ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-03-25 11:24:56

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠤᠯᠠᠭᠠᠨᠴᠠᠪ ᠬᠣᠲᠠ ᠶ᠋ᠢᠨ ᠬᠣᠶᠠᠷ ᠱᠠᠲᠤᠨ ᠤ᠋ ᠠᠷᠠᠳ ᠤ᠋ᠨ ᠱᠢᠭᠦᠬᠦ᠌ ᠬᠣᠷᠢᠶ᠎ᠠ ᠦᠵᠡᠯ ᠰᠠᠨᠠᠭᠠᠨ ᠤ᠋ ᠬᠡᠪᠰᠢᠮᠡᠯ ᠪᠠᠢᠳᠠᠯ ᠢ᠋ ᠡᠪᠳᠡᠵᠦ᠍ ᠂ ᠤᠷᠲᠤ ᠬᠤᠭᠤᠴᠠᠭᠠᠨ᠎ᠠ ᠳᠠᠭᠤᠰᠭᠠᠭᠠᠳᠤᠶ ᠪᠠ ᠬᠠᠭᠤᠴᠢᠨ ᠬᠡᠷᠡᠭ ᠢ᠋ ᠪᠦᠲᠦᠮᠵᠢᠲᠡᠢ ᠰᠢᠢᠳᠪᠦᠷᠢᠯᠡᠬᠦ ᠡᠴᠡ ᠭᠠᠷᠳᠠᠨ ᠂ ᠬᠡᠷᠡᠭ ᠤ᠋ᠨ ᠱᠢᠭᠦᠨ ᠲᠠᠰᠤᠯᠤᠯᠲᠠ ᠶ᠋ᠢᠨ ᠦᠶᠡᠯᠡᠯ ᠤ᠋ᠨ ᠬᠤᠭᠤᠴᠠᠭ᠎ᠠ ᠣᠷᠳᠣ ᠂ ᠤᠳᠠᠲᠠᠯ᠎ᠠ ᠬᠦᠢᠴᠡᠳᠬᠡᠭᠰᠡᠨ ᠥᠬᠡᠶ ᠂ ᠵᠠᠷᠭᠤ ᠳ᠋ᠤ ᠬᠣᠯᠪᠣᠭ᠍ᠳᠠᠭ᠍ᠰᠠᠨ ᠠᠵᠤ ᠠᠬᠤᠢᠯᠠᠯ ᠬᠠᠨᠤᠮᠵᠢ ᠥᠬᠡᠶ ᠪᠠᠢᠬᠤ ᠵᠡᠷᠭᠡ ᠠᠰᠠᠭᠤᠳᠠᠯ ᠢ᠋ ᠦᠨᠡᠨ ᠬᠦ᠌ ᠱᠢᠶ᠋ᠳᠪᠦᠷᠢᠯᠡᠵᠦ᠍ ᠂ ᠲᠣᠭ᠍ᠲᠠᠭᠤᠨ ᠂ ᠲᠦᠪ ᠭᠤᠤᠯᠴᠢ ᠪᠥᠭᠡᠳ ᠢᠯᠡ ᠲᠣᠳᠣ᠂ ᠵᠢᠱ᠌ᠢᠵᠦ᠍ ᠪᠣᠯᠬᠤᠢᠴᠠ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠰᠢᠯᠢᠳᠡᠭᠵᠢᠬᠦᠯᠵᠤ᠂ ᠤᠯᠠᠭᠠᠨᠴᠠᠪ ᠬᠣᠲᠠ ᠶ᠋ᠢᠨ ᠠᠵᠤ ᠠᠬᠤᠶ ᠶ᠋ᠢᠨ ᠬᠥᠭ᠌ᠵᠢᠯᠲᠡ ᠶ᠋ᠢ ᠲᠣᠭ᠍ᠲᠠᠭᠤᠨ ᠪᠠᠢᠯᠭᠠᠬᠤ ᠂ ᠲᠣᠭ᠍ᠲᠠᠭᠤᠨ ᠤ᠋ ᠲᠤᠮᠳᠠ ᠤᠷᠤᠭᠰᠢᠯᠠᠨ ᠲᠠᠪᠰᠢᠬᠤ ᠂ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌ ᠶ᠋ᠢ ᠪᠠᠲᠤᠯᠠᠨ ᠠᠬᠢᠭᠤᠯᠬᠤ ᠳ᠋ᠤ ᠬᠦᠴᠦᠨ ᠨᠡᠮᠡᠷᠢᠯᠡᠵᠤ ᠪᠤᠢ ᠃

ᠡᠨᠡ ᠵᠢᠯ ᠤ᠋ᠨ《ᠬᠠᠬᠢᠷ ᠬᠦᠢᠳᠡᠨ ᠢ᠋ ᠦᠯᠳᠡᠵᠦ ᠤᠷᠢᠨ ᠬᠠᠪᠤᠷ ᠢ᠋ ᠤᠭᠳᠤᠬᠤ》ᠲᠤᠰᠭᠠᠶ ᠠᠵᠢᠯᠯᠠᠭ᠎ᠠ ᠡᠬᠢᠯᠡᠭ᠌ᠰᠡᠨ ᠡᠴᠡ ᠨᠠᠭᠠᠰᠢ ᠂ ᠤᠯᠠᠭᠠᠨᠴᠠᠪ ᠬᠣᠲᠠ ᠶ᠋ᠢᠨ ᠠᠷᠠᠳ ᠤ᠋ᠨ ᠱᠢᠭᠦᠬᠦ᠌ ᠬᠣᠷᠢᠶ᠎ᠠ ᠨᠡᠢᠲᠡ 160 ᠭᠠᠷᠤᠶ ᠴᠠᠭ᠍ᠳᠠᠭ᠎ᠠ(ᠤᠳᠠᠭ᠎ᠠ)ᠪᠤᠯᠤᠨ 16 ᠮᠠᠰᠢᠨ ᠲᠡᠷᠭᠡ ᠬᠥᠳᠡᠯᠭᠡᠵᠦ᠍᠂ 13 ᠮᠠᠰᠢᠨ ᠲᠡᠷᠭᠡ ᠪᠠ 7 ᠢᠵᠢ ᠬᠡᠷ ᠪᠠᠢᠱᠢᠩ ᠢ᠋ ᠪᠠᠢᠴᠠᠭᠠᠨ ᠪᠢᠲᠡᠭᠦᠮᠵᠢᠯᠡᠵᠤ᠂ 56 ᠬᠡᠷᠡᠭ ᠢ᠋ ᠳᠠᠰᠤᠯᠤᠨ ᠰᠢᠢᠳᠪᠦᠷᠢᠯᠡᠵᠦ᠂ ᠳᠠᠰᠤᠯᠤᠨ ᠰᠢᠢᠳᠪᠦᠷᠢᠯᠡᠭᠰᠡᠨ ᠵᠤᠭᠤᠰ ᠨᠢ 740 ᠭᠠᠷᠤᠢ ᠲᠦᠮᠡᠨ ᠲᠥᠭᠥᠷᠢᠭ ᠲᠦ᠍ ᠬᠦᠷᠴᠡᠶ᠃ ᠡᠭᠦᠨ ᠳ᠋ᠤ ᠠᠷᠠᠳ ᠤ᠋ᠨ ᠠᠮᠢᠳᠤᠷᠠᠯ ᠳ᠋ᠤ ᠬᠣᠯᠪᠣᠭ᠍ᠳᠠᠭ᠍ᠰᠠᠨ ᠬᠡᠷᠡᠭ 11 ᠪᠠᠢᠵᠤ᠂ ᠳᠠᠰᠤᠯᠤᠨ᠎ᠰᠢᠢᠳᠪᠦᠷᠢᠯᠡᠭᠰᠡᠨ ᠵᠤᠭᠤᠰ ᠨᠢ 114.43 ᠲᠦᠮᠡᠨ ᠲᠥᠭᠥᠷᠢᠭ ᠲᠦ᠍ ᠬᠦᠷᠴᠠᠢ ; ᠠᠵᠤ ᠠᠬᠤᠢᠯᠠᠯ ᠳ᠋ᠤ ᠬᠣᠯᠪᠣᠭ᠍ᠳᠠᠭ᠍ᠰᠠᠨ ᠬᠡᠷᠡᠭ 4 ᠪᠠᠢᠵᠤ᠂ ᠳᠠᠰᠤᠯᠤᠨ ᠰᠢᠢᠳᠪᠦᠷᠢᠯᠡᠭᠰᠡᠨ ᠵᠤᠭᠤᠰ ᠨᠢ 375.26 ᠲᠦᠮᠡᠨ ᠲᠥᠭᠥᠷᠢᠭ ᠲᠦ᠍ ᠬᠦᠷᠪᠡ; ᠮᠥᠩᠭᠥᠨ ᠭᠦᠶ᠋ᠯᠭᠡᠭᠡᠨ ᠳ᠋ᠤ ᠬᠣᠯᠪᠣᠭ᠍ᠳᠠᠭ᠍ᠰᠠᠨ ᠬᠡᠷᠡᠭ 4 ᠪᠠᠢᠵᠤ᠂ ᠳᠠᠰᠤᠯᠤᠨ᠎ᠰᠢᠢᠳᠪᠦᠷᠢᠯᠡᠭᠰᠡᠨ ᠵᠤᠭᠤᠰ ᠨᠢ 255.04 ᠲᠦᠮᠡᠨ ᠲᠥᠭᠥᠷᠢᠭ ᠲᠦ᠍ ᠬᠦᠷᠴᠡᠶ ᠃

ᠤᠯᠠᠭᠠᠨᠴᠠᠪ ᠬᠣᠲᠠ ᠶ᠋ᠢᠨ ᠱᠢᠭᠦᠬᠦ᠌ ᠬᠣᠷᠢᠶ᠎ᠠ ᠵᠠᠯᠭᠠᠭᠠᠳ ᠳᠠᠷᠤᠭ᠍ᠳᠠᠮᠠᠯ ᠬᠡᠷᠡᠭ ᠢ᠋ ᠳᠠᠰᠤᠯᠤᠨ ᠰᠢᠢᠳᠪᠦᠷᠢᠯᠡᠬᠦ ᠲᠤᠰᠭᠠᠶ ᠠᠵᠢᠯᠯᠠᠭ᠎ᠠ᠂ ᠮᠥᠩᠭᠥᠨ ᠭᠦᠶ᠋ᠯᠭᠡᠭᠡᠨ ᠳ᠋ᠤ ᠬᠣᠯᠪᠣᠭ᠍ᠳᠠᠭ᠍ᠰᠠᠨ ᠬᠡᠷᠡᠭ ᠢ᠋ ᠲᠥᠪᠯᠡᠷᠡᠭᠦᠯᠦᠨ ᠰᠢᠢᠳᠪᠦᠷᠢᠯᠡᠬᠦ᠌ ᠠᠵᠢᠯᠯᠠᠭ᠎ᠠ ᠪᠠ ᠳᠤᠮᠳᠠ ᠪᠠᠭ᠎ᠠ ᠵᠢᠵᠢᠭ ᠠᠵᠤ ᠠᠬᠤᠢᠯᠠᠯ ᠤ᠋ᠨ ᠵᠠᠷᠭᠤ ᠢᠯᠠᠭᠰᠠᠨ ᠤ᠋ ᠳᠠᠷᠠᠭᠠᠬᠢ ᠡᠷᠬᠡ ᠠᠱᠢᠭ ᠢ᠋ ᠨᠢ ᠪᠠᠲᠤᠯᠠᠬᠤ ᠵᠡᠷᠭᠡ ᠲᠤᠰᠭᠠᠶ ᠠᠵᠢᠯᠯᠠᠭ᠎ᠠ ᠶ᠋ᠢ ᠵᠠᠯᠭᠠᠭ᠎ᠠ ᠪᠠᠷ ᠥᠷᠨᠢᠭᠦᠯᠵᠦ᠂ ᠬᠠᠭᠤᠴᠢᠨ ᠬᠡᠷᠡᠭ ᠢ᠋ ᠴᠡᠪᠡᠷᠯᠡᠨ ᠱᠢᠨ᠎ᠡ ᠬᠡᠷᠡᠭ ᠢ᠋ ᠳᠠᠷᠤᠭᠳᠠᠭᠤᠯᠬᠤ ᠦᠭᠡᠢ ᠪᠠᠢᠬᠤ ᠶ᠋ᠢ ᠪᠡᠶᠡᠯᠡᠭᠦᠯᠬᠦ ᠪᠤᠯᠤᠨ᠎ᠠ ᠃ ᠤᠯᠠᠭᠠᠨᠴᠠᠪ ᠬᠣᠲᠠ ᠶ᠋ᠢᠨ ᠬᠣᠶᠠᠷ ᠱᠠᠲᠤᠨ ᠤ᠋ ᠠᠷᠠᠳ ᠤ᠋ᠨ ᠱᠢᠭᠦᠬᠦ᠌ ᠬᠣᠷᠢᠶ᠎ᠠ ᠬᠠᠤᠯᠢᠵᠢᠭᠰᠠᠨ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠲᠡᠶ ᠤᠶᠠᠯᠳᠤᠭᠤᠯᠤᠨ᠂ ᠲᠦᠷᠭᠡᠨ ᠱᠢᠭᠦᠵᠦ᠍ ᠲᠦᠷᠭᠡᠨ ᠲᠠᠰᠤᠯᠬᠤ ᠪᠦᠯᠬᠦᠮ ᠢ᠋ ᠵᠣᠬᠢᠶᠠᠨ ᠪᠠᠢᠭᠤᠯᠵᠦ ᠂ ᠬᠡᠷᠡᠭ ᠢ᠋ ᠰᠢᠢᠳᠪᠦᠷᠢᠯᠡᠬᠦ ᠦᠷ᠎ᠡ ᠪᠦᠲᠦᠮᠵᠢ ᠪᠠ ᠶᠠᠰᠤ ᠴᠢᠨᠠᠷ ᠢ᠋ ᠴᠢᠩᠭᠠᠳᠬᠠᠵᠤ ᠪᠠᠢᠨ᠎ᠠ ; ᠵᠠᠭᠤᠷᠠᠯᠳᠤᠭᠠᠨ ᠢ᠋ ᠱᠢᠶ᠋ᠳᠪᠦᠷᠢᠯᠡᠬᠦ᠌ ᠤᠯᠠᠨ ᠡᠱᠢᠲᠦ ᠲᠣᠭ᠍ᠲᠠᠴᠠ ᠶ᠋ᠢ ᠬᠦᠴᠦᠲᠡᠶ ᠠᠬᠢᠭᠤᠯᠵᠦ ᠂《ᠠᠷᠠᠳ ᠤ᠋ᠨ ᠡᠶᠡᠳᠡᠭᠦᠯᠬᠦ᠌ ᠲᠠᠰᠤᠭ》᠂《ᠠᠵᠢᠯ ᠲᠦᠷᠦᠯ ᠤ᠋ᠨ ᠡᠶᠡᠳᠡᠭᠦᠯᠬᠦ᠌ ᠲᠠᠰᠤᠭ》᠂《ᠬᠤᠳᠠᠯᠳᠤᠭᠠᠴᠢᠳ ᠤ᠋ᠨ ᠡᠪᠯᠡᠯ ᠤ᠋ᠨ ᠡᠶᠡᠳᠡᠭᠦᠯᠬᠦ᠌ ᠲᠠᠰᠤᠭ》᠂《ᠬᠠᠤᠯᠢᠴᠢ ᠶ᠋ᠢᠨ ᠡᠶᠡᠳᠡᠭᠦᠯᠬᠦ᠌ ᠲᠠᠰᠤᠭ》ᠵᠡᠷᠭᠡ ᠪᠡᠷ ᠲᠠᠮᠵᠢᠨ ᠠᠷᠠᠳ ᠤ᠋ᠨ ᠲᠥᠯᠥᠭᠡ ᠬᠠᠤᠯᠢ ᠪᠠᠷᠢᠬᠤ ᠠᠵᠢᠯ ᠤ᠋ᠨ ᠴᠢᠳᠠᠪᠤᠷᠢ ᠶ᠋ᠢ ᠳᠡᠭᠡᠭ᠌ᠰᠢᠯᠡᠭᠦᠯᠵᠤ ᠪᠠᠢᠨ᠎ᠠ ;《ᠨᠢᠭᠡ ᠴᠤᠭ᠍ᠴᠠᠵᠢᠭᠤᠯᠬᠤ》ᠥᠭᠡᠷᠡᠴᠢᠯᠡᠯᠲᠡ ᠶ᠋ᠢ ᠠᠬᠢᠭᠤᠯᠵᠤ᠂ ᠦᠩᠬᠡᠷᠡᠭᠰᠡᠨ ᠤ᠋《ᠨᠢᠭᠡ ᠬᠡᠷᠡᠭ ᠢ᠋ ᠡᠴᠦᠰ ᠲᠤᠨᠢ ᠲᠤᠯᠲᠠᠯ᠎ᠠ ᠳᠠᠭᠠᠭᠠᠴᠢᠯᠠᠬᠤ》ᠬᠠᠭᠤᠴᠢᠨ ᠵᠤᠷᠰᠢᠯ ᠢ᠋ ᠡᠪᠳᠡᠵᠤ ᠬᠡᠰᠡᠭ ᠬᠤᠪᠢᠶᠠᠨ ᠡᠷᠴᠢᠮᠵᠢᠭᠦᠯᠦᠭ᠌ᠰᠡᠨ《ᠠᠵᠢᠯ ᠤ᠋ᠨ ᠴᠤᠪᠤᠷᠠᠯ ᠱᠤᠭᠤᠮ》ᠢ᠋ ᠪᠤᠢ ᠪᠣᠯᠭᠠᠨ᠂ ᠬᠡᠷᠡᠭ ᠢ᠋ ᠬᠦᠯᠢᠶᠡᠨ ᠠᠪᠬᠤ ᠂ ᠪᠠᠢᠴᠠᠭᠠᠨ ᠡᠵᠡᠮᠳᠡᠬᠦ ᠡᠴᠡ ᠠᠪᠤᠭᠠᠳ ᠪᠣᠯᠵᠣᠨ ᠶᠠᠷᠢᠯᠴᠠᠬᠤ ᠂ ᠰᠢᠬᠦᠨ ᠲᠠᠰᠤᠯᠬᠤ ᠬᠦᠷᠲᠡᠯᠡᠬᠢ 37 ᠵᠠᠩᠭᠢᠯᠠᠭ᠎ᠠ ᠶ᠋ᠢᠨ ᠴᠡᠭ ᠲᠦ᠍ ᠲᠤᠰᠭᠠᠶ ᠬᠥᠮᠦᠨ ᠲᠤᠰᠭᠠᠶ ᠠᠵᠢᠯ ᠤ᠋ᠨ ᠪᠠᠢᠷᠢ ᠳ᠋ᠤ ᠬᠠᠷᠢᠭᠤᠴᠠᠬᠤ ᠶ᠋ᠢ ᠬᠡᠷᠡᠭ᠌ᠵᠢᠭᠦᠯᠵᠦ᠍ ᠂ ᠬᠡᠷᠡᠭ ᠭᠦᠢᠴᠡᠳᠭᠡᠬᠦ᠌ ᠦᠶᠡᠯᠡᠯ ᠤ᠋ᠨ ᠬᠤᠭᠤᠴᠠᠭ᠎ᠠ ᠶ᠋ᠢ ᠬᠠᠮᠤᠭ ᠤ᠋ᠨ ᠶᠡᠬᠡ ᠬᠡᠮᠵᠢᠶ᠎ᠡ ᠪᠡᠷ ᠪᠣᠭᠣᠨᠢᠰᠭᠠᠵᠤ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面