2022-03-28 10:50:54
ᠣᠢᠷ᠎ᠠ᠎ᠶ᠋ᠢᠨ ᠵᠢᠯ᠎ᠳᠤ᠂ ᠨᠠᠶ᠋ᠮᠠᠨ ᠬᠣᠱᠢᠭᠤ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢᠶᠠᠨ ᠱᠢᠯᠢᠳᠡᠭ᠌ᠵᠢᠭᠦᠯᠬᠦ᠌᠎ᠶ᠋ᠢ ᠠᠵᠤ ᠦᠶ᠋ᠯᠡᠳᠪᠦᠷᠢ᠎ᠶ᠋ᠢ ᠬᠥᠭᠵᠢᠭᠥᠯᠬᠦ ᠳᠠᠯᠳᠠ ᠬᠥᠴᠥᠨ᠎ᠢ ᠪᠠᠳᠠᠷᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠨᠡᠯᠢᠶᠠᠳ ᠰᠠᠢᠨ ᠦᠷ᠎ᠡ ᠪᠦᠲᠦᠮᠵᠢ ᠣᠯᠪᠠ᠃ ᠣᠳᠣ᠂ ᠨᠢᠺᠸᠯ᠎ᠦᠨ ᠪᠣᠬᠢᠷᠲᠤᠯ ᠥᠬᠡᠶ ᠡᠷᠭᠢᠯᠲᠡᠳᠥ ᠱᠢᠨ᠎ᠡ ᠮᠠᠲ᠋ᠧᠷᠢᠶᠠᠯ᠂ ᠨᠡᠢᠯᠡᠮᠡᠯ ᠱᠢᠨ᠎ᠡ ᠮᠠᠲ᠋ᠧᠷᠢᠶᠠᠯ᠂ ᠣᠷᠣᠨ ᠪᠦᠰᠡ᠎ᠶ᠋ᠢᠨ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠦᠶ᠋ᠯᠡᠳᠪᠦᠷᠢᠯᠡᠵᠦ᠍ ᠡᠳ᠋ᠱᠢᠭᠦᠯᠬᠦ᠌᠂ ᠬᠢᠲᠠᠳ ᠮᠣᠩᠭᠣᠯ ᠡᠮ ᠡᠮᠨᠡᠯᠭᠡ ᠪᠠ ᠪᠣᠬᠢᠷᠲᠤᠯ ᠥᠬᠡᠶ ᠡᠨᠧᠷᠭᠢ ᠵᠡᠷᠭᠡ ᠲᠠᠪᠤᠨ ᠭᠣᠸ᠋ᠯᠯᠠᠬᠤ ᠠᠵᠤ ᠦᠶ᠋ᠯᠡᠰ᠎ᠢ ᠠᠩᠬ᠎ᠠ ᠠᠯᠬᠤᠮ ᠪᠣᠢᠵᠢᠭᠤᠯᠵᠤ ᠪᠥᠷᠢᠯᠳᠥᠭᠥᠯᠥᠭᠰᠡᠡ ᠵᠢᠡᠷ᠂ ᠲᠤᠰ ᠬᠣᠱᠢᠭᠤᠨ᠎ᠤ ᠠᠵᠤ ᠦᠢᠯᠡᠳᠪᠦᠷᠢ᠎ᠶ᠋ᠢᠨ ᠠᠵᠤ ᠠᠬᠤᠢᠯᠠᠯ 380 ᠭᠠᠷᠤᠶ ᠪᠤᠯᠵᠤ ᠬᠥᠭᠵᠢᠠ᠂ ᠠᠵᠤ ᠦᠢᠯᠡᠳᠪᠦᠷᠢ᠎ᠶ᠋ᠢᠨ ᠦᠢᠯᠡᠳᠪᠥᠷᠢᠯᠡᠯ᠎ᠤᠨ ᠶᠡᠷᠦᠩᠬᠡᠶ ᠦᠷᠳᠡᠭ 40 ᠳ᠋ᠦᠩᠱᠢᠭᠤᠷ ᠲᠥᠭᠥᠷᠢᠭ᠎ᠢ ᠳᠠᠪᠠᠭᠰᠠᠨ ᠪᠠᠢᠨ᠎ᠠ᠃
ᠭᠣᠸ᠋ᠯᠳᠠᠯᠭ᠎ᠠ᠎ᠲᠠᠶ ᠲᠥᠷᠥᠯ ᠵᠦᠶ᠋ᠯ᠎ᠢ ᠴᠢᠩᠭ᠎ᠠ ᠨᠠᠢᠳᠠᠪᠤᠷᠢᠵᠢᠭᠤᠯᠵᠤ᠂ ᠠᠵᠤ ᠦᠶ᠋ᠯᠡᠳᠪᠦᠷᠢ᠎ᠶ᠋ᠢᠨ ᠬᠥᠭ᠌ᠵᠢᠯᠲᠡ᠎ᠶ᠋ᠢᠨ 《 ᠰᠤᠷᠢᠨᠵᠢᠨ ᠤᠷᠤᠨ 》 ᠤ᠋ ᠥᠢᠯᠡᠳᠥᠯᠢ ᠪᠤᠢ ᠪᠤᠯᠭᠠᠪᠠ
