ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-04-05 20:38:52

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠲᠤᠰᠢᠶᠠᠯ ᠴᠢᠲᠠᠪᠬᠢ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠬᠦᠴᠦᠯᠡᠨ ᠪᠣᠶ ᠪᠣᠯᠭᠠᠬᠤ᠎ᠶ᠋ᠢᠨ ᠲᠥᠯᠥᠭᠡ᠂ ᠤᠢᠷ᠎ᠠ ᠳ᠋ᠤ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ《ᠠᠷᠠᠳ ᠤ᠋ᠨ ᠡᠵᠡᠩᠨᠡᠯᠲᠡ ᠢ᠋ᠢᠨ ᠠᠵᠤ ᠠᠬᠤᠢᠯᠠᠯ᠎ᠤᠨ ᠬᠠᠤᠯᠢᠵᠢᠯ ᠤ᠋ᠨ ᠪᠡᠶ᠎ᠡ᠎ᠶ᠋ᠢᠨ ᠪᠠᠢᠴᠠᠭᠠᠯᠲᠠ᠎ᠶ᠋ᠢᠨ ᠥᠪᠡᠰᠦᠪᠡᠨ ᠰᠢᠯᠭᠠᠬᠤ ᠱᠢᠰᠲ᠋ᠧᠮ》ᠢ᠋ ᠨᠡᠭᠡᠭᠡᠵᠦ᠂ ᠠᠵᠤ ᠠᠬᠤᠢᠯᠠᠯ᠎ᠢ ᠬᠠᠪᠰᠤᠷᠤᠨ ᠡᠵᠡᠩᠨᠡᠯᠲᠡ ᠬᠠᠮᠢᠶᠠᠷᠤᠯᠲᠠ᠎ᠶ᠋ᠢᠨ ᠳᠤᠮᠳᠠ ᠲᠦᠭ᠌ᠰᠢᠭᠦᠷᠢ᠎ᠶ᠋ᠢ ᠰᠡᠷᠭᠡᠢᠯᠡᠵᠦ᠍ ᠂ ᠠᠰᠠᠭᠤᠳᠠᠯ᠎ᠢ ᠢᠳᠡᠪᠬᠢᠲᠡᠶ ᠢᠯᠡᠷᠡᠭᠦᠯᠦᠨ᠂ ᠱᠢᠶ᠋ᠳᠪᠦᠷᠢᠯᠡᠬᠦ᠌ ᠠᠷᠭ᠎ᠠ ᠬᠡᠮᠵᠢᠶ᠎ᠡ᠎ᠶ᠋ᠢᠨ ᠰᠠᠨᠠᠭᠤᠯᠭ᠎ᠠ ᠬᠠᠩᠭᠠᠵᠤ᠂ ᠠᠵᠤ ᠠᠬᠤᠢᠯᠠᠯ᠎ᠤᠨ ᠡᠷᠡᠭᠦᠯ᠎ᠢᠶᠡᠷ ᠬᠥᠭ᠌ᠵᠢᠬᠦ᠌᠎ᠳᠦ ᠬᠦᠴᠦᠨ ᠨᠡᠮᠡᠷᠢᠯᠡᠪᠡ᠃

ᠤᠢᠯᠠᠭᠠᠬᠰᠠᠨ ᠢ᠋ᠢᠡᠷ᠂ 《ᠠᠷᠠᠳ ᠤ᠋ᠨ ᠡᠵᠡᠩᠨᠡᠯᠲᠡ ᠢ᠋ᠢᠨ ᠠᠵᠤ ᠠᠬᠤᠢᠯᠠᠯ᠎ᠤᠨ ᠬᠠᠤᠯᠢᠵᠢᠯ ᠤ᠋ᠨ ᠪᠡᠶ᠎ᠡ᠎ᠶ᠋ᠢᠨ ᠪᠠᠢᠴᠠᠭᠠᠯᠲᠠ᠎ᠶ᠋ᠢᠨ ᠥᠪᠡᠰᠦᠪᠡᠨ ᠰᠢᠯᠭᠠᠬᠤ ᠱᠢᠰᠲ᠋ᠧᠮ》 ᠎ᠨᠢ《ᠥᠪᠥᠷ ᠮᠣᠩᠭᠣᠯ᠎ᠤᠨ ᠠᠯᠠᠭᠠᠨ ᠳᠡᠭᠡᠷᠡᠬᠢ 