ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-03-22 09:49:39

ᠵᠣᠬᠢᠶᠠᠭ᠍ᠴᠢ᠄ ᠪᠤᠤ ᠢᠤᠢ ᠶᠢᠡᠭ ᠣᠩᠱᠢᠭ᠍ᠰᠠᠨ ᠣᠳᠠᠭ᠎ᠠ᠄ 3

3 ᠰᠠᠷ᠎ᠠ ᠵᠢᠨ 17 ᠎ᠤ᠋ ᠡᠳᠤᠷ᠂ ᠥᠪᠡᠷᠲᠡᠭᠡᠨ ᠵᠠᠰᠠᠬᠤ ᠣᠷᠣᠨ ᠎ᠤ ᠠᠷᠠᠳ ᠎ᠤᠨ ᠵᠠᠰᠠᠭ ᠎ᠤᠨ ᠣᠷᠳᠣᠨ ᠎ᠤ ᠰᠣᠨᠢᠨ ᠮᠡᠳᠡᠭᠡᠨ ᠎ᠦ ᠠᠯᠪᠠᠨ ᠭᠡᠷ ᠬᠥᠮᠦᠨ ᠎ᠦ ᠬᠦᠴᠦᠨ ᠎ᠦ ᠡᠬᠢ ᠪᠠᠶᠠᠯᠢᠭ ᠪᠠ ᠨᠡᠢᠭᠡᠮ ᠎ᠦᠨ ᠪᠠᠲᠤᠯᠠᠭ᠎ᠠ ᠶ᠋ᠢᠨ ᠬᠦᠷᠢᠶᠡᠨ ᠳ᠋ᠡᠬᠢ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠤᠬᠠᠢ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ 70 ᠵᠤᠷᠪᠤᠰ ᠠᠷᠭ᠎ᠠ ᠬᠡᠮᠵᠢᠶ᠎ᠡ ᠎ᠶ᠋ᠢ ᠨᠡᠢᠲᠡᠯᠡᠪᠡ᠃

2021 ᠣᠨ ᠎ᠠᠴᠠ ᠨᠠᠭᠠᠰᠢ᠂ ᠪᠥᠬᠥ᠌ ᠣᠷᠣᠨ ᠎ᠤ ᠬᠥᠮᠦᠨ ᠎ᠦ ᠬᠦᠴᠦᠨ ᠎ᠦ ᠡᠬᠢ ᠪᠠᠶᠠᠯᠢᠭ ᠪᠠ ᠨᠡᠢᠭᠡᠮ ᠎ᠦᠨ ᠪᠠᠲᠤᠯᠠᠭ᠎ᠠ ᠎ᠶ᠋ᠢᠨ ᠱᠢᠰᠲ᠋ᠧᠮ ᠠᠵᠤ ᠠᠬᠤᠢᠯᠠᠯ ᠣᠯᠠᠨ ᠲᠦᠮᠡᠨ ᠎ᠦ 《ᠪᠠᠴᠢᠮᠲᠠᠵᠤ ᠲᠦᠪᠡᠭᠳᠡᠵᠦ ᠵᠤᠪᠠᠨᠢᠵᠤ ᠬᠦᠰᠡᠵᠦ》 ᠪᠠᠢᠭ᠎ᠠ ᠵᠦᠢᠯ ᠎ᠳ᠋ᠤ ᠠᠩᠬᠠᠷᠤᠯ ᠎ᠢᠶᠠᠨ ᠲᠥᠪᠯᠡᠷᠡᠭᠦᠯᠵᠦ᠍᠂ ᠤᠴᠢᠷ ᠶᠠᠪᠤᠳᠠᠯ ᠎ᠢ ᠲᠣᠳᠣᠷᠬᠠᠢᠯᠠᠨ᠂ ᠮᠠᠲ᠋ᠧᠷᠢᠶᠠᠯ ᠎ᠢ ᠪᠠᠭᠠᠰᠭᠠᠵᠤ᠂ ᠶᠠᠪᠤᠳᠠᠯ ᠬᠦᠢᠴᠡᠳᠭᠡᠬᠦ ᠴᠠᠭ ᠎ᠤᠨ ᠬᠢᠵᠠᠭᠠᠷ ᠎ᠢ ᠪᠣᠭᠣᠨᠢᠰᠭᠠᠨ᠂ ᠠᠵᠢᠯ ᠎ᠤᠨ ᠦᠷ᠎ᠡ ᠠᠰᠢᠭ ᠎ᠢ ᠪᠦᠳᠦᠮᠵᠢᠳᠡᠢ ᠳᠡᠭᠡᠭᠰᠢᠯᠡᠭᠦᠯᠵᠡᠢ᠃ ᠡᠨᠡ ᠵᠢᠯ᠂ ᠥᠪᠡᠷᠲᠡᠭᠡᠨ ᠵᠠᠰᠠᠬᠤ ᠣᠷᠣᠨ ᠎ᠤ ᠬᠥᠮᠦᠨ ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠎ᠢ ᠱᠢᠯᠢᠳᠡᠭ᠌ᠵᠢᠭᠦᠯᠬᠦ᠌ 70 ᠵᠤᠷᠪᠤᠰ ᠠᠷᠭ᠎ᠠ ᠬᠡᠮᠵᠢᠶ᠎ᠡ ᠎ᠶ᠋ᠢ ᠨᠡᠢᠲᠡᠯᠡᠠ᠂ ᠨᠠᠢᠳᠠᠪᠤᠷᠢᠵᠢᠭᠤᠯᠤᠯᠳᠠ᠎ᠶ᠋ᠢ ᠴᠢᠬᠤᠯᠠᠴᠢᠯᠠᠬᠤ᠂ ᠦᠷ᠎ᠡ ᠪᠦᠲᠦᠮᠵᠢ᠎ᠶ᠋ᠢ ᠴᠢᠬᠤᠯᠠᠴᠢᠯᠠᠬᠤ ᠎ᠪᠠᠷ ᠬᠦᠴᠦᠯᠡᠨ᠂ 《ᠬᠥᠮᠦᠨ ᠎ᠦ ᠬᠦᠴᠦᠨ ᠎ᠦ ᠡᠬᠢ ᠪᠠᠶᠠᠯᠢᠭ ᠪᠠ ᠨᠡᠢᠭᠡᠮ ᠎ᠦᠨ ᠪᠠᠲᠤᠯᠠᠭ᠎ᠠ ᠎ᠶ᠋ᠢᠨ ᠵᠠᠰᠠᠭ ᠎ᠤᠨ ᠶᠠᠪᠤᠳᠠᠯ ᠎ᠤᠨ ᠦᠶ᠋ᠯᠡᠴᠢᠯᠡᠭᠡᠨ ᠎ᠦ ᠱᠢᠯᠢᠳᠡᠭ ᠎ᠢ ᠡᠭᠦᠳᠴᠦ᠍ ᠴᠢᠨᠠᠷ ᠴᠢᠨᠰᠠᠭ᠎ᠠ ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ》 ᠎ᠢ᠋ ᠪᠥᠬᠥ᠌ ᠲᠠᠯ᠎ᠠ ᠎ᠪᠠᠷ ᠬᠡᠷᠡᠭ᠌ᠵᠢᠭᠦᠯᠵᠦ᠍᠂ ᠪᠥᠬᠥ᠌ ᠤᠯᠤᠰ᠎ᠤᠨ ᠲᠡᠷᠢᠭᠦᠨ ᠎ᠦ᠎ᠬᠢ ᠎ᠲᠡᠶ ᠬᠠᠷᠢᠴᠠᠭᠤᠯᠵᠤ᠂ 《ᠳᠠᠭᠠᠵᠤ ᠭᠦᠶᠦᠬᠦ᠌》᠎ᠶ᠋ᠢ 《ᠵᠡᠷᠭᠡᠴᠡᠵᠦ ᠭᠦᠶᠦᠬᠦ᠌》 ᠪᠣᠯᠭᠠᠨ ᠬᠤᠪᠢᠷᠠᠭᠤᠯᠵᠤ᠂ ᠡᠭᠦᠨ ᠎ᠦ ᠤᠯᠠᠮ ᠎ᠢᠶᠠᠷ 《ᠳᠠᠭᠠᠭᠤᠯᠤᠨ ᠭᠦᠶᠦᠬᠦ᠌》 ᠎ᠶ᠋ᠢ ᠪᠡᠶᠡᠯᠡᠭᠦᠯᠤᠨ᠎ᠠ᠃ ᠬᠥᠮᠦᠨ ᠎ᠦ ᠬᠦᠴᠦᠨ ᠎ᠦ ᠡᠬᠢ ᠪᠠᠶᠠᠯᠢᠭ ᠪᠠ ᠨᠡᠢᠭᠡᠮ ᠎ᠦᠨ ᠪᠠᠲᠤᠯᠠᠭ᠎ᠠ ᠎ᠶ᠋ᠢᠨ ᠦᠶ᠋ᠯᠡᠴᠢᠯᠡᠭᠡ᠎ᠶ᠋ᠢ ᠲᠦᠷᠭᠡᠨ ᠭᠦᠶ᠋ᠴᠡᠳᠭᠡᠵᠦ᠍ ᠳᠥᠭᠥᠮ ᠭᠦᠶ᠋ᠴᠡᠳᠭᠡᠬᠦ᠌ ᠎ᠶ᠋ᠢ ᠪᠥᠬᠥ᠌ ᠲᠠᠯ᠎ᠠ ᠎ᠪᠠᠷ ᠬᠡᠷᠡᠭ᠌ᠵᠢᠭᠦᠯᠵᠦ᠍᠂ ᠥᠨᠳᠥᠷ ᠳᠠᠪᠲᠠᠮᠵᠢᠲᠤ 