2022-03-28 10:26:36
ᠤᠮᠠᠷᠠᠲᠤ ᠬᠢᠯᠢ᠎ᠡᠴᠡ ᠡᠮᠦᠨᠡᠲᠦ ᠣᠷᠣᠨ᠎ᠳᠤ ᠬᠦᠷᠴᠦ᠍᠂ ᠭᠠᠨᠵᠸᠤ ᠪᠡᠷ ᠠᠢᠯᠴᠢᠯᠠᠵᠤ᠂ ᠵᠢᠢ ᠠᠨ ᠵᠢᠡᠷ ᠲᠤᠭᠤᠷᠢᠨ ᠪᠠᠢᠴᠠᠭᠠᠬᠤ ᠳ᠋ᠠᠭᠠᠨ ᠭᠠᠨᠵᠢᠶᠠᠩ ᠮᠦᠷᠠᠨ ᠫᠦᠸᠸ ᠶᠠᠩ ᠬ᠍ᠤ ᠨᠠᠭᠤᠷ ᠤᠨ ᠴᠤᠭ ᠪᠠᠳᠠᠷᠠᠩᠭᠤᠶ ᠠᠮᠢᠵᠢᠷᠠᠯ᠎ᠤᠨ ᠬᠦᠴᠦᠨ᠎ᠢ ᠪᠠᠬᠠᠷᠬᠠᠵᠤ᠂ ᠴᠢᠨᠠᠷ ᠰᠠᠢᠲᠠᠶ ᠬᠥᠭ᠌ᠵᠢᠯᠲᠡ ᠶ᠋ᠢᠨ ᠢᠳᠡᠷᠡᠭᠦᠨ ᠠᠯᠬᠤᠭ᠎ᠠ ᠵᠢᠨ ᠴᠢᠮᠡᠭᠡ᠎ᠶ᠋ᠢ ᠴᠢᠩᠨᠠᠯ᠎ᠠ᠃
3 ᠰᠠᠷ᠎ᠠ᠎ᠶ᠋ᠢᠨ 10 ᠤ ᠡᠳᠦᠷ᠎ᠡᠴᠡ 12 ᠤ᠋ᠨ ᠡᠳᠦᠷ ᠪᠣᠯᠲᠠᠯ᠎ᠠ᠂ ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠸᠠᠨ ᠴᠤᠸ᠋ ᠴᠢ ᠪᠦᠯᠬᠦᠮ ᠳᠠᠭᠠᠭᠤᠯᠤᠨ ᠤᠷᠢᠳ ᠬᠣᠵᠢᠳ ᠵᠢᠶᠠᠩᠰᠢ ᠮᠤᠵᠢ᠎ᠶ᠋ᠢᠨ ᠭᠠᠨᠵᠸᠤ ᠬᠣᠲᠠ᠂ ᠵᠢᠶ ᠠᠨ ᠬᠣᠲᠠ᠎ᠳᠤ ᠬᠦᠷᠴᠦ᠍᠂ ᠬᠣᠶᠠᠷ ᠬᠣᠲᠠᠨ᠎ᠤ ᠭᠤᠸᠠᠩᠳᠦ᠋ᠩ ᠱᠢᠶᠠᠩᠭᠠᠩ ᠣᠣᠮᠧᠨ᠎ᠦ ᠶᠡᠬᠡ ᠪᠤᠯᠤᠩ ᠲᠣᠭᠣᠷᠢᠭ ᠲᠠᠢ ᠵᠣᠯᠭᠠᠭᠤᠯᠤᠨ ᠠᠭᠤᠰᠤᠯᠴᠠᠬᠤ ᠶᠠᠪᠤᠴᠠ᠎ᠳᠤ ᠠᠵᠤ ᠦᠶ᠋ᠯᠡᠰ᠎ᠦᠨ ᠱᠢᠯᠵᠢᠯᠲᠡ᠎ᠶ᠋ᠢ ᠢᠳᠡᠪᠬᠢᠲᠡᠶ ᠪᠡᠷ ᠭᠥᠯᠢᠶᠡᠨ ᠠᠪᠤᠬᠰᠠᠨ᠂ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠭᠰᠡᠨ ᠵᠡᠷᠭᠡ ᠲᠡᠷᠢᠭᠦᠨ᠎ᠤ ᠲᠤᠷᠱᠢᠯᠭ᠎ᠠ ᠠᠷᠭ᠎ᠠ ᠬᠢᠳᠡᠯ᠎ᠦᠨ ᠲᠤᠬᠠᠶ ᠱᠢᠨᠵᠢᠯᠡᠨ ᠪᠠᠢᠴᠠᠭᠠᠵᠤ ᠰᠤᠷᠤᠯᠴᠠᠪᠠ᠃
ᠭᠠᠨᠵᠸᠤ ᠬᠣᠲᠠ ᠪᠠ ᠵᠢᠶ ᠠᠨ ᠬᠣᠲᠠ ᠪᠣᠯ ᠤᠸ᠋ᠯ᠎ᠤᠨ ᠲᠥᠪ᠎ᠦᠨ ᠰᠣᠪᠢᠶᠠᠳ ᠣᠷᠣᠨ᠎ᠤ ᠴᠢᠬᠤᠯᠠ ᠪᠦᠷᠢᠯᠳᠦᠬᠦᠨ ᠬᠡᠰᠡᠭ᠂ ᠪᠥᠬᠥᠳᠡ ᠨᠠᠢᠷᠠᠮᠳᠠᠬᠤ ᠲᠤᠮᠳᠠᠳᠤ ᠠᠷᠠᠳ ᠤᠯᠤᠰ᠎ᠤᠨ ᠬᠠᠯᠠᠭᠤᠨ ᠥᠯᠥᠭᠡᠶ ᠪᠠ ᠰᠣᠪᠢᠶᠠᠳ ᠣᠷᠣᠨ᠎ᠤ ᠵᠣᠷᠢᠭ ᠰᠠᠨᠠᠭᠠᠨ᠎ᠤ ᠭᠣᠸ᠋ᠯ ᠭᠣᠯᠣᠮᠲᠠ ᠪᠤᠯᠤᠨ᠎ᠠ᠃