12348》᠂《ᠤᠮᠠᠷᠠᠲᠤ ᠬᠢᠯᠢ᠎ᠶ᠋ᠢᠨ ᠬᠠᠤᠯᠢ ᠲᠦᠭᠡᠮᠡᠯᠵᠢᠭᠦᠯᠬᠦ᠌》 ᠵᠢᠷᠬᠢᠶ᠎ᠡ ᠢ᠋ᠢᠨ ᠨᠡᠢᠲᠡ᠎ᠶ᠋ᠢᠨ ᠳᠠᠪᠴᠠᠩ᠎ᠳᠦ ᠲᠦᠱᠢᠭ᠌ᠯᠡᠨ᠂ ᠳᠥᠭᠥᠮ ᠳᠥᠲᠡ᠂ ᠲᠦᠭᠡᠮᠡᠯ ᠬᠠᠷᠠᠭᠠᠯᠵᠠᠯᠲᠤ 《 ᠠᠯᠠᠭᠠᠨ ᠳᠡᠭᠡᠷᠡᠬᠢ ᠬᠠᠤᠯᠢᠵᠢᠯ ᠤ᠋ᠨ ᠪᠡᠶ᠎ᠡ᠎ᠶ᠋ᠢᠨ ᠪᠠᠢᠴᠠᠭᠠᠯᠲᠠ》ᠬᠢᠵᠦ᠂ ᠠᠷᠠᠳ ᠤ᠋ᠨ ᠡᠵᠡᠩᠨᠡᠯᠲᠡ ᠢ᠋ᠢᠨ ᠠᠵᠤ ᠠᠬᠤᠢᠯᠠᠯ᠎ᠳᠤ ᠰᠠᠭᠤᠷᠢ ᠬᠠᠮᠢᠶᠠᠷᠤᠯᠲᠠ᠎ᠶ᠋ᠢᠨ ᠲᠦᠭ᠌ᠰᠢᠭᠦᠷᠢ᠂ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠲᠦᠭ᠌ᠰᠢᠭᠦᠷᠢ ᠂ ᠺᠣᠮᠫᠠᠨᠢ᠎ᠶ᠋ᠢᠨ ᠵᠠᠰᠠᠯᠲᠠ ᠢ᠋ᠢᠨ ᠲᠦᠭ᠌ᠰᠢᠭᠦᠷᠢ᠂ ᠬᠤᠳᠠᠯᠳᠤᠭᠠᠨ᠎ᠤ ᠶᠠᠪᠤᠳᠠᠯ᠎ᠤᠨ ᠭᠡᠷ᠎ᠡ᠎ᠶ᠋ᠢᠨ ᠲᠦᠭ᠌ᠰᠢᠭᠦᠷᠢ᠂ ᠪᠠᠯᠠ ᠬᠤᠷᠠᠮᠳᠤᠭᠤᠯᠤᠨ ᠨᠡᠢᠯᠡᠭᠦᠯᠦᠨ ᠬᠤᠳᠠᠯᠳᠤᠨ ᠠᠪᠬᠤ ᠪᠠ ᠳᠠᠬᠢᠨ ᠵᠣᠬᠢᠶᠠᠨ ᠪᠠᠢᠭᠤᠯᠬᠤ ᠲᠦᠭ᠌ᠰᠢᠭᠦᠷᠢ᠂ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠲᠦᠭ᠌ᠰᠢᠭᠦᠷᠢ ᠂ ᠠᠶᠤᠯᠬᠦᠢ ᠡᠵᠡᠩᠨᠡᠯᠲᠡ᠎ᠶ᠋ᠢᠨ ᠲᠦᠭ᠌ᠰᠢᠭᠦᠷᠢ᠂ ᠬᠠᠤᠯᠢᠵᠢᠯ ᠤ᠋ᠨ ᠣᠷᠴᠢᠨ ᠲᠣᠭᠣᠷᠢᠨ᠎ᠤ ᠲᠦᠭ᠌ᠰᠢᠭᠦᠷᠢ᠂ ᠵᠠᠷᠭᠤᠯᠳᠤᠬᠤ ᠪᠠ ᠬᠥᠨᠳᠡᠯᠡᠨ᠎ᠡᠴᠡ ᠲᠠᠰᠤᠯᠬᠤ ᠲᠦᠭ᠌ᠰᠢᠭᠦᠷᠢ᠂ ᠬᠢᠵᠢᠭ᠎ᠦᠨ ᠪᠠᠢᠳᠠᠯ᠎ᠤᠨ ᠲᠦᠭ᠌ᠰᠢᠭᠦᠷᠢ᠂ ᠡᠷᠡᠭᠦᠦ᠍᠎ᠶ᠋ᠢᠨ ᠬᠡᠷᠡᠭ᠎ᠦᠨ ᠬᠠᠤᠯᠢ ᠴᠠᠭᠠᠵᠠ᠎ᠶ᠋ᠢᠨ ᠲᠦᠭ᠌ᠰᠢᠭᠦᠷᠢ ᠵᠡᠷᠭᠡ 11 ᠲᠠᠯ᠎ᠠ᠎ᠶ᠋ᠢᠨ ᠬᠠᠤᠯᠢ ᠴᠠᠭᠠᠵᠠ᠎ᠶ᠋ᠢᠨ ᠲᠦᠭ᠌ᠰᠢᠭᠦᠷᠢ᠎ᠶ᠋ᠢ ᠱᠢᠯᠭᠠᠨ ᠦᠨᠡᠯᠡᠬᠦ᠌ ᠦᠶ᠋ᠯᠡᠴᠢᠯᠡᠭᠡ ᠬᠠᠩᠭᠠᠬᠤ ᠮᠦᠷᠲᠡᠭᠡᠨ ᠬᠠᠤᠯᠢ ᠴᠠᠭᠠᠵᠠ᠎ᠶ᠋ᠢᠨ ᠲᠦᠭ᠌ᠰᠢᠭᠦᠷᠢ᠎ᠶ᠋ᠢ ᠰᠢᠯᠭᠠᠨ ᠦᠨᠡᠯᠡᠭᠰᠡᠨ ᠦᠷ᠎ᠡ ᠳ᠋ᠦᠩ᠎ᠦᠨ ᠶᠡᠷᠦᠩᠬᠡᠢᠯᠡᠭ᠌ᠰᠡᠨ ᠵᠠᠳᠠᠯᠤᠯᠲᠠ᠎ᠶ᠋ᠢ ᠦᠨᠳᠦᠰᠦᠯᠡᠨ᠂ 《ᠬᠠᠤᠯᠢᠵᠢᠯ ᠤ᠋ᠨ ᠪᠡᠶ᠎ᠡ᠎ᠶ᠋ᠢᠨ ᠪᠠᠢᠴᠠᠭᠠᠯᠲᠠ》 ᠢ᠋ᠢᠨ ᠮᠡᠳᠡᠭᠦᠯᠦᠯᠲᠡ ᠭᠠᠷᠭᠠᠵᠤ᠂ ᠠᠵᠤ ᠠᠬᠤᠢᠯᠠᠯ᠎ᠢ ᠬᠠᠪᠰᠤᠷᠤᠨ ᠬᠠᠤᠯᠢ ᠴᠠᠭᠠᠵᠠ᠎ᠶ᠋ᠢᠨ ᠲᠦᠭ᠌ᠰᠢᠭᠦᠷᠢ᠎ᠶ᠋ᠢ ᠨᠡᠩ ᠱᠢᠨᠵᠢᠯᠡᠬᠦ᠌ ᠤᠬᠠᠭᠠᠨᠴᠢ᠂ ᠨᠠᠷᠢᠯᠢᠭ ᠣᠨᠣᠴᠠᠲᠠᠢ᠎ᠪᠠᠷ ᠰᠡᠷᠭᠡᠢᠯᠡᠬᠦ ᠪᠤᠯᠤᠨ᠎ᠠ᠃

ᠲᠠᠷᠠᠭᠠᠴᠢ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ ᠲᠤᠰᠢᠶᠠᠯ ᠴᠢᠳᠠᠪᠬᠢ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠳᠤ ᠨᠠᠩ ᠣᠯᠠᠨ᠂ ᠨᠠᠩ ᠰᠠᠢᠨ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠲᠠᠪᠴᠠᠩ᠎ᠢ ᠡᠷᠡᠰ ᠭᠤᠢᠪᠢᠰᠢ ᠥᠬᠡᠶ ᠪᠠᠢᠭᠤᠯᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠳᠤ ᠨᠠᠩ ᠣᠨᠣᠪᠴᠢᠲᠠᠶ᠂ ᠥᠨᠳᠥᠷ ᠪᠦᠲᠦᠮᠵᠢᠲᠡᠶ᠂ ᠳᠥᠭᠥᠮ ᠳᠥᠲᠡ ᠬᠠᠤᠯᠢ ᠴᠠᠭᠠᠵᠠ᠎ᠶ᠋ᠢᠨ ᠦᠶ᠋ᠯᠡᠴᠢᠯᠡᠭᠡ ᠬᠠᠩᠭᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面