ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-03-27 20:11:01

ᠵᠣᠬᠢᠶᠠᠭ᠍ᠴᠢ᠄ ᠰᠢᠨᠡᠪᠢᠯᠢᠭ ᠣᠩᠱᠢᠭ᠍ᠰᠠᠨ ᠣᠳᠠᠭ᠎ᠠ᠄ 3

ᠣᠢᠷ᠎ᠠ᠎ᠳᠤ᠂ ᠰᠤᠷᠪᠤᠯᠵᠢᠯᠠᠭ᠍ᠴᠢ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠡᠴᠨ ᠣᠢᠯᠠᠭᠠᠭ᠍ᠰᠠᠨ᠎ᠢᠶᠠᠷ᠂ ᠨᠢᠳᠤᠨᠤᠨ ᠡᠴᠨ ᠨᠠᠭᠠᠰᠢ᠂ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠣᠯᠠᠨ ᠲᠦᠮᠡᠨ ᠪᠠ ᠠᠵᠤ ᠠᠬᠤᠢᠯᠠᠯ᠎ᠤᠨ ᠦᠨᠳᠦᠷ ᠲᠠᠪᠳᠠᠮᠵᠢ ᠲᠠᠢ ᠬᠦᠢᠴᠡᠳᠭᠡᠳᠡᠭ ᠡᠷᠦᠬᠡ ᠠᠮᠠ᠎ᠶ᠋ᠢᠨ ᠶᠠᠪᠤᠳᠠᠯ᠂ ᠬᠢᠯᠢ᠎ᠪᠡᠷ ᠣᠷᠣᠵᠤ ᠭᠠᠷᠬᠤ᠂ ᠠᠮᠤᠷ᠎ᠢ ᠬᠠᠮᠠᠭᠠᠯᠠᠬᠤ᠂ ᠬᠤᠤᠷ ᠴᠠᠭᠠᠵᠠᠯᠠᠬᠤ ᠵᠡᠷᠭᠡ 6 ᠶᠡᠬᠡ ᠲᠥᠷᠥᠯ᠎ᠦᠨ 234 ᠵᠦᠶ᠋ᠯ᠎ᠦᠨ ᠲᠤᠬᠠᠢᠯᠠᠭ᠍ᠰᠠᠨ ᠠᠵᠢᠯ ᠢ᠋ 《ᠲᠠᠪᠤ᠎ᠶ᠋ᠢ ᠬᠠᠰᠤᠵᠤ ᠨᠢᠭᠡ᠎ᠶ᠋ᠢ ᠨᠡᠢᠯᠡᠬᠦᠯᠬᠦ》ᠪᠡᠷ ᠳᠠᠮᠵᠢᠨ ᠪᠦᠬᠦᠨ᠎ᠢ ᠦᠨᠳᠦᠰᠦᠨ ᠱᠠᠲᠤᠨ᠎ᠤ ᠲᠣᠮᠢᠯᠠᠭ᠍ᠰᠠᠨ ᠰᠠᠯᠪᠤᠷᠢ ᠪᠠ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠠᠩᠬᠢᠮ ᠎ᠦᠨ 《ᠨᠢᠭᠡ ᠥᠷᠲᠡᠭᠡ ᠮᠠᠶᠢᠭ》 ᠎ᠤ᠋ᠨ ᠦᠢᠯᠡᠴᠢᠯᠡᠭᠡ ᠪᠡᠷ ᠭᠦᠶ᠋ᠴᠡᠳᠭᠡᠬᠦ ᠵᠢ ᠪᠡᠶᠡᠯᠡᠬᠦᠯᠵᠦ᠂ ᠬᠤᠳᠠᠯᠳᠤᠭ᠎ᠠ ᠡᠷᠬᠢᠯᠡᠬᠦ ᠤᠷᠴᠢᠨ ᠨᠦᠭᠦᠴᠡᠯ᠎ᠢ ᠴᠢᠨᠠᠬᠰᠢᠳᠠ ᠰᠢᠯᠢᠳᠡᠭᠵᠢᠬᠦᠯᠦᠨ᠂ ᠣᠯᠠᠨ ᠲᠦᠮᠡᠨ ᠪᠠ ᠠᠵᠤ ᠠᠬᠤᠢᠯᠠᠯ᠎ᠳᠤ ᠲᠦᠭᠦᠮ ᠦᠵᠡᠭᠦᠯᠵᠦ ᠪᠤᠢ᠃

ᠣᠢᠯᠠᠭᠠᠭ᠍ᠰᠠᠨ ᠎ᠢᠶᠠᠷ᠂ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ 《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢ ᠲᠠᠰᠤᠷᠠᠯᠳᠠ ᠥᠬᠡᠶ ᠭᠦᠨᠵᠡᠭᠡᠢᠷᠡᠭᠦᠯᠵᠦ᠍᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠵᠢᠯ᠎ᠤᠨ ᠦᠷ᠎ᠡ ᠪᠦᠲᠦᠮᠵᠢ᠎ᠶ᠋ᠢ ᠦᠨᠡᠨ ᠬᠦ᠌ ᠳᠡᠭᠡᠭ᠌ᠰᠢᠯᠡᠭᠦᠯᠵᠦ᠍ ᠂ ᠵᠠᠰᠠᠭ᠎ᠤᠨ ᠶᠠᠪᠤᠳᠠᠯ᠎ᠤᠨ ᠲᠠᠩᠬᠢᠮ᠂ ᠡᠷᠦᠬᠡ ᠠᠮᠠ᠎ᠶ᠋ᠢᠨ ᠲᠠᠩᠰᠠ ᠵᠢᠨ ᠴᠣᠩᠬᠣᠪᠴᠢ᠎ᠳ᠋ᠤ AB ᠠᠵᠢᠯ᠎ᠤᠨ ᠪᠠᠢᠷᠢ᠎ᠶ᠋ᠢᠨ 2 ᠬᠥᠮᠦᠨ᠎ᠦ ᠠᠵᠢᠯ᠎ᠤᠨ ᠲᠦᠷᠢᠮ᠎ᠢ ᠬᠡᠷᠡᠭ᠌ᠵᠢᠭᠦᠯᠵᠦ᠍᠂ ᠴᠠᠭ ᠤᠷᠲᠤᠳᠭᠠᠨ ᠦᠶ᠋ᠯᠡᠴᠢᠯᠡᠬᠦ᠌ ᠂ ᠪᠣᠯᠵᠣᠨ ᠭᠦᠶ᠋ᠴᠡᠳᠭᠡᠬᠦ᠌᠂ ᠡᠭᠦᠳᠡᠨ᠎ᠳᠤᠨᠢ ᠬᠦᠷᠴᠦ ᠭᠦᠶ᠋ᠴᠡᠳᠭᠡᠬᠦ᠌ ᠵᠡᠷᠭᠡ ᠦᠶ᠋ᠯᠡᠴᠢᠯᠡᠭᠡᠨ᠎ᠦ ᠵᠠᠭ᠍ᠪᠤᠷ᠎ᠢ ᠬᠡᠷᠡᠭᠵᠢᠬᠦᠯᠪᠡ᠃ ᠡᠯ᠎ᠡ ᠴᠣᠩᠬᠤᠪᠴᠢ᠎ᠳ᠋ᠤ ᠣᠯᠠᠨ ᠬᠠᠪᠰᠤᠷᠤᠨ ᠭᠦᠶ᠋ᠴᠡᠳᠭᠡᠭ᠌ᠴᠢ ᠪᠠ ᠣᠷᠣᠯᠠᠨ ᠭᠦᠶ᠋ᠴᠡᠳᠭᠡᠭ᠌ᠴᠢ᠎ᠶ᠋ᠢ ᠲᠣᠬᠢᠷᠠᠭᠤᠯᠵᠤ ᠂ 《 ᠨᠠᠰᠤᠲᠠᠢᠴᠤᠳ᠎ᠲᠤ ᠤᠷᠢᠤᠨ ᠵᠢᠡᠷ ᠦᠶ᠋ᠯᠡᠴᠢᠯᠡᠬᠦ᠌ ᠴᠣᠩᠬᠤᠪᠴᠢ 》 ᠂ 《 ᠰᠠᠭᠠᠳ ᠥᠬᠡᠶ ᠨᠡᠪᠲᠡᠷᠡᠬᠦ᠌ ᠵᠠᠮ 》 ᠎ᠢ᠋ ᠨᠡᠪᠲᠡᠷᠡᠭᠦᠯᠵᠦ᠍ ᠪᠥᠬᠥ᠌ ᠶᠠᠪᠤᠴᠠ᠎ᠪᠠᠷ ᠬᠠᠷᠢᠯᠴᠠᠨ ᠵᠣᠬᠢᠴᠠᠭᠤᠯᠵᠤ᠂ ᠬᠠᠮᠤᠭ᠎ᠤᠨ ᠶᠡᠬᠡ ᠬᠡᠮᠵᠢᠶ᠎ᠡ᠎ᠪᠡᠷ ᠴᠠᠭ᠎ᠢ ᠪᠣᠭᠣᠨᠢᠰᠭᠠᠨ᠂ ᠨᠠᠰᠤᠳᠠᠢᠴᠤᠳ ᠲᠸ᠋ ᠳᠦᠭᠦᠮ ᠦᠵᠡᠭᠦᠯᠬᠦ᠂ ᠰᠣᠷᠣᠭ᠍ᠴᠢ ᠡᠯᠰᠡᠬᠦ᠌ ᠨᠢᠭᠡᠳᠦᠯᠲᠡᠶ ᠱᠢᠯᠭᠠᠯᠲᠠ ᠳ᠋ᠤ ᠤᠷᠤᠯᠴᠠᠬᠤ ᠰᠤᠷᠤᠬᠴᠢᠳ ᠲᠦ᠍ ᠰᠠᠭᠠᠳ ᠦᠭᠡᠢ ᠦᠨᠡᠮᠯᠡᠯ ᠬᠦᠢᠴᠡᠳᠬᠡᠬᠦ ᠵᠡᠷᠭᠡ ᠦᠢᠯᠡᠴᠢᠯᠡᠭᠡ ᠬᠠᠩᠭᠠᠪᠠ᠃ ᠡᠭᠦᠨ᠎ᠡᠴᠡ ᠭᠠᠳᠠᠨ᠎ᠠ ᠂ 《 ᠢᠨᠲ᠋ᠧᠷ ᠰᠦᠯᠵᠢᠶ᠎ᠡ + ᠢᠲᠡᠭᠡᠮᠵᠢᠲᠦ ᠭᠡᠷᠡᠴᠢᠯᠡᠭᠡ 》 ᠎ᠶ᠋ᠢᠨ ᠦᠢᠯᠡᠴᠢᠯᠡᠭᠡ ᠵᠢ ᠲᠠᠰ ᠳᠡᠪᠱᠢᠭᠦᠯᠬᠦ᠌᠎ᠶ᠋ᠢ ᠦᠷᠭᠦᠯᠵᠢᠯᠡᠨ ᠠᠬᠢᠭᠤᠯᠬᠤ᠎ᠪᠠᠷ ᠳᠠᠮᠵᠢᠭᠤᠯᠤᠨ ᠂ 《 ᠨᠢᠭᠤᠷᠳᠠᠬᠤ ᠥᠬᠡᠶ ᠎ᠪᠡᠷ ᠬᠢᠨᠠᠨ ᠵᠥᠪᠱᠢᠶᠡᠷᠡᠬᠦ᠌ 》 ᠎ᠶ᠋ᠢ ᠬᠡᠷᠡᠭ᠌ᠵᠢᠭᠦᠯᠵᠦ᠍᠂ ᠣᠨᠴᠠᠭᠠᠶ ᠲᠣᠭ᠍ᠲᠠᠭᠠᠯ ᠡᠴᠨ ᠭᠠᠳᠠᠨᠠᠬᠢ ᠵᠦᠶ᠋ᠯᠡᠰ᠎ᠢ 100 % ᠎ᠪᠠᠷ ᠰᠦᠯᠵᠢᠶᠡᠨ ᠳᠡᠭᠡᠷ᠎ᠡ ᠭᠦᠶ᠋ᠴᠡᠳᠭᠡᠬᠦ᠌᠎ᠶ᠋ᠢ ᠦᠨᠡᠨ ᠬᠦ᠌ ᠪᠡᠶᠡᠯᠡᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面