ᠬᠡᠳᠦᠢᠪᠡᠷ ᠮᠢᠩᠭᠠᠨ ᠭᠠᠵᠠᠷ ᠠᠯᠤᠰᠯᠠᠵᠤ ᠪᠠᠢᠪᠠᠴᠤ᠌ ᠭᠠᠨᠵᠸᠤ ᠪᠣᠯᠤᠨ ᠤᠯᠠᠭᠠᠨᠬᠠᠳᠠ ᠳᠤ ᠮᠠᠰᠢ ᠤᠯᠠᠨ ᠠᠳᠠᠯᠢᠪᠲᠤᠷ ᠲᠠᠯ᠎ᠠ ᠪᠤᠢ᠄ ᠬᠥᠮᠦᠨ ᠠᠮᠠ᠎ᠶ᠋ᠢᠨ ᠲᠤᠮᠤ ᠬᠤᠳᠠ᠂ ᠡᠯᠪᠡᠭ ᠪᠠᠶᠠᠯᠢᠭ ᠥᠩᠭᠡᠲᠦ ᠲᠡᠮᠦᠷᠯᠢᠭ᠎ᠦᠨ ᠡᠬᠢ ᠪᠠᠶᠠᠯᠢᠭ᠎ᠲᠠᠶ᠂ ᠠᠵᠤ ᠦᠢᠯᠡᠰ᠎ᠦᠨ ᠬᠠᠷᠢᠯᠴᠠᠨ ᠨᠥᠬᠥᠪᠥᠷᠢᠯᠡᠬᠦ᠌ ᠴᠢᠨᠠᠷ᠎ᠢᠶᠠᠷ ᠴᠢᠩᠭ᠎ᠠ ᠪᠠᠢᠳᠠᠭ᠃ ᠭᠠᠨᠵᠸᠤ ᠪᠣᠯ ᠮᠤᠵᠢ᠎ᠶ᠋ᠢᠨ ᠬᠡᠪᠴᠢᠶᠡᠨ᠎ᠦ ᠳᠡᠳ᠋ ᠲᠥᠪ ᠬᠣᠲᠠ᠂ ᠤᠯᠠᠭᠠᠨᠬᠠᠳᠠ ᠪᠣᠯ ᠣᠷᠣᠨ ᠪᠦᠰᠡ᠎ᠶ᠋ᠢᠨ ᠲᠥᠪ ᠬᠣᠲᠠ ᠪᠣᠯᠬᠣᠷ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠭᠦᠯᠬᠦ᠌᠂ ᠬᠥᠭ᠌ᠵᠢᠯᠲᠡ᠎ᠪᠡᠨ ᠲᠦᠷᠭᠡᠳᠭᠡᠬᠦ᠌ ᠡᠭᠦᠷᠭᠡ ᠴᠥᠮ ᠮᠠᠰᠢ ᠬᠦᠨᠳᠦ ᠶᠤᠮ᠃ ᠡᠷᠲᠡᠡ ᠳ᠋ᠤ ᠯᠦᠯᠢᠩ ᠬᠡᠮᠡᠨ ᠨᠡᠷᠡᠯᠡᠵᠦ ᠪᠠᠢᠭᠰᠠᠨ ᠵᠢᠶ ᠠᠨ ᠬᠤᠲᠠ ᠨᠢ ᠤᠯᠠᠭᠠᠨᠬᠠᠳᠠ᠎ᠲᠠᠶ ᠠᠳᠠᠯᠢ ᠴᠦᠮ ᠥᠨᠢ ᠤᠳᠠᠭᠠᠨ ᠲᠡᠸ᠋ᠬᠡ᠎ᠲᠡᠶ᠂ ᠭᠦᠨ ᠵᠤᠵᠠᠭᠠᠨ ᠰᠣᠶᠣᠯ ᠲᠠᠢ᠂ ᠦᠵᠡᠰᠭᠦᠯᠡᠩᠲᠦ ᠰᠠᠢᠬᠠᠨ ᠥᠩᠭᠡ ᠦᠵᠡᠮᠵᠢ᠎ᠲᠡᠶ᠂ ᠡᠯᠪᠡᠭ ᠪᠠᠶᠠᠯᠢᠭ ᠡᠳ᠋ ᠭᠠᠷᠤᠯᠲᠠ᠎ᠲᠠᠶ ᠪᠠᠢᠵᠤ᠂ ᠬᠣᠶᠠᠷ ᠬᠣᠲᠠ᠎ᠶ᠋ᠢᠨ ᠠᠵᠤ ᠦᠶ᠋ᠯᠡᠰ ᠨᠢ ᠲᠣᠰ ᠲᠣᠰ᠎ᠤᠨ ᠳᠠᠪᠠᠭᠤᠯᠢᠭ᠎ᠲᠠᠶ ᠪᠠᠢᠵᠤ᠂ ᠬᠥᠭ᠌ᠵᠢᠯᠲᠡ᠎ᠶ᠋ᠢᠨ ᠬᠠᠷᠠᠯᠲᠠ ᠨᠢ ᠲᠤᠢᠯ᠎ᠤᠨ ᠠᠳᠠᠯᠢᠪᠲᠤᠷ ᠪᠠᠢᠳᠠᠭ᠃
ᠭᠠᠨᠵᠸᠤ᠂ ᠵᠶ᠋ᠢ ᠠᠨ ᠬᠣᠶᠠᠷ ᠬᠤᠳᠠ10 ᠵᠢᠯ᠎ᠦᠨ ᠡᠮᠦᠨ᠎ᠠ ᠠᠵᠤ ᠠᠬᠤᠢ᠎ᠶ᠋ᠢᠨ ᠬᠥᠭ᠌ᠵᠢᠯᠲᠡ ᠬᠣᠴᠣᠷᠤᠩᠭᠤᠢ ᠪᠠᠢᠭ᠍ᠰᠠᠨ ᠡᠴᠡ ᠪᠠᠨ ᠬᠠᠷᠠᠯᠲᠠ᠎ᠪᠠᠨ ᠲᠣᠭ᠍ᠲᠠᠭᠠᠵᠤ᠂ ᠬᠥᠭ᠌ᠵᠢᠯᠲᠡ ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠦᠷᠭᠦᠯᠵᠢᠯᠡᠨ ᠬᠦᠴᠦᠯᠡᠵᠦ᠍᠂ ᠤᠷᠳᠤ ᠬᠤᠭᠤᠴᠠᠭ᠎ᠠ᠎ᠪᠠᠷ ᠴᠢᠷᠮᠠᠢᠨ ᠠᠵᠢᠯᠯᠠᠬᠤ ᠪᠡᠷ ᠳᠠᠮᠵᠢᠨ ᠰᠢᠨ᠎ᠡ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠭ᠍ᠰᠠᠨ ᠪᠠᠢᠨ᠎ᠠ᠃ ᠤᠯᠠᠭᠠᠨᠬᠠᠳᠠ᠎ᠶ᠋ᠢ ᠡᠷᠭᠢᠴᠡᠭᠦᠯᠵᠦ᠍ ᠦᠵᠡᠪᠡᠯ᠂ ᠴᠢᠨᠠᠷ ᠰᠠᠢᠲᠠᠢ ᠬᠥᠭ᠌ᠵᠢᠯᠲᠡ᠂ ᠠᠵᠤ ᠦᠢᠯᠡᠰ᠎ᠦᠨ ᠱᠢᠯᠵᠢᠯᠲᠡ᠎ᠶ᠋ᠢ ᠬᠦᠯᠢᠶᠡᠨ ᠠᠪᠬᠤ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠱᠢᠯᠢᠳᠡᠭ᠌ᠵᠢᠭᠦᠯᠬᠦ᠌ ᠨᠢ ᠶᠠᠭ ᠵᠠᠩᠭᠢᠯᠠᠭ᠎ᠠ᠎ᠶ᠋ᠢᠨ ᠴᠠᠭ ᠦᠶ᠎ᠡ᠎ᠳᠦ ᠣᠷᠣᠱᠢᠵᠤ᠂ ᠪᠦᠬᠦ᠌ ᠤᠯᠤᠰ ᠪᠦᠬᠦ᠌ ᠣᠷᠣᠨ᠎ᠤ ᠶᠡᠬᠡ ᠲᠠᠯ᠎ᠠ᠎ᠠᠴᠠ ᠪᠠᠢᠷᠢ ᠲᠣᠭ᠍ᠲᠠᠭᠠᠯᠲᠠ ᠪᠠ ᠳᠠᠪᠠᠭᠤᠯᠢᠭ᠎ᠢᠶᠠᠨ ᠣᠨᠣᠪᠴᠢᠲᠠᠢ ᠣᠯᠵᠤ᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢ ᠪᠠᠳᠤᠯᠠᠬᠤ᠎ᠶᠢ ᠥᠨᠢ ᠤᠳᠠᠭᠠᠨ ᠪᠠᠷᠢᠮᠲᠠᠯᠠᠬᠤᠬᠡᠷᠡᠭᠲᠡᠢ ᠪᠠᠢᠳᠠᠭ᠃
ᠲᠡᠷᠢᠭᠦᠨ᠎ᠦ ᠬᠢ᠎ᠲᠡᠶ ᠠᠳᠠᠯᠢᠳᠭᠠᠬᠤ ᠳ᠋ᠤ᠂ ᠤᠯᠠᠭᠠᠨᠬᠠᠳᠠ᠎ᠶ᠋ᠢᠨ ᠬᠢᠨ ᠭᠠᠨᠵᠸᠤ᠂ ᠵᠶ᠋ᠢ ᠠᠨ᠎ᠠᠴᠠ ᠶᠠᠮᠠᠷ ᠰᠡᠳᠭᠢᠴᠡ ᠪᠠ ᠠᠷᠭ᠎ᠠ᠎ᠶ᠋ᠢ ᠰᠤᠷᠤᠯᠴᠠᠬᠤ ᠴᠢᠬᠤᠯᠠᠳᠠᠢ ᠪᠤᠢ?
ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠸᠠᠨ ᠴᠤᠤ ᠴᠢ ᠭᠡᠯᠡᠬᠦ ᠳ᠋ᠡᠭᠡᠨ᠂ ᠪᠢᠳᠡ ᠣᠷᠣᠨ ᠪᠦᠰᠡ᠎ᠶ᠋ᠢᠨ ᠲᠥᠪ ᠬᠤᠳᠠ᠎ᠶ᠋ᠢ ᠲᠦᠷᠭᠡᠨ ᠪᠦᠳᠦᠬᠡᠨ ᠪᠠᠢᠭᠤᠯᠵᠤ᠂《ᠵᠦᠢᠷᠡᠢ ᠤᠳᠤᠨ》᠎ᠢ᠋ ᠴᠣᠭ᠍ᠴᠠᠯᠠᠬᠤᠶᠠᠪᠤᠴᠠᠳᠦ᠂ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠠᠬᠢᠭᠤᠯᠵᠤ᠂ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠢ ᠡᠭᠦᠳᠴᠦ᠍᠂ ᠢᠯᠠᠩᠭᠤᠶ᠎ᠠ ᠪᠡᠭᠡᠵᠢᠩ ᠲᠢᠶᠠᠨᠵᠢᠨ ᠡᡁᠸᠪᠸᠢ ᠪᠣᠯᠤᠨ ᠥᠷᠭᠡᠨ ᠤᠯᠠᠨ ᠳᠣᠲᠣᠷ ᠭᠠᠵᠠᠷ᠎ᠤᠨ ᠱᠢᠯᠢᠳᠡᠭ ᠠᠵᠤ ᠦᠢᠯᠡᠰ᠎ᠦᠨ ᠱᠢᠯᠵᠢᠯᠲᠡ᠎ᠶ᠋ᠢ ᠬᠦᠯᠢᠶᠡᠨ ᠠᠪᠬᠤ ᠵᠢ ᠳᠠᠰᠤᠷᠠᠯᠳᠠ ᠦᠬᠡᠢ ᠴᠢᠩᠭᠠᠳᠭᠠᠬᠤ᠎ᠶ᠋ᠢ ᠲᠤᠯᠭᠠᠮ ᠱᠠᠭᠠᠷᠳᠠᠵᠤ ᠪᠠᠢᠨ᠎ᠠ ᠂ ᠭᠠᠨᠵᠸᠤ᠂ ᠵᠶ᠋ᠢ ᠠᠨ ᠬᠣᠶᠠᠷ ᠬᠤᠳᠠ᠎ᠶ᠋ᠢᠨ ᠠᠮᠢᠳᠤᠯᠢᠭ ᠦᠢᠯᠡᠳᠦᠯᠭᠡ ᠨᠢ ᠤᠯᠠᠭᠠᠨᠬᠠᠳᠠ᠎ᠳᠤ ᠬᠡᠪ ᠳᠠᠭᠤᠷᠢᠶᠠᠯ ᠪᠤᠯᠵᠤ᠂ ᠦᠯᠢᠭᠡᠷ ᠳᠠᠭᠤᠷᠢᠶᠠᠯ ᠬᠠᠩᠭᠠᠵᠠᠢ᠃ ᠪᠢᠳᠡ ᠪᠤᠰᠤᠳ᠎ᠤᠨ ᠲᠡᠷᠢᠭᠦᠨ᠎ᠤ ᠲᠤᠷᠰᠢᠯᠭ᠎ᠠ ᠵᠢ ᠰᠤᠷᠤᠯᠴᠠᠵᠤ᠂ ᠲᠤᠤᠷᠠᠬᠢ ᠬᠡᠳᠦᠨ ᠲᠠᠯ᠎ᠠ ᠵᠢᠨ ᠠᠵᠢᠯ᠎ᠢ ᠨᠡᠩ ᠰᠠᠢᠳᠤᠷ ᠬᠢᠨ᠎ᠡ ᠭᠡᠯᠡ᠄
ᠲᠡᠷᠢᠭᠦᠨ᠎ᠦ ᠬᠢ᠎ᠲᠡᠶ ᠠᠳᠠᠯᠢᠳᠭᠠᠵᠤ᠂ ᠤᠮᠤᠭ ᠵᠤᠷᠢᠭ ᠵᠢᠡᠨ ᠨᠡᠩ ᠴᠤᠭ ᠪᠠᠳᠠᠷᠠᠩᠭᠤᠢ ᠪᠣᠯᠭᠠᠨ᠎ᠠ᠃ ᠭᠠᠨᠵᠸᠤ᠂ ᠵᠶ᠋ᠢ ᠠᠨ ᠬᠣᠶᠠᠷ ᠬᠤᠳᠠ᠎ᠶ᠋ᠢᠨ ᠺᠠᠳ᠋ᠷᠴᠤᠳ᠎ᠤᠨ《ᠠᠵᠤ ᠦᠢᠯᠡᠰ᠎ᠢ ᠶᠡᠬᠡ ᠪᠡᠷ ᠠᠳᠭᠤᠵᠤ᠂ ᠬᠥᠭ᠌ᠵᠢᠯᠲᠡ᠎ᠶ᠋ᠢ ᠶᠡᠬᠡ ᠪᠡᠷ ᠠᠳᠭᠤᠬᠤ》 ᠵᠤᠷᠢᠭ ᠰᠠᠨᠠᠭ᠎ᠠ ᠵᠢ ᠱᠢᠩᠭᠡᠭᠡᠨ ᠠᠪᠴᠤ᠌ ᠲᠤᠯᠢ ᠪᠣᠯᠭᠠᠵᠤ᠂ ᠤᠯᠠᠭᠠᠨᠬᠠᠳᠠ᠎ᠶ᠋ᠢᠨ ᠬᠢᠨ ᠨᠡᠩ ᠥᠨᠳᠥᠷ ᠬᠡᠪ ᠳᠠᠭᠤᠷᠢᠶᠠᠯ᠎ᠲᠠᠶ ᠨᠢᠭᠡᠳᠦᠯᠲᠡᠢ ᠪᠠᠢᠵᠤ᠂ ᠨᠡᠩ ᠶᠡᠬᠡ ᠬᠠᠷᠠᠯᠲᠠ ᠲᠡᠢᠰᠢ ᠴᠢᠷᠮᠠᠢᠵᠤ᠂ ᠵᠣᠷᠢᠭ᠍ᠲᠠᠢ᠎ᠪᠠᠷ ᠤᠷᠤᠭ᠍ᠰᠢᠯᠠᠨ ᠳᠠᠪᠱᠢᠬᠤ ᠵᠤᠷᠢᠭ ᠰᠠᠨᠠᠭ᠎ᠠ ᠵᠢ ᠶᠡᠬᠡ ᠪᠡᠷ ᠪᠠᠳᠠᠷᠠᠭᠤᠯᠬᠤ ᠬᠡᠷᠡᠭᠲᠡᠢ᠃
ᠲᠡᠷᠢᠭᠦᠨ᠎ᠦ ᠬᠢ᠎ᠲᠡᠶ ᠬᠠᠷᠢᠴᠠᠭᠤᠯᠵᠤ᠂ ᠦᠶ᠋ᠯᠡᠴᠢᠯᠡᠭᠡᠨ᠎ᠦ ᠲᠠᠯ᠎ᠠ᠎ᠪᠠᠷ ᠨᠠᠩ ᠱᠢᠯᠢᠳᠡᠭ᠌ᠵᠢᠭᠦᠯᠦᠨ᠎ᠡ᠃ ᠭᠠᠨᠵᠸᠤ᠂ ᠵᠶ᠋ᠢ ᠠᠨ᠎ᠤ 《ᠶᠡᠬᠡ ᠪᠤᠯᠤᠩᠲᠤᠭᠤᠷᠢᠭ ᠲᠠᠢ ᠬᠠᠷᠢᠴᠠᠭᠤᠯᠬᠤ》᠂《ᠵᠢᠷᠭᠤᠭ᠎ᠠ᠎ᠶ᠋ᠢ ᠪᠠᠭᠠᠰᠭᠠᠵᠤ ᠨᠢᠭᠡ᠎ᠶ᠋ᠢ ᠨᠡᠮᠡᠭ᠌ᠳᠡᠭᠦᠯᠬᠦ᠌》᠂《ᠭᠤᠶᠤᠴᠢᠯᠠᠨ ᠮᠡᠳᠡᠭᠦᠯᠪᠡᠯ ᠳᠠᠷᠤᠢ ᠬᠡᠯᠲᠦᠷᠢᠭᠦᠯᠬᠦ᠌》 ᠵᠡᠷᠭᠡ ᠲᠤᠷᠱᠢᠯᠭ᠎ᠠ ᠵᠢ ᠢᠳᠡᠪᠬᠢᠲᠡᠢ ᠱᠢᠩᠭᠡᠭᠡᠨ ᠠᠪᠴᠤ᠌ ᠂ ᠤᠯᠠᠭᠠᠨᠬᠠᠳᠠ᠎ᠶ᠋ᠢᠨ ᠬᠢᠨ ᠱᠢᠰᠲᠸᠮ᠎ᠤᠨ ᠴᠢᠨᠠᠷᠲᠠᠢ ᠠᠷᠭ᠎ᠠ ᠠᠪᠴᠤ᠌᠂ ᠲᠡᠷᠢᠭᠦᠨ᠎ᠦ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠢ ᠲᠦᠷᠭᠡᠨ ᠪᠤᠢ ᠪᠣᠯᠭᠠᠬᠤ ᠬᠡᠷᠡᠭ᠌ᠲᠡᠢ᠃
ᠲᠡᠷᠢᠭᠦᠨ᠎ᠦ ᠬᠢ᠎ᠲᠠᠢ ᠪᠠᠷᠢᠮᠵᠢᠶᠠᠯᠠᠵᠤ᠂ ᠠᠵᠤ ᠦᠢᠯᠡᠰ᠎ᠦᠨ ᠲᠠᠯ᠎ᠠ᠎ᠪᠠᠷ ᠨᠡᠩ ᠣᠨᠣᠪᠴᠢᠲᠠᠢ ᠪᠣᠯᠭᠠᠨ᠎ᠠ᠃ ᠭᠠᠨᠵᠸᠤ᠂ ᠵᠶ᠋ᠢ ᠠᠨ ᠬᠣᠶᠠᠷ ᠬᠤᠳᠠ᠎ᠶ᠋ᠢᠨ ᠤᠨᠴᠠᠯᠢᠬ᠍ᠳᠤ ᠠᠵᠤ ᠦᠢᠯᠡᠰ᠎ᠦᠨ ᠪᠦᠯᠦᠭ᠌ᠵᠢᠯ᠎ᠦᠨ ᠴᠢᠨᠠᠷ ᠰᠠᠢᠲᠠᠢ ᠬᠥᠭ᠌ᠵᠢᠯᠲᠡ᠎ᠶ᠋ᠢᠨ ᠲᠤᠷᠱᠢᠯᠭ᠎ᠠ ᠠᠷᠭ᠎ᠠ ᠬᠢᠳᠡᠯ᠎ᠢ ᠰᠤᠷᠤᠯᠴᠠᠨ ᠳᠤᠯᠢᠳᠠᠵᠤ᠂ ᠤᠯᠠᠭᠠᠨᠬᠠᠳᠠ᠎ᠶ᠋ᠢᠨ ᠬᠢᠨ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠴᠢᠩᠭᠠᠳᠭᠠᠬᠤ ᠱᠢᠪᠲᠤᠯᠤᠯᠲᠠ᠎ᠶ᠋ᠢᠨ ᠴᠡᠭ᠎ᠢ ᠭᠦᠨᠵᠡᠭᠡᠢ ᠰᠤᠳᠤᠯᠵᠤ ᠂ ᠠᠵᠤ ᠦᠢᠯᠡᠰ᠎ᠦᠨ ᠰᠠᠭᠤᠷᠢ᠎ᠶ᠋ᠢ ᠳᠠᠰᠤᠷᠠᠯᠳᠠ ᠦᠬᠡᠢ ᠪᠡᠬᠢᠵᠢᠭᠦᠯᠵᠦ᠍᠂ ᠳᠡᠭᠡᠳᠦ ᠳᠤᠮᠳᠠ ᠳᠤᠤᠷᠠᠳᠤ ᠤᠷᠤᠰᠭᠠᠯ᠎ᠤᠨ ᠢᠵᠢ ᠪᠦᠷᠢᠳᠦᠭ᠌ᠰᠡᠨ ᠠᠵᠤ ᠦᠢᠯᠡᠰ᠎ᠦᠨ ᠱᠢᠰᠲᠸᠮ᠎ᠢ ᠲᠦᠷᠭᠡᠨ ᠪᠦᠷᠢᠯᠳᠦᠭᠦᠯᠬᠦ᠌ ᠬᠡᠷᠡᠭ᠌ᠲᠡᠢ᠃
ᠲᠡᠷᠢᠭᠦᠨ᠎ᠦ ᠬᠢ᠎ᠲᠡᠶ ᠬᠠᠷᠢᠴᠠᠭᠤᠯᠵᠤ᠂ ᠪᠠᠢᠷᠢᠱᠢᠭᠤᠯᠤᠯᠲᠠ᠎ᠶ᠋ᠢᠨ ᠲᠠᠯ᠎ᠠ᠎ᠪᠠᠷ ᠨᠡᠩ ᠱᠢᠨᠵᠢᠯᠡᠬᠦ᠌ ᠤᠬᠠᠭᠠᠨᠴᠢ ᠪᠣᠯᠭᠠᠨ᠎ᠠ᠃ ᠭᠠᠨᠵᠸᠤ᠂ ᠵᠢᠶ ᠠᠨ ᠬᠣᠶᠠᠷ ᠬᠣᠲᠠ᠎ᠶ᠋ᠢᠨ ᠭᠤᠸᠠᠩᠳᠦ᠋ᠩ ᠱᠢᠶᠠᠩᠭᠠᠩ ᠣᠣᠮᠧᠨ᠎ᠦ ᠶᠡᠬᠡ ᠪᠤᠯᠤᠩ ᠲᠣᠭᠣᠷᠢᠭ᠎ᠲᠠᠢ ᠢᠳᠡᠪᠬᠢᠲᠡᠶ᠎ᠪᠡᠷ ᠵᠣᠯᠭᠠᠨ ᠠᠭᠤᠰᠤᠯᠴᠠᠬᠤ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠶᠡᠬᠡ ᠪᠡᠷ ᠬᠦᠯᠢᠶᠡᠨ ᠠᠪᠬᠤ᠂ ᠲᠡᠷᠢᠭᠦᠨ᠎ᠤ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠪᠣᠶ ᠪᠣᠯᠭᠠᠬᠤ ᠵᠡᠷᠭᠡ ᠲᠠᠯ᠎ᠠ᠎ᠶ᠋ᠢᠨ ᠠᠮᠵᠢᠯᠲᠠ ᠲᠠᠶ ᠲᠤᠷᠱᠢᠯᠭ᠎ᠠ᠎ᠶ᠋ᠢ ᠰᠤᠷᠤᠯᠴᠠᠨ᠂ ᠤᠯᠠᠭᠠᠨᠬᠠᠳᠠ᠎ᠶ᠋ᠢᠨ ᠬᠢᠨ ᠪᠡᠭᠡᠵᠢᠩ ᠲᠢᠶᠠᠨᠵᠢᠨ ᠡᡁᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ ᠵᠡᠷᠭᠡ ᠭᠠᠵᠠᠷ ᠣᠷᠣᠨ᠎ᠳᠤ ᠠᠩᠬᠠᠷᠤᠯ᠎ᠢᠶᠠᠨ ᠲᠥᠪᠯᠡᠷᠡᠭᠦᠯᠦᠨ ᠡᠯᠧᠺᠲ᠋ᠷᠣᠨ ᠮᠡᠳᠡᠭᠡ ᠵᠠᠩᠭᠢ ᠂ ᠲᠤᠨᠤᠭ ᠲᠥᠬᠥᠭᠡᠷᠦᠮᠵᠢ ᠦᠢᠯᠡᠳᠬᠦ ᠂ ᠠᠮᠢᠳᠤ ᠪᠣᠳᠠᠰ᠎ᠤᠨ ᠡᠮ ᠡᠮᠨᠡᠯᠭᠡ᠂ ᠨᠠᠷᠢᠯᠢᠭ ᠬᠢᠮᠢ᠎ᠶ᠋ᠢᠨ ᠠᠵᠤ ᠦᠢᠯᠡᠳᠪᠦᠷᠢ ᠵᠡᠷᠭᠡ ᠠᠵᠤ ᠦᠢᠯᠡᠰ᠎ᠦᠨ ᠱᠢᠯᠵᠢᠯᠲᠡ᠎ᠶ᠋ᠢ ᠢᠳᠡᠪᠬᠢᠲᠡᠢ ᠬᠦᠯᠢᠶᠡᠨ ᠠᠪᠴᠤ᠌ ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠲᠦᠷᠭᠡᠳᠬᠡᠨ ᠪᠣᠢᠵᠢᠭᠤᠯᠤᠨ ᠪᠤᠵᠠᠭᠠᠢᠷᠠᠭᠤᠯᠬᠤ ᠬᠡᠷᠡᠭ᠌ᠲᠡᠢ᠃
ᠲᠡᠷᠢᠭᠦᠨ᠎ᠦ ᠬᠢ᠎ᠲᠠᠢ ᠠᠳᠠᠯᠢᠳᠬᠠᠵᠤ᠂ ᠰᠤᠷᠲᠠᠯ᠎ᠤᠨ ᠲᠠᠯ᠎ᠠ᠎ᠪᠠᠷ ᠨᠡᠩ ᠯᠠᠪᠳᠠᠭᠤᠨ ᠪᠠᠲᠤᠲᠠᠢ ᠪᠣᠯᠭᠠᠨ᠎ᠠ᠃ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠦᠵᠡᠯ ᠰᠠᠨᠠᠭ᠎ᠠ᠎ᠪᠠᠨ ᠴᠢᠯᠥᠭᠡᠯᠡᠬᠦ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ᠎ᠶ᠋ᠢ ᠬᠢᠨᠠᠮᠠᠭᠠᠢ ᠰᠤᠷᠤᠯᠴᠠᠵᠤ᠂ ᠤᠯᠠᠭᠠᠨᠬᠠᠳᠠ᠎ᠶ᠋ᠢᠨ ᠬᠢᠨ ᠰᠡᠳᠭᠢᠴᠡ᠎ᠪᠡᠨ ᠥᠷᠭᠡᠳᠭᠡᠵᠦ᠍ ᠂ ᠬᠡᠪ᠎ᠦᠨ ᠵᠤᠷᠱᠢᠯ᠎ᠢ ᠡᠪᠳᠡᠵᠦ᠍᠂ ᠱᠢᠨ᠎ᠡ᠎ᠶ᠋ᠢ ᠡᠭᠦᠳᠴᠦ᠍ ᠡᠭᠦᠳᠦᠨ ᠪᠦᠲᠦᠭᠡᠬᠦ᠌᠎ᠪᠡᠷ ᠪᠦᠬᠦ᠌ ᠬᠤᠳᠠ᠎ᠶ᠋ᠢᠨ ᠡᠯ᠎ᠡ ᠵᠦᠢᠯ᠎ᠦᠨ ᠠᠵᠢᠯ᠎ᠢ ᠳᠠᠢ᠌ᠴᠢᠯᠠᠨ ᠲᠡᠷᠢᠭᠦᠨ᠎ᠳᠦ ᠣᠷᠣᠬᠤ᠎ᠪᠠᠷ ᠴᠢᠷᠮᠠᠢᠬᠤ ᠬᠡᠷᠡᠭ᠌ᠲᠡᠢ᠃
ᠵᠢᠶᠠᠩᠰᠢ ᠮᠤᠵᠢ᠎ᠠᠴᠠ ᠰᠤᠷᠤᠯᠴᠠᠭᠠᠳ ᠪᠤᠴᠠᠵᠤ ᠢᠷᠡᠭᠰᠡᠨ᠎ᠤ ᠳᠠᠷᠠᠭ᠎ᠠ ᠶᠠᠭᠠᠬᠢᠵᠤ ᠠᠵᠢᠯᠯᠠᠬᠤ ᠪᠤᠢ?ᠤᠯᠠᠭᠠᠨᠬᠠᠳᠠ᠎ᠶ᠋ᠢᠨ ᠺᠠᠳ᠋ᠷ ᠬᠡᠷᠬᠢᠨ ᠪᠣᠳᠠᠲᠤ ᠠᠵᠢᠯᠯᠠᠭ᠎ᠠ᠎ᠪᠠᠷ᠎ᠢᠶᠠᠨ ᠬᠠᠷᠢᠭᠤᠴᠠᠯᠭ᠎ᠠ ᠡᠭᠦᠷᠭᠡᠯᠡᠵᠦ ᠬᠦᠭᠡᠭᠡᠵᠦ ᠭᠦᠢᠴᠡᠨ ᠳᠠᠪᠠᠬᠤ ᠪᠤᠢ?
