ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-04-06 10:30:13

ᠵᠣᠬᠢᠶᠠᠭ᠍ᠴᠢ᠄ ᠸᠠᠩ ᠲᠠᠨ᠎ᠠ ᠣᠩᠱᠢᠭ᠍ᠰᠠᠨ ᠣᠳᠠᠭ᠎ᠠ᠄ 3

ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠳᠠᠷᠠᠭᠠᠬᠢ ᠠᠩᠬᠠᠨ᠎ᠤ ᠠᠵᠢᠯ᠎ᠤᠨ ᠡᠳᠦᠷ᠂ ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠦᠬᠦ᠌ ᠬᠣᠲᠠ᠎ᠶ᠋ᠢᠨ ᠭᠤᠷᠪᠠᠨ ᠱᠠᠲᠤᠨ᠎ᠤ ᠤᠳᠤᠷᠢᠳᠭᠤ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ᠂ ᠬᠤᠳᠠ ᠎ᠶ᠋ᠢᠨ ᠨᠠᠮ᠎ᠤᠨ ᠬᠣᠷᠢᠶᠠᠨ᠎ᠤ ᠱᠦᠵᠢ ᠸᠠᠨ ᠴᠤᠤ ᠴᠢ ᠬᠤᠷᠠᠯ ᠳᠡᠭᠡᠷ᠎ᠡ᠂ 《ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠢ ᠴᠢᠩᠭ᠎ᠠ ᠠᠩᠬᠠᠷᠴᠤ᠌᠂ ᠪᠦᠬᠦ᠌ ᠣᠷᠣᠨ᠎ᠤ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠢ ᠱᠢᠯᠢᠳᠡᠭ᠌ᠵᠢᠭᠦᠯᠬᠦ᠌ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠡᠷᠡᠰ ᠨᠠᠢᠳᠠᠪᠤᠷᠢᠵᠢᠭᠤᠯᠵᠤ᠂ ᠣᠷᠣᠱᠢᠵᠤ ᠪᠠᠢᠭ᠎ᠠ ᠡᠯ᠎ᠡ ᠵᠦᠢᠯ᠎ᠦᠨ ᠠᠰᠠᠭᠤᠳᠠᠯ᠎ᠢ ᠪᠦᠬᠦ᠌ ᠲᠠᠯ᠎ᠠ᠎ᠪᠠᠷ ᠡᠮᠬᠢᠯᠡᠵᠦ᠍᠂ ᠦᠨᠳᠦᠰᠦ ᠰᠤᠷᠪᠤᠯᠵᠢ᠎ᠶ᠋ᠢ ᠨᠢ ᠲᠤᠢᠯᠪᠤᠷᠢᠲᠠᠢ ᠪᠠᠢᠴᠠᠭᠠᠵᠤ᠂ ᠲᠦᠷᠭᠡᠨ ᠴᠡᠭ᠌ᠴᠡᠯᠡᠨ ᠰᠠᠢᠵᠢᠷᠠᠭᠤᠯᠵᠤ᠂ ᠨᠢᠭᠡ᠎ᠡᠴᠡ ᠵᠦᠢᠴᠢᠯᠡᠵᠦ᠍ ᠨᠦᠬᠦᠭᠡ᠎ᠶ᠋ᠢ ᠮᠡᠳᠡᠬᠦ᠂ ᠳᠦᠷᠢᠮ ᠲᠣᠭ᠍ᠲᠠᠭᠠᠯ ᠲᠣᠭ᠍ᠲᠠᠭᠠᠬᠤ᠂ ᠪᠠᠭ᠎ᠠ ᠡᠪᠡᠳᠴᠢᠨ᠎ᠢ ᠡᠷᠲᠡ ᠵᠠᠰᠠᠬᠤ᠂ ᠬᠦᠨᠳᠦ ᠡᠪᠡᠳᠴᠢᠨ᠎ᠢ ᠲᠦᠷᠭᠡᠨ ᠵᠠᠰᠠᠬᠤ᠂ ᠱᠢᠰᠲ᠋ᠧᠮ᠎ᠲᠡᠶ ᠴᠡᠭ᠌ᠴᠡᠯᠡᠨ ᠵᠠᠰᠠᠬᠤ᠂ ᠬᠠᠤᠯᠢ ᠶᠣᠰᠣᠭᠠᠷ ᠠᠵᠢᠯᠯᠠᠬᠤ᠎ᠶ᠋ᠢ ᠪᠡᠶᠡᠯᠡᠭᠦᠯᠵᠦ᠍᠂ ᠪᠦᠬᠦ᠌ ᠬᠤᠳᠠ᠎ᠳᠤ ᠴᠢᠨᠠᠷ ᠰᠠᠢᠲᠠᠢ ᠥᠨᠳᠥᠷ ᠦᠷ᠎ᠡ ᠠᠱᠢᠭ᠎ᠲᠠᠶ ᠬᠥᠭ᠌ᠵᠢᠯᠲᠡ᠎ᠶ᠋ᠢᠨ ᠣᠷᠴᠢᠨ ᠨᠦᠭᠦᠴᠡᠯ᠎ᠢ ᠡᠭᠦᠳᠬᠦ᠌ ᠬᠡᠷᠡᠭ᠌ᠲᠡᠢ》 ᠭᠡᠵᠦ᠍ ᠴᠢᠬᠤᠯᠠᠴᠢᠯᠠᠵᠠᠢ᠃

ᠡᠨᠡ ᠬᠦ᠌ ᠵᠠᠷᠯᠢᠭ ᠨᠢ ᠬᠥᠮᠦᠰ᠎ᠢ ᠰᠡᠩᠬᠡᠷᠡᠭᠦᠯᠵᠦ᠍ ᠭᠦᠨ ᠰᠡᠳᠭᠢᠭᠦᠯᠪᠡ᠃ ᠤᠯᠠᠭᠠᠨᠬᠠᠳᠠ ᠬᠤᠳᠠ᠎ᠶ᠋ᠢᠨ ᠡᠯ᠎ᠡ ᠬᠣᠱᠢᠭᠤ ᠱᠢᠶᠠᠨ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ᠎ᠦᠨ ᠺᠠᠳ᠋ᠷ ᠠᠵᠢᠯᠳᠠᠳ ᠲᠡᠷᠡ ᠳᠠᠷᠤᠢ᠎ᠳᠤᠨᠢ ᠰᠡᠳᠭᠢᠯ ᠵᠢᠡᠨ ᠲᠥᠪᠯᠡᠷᠡᠭᠦᠯᠵᠦ᠍᠂ ᠦᠳᠲᠡᠷ ᠲᠦᠷᠭᠡᠨ᠎ᠢᠶᠡᠷ ᠠᠵᠢᠯ᠎ᠳᠠᠭᠠᠨ ᠣᠷᠣᠯᠴᠠᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠬᠦ᠌᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠪᠠ᠃

