ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-04-09 20:52:55

ᠵᠣᠬᠢᠶᠠᠭ᠍ᠴᠢ᠄ ᠪᠢᠶᠠᠨ ᠵᠶ᠋ᠢ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠣᠢᠷ᠎ᠠ᠎ᠳᠤ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠎ᠢ ᠬᠣᠬᠢᠷᠠᠭᠤᠯᠤᠭ᠍ᠰᠠᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠵᠠᠷᠯᠠᠨ ᠨᠡᠢᠲᠡᠯᠡᠪᠡ ᠃

1᠂ ᠬᠥᠬᠡᠬᠣᠲᠠ ᠎ᠶ᠋ᠢᠨ ᠰᠠᠢᠬᠠᠨ ᠲᠣᠭᠣᠷᠢᠭ ᠎ᠤᠨ ᠢᠦᠶ ᠯᠢᠨ ᠪᠠᠯᠭᠠᠰᠤ᠎ᠶ᠋ᠢᠨ ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ ᠎ᠶ᠋ᠢᠨ ᠭᠠᠵᠠᠷ ᠎ᠤᠨ ᠬᠠᠷᠢᠭᠤᠴᠠᠯᠭᠠᠲᠠᠨ ᠺᠠᠩ ᠸᠧᠶ ᠳ᠋ᠦᠩ᠂ ᠳᠡᠳ᠋ ᠳᠠᠷᠤᠭ᠎ᠠ ᠯᠢᠶᠠᠩ ᠵᠢᠩ ᠫᠦ ᠢ᠋ᠢᠨ ᠲᠣᠭ᠍ᠲᠠᠭᠠᠯ ᠡᠴᠡ ᠵᠥᠷᠢᠴᠡᠨ ᠬᠠᠤᠯᠢ ᠬᠡᠷᠡᠭ᠌ᠵᠢᠭᠦᠯᠵᠦ᠍ ᠂ ᠠᠵᠤ ᠠᠬᠤᠢᠯᠠᠯ ᠎ᠤᠨ ᠬᠠᠤᠯᠢ ᠶᠣᠰᠣᠨ ᠎ᠤ ᠡᠷᠬᠡ ᠠᠱᠢᠭ ᠎ᠲᠤ ᠬᠠᠯᠳᠠᠭ᠍ᠰᠠᠨ ᠠᠰᠠᠭᠤᠳᠠᠯ ᠃ ᠰᠠᠢᠬᠠᠨ ᠲᠣᠭᠣᠷᠢᠭ ᠎ᠤᠨ ᠢᠦᠶ ᠯᠢᠨ ᠪᠠᠯᠭᠠᠰᠤᠨ᠎ᠤ ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ ᠎ᠶ᠋ᠢᠨ ᠭᠠᠵᠠᠷ ᠎ᠤᠨ ᠠᠵᠢᠯᠲᠠᠨ ᠨᠢᠭᠡᠨ ᠴᠠᠰᠤᠨ ᠎ᠳᠤ ᠭᠤᠯᠭᠤᠬᠤ ᠲᠠᠯᠠᠪᠤᠷ᠎ᠲᠸ᠋ ᠬᠠᠤᠯᠢ ᠬᠡᠷᠡᠭ᠌ᠵᠢᠭᠦᠯᠦᠨ ᠪᠠᠢᠴᠠᠭᠠᠯᠲᠠ ᠬᠢᠬᠦ ᠳ᠋ᠡᠭᠡᠨ᠂ ᠳᠡᠳ᠋ ᠳᠠᠷᠤᠭ᠎ᠠ ᠯᠢᠶᠠᠩ ᠵᠢᠩ ᠫᠦ ᠲᠦᠷ ᠴᠠᠭ ᠤᠷᠢᠨ ᠬᠡᠷᠡᠭᠯᠡᠵᠦ ᠪᠠᠢᠭ᠎ᠠᠵᠢᠯᠳᠠᠨ᠎ᠢᠶᠡᠨ ᠳᠠᠭᠠᠭᠤᠯᠤᠨ 《 ᠪᠠᠢᠴᠠᠭᠠᠨ ᠪᠢᠲᠡᠭᠦᠮᠵᠢᠯᠡᠬᠦ᠌ ᠮᠡᠳᠡᠭ᠌ᠳᠡᠯ᠎ᠦᠨ ᠪᠢᠴᠢᠭ 》 ᠭᠠᠷᠭᠠᠭ᠍ᠰᠠᠨ ᠥᠬᠡᠶ ᠂ ᠬᠣᠯᠪᠣᠭ᠍ᠳᠠᠯ ᠪᠥᠬᠥᠶ ᠠᠯᠬᠤᠮ ᠲᠠᠷᠠᠭᠠᠯᠠᠯ ᠎ᠢ ᠭᠦᠶ᠋ᠴᠡᠳᠭᠡᠭ᠌ᠰᠡᠨ ᠥᠬᠡᠶ ᠪᠠᠢᠳᠠᠯ ᠳᠤᠤᠷ᠎ᠠ ᠂ ᠴᠠᠰᠤᠨ ᠎ᠳᠤ ᠭᠤᠯᠭᠤᠬᠤ ᠲᠠᠯᠠᠪᠤᠷ ᠎ᠤᠨ ᠲᠥᠬᠥᠭᠡᠷᠦᠮᠵᠢ ᠎ᠶ᠋ᠢ ᠪᠠᠢᠴᠠᠭᠠᠨ ᠪᠢᠲᠡᠭᠦᠮᠵᠢᠯᠡᠵᠦ᠍ ᠳᠠᠷᠤᠵᠤ ᠠᠪᠤᠭᠠᠳ ᠂ ᠠᠵᠤ ᠠᠬᠤᠢᠯᠠᠯ ᠎ᠤᠨ ᠬᠡᠪ ᠎ᠦᠨ ᠦᠶ᠋ᠯᠡᠳᠪᠦᠷᠢᠯᠡᠯ ᠡᠵᠡᠩᠨᠡᠯᠲᠡ᠎ᠶ᠋ᠢᠨ ᠠᠵᠢᠯᠯᠠᠭ᠎ᠠ ᠎ᠶ᠋ᠢ ᠨᠥᠯᠥᠭᠡᠯᠡᠭ᠌ᠰᠡᠨ ᠪᠠᠢᠨ᠎ᠠ ᠃ ᠺᠠᠩ ᠸᠧᠶ ᠳ᠋ᠦᠩ ᠲᠣᠰ ᠭᠠᠵᠠᠷ ᠎ᠤᠨ ᠬᠠᠷᠢᠭᠤᠴᠠᠯᠭᠠᠲᠠᠨ ᠪᠣᠯᠤᠭ᠍ᠰᠠᠨ ᠎ᠤ ᠬᠤᠪᠢ ᠎ᠳᠤ᠂ ᠲᠤᠱᠢᠶᠠᠯ ᠬᠠᠷᠢᠭᠤᠴᠠᠯᠭ᠎ᠠ ᠎ᠪᠠᠨ ᠵᠥᠪ ᠭᠦᠶ᠋ᠴᠡᠳᠭᠡᠭᠰᠡᠨ ᠥᠬᠡᠶ᠂ ᠠᠵᠢᠯᠲᠠᠨ ᠎ᠨᠢ ᠲᠣᠭ᠍ᠲᠠᠭᠠᠯ ᠡᠴᠡ ᠵᠥᠷᠢᠴᠡᠨ ᠬᠠᠤᠯᠢ ᠬᠡᠷᠡᠭ᠌ᠵᠢᠭᠦᠯᠦᠭᠰᠡᠨ ᠲᠤᠰ ᠬᠡᠷᠡᠭ ᠲᠸ᠋ ᠤᠳᠤᠷᠢᠳᠤᠯᠭ᠎ᠠ ᠵᠢᠨ ᠬᠠᠷᠢᠭᠤᠴᠠᠯᠭ᠎ᠠ᠎ᠲᠠᠶ᠃ ᠺᠠᠩ ᠸᠧᠶ ᠳ᠋ᠦᠩ ᠨᠠᠮ ᠎ᠤᠨ ᠳᠣᠲᠣᠭᠠᠳᠤ ᠎ᠳᠤ ᠳᠣᠩᠭᠣᠳᠭᠤ ᠱᠢᠢᠳᠭᠡᠯ᠂ ᠵᠠᠰᠠᠭ ᠎ᠤᠨ ᠶᠠᠪᠤᠳᠠᠯ ᠎ᠤᠨ ᠣᠰᠣᠯ ᠲᠡᠮᠳᠡᠭ᠌ᠯᠡᠬᠦ᠌ ᠱᠢᠢᠳᠭᠡᠯ ᠣᠯᠵᠤ ᠂ ᠯᠢᠶᠠᠩ ᠵᠢᠩ ᠫᠦ ᠨᠠᠮ ᠎ᠤᠨ ᠳᠣᠲᠣᠭᠠᠳᠤ ᠎ᠳᠤ ᠴᠢᠩᠭ᠎ᠠ ᠳᠣᠩᠭᠣᠳᠭᠤ ᠱᠢᠢᠳᠭᠡᠯ ᠂ ᠵᠠᠰᠠᠭ ᠎ᠤᠨ ᠶᠠᠪᠤᠳᠠᠯ ᠎ᠤᠨ ᠶᠡᠬᠡ ᠣᠰᠣᠯ ᠲᠡᠮᠳᠡᠭ᠌ᠯᠡᠬᠦ᠌ ᠱᠢᠢᠳᠭᠡᠯ ᠤᠯᠪᠠ; ᠰᠠᠢᠬᠠᠨ ᠲᠣᠭᠣᠷᠢᠭ ᠎ᠤᠨ ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ ᠎ᠶ᠋ᠢᠨ ᠲᠣᠪᠴᠢᠶ᠎ᠠ ᠡᠴᠡ ᠺᠠᠩ ᠸᠧᠢ ᠳ᠋ᠦᠩ ᠎ᠢ ᠲᠤᠱᠢᠶᠠᠯ ᠡᠴᠡ ᠨᠢ ᠪᠠᠭᠤᠯᠭᠠᠵᠤ ᠂ ᠯᠢᠶᠠᠩ ᠵᠢᠩ ᠫᠦ ᠎ᠶ᠋ᠢ ᠬᠠᠤᠯᠢ ᠬᠡᠷᠡᠭ᠌ᠵᠢᠭᠦᠯᠬᠦ᠌ ᠨᠢᠭᠡᠳᠦᠭᠡᠷ ᠹᠷᠣᠨᠲ ᠡᠴᠡ ᠱᠢᠯᠵᠢᠭᠦᠯᠬᠦ ᠪᠡᠷ ᠰᠢᠢᠳᠪᠦᠷᠢᠯᠡᠪᠡ ᠃

2᠂ ᠪᠤᠭᠤᠲᠤ ᠬᠣᠲᠠ ᠎ᠶ᠋ᠢᠨ ᠪᠠᠶᠠᠠᠠᠤᠪᠤᠭ᠎ᠠ ᠠᠭᠤᠷᠬᠠᠶ ᠎ᠶ᠋ᠢᠨ ᠣᠷᠣᠨ ᠎ᠤ ᠬᠠᠮᠲᠤᠷᠠᠯᠴᠠᠭ᠎ᠠ ᠰᠣᠯᠢᠯᠴᠠᠭᠠᠨ ᠎ᠤ ᠲᠥᠪ ᠎ᠦᠨ ᠡᠷᠬᠢᠯᠡᠭ᠌ᠴᠢ ᠭᠤᠤ ᠺᠸ ᠢ᠋ᠢᠨ ᠬᠣᠱᠢᠭᠤᠴᠢᠯᠠᠨ ᠦᠶ᠋ᠯᠡᠴᠢᠯᠡᠬᠦ ᠂ ᠰᠠᠨᠠᠭᠠᠴᠢᠯᠠᠭ᠎ᠠ ᠡᠴᠡ᠎ᠪᠠᠨ ᠦᠶ᠋ᠯᠡᠴᠢᠯᠡᠬᠦ᠌ ᠤᠬᠠᠮᠰᠠᠷ ᠴᠢᠩᠭ᠎ᠠ ᠪᠢᠰᠢ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠎ᠢ ᠱᠢᠯᠢᠳᠡᠭ᠌ᠵᠢᠭᠦᠯᠬᠦ᠌ ᠭᠤᠤᠯ ᠴᠣᠭ᠍ᠴᠠ ᠎ᠶ᠋ᠢᠨ ᠬᠠᠷᠢᠭᠤᠴᠠᠯᠭ᠎ᠠ ᠎ᠶ᠋ᠢ ᠨᠠᠢᠳᠠᠪᠤᠷᠢᠵᠢᠭᠤᠯᠤᠭ᠍ᠰᠠᠨ ᠎ᠢᠶᠠᠷ ᠬᠦᠷᠦᠯᠴᠡᠭᠰᠡᠨ ᠥᠬᠡᠢ ᠠᠰᠠᠭᠤᠳᠠᠯ ᠃ ᠭᠤᠤ ᠺᠸ ᠨᠢᠭᠡᠨ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ ᠎ᠦᠨ ᠺᠣᠮᠫᠠᠨᠢ ᠎ᠳᠤ ᠦᠶ᠋ᠯᠡᠴᠢᠯᠡᠬᠦ᠌ ᠶᠠᠪᠤᠴᠠ ᠎ᠳᠤ ᠂ ᠠᠵᠤ ᠠᠬᠤᠢᠯᠠᠯ ᠎ᠤᠨ ᠳᠤᠷᠠᠳᠤᠭ᠍ᠰᠠᠨ ᠲᠦᠷ ᠴᠠᠭ ᠎ᠤᠨ ᠠᠯᠪᠠᠨ ᠬᠡᠷᠡᠭ᠌ᠯᠡᠭᠡᠨ ᠎ᠦ ᠬᠡᠷ ᠪᠠᠢᠱᠢᠩ ᠎ᠢ ᠲᠦᠷᠢᠶᠡᠰᠦᠯᠡᠨ ᠬᠡᠷᠡᠭ᠌ᠯᠡᠬᠦ᠌ ᠶᠠᠪᠤᠳᠠᠯ ᠎ᠳᠤ ᠠᠵᠢᠯ ᠢ᠋ᠢᠡᠨ ᠬᠤᠢᠷᠭᠤᠰᠢᠨ ᠬᠢᠬᠦ ᠤᠳᠠᠭᠠᠰᠢᠷᠠᠭᠤᠯᠤᠨ ᠬᠢᠬᠦ ᠪᠠᠢᠲᠠᠯ ᠤᠷᠤᠰᠢᠵᠦ ᠂ ᠲᠠᠷᠠᠭᠠᠴᠢ ᠢ᠋ᠢᠨ ᠲᠠᠭᠠᠵᠦ ᠦᠢᠯᠡᠴᠢᠯᠡᠬᠦ ᠶᠠᠪᠤᠴᠠ ᠳ᠋ᠠᠭᠠᠨ ᠠᠵᠤ ᠠᠬᠤᠢᠯᠠᠯ᠎ᠲᠠᠶ ᠢᠳᠡᠪᠬᠢᠲᠡᠶ ᠰᠠᠨᠠᠭᠠᠴᠢᠯᠠᠭ᠎ᠠ ᠲᠠᠢ ᠪᠠᠷ ᠠᠵᠢᠯ ᠢ᠋ᠢᠡᠨ ᠵᠣᠯᠭᠠᠭᠤᠯᠤᠬᠰᠠᠨ ᠥᠬᠡᠶ ᠂ ᠨᠠᠵᠠᠭᠠᠶ ᠎ᠪᠠᠷ ᠬᠠᠨᠳᠤᠬᠰᠠᠨ ᠂ ᠰᠢᠯᠲᠠᠬᠯᠠᠨ ᠲᠦᠯᠬᠢᠯᠴᠡᠵᠦ ᠠᠷᠭᠠᠴᠠᠭᠠᠬᠰᠠᠨ ᠠᠰᠠᠭᠤᠳᠠᠯ ᠣᠷᠣᠱᠢᠵᠤ ᠪᠠᠢᠨ᠎ᠠ ᠃ ᠠᠵᠤ ᠠᠬᠤᠢᠯᠠᠯ ᠎ᠳᠤ ᠦᠶ᠋ᠯᠡᠴᠢᠯᠡᠬᠦ᠌ ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠎ᠢ ᠱᠢᠯᠢᠳᠡᠭ᠌ᠵᠢᠭᠦᠯᠬᠦ᠌ ᠬᠠᠷᠢᠭᠤᠴᠠᠯᠭᠠᠲᠤ ᠤᠬᠠᠮᠰᠠᠷ ᠂ ᠡᠭᠦᠷᠭᠡᠯᠡᠬᠦ᠌ ᠤᠬᠠᠮᠰᠠᠷ ᠂ ᠦᠶ᠋ᠯᠡᠴᠢᠯᠡᠬᠦ᠌ ᠤᠬᠠᠮᠰᠠᠷ ᠢᠯᠡᠳᠲᠡ ᠬᠦᠷᠦᠯᠴᠡᠬᠦ᠌ ᠥᠬᠡᠶ᠃ ᠪᠠᠶᠠᠠᠠᠤᠪᠤᠭ᠎ᠠ ᠠᠭᠤᠷᠬᠠᠢ ᠎ᠶ᠋ᠢᠨ ᠣᠷᠣᠨ ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠡᠴᠡ ᠭᠤᠤ ᠺᠸ ᠵᠢ ᠵᠠᠷᠯᠠᠨ ᠱᠢᠭᠦᠮᠵᠢᠯᠡᠪᠡ ᠃

3᠂ ᠬᠥᠯᠥᠨ ᠪᠣᠢᠷ ᠬᠣᠲᠠ ᠎ᠶ᠋ᠢᠨ ᠲᠥᠯᠥᠪᠵᠢᠭᠦᠯᠭᠡ ᠎ᠶ᠋ᠢᠨ ᠲᠣᠪᠴᠢᠶ᠎ᠠ ᠎ᠶ᠋ᠢᠨ ᠤᠤᠯ ᠎ᠤᠨ ᠭᠠᠵᠠᠷ ᠎ᠤᠨ ᠲᠠᠰ ᠎ᠤᠨ ᠪᠠᠢᠴᠠᠭᠠᠨ ᠰᠤᠳᠤᠯᠤᠭ᠍ᠴᠢ ᠯᠢ ᠢᠦᠶ ᠴᠢᠦ ᠢ᠋ᠢᠨ ᠲᠤᠱᠢᠶᠠᠯ ᠎ᠤᠨ ᠲᠥᠬᠥᠮ ᠎ᠢᠶᠡᠨ ᠠᠱᠢᠭ᠍ᠯᠠᠨ ᠂ ᠲᠣᠭ᠍ᠲᠠᠭᠠᠯ ᠡᠴᠡ ᠵᠥᠷᠢᠴᠡᠨ ᠪᠤᠰᠤᠳ ᠎ᠲᠤ ᠠᠱᠢᠭ ᠲᠤᠰᠠ ᠣᠯᠭᠣᠭ᠍ᠰᠠᠨ ᠪᠥᠭᠡᠳ ᠬᠡᠭᠡᠯᠢ ᠢᠳᠡᠭ᠌ᠰᠡᠨ ᠠᠰᠠᠭᠤᠳᠠᠯ᠃ ᠯᠢ ᠢᠦᠶ ᠴᠢᠦ ᠬᠥᠯᠥᠨ ᠪᠣᠢᠷ ᠬᠣᠲᠠ ᠎ᠶ᠋ᠢᠨ ᠲᠥᠯᠥᠪᠵᠢᠭᠦᠯᠭᠡ ᠎ᠶ᠋ᠢᠨ ᠲᠣᠪᠴᠢᠶᠠᠨ ᠎ᠤ ᠳᠡᠳ᠋ ᠳᠠᠷᠤᠭ᠎ᠠ᠂ ᠲᠣᠪᠴᠢᠶᠠᠨ ᠳᠠᠷᠤᠭ᠎ᠠ ᠎ᠶ᠋ᠢᠨ ᠲᠤᠱᠢᠶᠠᠯ ᠎ᠢ ᠡᠭᠦᠷᠭᠡᠯᠡᠵᠦ᠍ ᠪᠠᠢᠭ᠍ᠰᠠᠨ ᠬᠤᠭᠤᠴᠠᠭᠠᠨ ᠎ᠳᠠᠭᠠᠨ ᠲᠤᠱᠢᠶᠠᠯ ᠎ᠤᠨ ᠲᠥᠬᠥᠮ ᠎ᠢᠶᠡᠨ ᠠᠱᠢᠭ᠍ᠯᠠᠨ᠂ ᠪᠤᠰᠤᠳ ᠬᠥᠮᠦᠨ ᠎ᠳᠦ ᠲᠥᠷᠥᠯ ᠵᠦᠶ᠋ᠯ ᠎ᠦᠨ ᠲᠥᠯᠥᠪᠵᠢᠭᠦᠯᠭᠡ ᠎ᠶ᠋ᠢ ᠬᠢᠨᠠᠨ ᠵᠥᠪᠱᠢᠶᠡᠷᠡᠬᠦ᠌ ᠂ ᠪᠠᠷᠢᠯᠭ᠎ᠠ ᠎ᠶ᠋ᠢᠨ ᠵᠣᠭᠣᠰ ᠎ᠢ ᠲᠡᠰᠦᠯᠦᠨ ᠪᠤᠳᠤᠬᠤ ᠵᠡᠷᠭᠡ ᠲᠠᠯ᠎ᠠ ᠎ᠪᠠᠷ ᠠᠱᠢᠭ ᠣᠯᠭᠣᠵᠤ ᠂ 22 ᠠᠵᠤ ᠠᠬᠤᠢᠯᠠᠯ ᠎ᠤᠨ ᠡᠵᠡᠨᠳᠡᠨ ᠎ᠦ ᠨᠡᠢᠲᠡ 565 ᠲᠦᠮᠡᠨ ᠲᠥᠭᠥᠷᠢᠭ ᠎ᠦᠨ ᠡᠳ᠋ ᠪᠣᠳᠠᠰ ᠎ᠢ ᠬᠠᠤᠯᠢ ᠪᠤᠰᠤ ᠎ᠪᠠᠷ ᠭᠥᠯᠢᠶᠡᠨ ᠠᠪᠴᠤ᠌ ᠂ ᠡᠷᠬᠡ ᠲᠡᠭ᠌ᠰᠢ ᠎ᠪᠡᠷ ᠥᠷᠢᠰᠦᠯᠳᠦᠬᠦ᠌ ᠵᠠᠬ᠎ᠠ ᠳᠡᠯᠭᠡᠭᠦᠷ ᠎ᠦᠨ ᠣᠷᠴᠢᠨ ᠲᠣᠭᠣᠷᠢᠨ ᠎ᠢ ᠬᠦᠨᠳᠦ ᠨᠣᠴᠢᠲᠠᠶ ᠡᠪᠳᠡᠪᠡ᠃ ᠯᠢ ᠢᠦᠶ ᠴᠢᠦ ᠨᠠᠮ ᠡᠴᠡ ᠬᠥᠭᠡᠭᠡᠬᠦ᠌ ᠱᠢᠢᠳᠭᠡᠯ ᠣᠯᠵᠤ᠂ ᠲᠡᠭᠦᠨ ᠎ᠦ ᠠᠵᠢᠯ ᠎ᠡᠴᠡ ᠪᠠᠨ ᠪᠠᠭᠤᠵᠤ ᠠᠮᠠᠷᠠᠭ᠍ᠰᠠᠨ ᠬᠠᠷᠠᠭᠠᠯᠵᠠᠯ ᠎ᠢ ᠨᠢ ᠲᠣᠭ᠍ᠲᠠᠭᠠᠯ ᠶᠣᠰᠣᠭᠠᠷ ᠬᠦᠴᠦᠨ ᠥᠬᠡᠶ ᠪᠣᠯᠭᠠᠵᠤ᠂ ᠶᠠᠯ᠎ᠠ ᠬᠢᠭ᠌ᠰᠡᠨ ᠢ᠋ᠢᠡᠷ ᠰᠡᠵᠢᠭᠯᠡᠭᠲᠡᠭᠰᠡᠨ ᠠᠰᠠᠭᠤᠳᠠᠯ᠎ᠢ ᠨᠢ ᠬᠠᠤᠯᠢ ᠴᠠᠭᠠᠵᠠ ᠢ᠋ᠢᠨ ᠪᠠᠢᠭᠤᠯᠭ᠎ᠠ ᠎ᠳᠤ ᠱᠢᠯᠵᠢᠭᠦᠯᠦᠨ ᠬᠦᠷᠭᠡᠵᠦ᠍ ᠬᠠᠤᠯᠢ ᠶᠣᠰᠣᠭᠠᠷ ᠱᠢᠶ᠋ᠳᠪᠦᠷᠢᠯᠡᠭᠦᠯᠪᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面