ᠤᠯᠠᠭᠠᠨᠬᠠᠳᠠ ᠬᠤᠳᠠ᠎ᠶ᠋ᠢᠨ ᠳᠡᠳ᠋ ᠳᠠᠷᠤᠭ᠎ᠠ ᠵᠤᠤ ᡁᠢ ᠭᠠᠩ᠄ 《ᠭᠠᠨᠵᠸᠤ ᠵᠢᠨ ᠨᠥᠬᠥᠳ〈ᠠᠷᠠᠯᠵᠢᠶᠠᠴᠢᠨ ᠤᠷᠢᠬᠤ᠎ᠶ᠋ᠢ ᠠᠳᠭᠤᠵᠤ ᠣᠷᠴᠢᠨ ᠨᠦᠭᠦᠴᠡᠯ᠎ᠢ ᠠᠳᠭᠤᠬᠤ ᠦᠭᠡᠢ ᠪᠣᠯ ᠦᠬᠦᠮᠡᠯ ᠤᠰᠤᠨ ᠮᠡᠲᠦ〉 ᠭᠡᠵᠦ᠍ ᠶᠠᠷᠢᠪᠠ᠂ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ ᠤᠯᠠᠭᠠᠨᠬᠠᠳᠠ᠎ᠳᠤ ᠠᠪᠴᠤ᠌ ᠬᠡᠯᠡᠪᠡᠯ ᠲᠤᠢᠯ᠎ᠤᠨ ᠴᠢᠬᠤᠯᠠ ᠶᠤᠮ᠂ ᠪᠢᠳᠡ ᠰᠠᠨᠠᠭᠠᠴᠢᠯᠠᠭ᠎ᠠ ᠠᠴᠠ᠎ᠪᠠᠨ ᠭᠠᠨᠵᠸᠤ᠂ ᠵᠶ᠋ᠢ ᠠᠨ᠎ᠤ ᠰᠠᠢ᠌ᠨ ᠲᠤᠷᠱᠢᠯᠭ᠎ᠠ ᠰᠠᠢ᠌ᠨ ᠠᠷᠭ᠎ᠠ᠎ᠪᠠᠷ ᠲᠤᠯᠢ ᠪᠣᠯᠭᠠᠵᠤ ᠂ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠬᠤ ᠲᠦᠷᠦᠯ ᠵᠦᠢᠯ᠎ᠢ ᠨᠠᠢᠳᠠᠪᠤᠷᠢᠵᠢᠭᠤᠯᠬᠤ᠂ ᠪᠦᠳᠦᠭᠡᠨ ᠪᠠᠢᠭᠤᠯᠬᠤ᠂ ᠡᠵᠡᠩᠨᠡᠬᠦ᠌ ᠵᠡᠷᠭᠡ ᠪᠦᠬᠦ᠌ ᠶᠠᠪᠤᠴᠠ᠎ᠳ᠋ᠤ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠬᠤ ᠬᠡᠷᠡᠭ᠌ᠲᠡᠢ》 ᠭᠡᠵᠦ᠍ ᠬᠡᠯᠡᠪᠡ᠃
ᠨᠢᠩᠴᠧᠩ ᠱᠢᠶᠠᠨ᠎ᠤ ᠨᠠᠮ᠎ᠤᠨ ᠬᠣᠷᠢᠶᠠᠨ᠎ᠤ ᠱᠦᠵᠢ ᠹᠦ᠋ ᠱᠸᠤ ᠯᠢ᠄《ᠠᠵᠢᠯᠯᠠᠬᠤ᠎ᠶ᠋ᠢ ᠲᠡᠷᠢᠭᠦᠨ᠎ᠳᠦ ᠲᠠᠯᠪᠢᠵᠤ ᠂ ᠪᠣᠳᠠᠲᠠᠶ ᠠᠵᠢᠯᠯᠠᠬᠤ᠎ᠪᠠᠷ ᠭᠣᠸ᠋ᠯᠳᠠᠯᠭ᠎ᠠ ᠪᠣᠯᠭᠠᠵᠤ᠂ ᠨᠠᠩ ᠱᠢᠯᠢᠳᠡᠭ ᠰᠤᠷᠲᠠᠯ᠎ᠢᠶᠠᠷ ᠨᠠᠢᠳᠠᠪᠤᠷᠢᠵᠢᠭᠤᠯᠤᠯᠲᠠ᠎ᠶ᠋ᠢ ᠠᠳᠭᠤᠨ᠎ᠠ᠃ ᠲᠣᠭ᠍ᠲᠠᠭ᠍ᠰᠠᠨ ᠴᠠᠭᠲᠤᠨᠢ ᠭᠦᠢᠴᠡᠳᠭᠡᠵᠦ᠍᠂ ᠬᠡᠯᠡᠭ᠌ᠰᠡᠨ᠎ᠢᠶᠡᠨ ᠵᠠᠪᠠᠯ ᠬᠢᠵᠦ᠍᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ ᠂ ᠦᠨᠡᠨ ᠬᠦ᠌ ᠠᠳᠭᠤᠵᠤ ᠪᠣᠳᠠᠲᠠᠢ ᠠᠵᠢᠯᠯᠠᠬᠤ᠎ᠶ᠋ᠢ ᠠᠵᠢᠯ᠎ᠤᠨ ᠭᠣᠭ᠍ᠴᠣᠭ᠎ᠠ ᠪᠦᠷᠢᠳᠦ ᠠᠭᠤᠰᠤᠯᠴᠠᠭᠤᠯᠵᠤ᠂ ᠬᠤᠳᠠ᠎ᠶ᠋ᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠯ᠎ᠡ ᠵᠦᠢᠯ ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠢᠩᠴᠧᠩ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠨ᠎ᠠ 》 ᠭᠡᠵᠦ ᠢᠯᠡᠷᠬᠡᠢᠯᠡᠪᠡ᠃