50 ᠦᠶ᠋ᠯᠡᠴᠢᠯᠡᠭᠡᠨ ᠎ᠦ ᠵᠦᠶ᠋ᠯᠡᠰ ᠎ᠦᠨ ᠭᠦᠶ᠋ᠴᠡᠳᠭᠡᠬᠦ᠌ ᠴᠠᠭ ᠎ᠤᠨ ᠬᠢᠵᠠᠭᠠᠷ ᠎ᠢ 50%᠎ᠪᠠᠷ ᠪᠣᠭᠣᠨᠢᠰᠭᠠᠨ᠂ ᠨᠠᠷᠢᠨ ᠲᠠᠩᠰᠠᠨ᠎ᠳᠠᠬᠢ ᠵᠦᠶ᠋ᠯᠡᠰ ᠎ᠢ ᠰᠦᠯᠵᠢᠶᠡᠨ ᠳᠡᠭᠡᠷ᠎ᠡ ᠭᠦᠶ᠋ᠴᠡᠳᠭᠡᠵᠦ᠍ ᠪᠣᠯᠬᠤ ᠨᠣᠷᠮ᠎ᠠ ᠎ᠶ᠋ᠢ 100% ᠎ᠳ᠋ᠤ ᠬᠦᠷᠬᠡᠵᠦ᠍᠂ ᠬᠤᠪᠢ ᠬᠥᠮᠦᠨ ᠎ᠦ ᠦᠶ᠋ᠯᠡᠴᠢᠯᠡᠭᠡᠨ ᠎ᠦ ᠵᠦᠶ᠋ᠯᠡᠰ ᠎ᠢ 100% ᠎ᠪᠠᠷ《ᠠᠯᠠᠭᠠᠨ ᠳᠡᠭᠡᠷ᠎ᠡ ᠭᠦᠶ᠋ᠴᠡᠳᠭᠡᠬᠦ᠌》 ᠎ᠶ᠋ᠢ ᠪᠥᠬᠥ᠌ ᠲᠠᠯ᠎ᠠ ᠎ᠪᠠᠷ ᠳᠡᠯᠭᠡᠷᠡᠭᠦᠯᠦᠨ᠂《 ᠨᠢᠭᠡ ᠴᠣᠩᠬᠣᠪᠴᠢ ᠎ᠪᠠᠷ ᠭᠦᠶ᠋ᠴᠡᠳᠭᠡᠬᠦ᠌》 ᠂ 《ᠪᠥᠬᠥ᠌ ᠣᠷᠣᠨ ᠎ᠳᠤ ᠨᠡᠢᠳᠡᠮ ᠭᠦᠶ᠋ᠴᠡᠳᠭᠡᠬᠦ᠌》 ᠂ 《ᠣᠢᠷ᠎ᠠ ᠬᠠᠪᠢ᠎ᠳᠤᠨᠢ ᠭᠦᠶ᠋ᠴᠡᠳᠭᠡᠬᠦ᠌》᠂《ᠪᠦᠬᠦᠨ ᠎ᠢ ᠣᠷᠣᠯᠠᠨ ᠭᠦᠶ᠋ᠴᠡᠳᠭᠡᠬᠦ᠌》᠂《ᠬᠠᠪᠰᠤᠷᠤᠨ ᠭᠦᠶ᠋ᠴᠡᠳᠭᠡᠵᠦ ᠣᠷᠣᠯᠠᠨ ᠭᠦᠶ᠋ᠴᠡᠳᠭᠡᠬᠦ᠌》 ᠵᠡᠷᠭᠡ ᠪᠤᠳᠠᠳᠤ ᠴᠤᠬᠴᠠ ᠵᠢᠨ ᠦᠶ᠋ᠯᠡᠴᠢᠯᠡᠭᠡᠨ ᠎ᠦ ᠠᠷᠭ᠎ᠠ ᠮᠠᠶᠢᠭ ᠎ᠢ ᠪᠥᠬᠥ᠌ ᠲᠠᠯ᠎ᠠ ᠎ᠪᠠᠷ ᠳᠡᠯᠭᠡᠷᠡᠭᠦᠯᠤᠨ᠂ ᠨᠠᠰᠤᠵᠢᠯ ᠎ᠤᠨ ᠳᠠᠭᠠᠳᠭᠠᠯ ᠎ᠤᠨ ᠣᠯᠭᠣᠮᠵᠢ ᠠᠪᠬᠤ ᠬᠢᠷᠢ ᠬᠡᠮ᠎ᠦᠨ 《ᠳᠤᠮᠤ ᠳ᠋ᠡᠢᠲ᠋ᠠ ᠵᠢᠨ ᠭᠡᠷᠡᠴᠢᠯᠡᠯᠳᠡ》᠎ᠶ᠋ᠢ ᠬᠠᠢᠨ ᠰᠦᠪᠡᠭᠴᠢᠯᠠᠵᠦ ᠦᠷᠨᠢᠬᠦᠯᠵᠤ᠂ ᠤᠯᠠᠨ ᠲᠦᠮᠠᠨ᠎ᠳᠤ ᠦᠯᠦ ᠮᠡᠳᠡᠭᠲᠠᠮ᠎ᠠ ᠪᠠᠢᠲᠠᠯ ᠲᠤᠤᠷ᠎ᠠ ᠬᠡᠷᠡᠴᠢᠯᠡᠬᠦ ᠦᠢᠯᠠᠴᠢᠯᠡᠬᠡ ᠎ᠬᠠᠨᠭᠭᠠᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面