ᠬᠤᠩᠱᠠᠨ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠶᠡᠬᠡ ᠲᠢᠩᠬᠢᠮ 《ᠮᠦᠩᠬᠡ ᠰᠤᠪᠠᠭ — ᠨᠢᠭᠡ ᠤᠳᠠᠭ᠎ᠠ ᠳ᠋ᠤ ᠭᠦᠢᠴᠡᠳᠭᠡᠬᠦ》᠂ 《ᠮᠦᠩᠬᠡ ᠰᠤᠪᠠᠭ — ᠨᠢᠭᠡ ᠰᠦᠯᠵᠢᠶ᠎ᠡ ᠪᠡᠷ ᠭᠦᠢᠴᠡᠳᠭᠡᠬᠦ》᠂《ᠮᠦᠩᠬᠡ ᠰᠤᠪᠠᠭ — ᠬᠠᠪᠰᠤᠷᠤᠨ ᠭᠦᠶ᠋ᠴᠡᠳᠭᠡᠬᠦ᠌》᠂ 《ᠮᠦᠩᠬᠡ ᠰᠤᠪᠠᠭ — ᠠᠯᠠᠭᠠᠨ ᠳᠡᠭᠡᠷ᠎ᠡ ᠭᠦᠢᠴᠡᠳᠭᠡᠬᠦ》ᠵᠡᠷᠭᠡ ᠳᠥᠷᠪᠡᠨ ᠶᠡᠬᠡ ᠲᠤᠰᠭᠠᠶ ᠣᠷᠣᠨ ᠭᠠᠷᠭᠠᠵᠤ᠂ ᠠᠵᠤ ᠠᠬᠤᠢᠯᠠᠯ ᠣᠯᠠᠨ ᠲᠦᠮᠡᠨ᠎ᠦ ᠠᠵᠢᠯ ᠶᠠᠪᠤᠳᠠᠯ ᠭᠦᠶ᠋ᠴᠡᠳᠭᠡᠬᠦ᠌᠎ᠳᠦ ᠣᠨᠣᠪᠴᠢᠲᠠᠶ ᠵᠢᠯᠣᠭᠣᠳᠣᠯᠭ᠎ᠠ ᠬᠠᠩᠭᠠᠪᠠ; ᠰᠦᠩᠱᠠᠨ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪ᠎ᠨᠢ ᠥᠪᠡᠰᠦᠪᠡᠨ ᠭᠦᠶ᠋ᠴᠡᠳᠭᠡᠬᠦ᠌ ᠲᠣᠭᠣᠷᠢᠭ᠎ᠢ ᠲᠠᠰ ᠳᠡᠪᠱᠢᠭᠦᠯᠵᠦ᠍᠂ ᠥᠪᠡᠰᠦᠪᠡᠨ ᠭᠦᠶ᠋ᠴᠡᠳᠭᠡᠬᠦ᠌ ᠲᠥᠬᠥᠭᠡᠷᠦᠮᠵᠢ᠎ᠶ᠋ᠢ 4 ᠢᠵᠢ ᠱᠢᠨ᠎ᠡ᠎ᠪᠡᠷ ᠨᠡᠮᠡᠵᠦ᠍᠂ ᠠᠵᠢᠯ ᠶᠠᠪᠤᠳᠠᠯ ᠭᠦᠶ᠋ᠴᠡᠳᠭᠡᠬᠦ᠌ ᠣᠯᠠᠨ ᠲᠦᠮᠡᠨ ᠥᠪᠡᠰᠦᠪᠡᠨ ᠦᠶ᠋ᠯᠡᠴᠢᠯᠡᠬᠦ᠌ ᠲᠣᠭᠣᠷᠢᠭ᠎ᠤᠨ ᠰᠦᠯᠵᠢᠶᠡᠨ ᠳᠡᠭᠡᠷ᠎ᠡ ᠮᠠᠲ᠋ᠧᠷᠢᠶᠠᠯ᠎ᠢᠶᠠᠨ ᠲᠤᠱᠢᠶᠠᠵᠤ᠂ ᠬᠢᠨᠠᠨ ᠬᠠᠷᠭᠤᠭᠤᠯᠵᠤ ᠪᠠᠲᠤᠯᠠᠭ᠍ᠰᠠᠨ᠎ᠤ ᠳᠠᠷᠠᠭ᠎ᠠ ᠲᠡᠷᠡ ᠳᠠᠷᠤᠶ᠎ᠳᠤᠨᠢ ᠴᠣᠩᠬᠣᠪᠴᠢ᠎ᠳᠤ ᠬᠦᠷᠴᠦ᠍ ᠭᠡᠷᠡᠴᠢ ᠠᠪᠴᠤ᠌᠂ 《ᠨᠢᠭᠤᠷ ᠵᠣᠯᠭᠠᠬᠤ ᠥᠬᠡᠶ᠎ᠪᠡᠷ ᠬᠢᠨᠠᠨ ᠵᠥᠪᠱᠢᠶᠡᠷᠡᠭᠦᠯᠬᠦ᠌》 ᠵᠢ ᠪᠡᠶᠡᠯᠡᠭᠦᠯᠪᠡ; ᠬᠡᠱᠢᠭ᠌ᠲᠡᠨ ᠬᠣᠱᠢᠭᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪ᠎ᠦᠨ ᠬᠢᠨ ᠢᠳᠡᠭᠡᠨ ᠡᠵᠡᠩᠨᠡᠬᠦ᠌ ᠵᠥᠪᠱᠢᠶᠡᠷᠡᠯ(ᠵᠥᠪᠬᠡᠨ ᠤᠷᠢᠳᠴᠢᠯᠠᠨ ᠪᠣᠭᠣᠳᠠᠯᠯᠠᠭ᠍ᠰᠠᠨ ᠢᠳᠡᠭᠡᠨ᠎ᠢ ᠬᠤᠳᠠᠯᠳᠤᠨ᠎ᠠ)᠎ᠤ᠋ᠨ ᠳᠡᠩᠰᠡᠯᠡᠯᠲᠡ᠎ᠶ᠋ᠢ《ᠨᠢᠭᠡ ᠯᠡ ᠤᠳᠠᠭ᠎ᠠ᠎ᠳᠤ ᠭᠦᠶ᠋ᠴᠡᠳᠭᠡᠬᠦ᠌》 ᠴᠣᠩᠬᠣᠪᠴᠢ ᠎ᠳᠤ ᠣᠷᠣᠭᠤᠯᠵᠤ᠂ ᠬᠤᠪᠢ᠎ᠶ᠋ᠢᠨ ᠡᠵᠡᠩᠨᠡᠯᠲᠡ ᠵᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠠᠵᠢᠯ ᠶᠠᠪᠤᠳᠠᠯ ᠭᠦᠶ᠋ᠴᠡᠳᠭᠡᠬᠦ᠌ ᠭᠣᠭ᠍ᠴᠣᠭ᠎ᠠ᠎ᠶ᠋ᠢ ᠪᠠᠭᠠᠰᠭᠠᠨ᠂ ᠲᠡᠳᠡ ᠡᠵᠡᠩᠨᠡᠯᠲᠡ ᠶ᠋ᠢᠨ ᠦᠨᠡᠮᠯᠡᠯ ᠵᠢᠡᠨ ᠣᠯᠤᠭ᠍ᠰᠠᠨ᠎ᠤ ᠳᠠᠷᠠᠭ᠎ᠠ ᠳᠠᠷᠤᠶ ᠪᠣᠷᠣᠯᠠᠭᠤᠯᠵᠤ ᠪᠣᠯᠤᠨ᠎ᠠ᠃

ᠤᠯᠠᠭᠠᠨᠬᠠᠳᠠ᠎ᠶ᠋ᠢᠨ ᠤᠣ ᠱᠢᠨ ᠬᠡᠷ ᠭᠠᠵᠠᠷ᠎ᠤᠨ ᠬᠥᠷᠥᠩᠭᠡ᠎ᠶ᠋ᠢᠨ ᠨᠡᠭᠡᠭᠡᠨ ᠬᠥᠭ᠌ᠵᠢᠭᠦᠯᠦᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠎ᠤ ᠬᠠᠷᠢᠭᠤᠴᠠᠯᠭᠠᠲᠠᠨ ᠾᠧ ᠴᠢ ᠶᠠᠩ᠄《ᠣᠩᠨᠢᠭᠤᠳ ᠬᠣᠱᠢᠭᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ ᠪ ᠲᠦᠪ ᠨᠢ ᠲᠥᠷᠥᠯ ᠵᠦᠢᠯ᠎ᠢ ᠲᠣᠭ᠍ᠲᠠᠭᠠᠬᠤ᠎ᠠᠴᠠ ᠠᠪᠤᠭᠠᠳ ᠠᠵᠢᠯ ᠳᠠᠭᠤᠰᠤᠭ᠍ᠰᠠᠨ᠎ᠢ ᠱᠢᠯᠭᠠᠨ ᠠᠪᠬᠤ ᠪᠣᠯᠲᠠᠯ᠎ᠠ᠂ ᠪᠤᠶ ᠪᠦᠬᠦᠢ ᠬᠢᠨᠠᠨ ᠵᠥᠪᠱᠢᠶᠡᠷᠡᠭᠦᠯᠬᠦ᠌ ᠭᠠᠷ ᠭᠦᠢᠴᠡᠳᠭᠡᠯ᠎ᠢ ᠪᠡᠶᠡᠯᠡᠭᠦᠯᠬᠦ᠌᠎ᠳᠦ ᠵᠥᠪᠬᠡᠨ 56 ᠠᠵᠢᠯᠯᠠᠠᠠᠤ ᠡᠳᠦᠷ ᠬᠡᠷᠡᠭ᠌ᠰᠡᠵᠡᠶ᠂ ᠤᠰᠤ᠂ ᠴᠠᠬᠢᠯᠭᠠᠨ᠂ ᠳᠤᠯᠠᠭᠠᠯᠠᠭ᠎ᠠ᠂ ᠰᠦᠯᠵᠢᠶ᠎ᠡ᠎ᠶ᠋ᠢ ᠪᠦᠬᠦᠨ᠎ᠢᠶᠡᠷ ᠨᠢ ᠬᠠᠪᠰᠤᠷᠤᠨ ᠭᠦᠢᠴᠡᠳᠭᠡᠵᠦ᠍᠂ ᠪᠢᠳᠡ ᠵᠥᠪᠬᠡᠨ ᠨᠢᠭᠡ ᠬᠠᠭᠤᠳᠠᠰᠤ ᠬᠦᠰᠦᠨᠦᠭ ᠲᠠᠭ᠍ᠯᠠᠪᠠᠯ ᠪᠣᠯᠴᠢᠬᠠᠨ᠎ᠠ᠂ ᠮᠠᠰᠢ ᠳᠥᠭᠥᠮ ᠪᠤᠯᠤᠯ᠎ᠠ》 ᠭᠡᠵᠦ ᠰᠠᠢᠱᠢᠶᠠᠨ᠎ᠠ᠃

2021 ᠣᠨ᠎ᠤ 11 ᠰᠠᠷ᠎ᠠ᠎ᠶ᠋ᠢᠨ 11᠎ᠤ ᠡᠳᠦᠷ᠂ ᠨᠡᠭᠦᠭᠰᠡᠨ᠎ᠤ ᠳᠠᠷᠠᠭᠠᠬᠢ ᠣᠩᠨᠢᠭᠤᠳ ᠬᠣᠱᠢᠭᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪ ᠲᠤᠬᠠᠢᠯᠠᠭ᠍ᠰᠠᠨ ᠠᠵᠢᠯ᠎ᠢᠶᠠᠨ ᠵᠢᠩᠬᠢᠨᠢ᠎ᠪᠡᠷ ᠡᠬᠢᠯᠡᠭᠦᠯᠪᠡ᠃ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠱᠢᠨ᠎ᠡ ᠲᠥᠪ ᠨᠢ ᠪᠣᠶ ᠪᠥᠬᠥᠶ ᠬᠢᠨᠠᠨ ᠵᠥᠪᠱᠢᠶᠡᠷᠡᠬᠦ᠌ ᠦᠶ᠋ᠯᠡᠴᠢᠯᠡᠭᠡᠨ᠎ᠦ ᠵᠦᠶ᠋ᠯᠡᠰ᠎ᠢ ᠴᠥᠮ ᠨᠢᠭᠡᠳᠦᠭᠡᠷ ᠳᠠᠪᠬᠤᠷᠯᠢᠬ᠎ᠲᠤ ᠲᠥᠪᠯᠡᠷᠡᠭᠦᠯᠦᠨ ᠭᠦᠶ᠋ᠴᠡᠳᠭᠡᠬᠦ᠌᠎ᠪᠤᠯᠭᠠᠭᠰᠠᠨ ᠵᠢᠡᠷ ᠪᠠᠷᠠᠬᠤ ᠥᠬᠡᠶ ᠱᠢᠲᠠᠮᠠᠬᠠᠶ ᠬᠡᠶ᠂ ᠢᠯᠴᠢ ᠬᠠᠩᠭᠠᠬᠤ᠂ ᠰᠦᠯᠵᠢᠶ᠎ᠡ ᠵᠡᠷᠭᠡ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠰᠠᠯᠠᠭ᠎ᠠ ᠮᠥᠴᠢᠷ ᠪᠠ ᠬᠥᠮᠦᠨ᠎ᠦ ᠬᠦᠴᠦᠨ᠎ᠦ ᠡᠬᠢ ᠪᠠᠶᠠᠯᠢᠭ ᠬᠢᠭᠡᠳ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠂ ᠡᠮ ᠡᠮᠨᠡᠯᠭᠡ᠎ᠶ᠋ᠢᠨ ᠳᠠᠭᠠᠳᠭᠠᠯ᠎ᠤᠨ ᠲᠣᠪᠴᠢᠶ᠎ᠠ ᠵᠡᠷᠭᠡ ᠨᠢᠭᠡᠴᠢ᠎ᠶ᠋ᠢ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠢᠩᠬᠢᠮ᠎ᠳᠦ ᠨᠡᠭᠦᠯᠭᠡᠵᠦ᠍ ᠠᠪᠴᠢᠷᠠᠭᠠᠳ ᠦᠢᠯᠡᠴᠢᠯᠡᠭᠡᠨ᠎ᠤ ᠲᠦᠪᠰᠢᠨ᠎ᠢ ᠰᠢᠨ᠎ᠡ ᠲᠡᠭᠲᠡᠷ ᠲᠤ᠌ ᠭᠠᠷᠭᠠᠪᠡ᠃

