2022-04-04 20:18:53
《ᠨᠠᠮ ᠤ᠋ᠨ ᠬᠣᠷᠢᠳᠤᠭᠠᠷ ᠶᠡᠬᠡ ᠬᠤᠷᠠᠯ᠎ᠢ ᠤᠭ᠍ᠲᠤᠬᠤ᠂ ᠬᠠᠤᠯᠢᠵᠢᠬ᠍ᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠂ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠬᠦ᠌᠎ᠶ᠋ᠢ ᠪᠠᠲᠤᠯᠠᠬᠤ》ᠶᠠᠷᠢᠯᠴᠠᠭᠠᠨ᠎ᠤ ᠠᠵᠢᠯᠯᠠᠭ᠎ᠠ᠎ᠶ᠋ᠢᠨ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ᠂ ᠤᠢᠷ᠎ᠡ ᠳ᠋ᠤ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ ᠶ᠋ᠢ ᠬᠠᠮᠠᠭᠠᠯᠠᠬᠤ ᠲᠢᠩᠬᠢᠮ 《ᠬᠠᠤᠯᠢᠵᠢᠬ᠍ᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌》 ᠴᠠᠭ᠍ᠳᠠᠭ᠎ᠠ ᠠᠵᠤ ᠠᠬᠤᠢᠯᠠᠯ ᠴᠠᠭ᠍ᠳᠠᠭ᠎ᠠ ᠠᠷᠠᠳ᠎ᠤᠨ ᠦᠨᠡᠨᠴᠢ᠎ᠪᠡᠷ ᠶᠠᠷᠢᠯᠴᠠᠬᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠡᠰᠡᠭ ᠨᠠᠮ᠎ᠤᠨ ᠲᠥᠯᠥᠭᠡᠯᠡᠭ᠌ᠴᠢ᠂ ᠠᠷᠠᠳ᠎ᠤᠨ ᠲᠦᠯᠦᠬᠡᠯᠡᠭᠴᠢᠳ ᠤ᠋ᠨ ᠶᠡᠬᠡ ᠬᠤᠷᠠᠯ ᠤ᠋ᠨ ᠲᠦᠯᠦᠬᠡᠯᠡᠭᠴᠢ ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠪᠤᠯᠤᠨ ᠱᠢᠭᠦᠬᠦ᠌ ᠬᠣᠷᠢᠶ᠎ᠠ᠂ ᠪᠠᠢᠴᠠᠭᠠᠬᠤ ᠬᠣᠷᠢᠶ᠎ᠠ᠂ ᠠᠵᠤ ᠠᠬᠤᠢᠯᠠᠯ᠂ ᠵᠠᠭᠤᠴᠢᠯᠠᠭᠤᠷ᠎ᠤᠨ ᠲᠥᠯᠥᠭᠡᠯᠡᠭ᠌ᠴᠢ᠎ᠶ᠋ᠢ ᠤᠷᠢᠵᠤ ᠬᠤᠷᠠᠯ᠎ᠳᠤ ᠣᠷᠣᠯᠴᠠᠭᠤᠯᠵᠠᠶ᠃
ᠬᠤᠷᠠᠯ ᠲᠡᠬᠡᠷ᠎ᠡ᠂ ᠥᠪᠥᠷ ᠮᠣᠩᠭᠣᠯ᠎ᠤᠨ ᠿᠢ ᠴᠧᠨ ᠪᠠᠷᠠᠭᠠᠨ᠎ᠤ ᠭᠦᠶ᠋ᠯᠭᠡᠭᠡᠨ᠎ᠦ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ᠂ ᠥᠪᠥᠷ ᠮᠣᠩᠭᠣᠯ᠎ᠤᠨ ᠬᠣᠭᠣᠯᠠ ᠤᠮᠳᠠ ᠬᠣᠭᠣᠯᠠᠨ ᠬᠡᠷ᠎ᠦᠨ ᠠᠵᠢᠯ ᠲᠥᠷᠥᠯ᠎ᠦᠨ ᠨᠡᠢᠭᠡᠮᠯᠢᠭ᠎ᠦᠨ ᠭᠡᠱᠢᠭᠦᠨ ᠵᠡᠷᠭᠡ ᠠᠵᠤ ᠠᠬᠤᠢᠯᠠᠯ᠎ᠤᠨ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠵᠦ᠍᠂ ᠵᠠᠮ ᠬᠠᠷᠢᠯᠴᠠᠭᠠᠨ᠎ᠤ ᠬᠠᠮᠢᠶᠠᠷᠤᠯᠲᠠ᠂ ᠲᠠᠩᠨᠠᠵᠤ ᠪᠠᠢᠴᠠᠭᠠᠵᠤ ᠬᠡᠷᠡᠭ ᠱᠢᠶ᠋ᠳᠪᠦᠷᠢᠯᠡᠬᠦ᠌᠂ ᠬᠠᠤᠯᠢ ᠬᠡᠷᠡᠭ᠌ᠵᠢᠭᠦᠯᠦᠯᠲᠡ᠎ᠶ᠋ᠢ ᠵᠢᠷᠤᠮᠵᠢᠭᠤᠯᠬᠤ᠂ ᠴᠠᠭ᠍ᠳᠠᠭ᠎ᠠ ᠠᠵᠤ ᠠᠬᠤᠢᠯᠠᠯ᠎ᠤᠨ ᠬᠠᠮᠵᠢᠯᠴᠠᠭ᠎ᠠ᠂ ᠳᠣᠲᠣᠭᠠᠳᠤ᠎ᠶ᠋ᠢ ᠬᠠᠮᠠᠭᠠᠯᠠᠬᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠵᠡᠷᠭᠡ ᠲᠠᠯ᠎ᠠ᠎ᠪᠠᠷ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠳᠤ ᠣᠷᠣᠱᠢᠵᠤ ᠪᠠᠢᠭ᠎ᠠ ᠠᠰᠠᠭᠤᠳᠠᠯ ᠪᠠ ᠬᠦᠷᠦᠯᠴᠡᠬᠦ᠌ ᠥᠬᠡᠶ ᠲᠠᠯ᠎ᠠ᠎ᠶ᠋ᠢ ᠵᠢᠭᠠᠨ ᠭᠠᠷᠭᠠᠵᠤ᠂ ᠰᠠᠨᠠᠯ ᠰᠠᠨᠠᠭᠤᠯᠭ᠎ᠠ ᠳᠤᠷᠠᠳᠪᠠ᠃ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠪᠠᠢᠴᠠᠭᠠᠬᠤ ᠬᠣᠷᠢᠶᠠᠨ᠎ᠤ ᠪᠠᠢᠴᠠᠭᠠᠬᠴᠢ ᠳᠠᠷᠤᠭ᠎ᠠ ᠨᠡᠷ ᠲᠣᠰ ᠪᠡᠶ᠎ᠡ᠎ᠶ᠋ᠢᠨ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠦᠭᠡ ᠬᠡᠯᠡᠪᠡ᠃ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠶ᠋ᠢᠨ ᠬᠠᠷᠢᠭᠤᠴᠠᠯᠭᠠᠳᠠᠨᠨᠠᠷ ᠵᠠᠭᠤᠴᠢᠯᠠᠭᠤᠷ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠷᠭ᠎ᠠ ᠬᠡᠮᠵᠢᠶ᠎ᠡ᠎ᠶ᠋ᠢ ᠱᠢᠯᠢᠳᠡᠭ᠌ᠵᠢᠭᠦᠯᠬᠦ᠌᠂ ᠬᠠᠤᠯᠢ ᠬᠡᠷᠡᠭ᠌ᠵᠢᠭᠦᠯᠦᠯᠲᠡ᠎ᠶ᠋ᠢ ᠵᠢᠷᠤᠮᠵᠢᠭᠤᠯᠬᠤ ᠵᠡᠷᠭᠡ ᠲᠠᠯ᠎ᠠ᠎ᠪᠠᠷ ᠰᠠᠨᠠᠯ ᠰᠠᠨᠠᠭᠤᠯᠭ᠎ᠠ ᠲᠤᠷᠠᠳᠴᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