠎ᠶ᠋ᠢᠨ ᠤᠷᠤᠨ ᠵᠠᠢ ᠵᠢᠨ ᠲᠤᠰᠠᠭᠠᠷᠯᠠᠯ ᠎ᠢ᠋ ᠪᠡᠶᠡᠯᠡᠭᠦᠯᠥᠨ᠂ ᠠᠷᠢᠭᠤᠨ ᠴᠢᠬᠡᠴᠢ᠎ᠪᠡᠷ ᠵᠠᠰᠠᠭ ᠪᠠᠷᠢᠬᠤ ᠲᠦᠭ᠌ᠰᠢᠭᠦᠷᠢ᠎ᠶ᠋ᠢ ᠪᠠᠭᠠᠰᠭᠠᠨ᠂ ᠳᠠᠭᠠᠭᠠᠴᠢᠯᠠᠯᠲᠠ ᠱᠢᠯᠭᠠᠷᠠᠭᠤᠯᠬᠤ ᠠᠵᠢᠯ᠎ᠤᠨ ᠢᠯᠡ᠂ ᠡᠷᠬᠡ ᠲᠡᠭ᠌ᠰᠢ᠂ ᠲᠥᠪ ᠭᠣᠸ᠋ᠯᠴᠢ ᠪᠠᠢᠬᠤ᠎ᠶ᠋ᠢ ᠦᠨᠡᠨ ᠬᠦ᠌ ᠪᠠᠲᠤᠯᠠᠪᠠ᠃

ᠨᠢᠭᠡ ᠪᠦᠯᠦᠭ ᠲᠣᠭ᠎ᠠ ᠪᠠᠷᠢᠮᠲᠠ᠎ᠠᠴᠠ ᠦᠵᠡᠪᠡᠯ ᠄ 2021 ᠣᠨ᠎ᠤ 9 ᠰᠠᠷ᠎ᠠ᠎ᠳᠤ ᠨᠠᠶ᠋ᠮᠠᠨ ᠬᠣᠱᠢᠭᠤᠨ᠎ᠤ ᠬᠤᠪᠢᠶᠠᠷᠢ ᠲᠥᠪ᠎ᠡᠴᠡ ᠨᠡᠢᠲᠡ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ 42 ᠠᠯᠪᠠᠨ ᠵᠠᠷ᠎ᠢ ᠨᠡᠢᠲᠡᠯᠡᠭ᠌ᠰᠡᠨ ᠪᠥᠭᠡᠳ 15 ᠠᠵᠢᠯᠯᠠᠬᠤ ᠡᠳᠦᠷ᠎ᠦᠨ ᠳᠣᠲᠣᠷ᠎ᠠ ᠳᠠᠭᠠᠭᠠᠴᠢᠯᠠᠯᠲᠠ ᠨᠡᠢᠳᠡᠯᠡᠬᠥ ᠠᠵᠢᠯ᠎ᠢ ᠪᠦᠬᠦᠨ᠎ᠢ ᠪᠡᠶᠡᠯᠡᠭᠦᠯᠵᠦ᠍᠂ ᠳᠤᠮᠳᠠᠴᠢ᠎ᠪᠠᠷ ᠡᠳᠦᠷ ᠪᠦᠷᠢ 3 ᠲᠥᠷᠥᠯ ᠵᠦᠶ᠋ᠯ᠎ᠢ ᠪᠡᠶᠡᠯᠡᠭᠦᠯᠵᠠᠢ᠃ ᠡᠨᠡ ᠪᠣᠯ ᠨᠠᠶ᠋ᠮᠠᠨ ᠬᠣᠱᠢᠭᠤᠨ᠎ᠤ ᠬᠤᠪᠢᠶᠠᠷᠢ ᠲᠥᠪ᠎ᠦᠨ ᠬᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ《ᠨᠢᠭᠡ ᠰᠦᠯᠵᠢᠶ᠎ᠡ》᠂ ᠪᠠᠢᠭᠠᠯᠢ᠎ᠶ᠋ᠢᠨ ᠡᠬᠢ ᠪᠠᠶᠠᠯᠢᠭ᠎ᠤᠨ ᠠᠷᠠᠯᠵᠢᠶᠠᠨ᠎ᠤ《ᠨᠢᠭᠡ ᠰᠦᠯᠵᠢᠶ᠎ᠡ》᠂ ᠪᠠᠷᠢᠯᠭ᠎ᠠ ᠵᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠌ 《ᠪᠥᠬᠥ᠌ ᠶᠠᠪᠤᠴᠠ᠎ᠶ᠋ᠢ ᠡᠯᠸᠺᠲ᠋ᠷᠤᠨᠴᠢᠯᠡᠬᠤ》᠂《ᠠᠯᠤᠰ ᠡᠵᠡᠮᠰᠢᠯᠳᠥ ᠣᠨᠳᠣᠸ᠋ ᠭᠠᠵᠠᠷ᠎ᠲᠤ ᠳᠠᠭᠠᠭᠠᠴᠢᠯᠠᠯᠲᠠ ᠨᠡᠢᠳᠡᠯᠡᠬᠥ》ᠵᠡᠷᠭᠡ᠎ᠶ᠋ᠢ ᠨᠠᠢᠳᠠᠪᠤᠷᠢᠵᠢᠭᠤᠯᠤᠭ᠍ᠰᠠᠨ᠎ᠤ ᠦᠷ᠎ᠡ ᠳ᠋ᠦᠩ ᠪᠣᠯᠤᠨ᠎ᠠ᠃ ᠳᠠᠭᠠᠭᠠᠴᠢᠯᠠᠯᠲᠠ᠎ᠳᠤ ᠣᠷᠣᠭ᠍ᠰᠠᠳ ᠬᠡᠷ᠎ᠡᠴᠡ᠎ᠪᠡᠨ ᠭᠠᠷᠬᠤ ᠥᠬᠡᠶ᠎ᠪᠡᠷ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠢ ᠣᠯᠵᠤ᠂ ᠰᠦᠯᠵᠢᠶᠡᠨ ᠳᠡᠭᠡᠷ᠎ᠡ ᠳᠠᠭᠠᠭᠠᠴᠢᠯᠠᠯᠲᠠ᠎ᠳᠤ ᠣᠷᠣᠯᠴᠠᠬᠤ᠎ᠶ᠋ᠢ ᠨᠤᠲᠠᠯᠠᠬᠤ ᠵᠡᠷᠭᠡ ᠠᠯᠢ ᠣᠯᠠᠨ ᠳᠠᠭᠠᠭᠠᠴᠢᠯᠠᠯᠲᠠ᠎ᠳᠤ ᠣᠷᠣᠯᠴᠠᠬᠤ ᠠᠵᠢᠯᠯᠠᠭ᠎ᠠ᠎ᠶ᠋ᠢ ᠪᠡᠶᠡᠯᠡᠭᠦᠯᠥᠨ᠂ ᠳᠠᠭᠠᠭᠠᠴᠢᠯᠠᠯᠲᠠ᠎ᠳᠤ ᠣᠷᠣᠭ᠍ᠰᠠᠳ᠎ᠲᠤ ᠲᠤᠢᠯ᠎ᠤᠨ ᠶᠡᠬᠡ ᠲᠥᠬᠥᠮ ᠦᠵᠡᠭᠦᠯᠵᠦ᠍᠂ ᠠᠷᠠᠯᠵᠢᠶᠠᠨ᠎ᠤ ᠥᠪᠡᠷ᠎ᠦᠨ ᠥᠷᠲᠡᠭ᠎ᠢ ᠪᠠᠭᠤᠷᠠᠭᠤᠯᠥᠨ᠂ ᠨᠠᠶ᠋ᠮᠠᠨ ᠬᠣᠱᠢᠭᠤᠨ᠎ᠤ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶᠠᠨ᠎ᠤ ᠠᠵᠢᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ ᠬᠤᠷᠳᠤᠴᠠ᠎ᠶ᠋ᠢ ᠲᠦᠷᠭᠡᠳᠭᠡᠬᠦ᠌᠎ᠶ᠋ᠢ ᠠᠬᠢᠭᠤᠯᠪᠠ᠃ 2021 ᠣᠨ᠎ᠳᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ《 ᠨᠢᠭᠡ ᠰᠦᠯᠵᠢᠶ᠎ᠡ 》 ᠡᠭᠦᠯᠡᠨ ᠲᠠᠪᠴᠠᠩ᠎ᠤᠨ ᠬᠢᠨ 77 ᠲᠥᠷᠥᠯ ᠵᠦᠶ᠋ᠯ᠎ᠢ ᠪᠡᠶᠡᠯᠡᠭᠦᠯᠪᠡ; ᠪᠠᠢᠭᠠᠯᠢ᠎ᠶ᠋ᠢᠨ ᠡᠬᠢ ᠪᠠᠶᠠᠯᠢᠭ᠎ᠤᠨ《ᠨᠢᠭᠡ ᠰᠦᠯᠵᠢᠶ᠎ᠡ》 ᠪᠡᠷ 23 ᠠᠷᠠᠯᠵᠢᠶᠠᠨ᠎ᠤ ᠲᠥᠷᠥᠯ ᠵᠦᠶ᠋ᠯ᠎ᠢ ᠪᠡᠶᠡᠯᠡᠭᠥᠯᠥᠭᠰᠡᠨ ᠪᠠᠢᠨ᠎ᠠ᠃

《ᠪᠥᠬᠥ᠌ ᠶᠠᠪᠤᠴᠠ᠎ᠶ᠋ᠢ ᠡᠯᠸᠺᠲ᠋ᠷᠤᠨᠴᠢᠯᠡᠬᠤ》᠂《ᠠᠯᠤᠰ ᠡᠵᠡᠮᠰᠢᠯᠳᠥ ᠣᠨᠳᠣᠣ ᠭᠠᠵᠠᠷ᠎ᠲᠤ ᠳᠠᠭᠠᠭᠠᠴᠢᠯᠠᠯᠲᠠ ᠰᠢᠯᠭᠠᠷᠠᠭᠤᠯᠬᠤ》᠎ᠶ᠋ᠢ ᠪᠠᠢᠩᠭᠤᠵᠢᠭᠤᠯᠵᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠌᠎ᠳᠦ ᠨᠠᠩ ᠲᠥᠬᠥᠮ ᠪᠣᠯᠭᠠᠬᠤ᠎ᠶ᠋ᠢᠨ ᠲᠥᠯᠥᠭᠡ᠂ ᠲᠤᠰ ᠬᠤᠰᠢᠭᠤ 《ᠳᠠᠷᠤᠢᠬᠠᠨ ᠭᠦᠶ᠋ᠴᠡᠳᠭᠡᠬᠦ᠌᠂ ᠨᠢᠭᠡ ᠤᠳᠠᠭ᠎ᠠ᠎ᠳᠤ ᠭᠦᠶ᠋ᠴᠡᠳᠭᠡᠬᠦ᠌᠂ ᠰᠦᠯᠵᠢᠶᠡᠨ ᠳᠡᠭᠡᠷ᠎ᠡ ᠭᠦᠶ᠋ᠴᠡᠳᠭᠡᠬᠦ᠌ 》 ᠠᠵᠢᠯ᠎ᠤᠨ ᠲᠣᠭ᠍ᠲᠠᠴᠠ᠎ᠶ᠋ᠢ ᠨᠠᠢᠳᠠᠪᠤᠷᠢᠵᠢᠭᠤᠯᠵᠤ᠂ ᠮᠠᠲ᠋ᠧᠷᠢᠶᠠᠯ ᠪᠦᠷᠢᠨ ᠭᠦᠶ᠋ᠴᠡᠳ ᠪᠠᠢᠬᠤ ᠪᠠᠢᠳᠠᠯ ᠳᠣᠸ᠋ᠷ᠎ᠠ᠂ ᠲᠥᠷᠥᠯ ᠵᠦᠶ᠋ᠯ᠎ᠢ ᠳᠡᠩᠰᠡᠯᠡᠨ ᠲᠡᠮᠳᠡᠭ᠌ᠯᠡᠵᠤ᠂ ᠠᠯᠪᠠᠨ ᠵᠠᠷ ᠨᠡᠢᠲᠡᠯᠡᠳᠡᠯ᠎ᠡ᠂ ᠠᠷᠠᠯᠵᠢᠶᠠᠨ᠎ᠤ ᠲᠥᠪ᠎ᠦᠨ ᠭᠦᠶ᠋ᠴᠡᠳᠭᠡᠬᠦ᠌ ᠴᠠᠭ᠎ᠢ ᠨᠡᠢᠲᠡ 1 ᠴᠠᠭ᠎ᠠᠴᠠ ᠬᠡᠲᠦᠷᠡᠭᠦᠯᠬᠦ᠌ ᠥᠬᠡᠶ; ᠠᠯᠤᠰ ᠡᠵᠡᠮᠰᠢᠯᠳᠥ ᠣᠨᠳᠣᠸ᠋ ᠭᠠᠵᠠᠷ᠎ᠲᠤ ᠳᠠᠭᠠᠭᠠᠴᠢᠯᠠᠯᠲᠠ ᠰᠢᠯᠭᠠᠷᠠᠭᠤᠯᠬᠤ᠎ᠶ᠋ᠢ ᠪᠠᠢᠩᠭᠤᠵᠢᠭᠤᠯᠵᠤ᠂ ᠲᠣᠭ᠎ᠠ ᠪᠠᠷᠢᠮᠲᠠ᠎ᠶ᠋ᠢ ᠢᠯᠡᠭᠦᠥ ᠭᠦᠳᠡᠯᠭᠡᠨ᠂ ᠤᠯᠠᠨ ᠲᠦᠮᠡᠨ᠎ᠢ ᠳᠤᠲᠠᠭᠤ ᠭᠦᠶᠦᠯᠭᠡᠵᠦ᠍᠂ ᠳᠠᠭᠠᠭᠠᠴᠢᠯᠠᠯᠲᠠ᠎ᠳᠤ ᠣᠷᠣᠭ᠍ᠰᠠᠳ (ᠬᠠᠩᠭᠠᠯᠭ᠎ᠠ᠎ᠶ᠋ᠢᠨ ᠠᠷᠠᠯᠵᠢᠶᠠᠴᠢᠨ)᠎ᠢ᠋ 《ᠭᠦᠶᠦᠯᠭᠡᠬᠦ᠌ ᠥᠬᠡᠶ》᠂ ᠣᠷᠣᠯᠠᠨ ᠭᠦᠶ᠋ᠴᠡᠳᠭᠡᠬᠦ᠌ ᠪᠠᠢᠭᠤᠯᠤᠮᠵᠢ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠥᠷᠥᠯ ᠵᠦᠶ᠋ᠯ᠎ᠢ ᠣᠷᠣᠯᠠᠨ ᠭᠦᠶ᠋ᠴᠡᠳᠭᠡᠬᠦ᠌᠎ᠳᠦ 《 ᠨᠢᠭᠡ ᠯᠡ ᠤᠳᠠᠭ᠎ᠠ ᠭᠦᠶᠦᠬᠥ》 ᠵᠢ ᠪᠡᠶᠡᠯᠡᠭᠦᠯᠪᠠ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠌ ᠪᠦᠬᠦ᠌ ᠶᠠᠪᠤᠴᠠ᠎ᠶ᠋ᠢ ᠡᠯᠸᠺᠲ᠋ᠷᠤᠨᠴᠢᠯᠡᠬᠤ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠌ ᠪᠦᠬᠦ᠌ ᠶᠠᠪᠤᠴᠠ᠎ᠶ᠋ᠢ ᠰᠦᠯᠵᠢᠶᠡᠨ ᠳᠡᠭᠡᠷ᠎ᠡ ᠭᠦᠢᠴᠡᠳᠭᠡᠨ᠂ ᠰᠦᠯᠵᠢᠶᠡᠨ ᠭᠠᠳᠠᠨ᠎ᠠ ᠳᠠᠭᠠᠭᠠᠴᠢᠯᠠᠯᠲᠠ ᠵᠠᠷᠯᠠᠭ᠍ᠴᠢ᠂ ᠳᠠᠭᠠᠭᠠᠴᠢᠯᠠᠯᠲᠠ᠎ᠳᠤ ᠣᠷᠣᠯᠴᠠᠭ᠍ᠴᠢ ᠪᠠ ᠣᠷᠣᠯᠠᠨ ᠭᠦᠢᠴᠡᠳᠭᠡᠬᠦ᠌ ᠪᠠᠢᠭᠤᠯᠤᠮᠵᠢ᠎ᠠᠴᠠ ᠪᠢᠴᠢᠭ ᠮᠠᠲ᠋ᠧᠷᠢᠶᠠᠯ ᠬᠤᠷᠢᠶᠠᠬᠤ ᠦᠭᠡᠶ ᠵᠡᠷᠬᠡ ᠵᠢ ᠪᠡᠶᠡᠯᠡᠭᠦᠯᠵᠡᠢ᠃

2021ᠣᠨ᠎ᠳᠤ᠂᠎ᠲᠤᠰ ᠬᠤᠰᠢᠭᠤᠨ᠎ᠤ ᠠᠯᠤᠰ ᠡᠵᠡᠮᠰᠢᠯᠳᠥ ᠣᠨᠳᠣᠣ ᠭᠠᠵᠠᠷ᠎ᠲᠤ ᠳᠠᠭᠠᠭᠠᠴᠢᠯᠠᠯᠲᠠ ᠰᠢᠯᠭᠠᠷᠠᠭᠤᠯᠤᠬᠰᠠᠨ ᠲᠥᠷᠥᠯ ᠵᠦᠶ᠋ᠯ ᠨᠡᠢᠲᠡ 174 ᠪᠠᠢᠵᠤ᠂ ᠶᠡᠷᠦᠩᠬᠡᠢᠯᠡᠭ᠌ᠰᠡᠨ ᠳᠠᠭᠠᠭᠠᠴᠢᠯᠠᠯᠲᠠ ᠨᠡᠢᠲᠡᠯᠡᠭ᠌ᠰᠡᠨ ᠨᠣᠷᠮ᠎ᠠ ᠨᠢ 82% ᠳ᠋ᠤ ᠬᠥᠷᠴᠥ᠂ ᠪᠥᠬᠥ᠌ ᠲᠥᠩᠯᠢᠶᠤᠤ ᠬᠣᠲᠠ᠎ᠳᠤ ᠲᠡᠷᠢᠭᠦᠯᠡᠭᠰᠡᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面