ᠡᠨᠡ ᠬᠦ᠌ ᠬᠤᠪᠢᠷᠠᠯᠲᠠ᠎ᠶ᠋ᠢᠨ ᠠᠷᠤ᠎ᠳᠤ ᠤᠯᠠᠭᠠᠨᠬᠠᠳᠠ ᠬᠣᠲᠠ᠎ᠶ᠋ᠢᠨ ᠲᠡᠷᠢᠭᠦᠨ᠎ᠤ ᠬᠤᠳᠠᠯᠳᠤᠭ᠎ᠠ ᠡᠷᠭᠢᠯᠡᠬᠦ᠌ ᠣᠷᠴᠢᠨ ᠨᠦᠭᠦᠴᠡᠯ᠎ᠢ ᠴᠢᠷᠮᠠᠢᠨ ᠪᠣᠶ ᠪᠣᠯᠭᠠᠬᠤ ᠡᠷᠡᠰ ᠵᠣᠷᠢᠭ ᠪᠠ ᠢᠲᠡᠭᠡᠯ ᠵᠣᠷᠢᠭ ᠬᠠᠳᠠᠭᠠᠯᠠᠭᠳᠠᠵᠤ ᠪᠤᠢ᠃ ᠤᠯᠠᠭᠠᠨᠬᠠᠳᠠ ᠣᠶᠣᠨᠴᠢᠯᠠᠭ᠍ᠰᠠᠨ᠂ ᠳᠥᠭᠥᠮᠴᠢᠯᠡᠭᠰᠡᠨ ᠥᠨᠳᠥᠷ ᠪᠦᠲᠦᠮᠵᠢᠲᠡᠶ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠣᠷᠴᠢᠨ ᠨᠦᠭᠦᠴᠡᠯ᠎ᠢ ᠪᠤᠶ ᠪᠣᠯᠭᠠᠬᠤ᠎ᠶ᠋ᠢ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯᠭᠠᠵᠤ᠂ ᠨᠠᠷᠢᠨ ᠵᠦᠶ᠋ᠯᠡᠰ ᠡᠴᠡ ᠭᠠᠷᠳᠠᠵᠤ᠂ ᠵᠠᠩᠭᠢᠯᠠᠭ᠎ᠠ᠎ᠶ᠋ᠢᠨ ᠲᠠᠯ᠎ᠠ᠎ᠠᠴᠠ ᠬᠦᠴᠦᠯᠡᠵᠦ᠍᠂《ᠲᠠᠯᠪᠢᠬᠤ ᠬᠠᠮᠢᠶᠠᠷᠬᠤ ᠦᠶ᠋ᠯᠡᠴᠢᠯᠡᠬᠦ᠌》ᠥᠭᠡᠷᠡᠴᠢᠯᠡᠯᠲᠡ᠎ᠶ᠋ᠢ ᠴᠢᠩᠭ᠎ᠠ ᠠᠳᠭᠤᠨ᠂ ᠭᠣᠭ᠍ᠴᠣᠭ᠎ᠠ᠎ᠶ᠋ᠢ ᠴᠣᠮᠬᠠᠳᠭᠠᠨ᠂ ᠡᠷᠬᠡ᠎ᠶ᠋ᠢ ᠲᠠᠯᠪᠢᠵᠤ᠂《ᠢᠨᠲ᠋ᠸᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠢᠨ ᠲᠠᠪᠴᠠᠩ᠎ᠢ ᠠᠱᠢᠭ᠍ᠯᠠᠨ᠂ ᠡᠯ᠎ᠡ ᠰᠠᠯᠠᠭ᠎ᠠ ᠮᠥᠴᠢᠷ᠎ᠦᠨ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠡᠮᠬᠢᠯᠡᠨ ᠳᠢᠭ᠌ᠯᠡᠬᠦ᠌᠎ᠶ᠋ᠢ ᠱᠠᠯᠠᠪᠳᠠᠭᠤᠯᠵᠤ᠂ ᠠᠵᠢᠯ᠎ᠤᠨ ᠡᠬᠡ ᠳᠠᠩᠰᠠ ᠵᠢ ᠪᠤᠢ ᠪᠤᠯᠭᠠᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ 《ᠨᠢᠭᠡ ᠰᠦᠯᠵᠢᠶ᠎ᠡ ᠪᠡᠷ ᠭᠦᠢᠴᠡᠳᠭᠡᠬᠦ᠂ ᠨᠢᠭᠡ ᠯᠡ ᠤᠳᠠᠭ᠎ᠠ ᠳ᠋ᠤ ᠭᠦᠢᠴᠡᠳᠭᠡᠬᠦ᠂ ᠬᠠᠪᠰᠤᠷᠤᠨ ᠭᠦᠢᠴᠡᠳᠭᠡᠬᠦ》 ᠠᠵᠢᠯ᠎ᠢ ᠨᠠᠢᠳᠠᠪᠤᠷᠢᠵᠢᠭᠤᠯᠬᠤ ᠵᠢ ᠠᠬᠢᠭᠤᠯᠵᠠᠢ᠃

ᠣᠳᠣᠬᠠᠨ᠎ᠳᠤ᠂ ᠲᠤᠰ ᠬᠣᠲᠠ ᠨᠢᠭᠡᠨᠲᠡ ᠪᠥᠬᠥ᠌ ᠣᠷᠣᠨ᠎ᠤ 《ᠶᠡᠷᠦᠩᠬᠡᠢᠯᠡᠭ᠌ᠰᠡᠨ ᠨᠢᠭᠡ ᠴᠣᠩᠬᠣᠪᠴᠢ᠎ᠪᠠᠷ ᠭᠥᠯᠢᠶᠡᠨ ᠠᠪᠴᠤ᠌ ᠱᠢᠶ᠋ᠳᠪᠦᠷᠢᠯᠡᠬᠦ》ᠱᠢᠰᠲ᠋ᠧᠮ᠎ᠢ ᠪᠥᠬᠥ᠌ ᠲᠠᠯ᠎ᠠ᠎ᠪᠠᠷ ᠡᠬᠢᠯᠡᠨ ᠬᠡᠷᠡᠭ᠌ᠯᠡᠵᠦ᠍᠂《ᠮᠦᠩᠬᠡ ᠰᠤᠪᠠᠭ》APP ᠳ᠋ᠤ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠪᠠᠢᠴᠠᠭᠠᠨ ᠯᠠᠪᠯᠠᠯᠳᠠ᠂ 《12345》 ᠠᠷᠠᠳ᠎ᠲᠤ ᠲᠥᠬᠥᠮ ᠦᠵᠡᠭᠦᠯᠬᠦ᠌ ᠬᠠᠯᠠᠮᠱᠢᠯ ᠤᠲᠠᠰᠤ ᠵᠡᠷᠭᠡ 160 