ᠣᠩᠨᠢᠭᠤᠳ ᠬᠣᠱᠢᠭᠤᠨ᠎ᠤ ᠨᠠᠮ᠎ᠤᠨ ᠬᠣᠷᠢᠶᠠᠨ᠎ᠤ ᠱᠦᠵᠢ ᠵᠠᠩ ᠭᠦᠸᠧ ᠬᠤᠸᠠ᠄ 《ᠡᠨᠡ ᠤᠳᠠᠭᠠᠨ᠎ᠤ ᠰᠤᠷᠤᠯᠴᠠᠯᠭ᠎ᠠ᠎ᠶ᠋ᠢᠨ ᠪᠠᠢᠴᠠᠭᠠᠯᠲᠠ ᠨᠠᠳᠠ᠎ᠳᠤ ᠣᠨᠴᠠᠭᠠᠶ ᠶᠡᠬᠡ ᠨᠥᠯᠥᠭᠡ ᠦᠭᠴᠦ᠂ ᠬᠥᠭ᠌ᠵᠢᠯᠲᠡ᠎ᠶ᠋ᠢᠨ ᠲᠠᠯ᠎ᠠ᠎ᠪᠠᠷ ᠬᠢ ᠢᠯᠡᠳᠲᠡ ᠵᠥᠷᠢᠶ᠎ᠡ᠎ᠶ᠋ᠢ ᠮᠡᠳᠡᠷᠡᠵᠦ᠍᠂ ᠬᠥᠭ᠌ᠵᠢᠯᠲᠡ ᠶ᠋ᠢ ᠲᠦᠷᠭᠡᠳᠭᠡᠬᠦ᠌ ᠬᠠᠷᠢᠭᠤᠴᠠᠯᠭᠠᠲᠤ ᠰᠡᠳᠭᠢᠯᠭᠡ ᠪᠣᠯᠤᠨ ᠪᠠᠴᠢᠮ ᠲᠤᠯᠭᠠᠮ ᠰᠡᠳᠭᠢᠯᠭᠡ᠎ᠶ᠋ᠢ ᠨᠡᠮᠡᠭ᠌ᠳᠡᠭᠦᠯᠵᠡᠶ᠂ ᠲᠠᠷᠠᠭᠠᠴᠢ ᠪᠠᠷ ᠵᠣᠷᠢᠭ᠍ᠲᠠᠶ ᠰᠡᠳᠭᠢᠵᠦ᠍ ᠵᠣᠷᠢᠭ᠍ᠲᠠᠶ ᠬᠢᠵᠦ᠍᠂ ᠴᠢᠳᠠᠮᠠᠭᠠᠶ᠎ᠪᠠᠷ ᠰᠡᠳᠭᠢᠵᠦ᠍᠂ ᠴᠢᠳᠠᠮᠠᠭᠠᠶ᠎ᠪᠠᠷ ᠪᠦᠲᠦᠭᠡᠵᠦ᠍᠂ ᠲᠡᠷᠢᠭᠦᠨ᠎ᠳᠦ ᠣᠷᠣᠬᠤ᠎ᠪᠠᠷ ᠡᠷᠡᠯᠬᠡᠭ᠌ᠯᠡᠨ ᠲᠡᠮᠡᠴᠡᠵᠦ᠍ ᠂ ᠦᠵᠡᠯ ᠰᠠᠨᠠᠭᠠᠨ᠎ᠤ ᠴᠢᠯᠥᠭᠡᠯᠡᠯᠲᠡ᠎ᠪᠡᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠂ ᠲᠡᠷᠢᠭᠦᠨ᠎ᠳᠦ ᠣᠷᠣᠬᠤ᠎ᠪᠠᠷ ᠴᠢᠷᠮᠠᠢᠨ᠎ᠠ; ᠠᠵᠢᠯᠯᠠᠭ᠎ᠠ ᠳᠡᠭᠡᠷ᠎ᠡ᠎ᠪᠡᠨ ᠤᠷᠢᠳᠴᠢᠯᠠᠨ ᠪᠤᠳᠤᠯᠬᠢᠯᠠᠵᠤ ᠤᠷᠢᠳᠴᠢᠯᠠᠨ ᠬᠢᠵᠦ᠂ ᠳᠡᠭᠡᠳᠦ ᠱᠠᠲᠤ ᠨᠢ ᠳᠣᠸ᠋ᠷ᠎ᠠ᠎ᠳᠤ ᠱᠠᠲᠤ᠎ᠪᠠᠨ ᠳᠠᠭᠠᠭᠤᠯᠵᠤ᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠪᠣᠳᠠᠲᠠᠶ ᠠᠵᠢᠯᠯᠠᠬᠤ᠎ᠪᠠᠷ ᠠᠵᠢᠯ᠎ᠤᠨ ᠪᠦᠲᠦᠮᠵᠢ ᠶ᠋ᠢ ᠰᠣᠯᠢᠵᠤ᠂ ᠪᠣᠳᠠᠲᠠᠶ ᠠᠵᠢᠯᠯᠠᠬᠤ᠎ᠪᠠᠷ ᠠᠵᠢᠯ᠎ᠤᠨ ᠪᠦᠲᠦᠮᠵᠢ᠎ᠶ᠋ᠢ ᠡᠭᠦᠳᠦᠨ᠎ᠡ》 ᠭᠡᠵᠡᠶ᠃
《ᠨᠤᠮ ᠵᠠᠯᠠᠬᠤ》᠎ᠳ᠋ᠤ᠌ ᠵᠦᠪᠬᠡᠨ ᠵᠠᠯᠠᠭᠠᠳ ᠢᠷᠡᠴᠢᠬᠡᠪᠡᠯ ᠪᠤᠯᠴᠢᠬᠠᠬᠤ ᠪᠢᠰᠢ᠃ ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ 《ᠨᠣᠮ ᠵᠠᠯᠠᠭᠠᠳ》 ᠪᠤᠴᠠᠵᠤ ᠢᠷᠡᠬᠦ᠌᠎ᠳᠦ ᠤᠯᠠᠭᠠᠨᠬᠠᠳᠠ ᠬᠣᠲᠠ ᠵᠢᠴᠢ ᠬᠣᠱᠢᠭᠤ ᠱᠢᠶᠠᠨ ᠲᠣᠭᠣᠷᠢᠭ᠎ᠤᠨ ᠺᠠᠳ᠋ᠷᠴᠤᠳ ᠴᠥᠮ ᠬᠢᠨᠠᠮᠠᠭᠠᠶ ᠪᠣᠳᠣᠯᠬᠢᠯᠠᠨ ᠣᠶᠤᠨᠴᠢ᠎ᠪᠠᠷ ᠵᠠᠳᠠᠯᠤᠯᠲᠠ ᠬᠢᠵᠦ᠍᠂ ᠪᠠᠷᠢᠮᠵᠢᠶ᠎ᠠ᠎ᠲᠠᠶ ᠠᠳᠠᠯᠢᠳᠬᠠᠵᠤ ᠬᠦᠰᠦᠨᠦᠭ᠌ᠲᠦ᠍ ᠲᠡᠶ ᠬᠠᠷᠭᠤᠭᠤᠯᠵᠤ ᠪᠠᠢᠭᠠᠳ ᠨᠠᠢᠳᠠᠪᠤᠷᠢᠵᠢᠭᠤᠯᠤᠯᠲᠠ᠎ᠶ᠋ᠢ ᠠᠳᠭᠤᠵᠤ ᠪᠠᠢᠨ᠎ᠠ᠃ ᠣᠳᠣ ᠶᠠᠭ ᠰᠤᠷᠤᠯᠴᠠᠬᠰᠠᠨ ᠲᠤᠷᠱᠢᠯᠭ᠎ᠠ᠎ᠶ᠋ᠢ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂《ᠰᠠᠭᠤᠵᠤ ᠪᠤᠯᠬᠤ ᠦᠭᠡᠶ》ᠪᠠᠢᠬᠤ ᠲᠤᠯᠭᠠᠮ ᠰᠡᠳᠭᠢᠯᠭᠡ᠎ᠶ᠋ᠢ《ᠬᠦᠴᠦᠯᠡᠨ ᠨᠡᠬᠡᠬᠦ᠌》᠎ᠶ᠋ᠢᠨ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