2021 ᠣᠨ᠎ᠳᠤ᠂ ᠨᠠᠶ᠋ᠮᠠᠨ ᠬᠣᠱᠢᠭᠤ《ᠲᠥᠷᠥᠯ ᠵᠦᠶ᠋ᠯ᠎ᠢᠶᠡᠷ ᠭᠣᠸ᠋ᠯ ᠪᠣᠯᠭᠠᠬᠤ》 ᠣᠢᠯᠠᠭᠠᠭ᠍ᠳᠠᠬᠤᠨ᠎ᠢ ᠪᠠᠲᠤ ᠪᠠᠬᠢ ᠪᠣᠶ ᠪᠣᠯᠭᠠᠵᠤ᠂ ᠲᠥᠷᠥᠯ ᠵᠦᠶ᠋ᠯ᠎ᠢ ᠲᠣᠳᠣᠷᠬᠠᠶ ᠬᠠᠭᠤᠳᠠᠰᠤᠵᠢᠭᠤᠯᠬᠤ᠂ ᠲᠤᠰᠬᠠᠢ ᠦᠢᠯᠡᠴᠢᠯᠡᠭᠡᠵᠢᠬᠦᠯᠬᠦ᠂ ᠲᠣᠬᠢᠷᠠᠭᠤᠯᠤᠯᠲᠠ᠎ᠶ᠋ᠢ ᠬᠠᠷᠢᠭᠤᠴᠠᠯᠭᠠᠵᠢᠭᠤᠯᠬᠤ᠂ ᠬᠠᠮᠢᠶᠠᠷᠤᠯᠲᠠ᠎ᠶ᠋ᠢ ᠳᠦᠷᠢᠮᠵᠢᠭᠦᠯᠬᠦ᠌ ᠠᠵᠢᠯ᠎ᠤᠨ ᠲᠣᠭ᠍ᠲᠠᠴᠠ ᠪᠠ ᠭᠠᠷᠠᠭ᠎ᠤᠨ ᠲᠣᠬᠢᠷᠠᠭᠤᠯᠤᠯᠲᠠ᠂ ᠰᠠᠷ᠎ᠠ᠎ᠶ᠋ᠢᠨ ᠳ᠋ᠦᠩᠨᠡᠯᠲᠡ᠂ ᠤᠯᠠᠷᠢᠯ᠎ᠤᠨ ᠵᠠᠳᠠᠯᠤᠯᠲᠠ᠎ᠶ᠋ᠢᠨ ᠲᠦᠷᠢᠮ᠎ᠢ ᠬᠡᠷᠡᠭ᠌ᠵᠢᠭᠦᠯᠥᠨ᠂ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠳᠤ ᠲᠤᠯᠭᠠᠷᠠᠭ᠍ᠰᠠᠨ ᠠᠰᠠᠭᠤᠳᠠᠯ ᠪᠠ ᠬᠦᠴᠢᠷᠳᠡᠯ᠎ᠢ ᠴᠠᠭ ᠲᠤᠬᠠᠶ᠎ᠳᠤᠨᠢ ᠵᠣᠬᠢᠴᠠᠭᠤᠯᠤᠨ ᠱᠢᠶ᠋ᠳᠪᠦᠷᠢᠯᠡᠵᠠᠢ᠃ ᠡᠢᠨᠬᠦ ᠲᠤᠬᠠᠢ ᠵᠢᠨ ᠵᠢᠯ ᠳ᠋ᠤ ᠬᠢᠵᠠᠭᠠᠷᠯᠠᠭ᠍ᠰᠠᠨ ᠲᠣᠭ᠎ᠠ ᠡᠴᠠ ᠳᠡᠭᠡᠭ᠌ᠰᠢᠬᠢ ᠲᠣᠭ᠍ᠲᠠᠮᠠᠯ ᠬᠦᠷᠥᠩᠭᠡ᠎ᠶ᠋ᠢᠨ ᠪᠡᠯᠡ ᠣᠷᠣᠭᠤᠯᠤᠯᠲᠠ᠎ᠶ᠋ᠢᠨ ᠲᠥᠷᠥᠯ ᠵᠦᠢᠯ᠎ᠢ 70 ᠬᠡᠷᠡᠭ᠌ᠵᠢᠭᠦᠯᠵᠦ᠍᠂ 56 ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ ᠪᠡᠯᠡ ᠣᠷᠣᠭᠤᠯᠤᠯᠲᠠ᠎ᠶ᠋ᠢ ᠪᠡᠶᠡᠯᠡᠭᠦᠯᠪᠡ ᠃ ᠲᠤᠰᠬᠠᠢ ᠥᠢᠯᠡᠴᠢᠯᠡᠭᠡᠨ᠎ᠤ ᠠᠵᠢᠯ᠎ᠤᠨ ᠲᠣᠭ᠍ᠲᠠᠴᠠ᠎ᠶ᠋ᠢ ᠱᠢᠨ᠎ᠡ᠎ᠪᠡᠷ ᠡᠭᠦᠳᠦᠨ ᠬᠡᠷᠡᠭ᠌ᠵᠢᠭᠦᠯᠵᠦ᠍᠂ ᠨᠢᠭᠡ ᠲᠤᠰᠭᠠᠶ ᠠᠩᠭᠢ᠂ ᠭᠤᠷᠪᠠᠨ ᠲᠤᠰᠭᠠᠶ ᠵᠦᠶ᠋ᠯ᠎ᠦᠨ ᠦᠶ᠋ᠯᠡᠴᠢᠯᠡᠭᠡᠨ᠎ᠦ ᠳᠤᠭᠤᠢᠯᠠᠩ᠂ ᠨᠢᠭᠡ ᠲᠣᠭ᠍ᠳᠠᠬᠰᠠᠨ ᠦᠶ᠋ᠯᠡᠴᠢᠯᠡᠭ᠌ᠴᠢ ᠪᠡᠷ ᠪᠥᠷᠢᠯᠳᠥᠭᠰᠡᠨ《1+3+1》ᠵᠢᠠ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠵᠤ᠂ ᠪᠥᠬᠥ ᠬᠦᠴᠦᠨ ᠵᠦᠢᠯ ᠨᠢ ᠲᠥᠷᠥᠯ ᠵᠦᠢᠯ ᠳ᠋ᠤ ᠥᠢᠯᠡᠴᠢᠯᠡᠨ᠂ ᠨᠥᠭᠡᠴᠡᠯᠡᠯᠲᠡ᠎ᠶ᠋ᠢ ᠴᠢᠬᠤᠯᠠᠴᠢᠯᠠᠬᠤ᠎ᠶ᠋ᠢ ᠤᠷᠢᠳᠴᠢᠯᠠᠨ ᠲᠥᠯᠥᠪᠯᠡᠵᠠᠢ᠃ ᠨᠢᠭᠡ ᠪᠦᠯᠦᠭ᠎ᠢ ᠨᠥᠭᠡᠴᠡᠯᠡᠵᠤ᠂ ᠨᠢᠭᠡ ᠪᠦᠯᠦᠭ᠎ᠢ ᠠᠵᠢᠯ ᠡᠬᠢᠯᠡᠭᠦᠯᠬᠦ᠌᠂ ᠨᠢᠭᠡ ᠪᠦᠯᠦᠭ᠎ᠢ ᠪᠥᠲᠥᠭᠡᠨ ᠪᠠᠢᠭᠤᠯᠵᠤ᠂ ᠨᠢᠭᠡ ᠪᠦᠯᠦᠭ᠎ᠢ ᠪᠠᠷᠢᠯᠭ᠎ᠠ ᠳᠠᠭᠤᠰᠭᠠᠬᠤ ᠦᠷᠭᠦᠯᠵᠢᠯᠡᠭᠰᠡᠨ ᠪᠠᠢᠷᠢᠱᠢᠯ᠎ᠢ ᠪᠠᠢᠭᠤᠯᠬᠤ ᠵᠢᠠ ᠲᠣᠭᠣᠷᠢᠨ᠎ᠳᠤ᠂ ᠭᠣᠸ᠋ᠯᠳᠠᠯᠭ᠎ᠠ᠎ᠲᠠᠶ ᠬᠦᠷᠢᠶ᠎ᠡ ᠴᠠᠷᠠᠭ᠎ᠠ᠂ ᠳᠠᠪᠠᠭᠤᠯᠢᠭ ᠪᠥᠬᠥᠢ ᠤᠨᠴᠠᠯᠢᠭ᠍ᠳᠤ ᠠᠵᠤ ᠦᠶ᠋ᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠰᠠᠭᠤᠷᠢ᠎ᠶ᠋ᠢ ᠪᠠᠲᠤᠳᠭᠠᠬᠤ᠂ ᠠᠯᠤᠰ ᠢᠷᠡᠬᠡᠳᠤᠢ ᠳ᠋ᠤ ᠠᠱᠢᠭ᠍ᠲᠠᠶ᠂ ᠰᠡᠯᠭᠦᠬᠦ᠌ ᠬᠦᠴᠦᠨ᠎ᠢ ᠨᠡᠮᠡᠭ᠌ᠳᠡᠭᠦᠯᠬᠦ᠌ ᠨᠢᠭᠡ ᠪᠦᠯᠦᠭ ᠴᠢᠬᠤᠯᠠ ᠶᠡᠬᠡ ᠲᠥᠷᠥᠯ ᠵᠦᠶ᠋ᠯ᠎ᠢ ᠱᠢᠨᠵᠢᠯᠡᠬᠦ᠌ ᠤᠬᠠᠭᠠᠨᠴᠢ᠎ᠪᠠᠷ ᠰᠦᠪᠡᠭ᠌ᠴᠢᠯᠡᠨ ᠨᠥᠭᠡᠴᠡᠯᠡᠪᠠ᠃ ᠡᠨᠡ ᠵᠢᠯ 70 ᠲᠥᠷᠥᠯ ᠵᠦᠶ᠋ᠯ᠎ᠡᠴᠡ ᠳᠡᠭᠡᠭ᠌ᠰᠢ ᠭᠡᠷ᠎ᠡ ᠲᠣᠭ᠍ᠲᠠᠵᠤ᠂ ᠭᠡᠷ᠎ᠡ ᠲᠣᠭ᠍ᠲᠠᠭ᠍ᠰᠠᠨ ᠶᠡᠷᠦᠩᠬᠡᠶ ᠬᠡᠮᠵᠢᠶ᠎ᠡ᠎ᠶ᠋ᠢ 100 ᠳ᠋ᠦᠩᠱᠢᠭᠤᠷ ᠲᠥᠭᠥᠷᠢᠭ᠎ᠡᠴᠡ ᠲᠡᠪᠠᠭᠤᠯᠤᠠ᠂ ᠪᠣᠳᠠᠲᠠᠢᠵᠢᠭᠤᠯᠤᠭ᠍ᠰᠠᠨ ᠪᠠᠯᠠ ᠮᠥᠩᠭᠥ᠎ᠶ᠋ᠢ 30 ᠳ᠋ᠦᠩᠱᠢᠭᠤᠷ ᠲᠥᠭᠥᠷᠢᠭ ᠡᠴᠡ ᠲᠡᠪᠠᠭᠤᠯᠬᠤ ᠪᠡᠷ ᠴᠢᠷᠮᠠᠢᠵᠤ ᠪᠠᠢᠨ᠎ᠠ᠃
ᠬᠤᠳᠠᠯᠳᠤᠭᠠᠴᠢᠨ ᠤᠷᠢᠬᠤ ᠦᠢᠯᠡᠴᠢᠯᠡᠭᠡ᠎ᠶ᠋ᠢ ᠴᠢᠩᠭᠠᠳᠭᠠᠵᠤ ᠂ ᠲᠤᠮᠤ ᠬᠦᠴᠦᠷᠬᠡᠭ ᠲᠥᠷᠥᠯ ᠵᠥᠢᠯ᠎ᠢ ᠣᠷᠣᠭᠤᠯᠵᠤ ᠠᠪᠴᠢᠷᠠᠬᠤ 《 ᠰᠢᠮᠡᠳᠥ ᠬᠥᠷᠥᠰᠥ 》 ᠵᠢ ᠪᠥᠷᠢᠯᠳᠥᠭᠥᠯᠪᠡ
ᠦᠶ᠋ᠯᠡᠴᠢᠯᠡᠭᠡ᠎ᠪᠡᠨ ᠴᠢᠩᠭᠠᠳᠬᠠᠵᠤ᠂ 《1+N+16》 ᠵᠢᠠ ᠬᠤᠳᠠᠯᠳᠤᠭᠠᠴᠢᠨ ᠤᠷᠢᠬᠤ ᠠᠵᠢᠯ ᠤᠨ ᠲᠣᠭ᠍ᠲᠠᠴᠠ᠎ᠶ᠋ᠢ ᠬᠡᠷᠡᠭ᠌ᠵᠢᠭᠦᠯᠦᠨ᠂ ᠠᠵᠤ ᠦᠶ᠋ᠯᠡᠰ᠎ᠦᠨ ᠬᠡᠯᠬᠢᠶ᠎ᠡ ᠳ᠋ᠤ ᠬᠤᠯᠪᠤᠬᠳᠠᠬᠤ ᠬᠤᠳᠠᠯᠳᠤᠭᠠᠴᠢᠨ ᠤᠷᠢᠬᠤ ᠲᠠᠯ᠎ᠠ᠎ᠪᠠᠷ᠂ ᠲᠤᠰ ᠬᠣᠱᠢᠭᠤ ᠬᠠᠨᠳᠤᠯᠭᠠᠲᠤ ᠴᠢᠨᠠᠷᠲᠠᠶ᠎ᠪᠠᠷ ᠨᠢᠺᠸᠯ᠎ᠦᠨ ᠪᠣᠬᠢᠷᠲᠤᠯ ᠥᠬᠡᠶ ᠡᠷᠬᠢᠯᠳᠡᠳᠦ ᠱᠢᠨ᠎ᠡ ᠮᠠᠲ᠋ᠧᠷᠢᠶᠠᠯ᠎ᠤᠨ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠬᠤ᠎ᠶ᠋ᠢᠨ ᠲᠣᠭᠣᠷᠢᠨ᠎ᠳᠤ ᠂ ᠵᠢᠪᠡᠷᠡᠬᠦ᠌ ᠥᠬᠡᠶ ᠪᠣᠯᠣᠳᠢ ᠨᠠᠷᠢᠯᠢᠭ ᠡᠳ᠋ᠱᠢᠭᠦᠯᠬᠦ᠌ 4 ᠲᠥᠷᠥᠯ ᠵᠦᠶ᠋ᠯ ᠪᠠ ᠶᠠᠨ ᠯᠸᠢ ᠨᠢᠺᠸᠯ᠎ᠦᠨ ᠱᠢᠭᠠᠷᠤ ᠶ᠋ᠢ ᠱᠢᠶ᠋ᠳᠪᠦᠷᠢᠯᠡᠬᠦ᠌ ᠵᠡᠷᠭᠡ ᠨᠢᠺᠸᠯ᠎ᠦᠨ ᠱᠢᠭᠠᠷᠤ᠎ᠶ᠋ᠢ ᠶᠡᠷᠦᠩᠬᠡᠢᠯᠡᠨ ᠠᠱᠢᠭ᠍ᠯᠠᠬᠤ 3 ᠲᠥᠷᠥᠯ ᠵᠦᠶ᠋ᠯ᠎ᠢ ᠵᠣᠯᠭᠠᠭᠤᠯᠵᠠᠢ; ᠱᠢᠨ᠎ᠡ ᠮᠠᠲ᠋ᠧᠷᠢᠶᠠᠯ᠎ᠤᠨ ᠠᠵᠤ ᠦᠶ᠋ᠯᠡᠰ᠎ᠦᠨ ᠲᠣᠭᠣᠷᠢᠨ᠎ᠳᠤ ᠂ ᠥᠨᠳᠥᠷ ᠴᠢᠳᠠᠪᠬᠢᠳᠤ ᠱᠢᠯ᠎ᠦᠨ ᠱᠢᠷᠬᠡᠭ᠎ᠦᠨ ᠲᠦᠭᠦᠬᠡᠶ ᠮᠠᠲ᠋ᠧᠷᠢᠶᠠᠯ ᠦᠶ᠋ᠯᠡᠳᠬᠦ᠌ ᠪᠠ ᠬᠥᠭᠡᠰᠦᠷᠬᠡᠭ ᠱᠢᠯ᠎ᠦᠨ ᠢᠯᠴᠢ ᠵᠢ ᠬᠠᠮᠠᠭᠠᠯᠠᠬᠤ ᠮᠠᠲ᠋ᠧᠷᠢᠶᠠᠯ ᠵᠡᠷᠭᠡ ᠲᠥᠷᠥᠯ ᠵᠥᠢᠯ᠎ᠢ ᠤᠷᠤᠭᠤᠯᠤᠨ ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠪᠠ;ᠨᠠᠨᠤᠮᠸᠲ᠋ᠷᠳᠦ ᠪᠢᠴᠢᠯ ᠲᠠᠯᠠᠰᠲᠤ᠎ᠶ᠋ᠢᠨ ᠱᠢᠨ᠎ᠡ ᠮᠠᠲ᠋ᠧᠷᠢᠶᠠᠯ᠎ᠤᠨ ᠠᠵᠤ ᠦᠶ᠋ᠯᠡᠰ᠎ᠤᠨ ᠲᠣᠭᠣᠷᠢᠨ᠎ᠳᠤ᠂ ᠶᠡᠷᠦᠩᠬᠡᠶ ᠪᠠᠯᠠ ᠣᠷᠣᠭᠤᠯᠤᠯᠲᠠ ᠨᠢ 5500 ᠲᠦᠮᠡᠨ ᠲᠥᠭᠥᠷᠢᠭ᠎ᠦᠨ ᠬᠤᠧᠠ ᠵᠦ᠍ ᠪᠢᠴᠢᠯ ᠲᠠᠯᠠᠰᠲᠤ᠎ᠶ᠋ᠢᠨ ᠡᠯᠡᠭ᠌ᠳᠡᠯᠳᠦ ᠳᠠᠭᠠᠭᠠᠮᠠᠭᠠᠶ ᠱᠢᠨ᠎ᠡ ᠮᠠᠲ᠋ᠧᠷᠢᠶᠠᠯ᠎ᠤᠨ ᠲᠥᠷᠥᠯ ᠵᠦᠶ᠋ᠯ᠎ᠢ ᠣᠷᠣᠭᠤᠯᠤᠨ ᠠᠪᠴᠢᠷᠠᠬᠤ᠎ᠶ᠋ᠢᠨ ᠬᠠᠮᠲᠤ ᠲᠡᠭᠦᠨ᠎ᠦ ᠨᠠᠷᠢᠯᠢᠭ ᠡᠳ᠋ᠱᠢᠭᠦᠯᠬᠦ᠌ ᠲᠥᠷᠥᠯ ᠵᠦᠶ᠋ᠯ᠎ᠦᠨ ᠲᠣᠭᠣᠷᠢᠨ᠎ᠳᠤ ᠵᠥᠪᠳᠡᠯᠴᠡᠭᠡᠷ ᠥᠷᠨᠢᠭᠥᠯᠵᠤ ᠪᠤᠢ᠃
ᠲᠠᠪᠴᠠᠩ᠎ᠢᠶᠠᠷ ᠳᠠᠮᠵᠢᠨ ᠬᠤᠳᠠᠯᠳᠤᠭᠠᠴᠢᠨ ᠤᠷᠢᠬᠤ ᠠᠵᠢᠯ᠎ᠢ ᠭᠦᠨᠵᠡᠭᠡᠶ ᠥᠷᠨᠢᠭᠦᠯᠵᠦ᠍ ᠂ ᠵᠠᠭᠤᠴᠢᠯᠠᠭᠤᠷ ᠤᠨ ᠲᠠᠪᠴᠠᠩ ᠪᠠ ᠦᠵᠡᠭᠦᠯᠭᠡ᠎ᠶ᠋ᠢᠨ ᠲᠠᠪᠴᠠᠩ᠎ᠤᠨ ᠦᠢᠯᠡᠳᠦᠯ᠎ᠢ ᠪᠠᠳᠠᠷᠠᠭᠤᠯᠤᠨ᠂ ᠬᠥᠬᠡᠨᠠᠭᠤᠷ᠂ ᠱᠠᠨᠳᠦ᠋ᠩ ᠵᠡᠷᠭᠡ ᠭᠠᠵᠠᠷ 10 ᠭᠠᠷᠤᠶ ᠲᠠᠯᠠᠪᠠᠢ ᠲᠠᠨᠢᠯᠴᠠᠭᠤᠯᠭ᠎ᠠ᠎ᠶ᠋ᠢᠨ ᠴᠤᠭ᠍ᠯᠠᠭᠠᠨ ᠡᠷᠬᠢᠯᠡᠵᠦ᠍᠂ 30 ᠭᠠᠷᠤᠶ ᠵᠦᠢᠯᠡᠰ᠎ᠲᠦ ᠵᠥᠪᠳᠡᠯᠴᠡᠭᠡᠷ ᠬᠢᠪᠠ᠃ 2021 ᠣᠨᠳ᠋ᠦ᠂ ᠲᠤᠰ ᠬᠣᠱᠢᠭᠤᠨ᠎ᠳᠤ ᠱᠢᠨ᠎ᠡ᠎ᠪᠡᠷ ᠭᠡᠷ᠎ᠡ ᠲᠣᠭ᠍ᠲᠠᠭ᠍ᠰᠠᠨ ᠲᠥᠷᠥᠯ ᠵᠦᠶ᠋ᠯ 39 ᠪᠠᠢᠵᠤ᠂ ᠭᠡᠷ᠎ᠡ ᠲᠣᠭ᠍ᠲᠠᠭ᠍ᠰᠠᠨ ᠶᠡᠷᠦᠩᠬᠡᠶ ᠬᠡᠮᠵᠢᠶ᠎ᠡ 366.34 ᠳ᠋ᠦᠩᠱᠢᠭᠤᠷ ᠲᠥᠭᠥᠷᠢᠭ ᠬᠥᠷᠴᠥ᠂ 30.33 ᠳ᠋ᠦᠩᠱᠢᠭᠤᠷ ᠲᠥᠭᠥᠷᠢᠭ᠎ᠦᠨ ᠪᠠᠯᠠ ᠮᠥᠩᠭᠥ᠎ᠶ᠋ᠢ ᠪᠣᠳᠠᠲᠠᠢᠵᠢᠭᠤᠯᠥᠨ ᠲᠦᠩᠯᠢᠶᠣᠤ ᠬᠣᠲᠠ ᠳ᠋ᠤ ᠲᠥᠷᠥᠭᠥᠯᠡᠵᠠᠢ᠃ ᠡᠨᠡ ᠵᠢᠯ᠂ ᠬᠠᠪᠤᠷ᠎ᠤᠨ ᠤᠯᠠᠷᠢᠯ 22 ᠲᠥᠷᠥᠯ ᠵᠦᠶ᠋ᠯ᠎ᠢ ᠠᠵᠢᠯ ᠡᠬᠢᠯᠡᠭᠦᠯᠬᠦ᠌᠎ᠪᠡᠷ ᠲᠥᠯᠥᠪᠯᠡᠵᠦ᠍᠂ ᠵᠢᠱ᠌ᠢᠯᠲᠡ᠎ᠪᠡᠷ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢ 16.92 ᠳ᠋ᠦᠩᠱᠢᠭᠤᠷ ᠲᠥᠭᠥᠷᠢᠭ ᠪᠡᠶᠡᠯᠡᠭᠦᠯᠥᠨ᠂ ᠪᠣᠳᠠᠲᠠᠢᠵᠢᠭᠤᠯᠬᠤ ᠪᠠᠯᠠ ᠮᠥᠩᠭᠥ 30 ᠳ᠋ᠦᠩᠱᠢᠭᠤᠷ ᠲᠥᠭᠥᠷᠢᠭ᠎ᠡᠴᠡ ᠲᠡᠪᠠᠨᠠ᠃
ᠪᠦᠬᠦ ᠬᠦᠴᠦ ᠪᠡᠷ ᠵᠢᠡᠨ ᠰᠢᠯᠢᠳᠡᠭᠵᠢᠬᠦᠯᠦᠨ ᠂ ᠠᠵᠤ ᠠᠬᠤᠢᠯᠠᠯ ᠳ᠋ᠤ ᠥᠢᠯᠡᠴᠢᠯᠡᠬᠥ 《 ᠬᠠᠮ ᠠᠷᠭ᠎ᠠ ᠬᠡᠮᠵᠢᠶ᠎ᠡ 》 ᠵᠢ ᠪᠤᠳᠠᠳᠠᠢᠵᠢᠭᠤᠯᠪᠠ
ᠥᠪᠡᠷᠲᠡᠭᠡᠨ ᠵᠠᠰᠠᠬᠤ ᠣᠷᠣᠨ᠎ᠤ ᠬᠠᠷᠢᠴᠠᠩᠭᠤᠶ ᠲᠥᠪᠯᠡᠷᠡᠭ᠌ᠰᠡᠨ ᠵᠠᠰᠠᠭ ᠵᠠᠬᠢᠷᠭᠠᠨ᠎ᠤ ᠵᠥᠪᠱᠢᠶᠡᠷᠡᠯ᠎ᠦᠨ ᠡᠷᠬᠡ᠎ᠶ᠋ᠢᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ᠎ᠤᠨ ᠨᠢᠭᠡ ᠪᠣᠯᠤᠭ᠍ᠰᠠᠨ᠎ᠤ ᠬᠤᠪᠢ᠎ᠳᠤ᠂ ᠲᠤᠰ ᠬᠣᠱᠢᠭᠤ ᠲᠥᠩᠯᠢᠶᠤᠤ ᠬᠣᠲᠠ᠎ᠳᠤ ᠡᠩ ᠲᠡᠷᠢᠭᠦᠨ᠎ᠳᠦ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠪᠠ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ ᠵᠢ ᠪᠠᠢᠭᠤᠯᠵᠤ ᠂ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢᠨ ᠬᠢᠨᠠᠨ ᠵᠥᠪᠱᠢᠶᠡᠷᠡᠬᠦ᠌ ᠶᠡᠷᠦᠩᠬᠡᠢᠯᠡᠭ᠌ᠰᠡᠨ ᠴᠣᠩᠬᠣᠪᠴᠢ ᠳᠣᠭᠢᠷᠠᠭᠤᠯᠤᠨ᠂ ᠬᠢᠨᠠᠨ ᠵᠥᠪᠱᠢᠶᠡᠷᠡᠬᠦ᠌ ᠴᠠᠭ᠎ᠤᠨ ᠬᠢᠵᠠᠭᠠᠷ᠎ᠢ ᠤᠯᠠᠮ ᠨᠢᠭᠡ ᠠᠯᠬᠤᠮ ᠪᠠᠭᠠᠰᠭᠠᠵᠠᠢ᠃ ᠲᠤᠰ ᠬᠣᠱᠢᠭᠤᠨ᠎ᠤ ᠭᠣᠸ᠋ᠯᠳᠠᠯᠭ᠎ᠠ᠎ᠲᠠᠶ ᠪᠠᠯᠠ ᠣᠷᠣᠭᠤᠯᠤᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶ᠋ᠯ᠎ᠢ ᠪᠦᠷ 《ᠮᠥᠩᠬᠡ ᠰᠤᠪᠠᠬ ᠲᠠᠨ᠎ᠢ ᠬᠠᠪᠰᠤᠷᠤᠨ ᠭᠦᠶ᠋ᠴᠡᠳᠭᠡᠬᠦ᠌》 ᠵᠠᠭ᠍ᠪᠤᠷ᠎ᠲᠤ ᠣᠷᠣᠭᠤᠯᠵᠤ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠶᠡᠬᠡ ᠲᠢᠩᠬᠢᠮ᠎ᠳᠦ ᠭᠣᠸ᠋ᠯᠳᠠᠯᠭ᠎ᠠ᠎ᠲᠠᠶ ᠠᠵᠤ ᠠᠬᠤᠢᠯᠠᠯ᠎ᠤᠨ ᠦᠶ᠋ᠯᠡᠴᠢᠯᠡᠭᠡᠨ᠎ᠦ ᠲᠤᠰᠭᠠᠶ ᠲᠤᠭᠤᠷᠢᠬ ᠪᠠᠢᠭᠤᠯᠥᠨ᠂ 《ᠲᠠᠨ᠎ᠢ ᠬᠠᠪᠰᠤᠷᠤᠨ ᠭᠦᠶ᠋ᠴᠡᠳᠭᠡᠬᠦ᠌》 ᠲᠤᠰᠭᠠᠶ ᠮᠡᠷᠭᠡᠵᠢᠯ᠎ᠦᠨ ᠣᠷᠣᠯᠠᠨ ᠭᠦᠶ᠋ᠴᠡᠳᠭᠡᠬᠦ᠌ ᠬᠠᠪᠰᠤᠷᠤᠨ ᠭᠦᠶ᠋ᠴᠡᠳᠭᠡᠬᠦ᠌ ᠠᠵᠢᠯᠲᠠᠨ 26 ᠳᠣᠭᠢᠷᠠᠭᠤᠯᠵᠤ᠂ ᠣᠷᠣᠯᠠᠨ ᠭᠦᠶ᠋ᠴᠡᠳᠭᠡᠬᠦ᠌ ᠬᠠᠪᠰᠤᠷᠤᠨ ᠭᠦᠶ᠋ᠴᠡᠳᠭᠡᠬᠦ᠌ 66 ᠵᠦᠶ᠋ᠯ᠂ ᠬᠣᠱᠢᠭᠤ ᠱᠠᠲᠤᠨ᠎ᠤ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢᠨ 54 ᠲᠥᠷᠥᠯ ᠵᠦᠶ᠋ᠯ ᠢ ᠡᠮᠬᠢᠯᠡᠨ ᠨᠡᠢᠲᠡᠯᠡᠪᠡ᠃《〈 ᠮᠥᠩᠬᠡ ᠰᠤᠪᠠᠬ ᠲᠠᠨ᠎ᠢ ᠬᠠᠪᠰᠤᠷᠤᠨ ᠭᠦᠶ᠋ᠴᠡᠳᠭᠡᠬᠦ᠌〉 ᠠᠵᠢᠯ᠎ᠤᠨ ᠵᠢᠯᠣᠭᠣᠳᠭᠤ ᠭᠠᠷ ᠳᠡᠪᠳᠡᠷ》 ᠵᠣᠬᠢᠶᠠᠨ᠂ ᠬᠣᠱᠢᠭᠤᠨ᠎ᠤ ᠪᠠᠠ ᠪᠣᠳᠠᠲᠤ ᠪᠠᠢᠳᠠᠯ᠎ᠲᠠᠶ ᠤᠶᠠᠯᠳᠤᠭᠤᠯᠵᠤ᠂ ᠲᠥᠷᠥ᠎ᠶ᠋ᠢᠨ ᠪᠣᠳᠣᠯᠭ᠎ᠠ ᠬᠠᠸ᠋ᠯᠢ ᠲᠣᠭ᠍ᠲᠠᠭᠠᠯ᠂ ᠦᠶ᠋ᠯᠡᠴᠢᠯᠡᠭᠡᠨ᠎ᠦ ᠭᠤᠶᠤᠴᠢᠯᠠᠯ᠎ᠤᠨ ᠬᠦᠰᠦᠨᠦᠭᠳᠥ ᠂ ᠭᠦᠶ᠋ᠴᠡᠳᠭᠡᠬᠦ᠌ ᠵᠦᠶ᠋ᠯᠡᠰ᠎ᠢ ᠨᠢᠭᠡ ᠯᠡ ᠤᠳᠠᠭ᠎ᠠ᠎ᠳᠤ ᠮᠡᠳᠡᠭᠳᠡᠬᠥ ᠬᠣᠶᠠᠷ ᠬᠡᠮᠵᠢᠯᠳᠦ ᠺᠤᠳ᠋ ᠂ ᠣᠷᠣᠯᠠᠨ ᠭᠦᠶ᠋ᠴᠡᠳᠭᠡᠬᠦ᠌ ᠪᠠ ᠬᠠᠪᠰᠤᠷᠤᠨ ᠭᠦᠶ᠋ᠴᠡᠳᠭᠡᠬᠦ᠌ ᠬᠥᠮᠦᠰ᠎ᠦᠨ ᠬᠠᠷᠢᠯᠴᠠᠬᠤ ᠠᠷᠭ᠎ᠠ ᠮᠠᠶᠢᠭ᠂ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠦᠨ ᠦᠶ᠋ᠯᠡᠴᠢᠯᠡᠭᠡᠨ᠎ᠦ ᠴᠤᠪᠤᠷᠠᠯ ᠵᠢᠷᠤᠭ᠎ᠢ ᠪᠦᠬᠦᠨ᠎ᠢ ᠨᠢᠭᠡ ᠢᠵᠢ ᠮᠠᠲ᠋ᠧᠷᠢᠶᠠᠯ ᠪᠣᠯᠭᠠᠵᠤ ᠬᠤᠷᠢᠶᠠᠩᠭᠤᠢᠯᠠᠨ᠂ ᠨᠢᠭᠡ ᠲᠥᠷᠥᠯ ᠵᠦᠶ᠋ᠯ᠎ᠳᠦ ᠨᠢᠭᠡ ᠢᠵᠢ ᠮᠠᠲ᠋ᠧᠷᠢᠶᠠᠯ᠂ ᠨᠢᠭᠡ ᠤᠴᠢᠷ ᠶᠠᠪᠤᠳᠠᠯ᠎ᠳᠤ ᠨᠢᠭᠡ ᠢᠵᠢ ᠬᠦᠰᠦᠨᠦᠭ᠌ᠲᠦ ᠬᠠᠭᠤᠳᠠᠰᠤ᠂ ᠪᠣᠶ ᠪᠥᠬᠥᠶ ᠤᠴᠢᠷ ᠶᠠᠪᠤᠳᠠᠯ᠎ᠢ ᠴᠥᠮ ᠬᠠᠪᠰᠤᠷᠤᠨ ᠭᠦᠶ᠋ᠴᠡᠳᠭᠡᠨ ᠣᠷᠣᠯᠠᠨ ᠭᠦᠶ᠋ᠴᠡᠳᠭᠡᠵᠦ᠍᠂ ᠨᠢᠭᠡ ᠯᠡ ᠴᠣᠩᠬᠣᠪᠴᠢ᠎ᠪᠠᠷ ᠭᠥᠯᠢᠶᠡᠨ ᠠᠪᠴᠤ᠌᠂ ᠪᠥᠬᠥ᠌ ᠶᠠᠪᠤᠴᠠ ᠵᠢ ᠰᠦᠯᠵᠢᠶᠡᠨ ᠳᠡᠭᠡᠷ᠎ᠡ ᠭᠦᠶ᠋ᠴᠡᠳᠭᠡᠵᠥ᠂《ᠨᠢᠭᠤᠷ ᠵᠣᠯᠭᠠᠬᠤ ᠥᠬᠡᠶ᠎ᠪᠡᠷ ᠬᠢᠨᠠᠨ ᠵᠥᠪᠱᠢᠶᠡᠷᠡᠭᠦᠯᠬᠦ᠌ 》ᠪᠤᠯᠵᠡᠢ᠃
《 ᠲᠥᠷᠥᠯ ᠵᠦᠶ᠋ᠯ᠎ᠦᠨ ᠬᠠᠮᠢᠶᠠᠷᠤᠭ᠍ᠴᠢ 》 ᠵᠢᠴᠢ 《 1+1+N 》 ᠦᠶ᠋ᠯᠡᠴᠢᠯᠡᠭᠡᠨ᠎ᠦ ᠵᠠᠭ᠍ᠪᠤᠷ ᠢ ᠬᠡᠷᠡᠭ᠌ᠵᠢᠭᠦᠯᠵᠦ᠍ ᠂ ᠪᠠᠯᠠ ᠣᠷᠣᠭᠤᠯᠤᠭ᠍ᠰᠠᠨ ᠠᠵᠤ ᠠᠬᠤᠢᠯᠠᠯ᠎ᠳᠤ ᠪᠥᠬᠥ᠌ ᠲᠠᠯ᠎ᠠ᠎ᠶ᠋ᠢᠨ ᠠᠰᠠᠷᠠᠭ᠍ᠴᠢ ᠮᠠᠶᠢᠭ᠎ᠤᠨ ᠦᠶ᠋ᠯᠡᠴᠢᠯᠡᠭᠡ ᠬᠠᠩᠭᠠᠨ᠂ ᠲᠥᠷᠥᠯ ᠵᠦᠶ᠋ᠯ᠎ᠦᠨ ᠭᠡᠷ᠎ᠡ ᠲᠣᠭ᠍ᠲᠠᠬᠤ ᠨᠣᠷᠮ᠎ᠠ᠂ ᠨᠠᠢᠳᠠᠪᠤᠷᠢᠵᠢᠭᠤᠯᠬᠤ ᠨᠣᠷᠮ᠎ᠠ ᠶ᠋ᠢ ᠳᠡᠭᠡᠭ᠌ᠰᠢᠯᠡᠭᠦᠯᠪᠠ᠃ 2021 ᠣᠨ᠎ᠳᠤ 268 ᠵᠦᠢᠯ ᠢ ᠣᠷᠣᠯᠠᠨ ᠭᠦᠢᠴᠡᠳᠭᠡᠵᠦ᠍ ᠬᠠᠪᠰᠤᠷᠤᠨ ᠭᠦᠢᠴᠡᠳᠭᠡᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