ᠥᠪᠡᠷᠮᠢᠴᠡ ᠬᠡᠷᠡᠭ᠌ᠯᠡᠭᠡᠨ᠎ᠦ ᠪᠠᠢᠴᠠᠭᠠᠨ ᠯᠠᠪᠯᠠᠬᠤ ᠦᠶ᠋ᠯᠡᠴᠢᠯᠡᠭᠡ᠎ᠶ᠋ᠢ ᠵᠠᠯᠭᠠᠨ ᠣᠷᠣᠭᠤᠯᠤᠭ᠍ᠰᠠᠨ ᠪᠠᠢᠨ᠎ᠠ᠃《ᠨᠢᠭᠡ ᠰᠦᠯᠵᠢᠶ᠎ᠡ ᠪᠡᠷ ᠭᠦᠢᠴᠡᠳᠭᠡᠬᠦ》ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ ᠰᠦᠯᠵᠢᠶᠡᠨ ᠳᠡᠭᠡᠷ᠎ᠡ ᠭᠦᠶ᠋ᠴᠡᠳᠭᠡᠵᠦ᠍ ᠪᠣᠯᠬᠤ ᠨᠣᠷᠮ᠎ᠠ 97.87% ᠳ᠋ᠦ ᠬᠦᠷᠪᠡ; ᠪᠥᠬᠥ᠌ ᠬᠣᠲᠠ᠎ᠶ᠋ᠢᠨ ᠵᠢᠩᠭᠢᠨᠢ ᠨᠡᠷ᠎ᠡ᠎ᠪᠡᠷ᠎ᠢᠶᠡᠨ ᠳᠠᠩᠰᠠᠯᠠᠭᠤᠯᠤᠭ᠍ᠰᠠᠨ《ᠮᠦᠩᠬᠡ ᠰᠤᠪᠠᠭ》APP ᠵᠢᠨ ᠬᠡᠷᠡᠭ᠌ᠯᠡᠭ᠌ᠴᠢ ᠪᠥᠬᠥ᠌ ᠣᠷᠣᠨ ᠳ᠋ᠤ ᠲᠦᠷᠦᠭᠦᠯᠡᠪᠡ;《ᠨᠢᠭᠡ ᠤᠳᠠᠭ᠎ᠠ᠎ᠳᠤ ᠭᠦᠶ᠋ᠴᠡᠳᠭᠡᠬᠦ᠌》 ᠵᠦᠶ᠋ᠯᠡᠰ᠎ᠤᠨ ᠭᠦᠢᠴᠡᠳᠭᠡᠬᠦ ᠮᠠᠲ᠋ᠸᠷᠢᠶᠠᠯ ᠨᠢ ᠥᠭᠡᠷᠡᠴᠢᠯᠡᠯᠲᠡ᠎ᠡᠴᠡ ᠡᠮᠦᠨᠡᠬᠢ ᠡᠴᠡ 40.5%᠎ᠪᠠᠷ ᠪᠠᠭᠠᠰᠴᠤ᠂ ᠭᠦᠶ᠋ᠴᠡᠳᠭᠡᠬᠦ᠌ ᠭᠣᠭ᠍ᠴᠣᠭ᠎ᠠ ᠨᠢ 56.7% ᠎ᠪᠠᠷ ᠴᠦᠭᠡᠳᠴᠤ᠂ ᠭᠦᠶ᠋ᠴᠡᠳᠭᠡᠬᠦ᠌ ᠴᠠᠭ᠎ᠨᠢ 53.8%᠎ᠪᠠᠷ ᠪᠤᠭᠤᠨᠢᠰᠴᠤ᠂ ᠭᠦᠶᠦᠬᠦ ᠤᠳᠠᠭ᠎ᠠ᠎ᠨᠢ 77.6% ᠎ᠪᠠᠷ ᠪᠠᠭᠠᠰᠪᠠ;《ᠬᠠᠪᠰᠤᠷᠤᠨ ᠭᠦᠢᠴᠡᠳᠭᠡᠬᠦ》ᠪᠡᠷ ᠳᠠᠮᠵᠢᠨ 685 ᠵᠦᠢᠯ᠎ᠢ ᠣᠷᠣᠯᠠᠨ ᠭᠦᠢᠴᠡᠳᠭᠡᠬᠦ ᠪᠤᠶᠤ ᠬᠠᠪᠰᠤᠷᠤᠨ ᠭᠦᠢᠴᠡᠳᠭᠡᠪᠡ᠃ ᠦᠨᠡᠨ ᠪᠣᠳᠠᠲᠠᠢ ᠬᠤᠪᠢᠷᠠᠯᠲᠠ ᠨᠢ ᠲᠤᠮᠤ ᠠᠵᠤ ᠠᠬᠤᠢᠯᠠᠯ᠎ᠤᠨ ᠠᠩᠬᠠᠷᠤᠯ᠎ᠢ ᠲᠠᠲᠠᠵᠤ᠂ ᠰᠠᠢ᠌ᠨ ᠲᠦᠷᠦᠯ ᠵᠦᠢᠯ ᠵᠠᠯᠭᠠᠭ᠎ᠠ ᠪᠡᠷ ᠤᠯᠠᠭᠠᠨᠬᠠᠳᠠ ᠳ᠋ᠤ ᠢᠷᠡᠵᠦ ᠨᠤᠳᠤᠭᠰᠢᠪᠠ᠃

ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ(ᠢ ᠵᠤᠸᠠᠩ ∙ ᠤᠯᠠᠭᠠᠨᠬᠠᠳᠠ)ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠤ ᠦᠶ᠋ᠯᠡᠰ᠎ᠦᠨ ᠬᠦᠷᠢᠶᠡᠯᠡᠩ᠎ᠢ ᠵᠢᠩᠬᠢᠨᠢ᠎ᠪᠡᠷ ᠪᠠᠢᠭᠤᠯᠪᠠ; ᠯᠢᠨᠰᠢ ᠵᠢᠨ ᠳ᠋ᠦᠩ᠎ᠲᠡᠶ ᠽᠢ ᠤᠰᠤᠨ ᠴᠥᠭᠥᠷᠥᠮ᠎ᠦᠨ ᠢᠨᠵᠸᠨ᠋ᠸᠷᠢᠩ ᠤᠰᠤᠨ ᠤᠷᠤᠰᠭᠠᠯ᠎ᠢ ᠠᠮᠵᠢᠯᠲᠠ᠎ᠲᠠᠶ᠎ᠪᠠᠷ ᠬᠠᠱᠢᠪᠠ; ᠳᠠᠯᠠᠢᠨᠠᠭᠤᠷ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ ᠵᠡᠷᠭᠡ ᠴᠢᠬᠤᠯᠠ ᠶᠡᠬᠡ ᠲᠦᠷᠦᠯ ᠵᠦᠢᠯ᠎ᠢ ᠶᠠᠭ ᠱᠠᠯᠠᠪᠳᠠᠨ ᠪᠦᠲᠦᠭᠡᠨ ᠪᠠᠢᠭᠤᠯᠵᠤ ᠪᠠᠢᠨ᠎ᠠ ᠁ ᠪᠦᠷᠢᠳᠭᠡᠯ᠎ᠢ ᠦᠨᠳᠦᠰᠦᠯᠡᠪᠡᠯ᠂ 2021 ᠣᠨ᠎ᠳᠤ ᠤᠯᠠᠭᠠᠨᠬᠠᠳᠠ ᠬᠤᠳᠠ᠎ᠶ᠋ᠢᠨ ᠬᠢᠨ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠵᠤ ᠠᠪᠴᠢᠷᠠᠬᠤ ᠲᠦᠷᠦᠯ ᠵᠦᠢᠯ᠎ᠢ ᠨᠡᠢ᠌ᠳᠡ 379 ᠬᠡᠷᠡᠭ᠌ᠵᠢᠭᠦᠯᠵᠦ᠍᠂ 192.75 ᠳ᠋ᠦᠩᠱᠢᠭᠤᠷ ᠲᠥᠭᠥᠷᠢᠭ᠎ᠦᠨ ᠪᠡᠯᠡ ᠮᠥᠩᠭᠥ᠎ᠶ᠋ᠢ ᠨᠠᠢᠳᠠᠪᠤᠷᠢᠵᠢᠭᠤᠯᠵᠤ᠂ ᠲᠦᠷᠦᠯ ᠵᠦᠢᠯ᠎ᠦᠨ ᠲᠣᠭ᠎ᠠ ᠬᠡᠮᠵᠢᠶ᠎ᠡ ᠨᠢ 3 ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠳ᠋ᠤ ᠲᠦᠷᠦᠭᠦᠯᠡᠪᠡ᠃

ᠨᠡᠩ ᠤᠯᠠᠨ ᠠᠵᠤ ᠠᠬᠤᠢᠯᠠᠯ᠎ᠤᠨ ᠤᠯᠠᠭᠠᠨᠬᠠᠳᠠ᠎ᠶ᠋ᠢ ᠰᠣᠩᠭᠣᠵᠤ ᠤᠯᠠᠭᠠᠨᠬᠠᠳᠠ᠎ᠳᠤ ᠨᠤᠲᠤᠭᠰᠢᠬᠤ ᠵᠢ ᠪᠡᠶᠡᠯᠡᠭᠦᠯᠬᠦ ᠵᠢᠨ ᠲᠦᠯᠦᠭᠡ᠂ ᠤᠯᠠᠭᠠᠨᠬᠠᠳᠠ ᠬᠤᠳᠠ᠎ᠶ᠋ᠢᠨ ᠬᠢᠨ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠵᠤ ᠠᠪᠴᠢᠷᠠᠬᠤ ᠲᠠᠯ᠎ᠠ ᠪᠡᠷ ᠬᠢ ᠱᠢᠨ᠎ᠡ᠎ᠶ᠋ᠢ ᠡᠭᠦᠳᠴᠦ᠍᠂ ᠪᠠᠷᠢᠮᠵᠢᠶᠠᠵᠢᠭ᠍ᠰᠠᠨ ᠦᠢᠯᠡᠳᠪᠦᠷᠢ᠎ᠶ᠋ᠢᠨ ᠪᠠᠢᠱᠢᠩ᠎ᠤᠨ ᠪᠠᠢᠭᠤᠯᠤᠯᠲᠠ᠂ ᠭᠠᠳᠠᠭᠠᠳᠤ᠎ᠲᠠᠶ ᠬᠠᠮᠲᠤᠷᠠᠯᠴᠠᠬᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠡᠷᠭᠡ ᠤᠯᠠᠨ ᠲᠠᠯ᠎ᠠ᠎ᠪᠠᠷ ᠬᠦᠴᠦᠯᠡᠵᠦ᠂《ᠭᠠᠳᠠᠭ᠍ᠰᠢ ᠭᠠᠷᠬᠤ》ᠪᠠ《ᠤᠷᠢᠵᠤ ᠠᠪᠴᠢᠷᠠᠬᠤ》ᠵᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠵᠤ ᠠᠪᠴᠢᠷᠠᠬᠤ ᠠᠵᠢᠯ᠎ᠤᠨ ᠲᠠᠬᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠲᠠᠰᠤᠷᠠᠯᠲᠠ ᠦᠭᠡᠢ ᠠᠬᠢᠭᠤᠯᠪᠠ᠃

ᠲᠦᠷᠦᠯ ᠵᠦᠢᠯ᠎ᠢ ᠠᠮᠵᠢᠯᠲᠠ᠎ᠲᠠᠶ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠤᠯᠠᠭᠠᠨᠬᠠᠳᠠ ᠬᠤᠳᠠ᠎ᠶ᠋ᠢᠨ ᠬᠢᠨ ᠪᠣᠳᠠᠲᠠᠢ ᠠᠷᠭ᠎ᠠ ᠬᠡᠮᠵᠢᠶ᠎ᠡ ᠠᠪᠤᠭ᠍ᠰᠠᠨ ᠪᠠᠢᠨ᠎ᠠ — ᠠᠵᠤ ᠠᠬᠤᠢᠯᠠᠯ᠎ᠤᠨ ᠠᠵᠢᠯ ᠡᠷᠭᠢᠯᠡᠬᠦ᠌ ᠭᠤᠶᠤᠴᠢᠯᠠᠯ᠎ᠤᠨ ᠮᠠᠲ᠋ᠧᠷᠢᠶᠠᠯ᠎ᠤᠨ ᠭᠣᠭ᠍ᠴᠣᠭ᠎ᠠ᠎ᠶ᠋ᠢ ᠴᠣᠮᠬᠠᠳᠭᠠᠵᠤ᠂ ᠠᠵᠤ ᠠᠬᠤᠢᠯᠠᠯ᠎ᠤᠨ ᠠᠵᠢᠯ ᠡᠷᠭᠢᠯᠡᠬᠦ᠌ ᠭᠦᠶ᠋ᠴᠡᠳᠭᠡᠬᠦ᠌ ᠭᠣᠭ᠍ᠴᠣᠭ᠎ᠠ᠎ᠶ᠋ᠢ ᠱᠢᠯᠢᠳᠡᠭ᠌ᠵᠢᠭᠦᠯᠦᠨ᠂ 《ᠨᠢᠭᠡ ᠴᠣᠩᠬᠣᠪᠴᠢ᠎ᠪᠠᠷ ᠭᠥᠯᠢᠶᠡᠨ ᠠᠪᠴᠤ᠌ ᠱᠢᠶ᠋ᠳᠪᠦᠷᠢᠯᠡᠬᠦ》 ᠵᠠᠭ᠍ᠪᠤᠷ᠎ᠢ ᠬᠡᠷᠡᠭ᠌ᠵᠢᠭᠦᠯᠵᠦ᠍᠂ 《ᠨᠢᠭᠡ ᠯᠡ ᠤᠳᠠᠭ᠎ᠠ᠎ᠭᠤᠶᠤᠴᠢᠯᠠᠨ ᠮᠡᠳᠡᠭᠦᠯᠵᠦ᠍᠂ ᠪᠥᠬᠥ᠌ ᠶᠠᠪᠤᠴᠠ ᠵᠢ ᠭᠦᠶ᠋ᠴᠡᠳᠭᠡᠵᠦ᠍ ᠳᠠᠭᠤᠰᠭᠠᠬᠤ》 ᠵᠢ ᠪᠡᠶᠡᠯᠡᠭᠦᠯᠪᠡ;《ᠠᠵᠤ ᠠᠬᠤᠢᠯᠠᠯ᠎ᠤᠨ ᠲᠣᠮᠣ ᠪᠡᠯᠡᠭ》 ᠵᠢᠡᠷ ᠳᠠᠮᠵᠢᠭᠤᠯᠵᠦ᠂ ᠠᠵᠤ ᠠᠬᠤᠢᠯᠠᠯ ᠨᠡᠭᠡᠭᠡᠵᠦ ᠡᠷᠭᠢᠯᠡᠬᠦ᠌ ᠲᠦᠷᠢᠮ᠎ᠦᠨ ᠴᠢᠨᠠᠷᠲᠠᠶ ᠥᠪᠡᠷ᠎ᠦᠨ ᠥᠷᠲᠡᠭ᠎ᠢ ᠪᠠᠭᠤᠷᠠᠭᠤᠯᠵᠤ᠂ ᠠᠵᠤ ᠠᠬᠤᠢᠯᠠᠯ᠎ᠤᠨ ᠤᠯᠠᠭᠠᠨᠬᠠᠳᠠ᠎ᠳᠤ ᠣᠷᠣᠵᠤ ᠢᠷᠡᠬᠦ᠌ ᠪᠠ ᠲᠦᠷᠭᠡᠨ ᠨᠠᠢᠳᠠᠪᠤᠷᠢᠵᠢᠭᠤᠯᠬᠤ᠎ᠶ᠋ᠢ ᠠᠬᠢᠭᠤᠯᠪᠠ; ᠬᠠᠮᠲᠤᠷᠠᠨ ᠬᠢᠨᠠᠨ ᠵᠥᠪᠱᠢᠶᠡᠷᠡᠬᠦ᠌᠂ ᠣᠯᠠᠨ ᠵᠢᠷᠤᠭ᠎ᠢ ᠬᠠᠮᠲᠤᠷᠠᠨ ᠬᠢᠨᠠᠬᠤ᠂ ᠬᠠᠮᠲᠤᠷᠠᠨ ᠱᠢᠯᠭᠠᠨ ᠠᠪᠬᠤ᠂ ᠣᠷᠣᠨ ᠪᠦᠰᠡ᠎ᠶ᠋ᠢᠨ ᠦᠨᠡᠯᠡᠨ ᠵᠢᠱ᠌ᠢᠬᠦ᠌ ᠵᠡᠷᠭᠡ ᠠᠷᠭ᠎ᠠ᠎ᠶ᠋ᠢ ᠬᠡᠷᠡᠭ᠌ᠵᠢᠭᠦᠯᠵᠦ᠍᠂ ᠠᠵᠤ ᠠᠬᠤᠢᠯᠠᠯ᠎ᠤᠨ ᠪᠥᠲᠥᠭᠡᠨ ᠪᠠᠢᠭᠤᠯᠤᠯᠲᠠ᠎ᠶ᠋ᠢᠨ ᠭᠠᠷᠳᠠᠮ ᠭᠦᠶ᠋ᠴᠡᠳᠭᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ;《ᠨᠢᠭᠡ ᠲᠥᠷᠥᠯ ᠵᠦᠶ᠋ᠯ ᠨᠢᠭᠡ ᠲᠠᠩᠰᠠ ᠡᠪᠬᠡᠮᠡᠯ ᠲᠠᠢ》᠂ 《ᠨᠢᠭᠡ ᠲᠥᠷᠥᠯ ᠵᠦᠶ᠋ᠯ᠎ᠢ ᠨᠢᠭᠡ ᠲᠤᠰᠭᠠᠶ ᠠᠩᠭᠢ ᠬᠠᠷᠢᠭᠤᠴᠠᠬᠤ》 ᠪᠠᠷᠢᠮᠵᠢᠶ᠎ᠠ ᠶᠣᠰᠣᠭᠠᠷ ᠭᠣᠸ᠋ᠯᠳᠠᠯᠭ᠎ᠠ᠎ᠲᠠᠶ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢ ᠠᠬᠢᠭᠤᠯᠬᠤ ᠬᠤᠷᠳᠤᠴᠠ᠎ᠶ᠋ᠢ ᠳᠡᠭᠡᠭ᠌ᠰᠢᠯᠡᠭᠦᠯᠵᠡᠢ᠃

ᠭᠣᠭ᠍ᠴᠣᠭ᠎ᠠ᠎ᠶ᠋ᠢ ᠲᠦᠭᠦᠮᠴᠢᠯᠡᠬᠦ᠂ ᠮᠠᠲ᠋ᠧᠷᠢᠶᠠᠯ᠎ᠢ ᠴᠦᠭᠡᠳᠭᠡᠬᠦ᠂ ᠴᠠᠭ᠎ᠢ ᠪᠤᠭᠤᠨᠢᠰᠬᠠᠬᠤ᠂ ᠥᠪᠡᠷ᠎ᠦᠨ ᠥᠷᠲᠡᠭ᠎ᠢ ᠪᠠᠭᠤᠷᠠᠭᠤᠯᠬᠤ᠂ ᠭᠦᠶᠦᠯᠲᠡ᠎ᠶ᠋ᠢ ᠪᠠᠭᠠᠰᠭᠠᠬᠤ ᠵᠡᠷᠭᠡ ᠬᠣᠯᠪᠣᠭ᠍ᠳᠠᠯ ᠪᠦᠬᠦᠢ ᠡᠵᠡᠩᠨᠡᠯᠲᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠨ ᠬᠡᠷᠡᠭ᠌ᠵᠢᠭᠦᠯᠬᠦ᠌᠎ᠶ᠋ᠢᠨ ᠳᠠᠭᠠᠤ᠂ ᠠᠵᠤ ᠠᠬᠤᠢᠯᠠᠯ ᠪᠣᠯᠤᠨ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠂ ᠬᠠᠨᠤᠮᠵᠢ᠎ᠶ᠋ᠢᠨ ᠬᠡᠮᠵᠢᠶ᠎ᠡ ᠲᠠᠰᠤᠷᠠᠯᠳᠡ ᠦᠭᠡᠢ ᠳᠡᠭᠡᠭ᠌ᠰᠢᠯᠡᠵᠦ᠍᠂ ᠠᠷᠠᠳ᠎ᠲᠤ ᠲᠦᠭᠦᠮ ᠦᠵᠡᠭᠦᠯᠵᠦ᠍ ᠠᠷᠠᠳ᠎ᠲᠤ ᠠᠱᠢᠭ ᠬᠦᠷᠲᠡᠭᠡᠬᠦ᠂ ᠠᠷᠠᠯᠵᠢᠶᠠᠴᠢᠨ᠎ᠢ ᠬᠦᠨᠳᠦᠳᠭᠡᠵᠦ᠍ ᠠᠷᠠᠯᠵᠢᠶᠠᠴᠢᠨ᠎ᠢ ᠬᠠᠢᠷᠠᠯᠠᠬᠤ ᠨᠡᠢᠭᠡᠮ᠎ᠦᠨ ᠠᠭᠤᠷ ᠠᠮᠢᠰᠭᠤᠯ ᠠᠭᠠᠵᠢᠮ᠎ᠢᠶᠠᠷ ᠪᠦᠷᠢᠯᠳᠦᠵᠦ᠍᠂ ᠰᠠᠢ᠌ᠨ ᠰᠠᠢᠬᠠᠨ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ ᠨᠢ ᠨᠡᠩ ᠤᠯᠠᠨ ᠰᠢᠯᠢᠳᠡᠭ ᠠᠵᠤ ᠠᠬᠤᠢᠯᠠᠯ᠎ᠢ ᠲᠠᠳᠠᠵᠤ ᠤᠯᠠᠭᠠᠨᠬᠠᠳᠠ᠎ᠳᠤ ᠨᠤᠲᠤᠭᠰᠢᠭᠤᠯᠬᠤ 《ᠰᠤᠷᠢᠨᠵᠢᠨ》 ᠪᠤᠯᠪᠠ᠃

ᠬᠡᠩᠭᠡᠷᠭᠡ ᠳᠡᠯᠡᠳᠦᠨ ᠠᠶᠠᠨ ᠳ᠋ᠠᠭᠠᠨ ᠮᠣᠷᠳᠠᠵᠤ᠂ ᠳᠠᠷᠪᠠᠭᠤᠯ ᠬᠡᠢᠰᠭᠡᠨ ᠤᠮᠤᠭᠳᠠᠢᠬᠠᠨ ᠤᠷᠤᠭ᠍ᠰᠢᠯᠠᠨ᠎ᠠ᠃ ᠡᠨᠡ ᠵᠢᠯ᠎ᠦᠨ ᠤᠯᠠᠭᠠᠨᠬᠠᠳᠠ ᠬᠣᠲᠠ᠎ᠶ᠋ᠢᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 《ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠳᠣᠪᠣᠢᠯᠭᠠᠨ ᠱᠢᠯᠢᠳᠡᠭ᠌ᠵᠢᠭᠦᠯᠵᠦ᠍᠂ ᠵᠠᠬ᠎ᠠ ᠳᠡᠯᠭᠡᠭᠦᠷ᠎ᠦᠨ ᠬᠥᠳᠡᠯᠭᠡᠬᠦ᠌ ᠬᠦᠴᠦᠨ ᠪᠠ ᠠᠮᠢᠵᠢᠷᠠᠯ᠎ᠤᠨ ᠬᠦᠴᠦᠨ᠎ᠢ ᠪᠦᠲᠦᠮᠵᠢᠲᠡᠶ ᠬᠥᠭ᠌ᠵᠢᠭᠡᠨ᠎ᠡ》 ᠭᠡᠵᠦ᠍ ᠲᠣᠳᠣᠷᠬᠠᠶ ᠳᠤᠷᠠᠳᠤᠭ᠍ᠰᠠᠨ ᠪᠥᠭᠡᠳ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠶ᠋ᠢ ᠡᠨᠡ ᠵᠢᠯ᠎ᠦᠨ ᠭᠣᠸ᠋ᠯᠳᠠᠯᠭ᠎ᠠ ᠲᠠᠶ 9 ᠠᠵᠢᠯ᠎ᠳᠤ ᠣᠷᠣᠭᠤᠯᠪᠠ᠃ ᠢᠯᠡᠳᠭᠡᠯ᠎ᠳᠦ 《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠂ ᠠᠵᠤ ᠠᠬᠤᠢᠯᠠᠯ᠎ᠳᠤ ᠠᠱᠢᠭ ᠬᠦᠷᠲᠡᠭᠡᠵᠦ᠍ ᠬᠦᠴᠢᠷᠳᠡᠯᠲᠡᠶ᠎ᠶ᠋ᠢ ᠬᠠᠪᠰᠤᠷᠤᠨ ᠲᠡᠳᠬᠦᠬᠦ᠌ ᠡᠷᠴᠢᠮ᠎ᠢ ᠴᠢᠩᠭᠠᠷᠠᠭᠤᠯᠬᠤ᠂ ᠵᠠᠬ᠎ᠠ ᠳᠡᠯᠭᠡᠭᠦᠷ᠎ᠦᠨ ᠥᠷᠢᠰᠥᠯᠳᠦᠭᠡᠨ᠎ᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠵᠡᠷᠭᠡ ᠭᠤᠷᠪᠠᠨ ᠲᠠᠯ᠎ᠠ᠎ᠪᠠᠷ ᠪᠣᠳᠠᠲᠠᠶ ᠱᠠᠭᠠᠷᠳᠠᠯᠭ᠎ᠠ ᠳᠤᠷᠠᠳᠪᠠ᠃ ᠳᠠᠷᠠᠭᠠᠴᠢ ᠵᠢᠨ ᠠᠯᠬᠤᠮ ᠳ᠋ᠤ᠂ ᠤᠯᠠᠭᠠᠨᠬᠠᠳᠠ ᠬᠤᠳᠠ᠎ᠶ᠋ᠢᠨ ᠬᠢᠨ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠢ ᠤᠷᠤᠭᠰᠢᠯᠠᠯᠲᠠ ᠵᠢᠨ ᠵᠠᠮ ᠳ᠋ᠡᠬᠢ ᠢᠯᠠᠯᠲᠠ ᠤᠯᠬᠤ ᠠᠷᠭ᠎ᠠ ᠵᠠᠮ ᠪᠣᠯᠭᠠᠵᠤ᠂ ᠡᠯ᠎ᠠ ᠲᠦᠷᠦᠯ᠎ᠤᠨ ᠬᠦᠴᠢᠷ ᠲᠦᠪᠡᠭ ᠲᠠᠢ ᠠᠰᠠᠭᠤᠳᠠᠯ᠎ᠢ ᠠᠩᠬᠠᠷᠴᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠶᠠᠰᠤ ᠴᠢᠨᠠᠷ ᠪᠣᠯᠤᠨ ᠬᠢᠷᠢ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠦᠷᠭᠦᠯᠵᠢᠯᠡᠨ ᠥᠨᠳᠥᠷ ᠪᠦᠲᠦᠮᠵᠢᠲᠡᠢ᠂ ᠡᠷᠬᠡ ᠲᠡᠭ᠌ᠰᠢ ᠢᠯᠡ ᠲᠤᠳᠤ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠢ ᠪᠦᠷᠢᠯᠳᠦᠭᠦᠯᠵᠦ᠂ 《ᠤᠯᠠᠭᠠᠨᠬᠠᠳᠠ᠎ᠶ᠋ᠢᠨ ᠦᠷ᠎ᠡ ᠪᠦᠲᠦᠮᠵᠢ》᠂ 《ᠤᠯᠠᠭᠠᠨᠬᠠᠳᠠ᠎ᠶ᠋ᠢᠨ ᠬᠤᠷᠳᠤᠴᠠ》᠂ 《ᠤᠯᠠᠭᠠᠨᠬᠠᠳᠠ᠎ᠶ᠋ᠢᠨ ᠨᠡᠷᠡᠲᠦ ᠲᠡᠮᠳᠡᠭ》᠎ᠢ᠋ ᠴᠢᠷᠮᠠᠢᠨ ᠡᠭᠦᠳᠬᠦ᠌ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面