ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-04-12 09:26:38

ᠵᠣᠬᠢᠶᠠᠭ᠍ᠴᠢ᠄ ᠪᠢᠶᠠᠨ ᠵᠶ᠋ᠢ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠤᠢ᠍ᠢᠷ᠎ᠠ ᠎ᠳᠤ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠬᠣᠬᠢᠷᠠᠭᠤᠯᠤᠭ᠍ᠰᠠᠨ ᠨᠡᠢᠲᠡᠯᠢᠭ ᠬᠡᠷᠡᠭ ᠎ᠦᠨ ᠵᠢᠱ᠌ᠢᠢ᠎ᠡ᠎ᠶ᠋ᠢ ᠵᠠᠷᠯᠠᠨ ᠨᠡᠢᠲᠡᠯᠡᠪᠡ᠃

7. ᠱᠢᠯᠢ ᠎ᠶ᠋ᠢᠨ ᠭᠤᠤᠯ ᠠᠢᠮᠠᠭ᠎ᠤᠨ ᠶᠤᠸᠠᠨ᠎ᠤ ᠳᠡᠭᠡᠳᠦ ᠨᠡᠢᠰᠯᠡᠯ ᠎ᠦᠨ ᠰᠣᠶᠣᠯ᠎ᠤᠨ ᠥᠪ᠎ᠦᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠤᠤᠯ᠎ᠤᠨ ᠳᠠᠷᠤᠭ᠎ᠠ ᠵᠤᠸᠠᠩ ᠶᠦᠩ ᠱᠢᠩ ᠤ᠋ᠨ ᠠᠵᠢᠯ᠎ᠤᠨ ᠰᠠᠬᠢᠯᠭ᠎ᠠ ᠪᠠᠲᠤ ᠡᠴᠡ ᠵᠥᠷᠢᠴᠡᠵᠦ᠍᠂ ᠪᠤᠰᠤᠳ᠎ᠤᠨ ᠵᠣᠭᠣᠰ ᠮᠥᠩᠭᠥ᠌ ᠡᠳ᠋ ᠪᠣᠳᠠᠰ᠎ᠢ ᠭᠥᠯᠢᠶᠡᠨ ᠠᠪᠤᠭ᠍ᠰᠠᠨ ᠠᠰᠠᠭᠤᠳᠠᠯ᠃ ᠵᠤᠸᠠᠩ ᠶᠦᠩ ᠱᠢᠩ ᠱᠢᠯᠢᠩᠬᠣᠲᠠ᠎ᠶ᠋ᠢᠨ ᠵᠢᠭᠤᠯᠴᠢᠯᠠᠯ ᠎ᠤᠨ ᠲᠣᠪᠴᠢᠶ᠎ᠠ᠂ ᠱᠢᠯᠢ ᠎ᠶ᠋ᠢᠨ ᠭᠣᠣᠯ ᠠᠢᠮᠠᠭ᠎ᠤᠨ ᠰᠣᠶᠣᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ᠎ᠤ ᠲᠤᠱᠢᠶᠠᠯ᠎ᠢ ᠬᠠᠷᠢᠭᠤᠴᠠᠵᠤ ᠪᠠᠢᠬᠤ ᠬᠤᠭᠤᠴᠠᠭᠠᠨ᠎ᠳᠠᠭᠠᠨ᠂ ᠲᠤᠱᠢᠶᠠᠯ᠎ᠤᠨ ᠢ᠋ᠢᠡᠨ ᠲᠦᠬᠦᠮ ᠪᠠ ᠨᠥᠯᠥᠭᠡ᠎ᠪᠡᠨ ᠠᠱᠢᠭ᠍ᠯᠠᠨ᠂ ᠪᠤᠰᠤᠳ ᠬᠥᠮᠦᠨ᠎ᠦ ᠪᠠᠷᠢᠯᠭ᠎ᠠ ᠳᠠᠭᠠᠭᠠᠴᠢᠯᠠᠬᠤ᠂ ᠲᠦᠷᠦᠯ ᠵᠦᠢᠯ᠎ᠦᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠵᠡᠷᠭᠡ ᠲᠠᠯ᠎ᠠ᠎ᠪᠠᠷ ᠬᠠᠪᠰᠤᠷᠤᠯᠭ᠎ᠠ ᠦᠵᠡᠭᠦᠯᠵᠦ᠍᠂ ᠬᠠᠤᠯᠢ ᠪᠤᠰᠤ᠎ᠪᠠᠷ ᠪᠤᠰᠤᠳ᠎ᠤᠨ 176 ᠲᠦᠮᠡ ᠭᠠᠷᠤᠢ ᠲᠥᠭᠥᠷᠢᠭ᠎ᠦᠨ ᠡᠳ᠋ ᠪᠣᠳᠠᠰ᠎ᠢ ᠬᠦᠯᠢᠶᠠᠨ ᠠᠪᠴᠤ᠌᠂ ᠲᠤᠬᠠᠢ᠎ᠶ᠋ᠢᠨ ᠭᠠᠵᠠᠷ᠎ᠤᠨ ᠪᠠᠷᠢᠯᠭ᠎ᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠵᠠᠬ᠎ᠠ ᠳᠡᠯᠭᠡᠭᠦᠷ ᠎ᠦᠨ ᠦᠢᠯᠡᠳᠪᠦᠷᠢᠯᠡᠯ ᠡᠵᠡᠩᠨᠡᠯᠲᠡ᠎ᠶ᠋ᠢᠨ ᠡᠮᠬᠢ ᠳᠢᠭ᠌ᠯᠢᠮ ᠎ᠢ ᠬᠦᠨᠳᠦ ᠨᠣᠴᠢᠲᠠᠢ ᠡᠪᠳᠡᠪᠡ᠃ ᠵᠤᠸᠠᠩ ᠶᠦᠩ ᠱᠢᠩ ᠨᠠᠮ ᠡᠴᠡ ᠬᠥᠭᠡᠭᠡᠬᠦ᠌ ᠱᠢᠢᠳᠭᠡᠯ ᠣᠯᠵᠤ᠂ ᠲᠡᠭᠦᠨ᠎ᠦ ᠠᠵᠢᠯ ᠡᠴᠡ᠎ᠪᠠᠨ ᠠᠮᠠᠷᠠᠭ᠍ᠰᠠᠨ ᠬᠠᠷᠠᠭᠠᠯᠵᠠᠯ᠎ᠢ ᠨᠢ ᠲᠣᠭ᠍ᠲᠠᠭᠠᠯ ᠶᠣᠰᠣᠭᠠᠷ ᠬᠦᠴᠦᠨ ᠥᠬᠡᠶ ᠪᠣᠯᠭᠠᠵᠤ᠂ ᠶᠠᠯ᠎ᠠ ᠬᠢᠭ᠌ᠰᠡᠨ ᠢ᠋ᠢᠡᠷ ᠰᠡᠵᠢᠭᠯᠡᠭᠲᠡᠭᠰᠡᠨ ᠠᠰᠠᠭᠤᠳᠠᠯ ᠎ᠢ ᠨᠢ ᠬᠠᠤᠯᠢ ᠴᠠᠭᠠᠵᠠ ᠢ᠋ᠢᠨ ᠪᠠᠢᠭᠤᠯᠭ᠎ᠠ᠎ᠳᠤ ᠱᠢᠯᠵᠢᠭᠦᠯᠦᠨ ᠬᠦᠷᠭᠡᠵᠦ᠍ ᠬᠠᠤᠯᠢ ᠶᠣᠰᠣᠭᠠᠷ ᠱᠢᠶ᠋ᠳᠪᠦᠷᠢᠯᠡᠭᠦᠯᠪᠡ᠃

8. ᠤᠯᠠᠭᠠᠨᠴᠠᠪ ᠬᠣᠲᠠ᠎ᠶ᠋ᠢᠨ ᠴᠠᠬᠠᠷ ᠪᠠᠷᠠᠭᠤᠨ ᠭᠠᠷᠤᠨ ᠬᠣᠢᠲᠤ ᠬᠣᠱᠢᠭᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠎ᠶ᠋ᠢᠨ ᠬᠣᠩᠬᠢᠯᠳᠤ ᠳ᠋ᠡᠬᠢ ᠳᠤᠮᠳᠠ ᠠᠩᠭᠢ ᠎ᠶ᠋ᠢᠨ ᠤᠤᠯ᠎ᠤᠨ ᠳᠠᠷᠤᠭ᠎ᠠ ᠴᠧᠨ ᠳ᠋ᠧᠩ ᠪᠢᠶᠤᠤ ᠢ᠋ᠢᠨ ᠡᠭᠦᠷᠭᠡ ᠲᠤᠱᠢᠶᠠᠯ᠎ᠤᠨ ᠢ᠋ᠢᠡᠨ ᠲᠥᠬᠥᠮ᠎ᠢᠶᠡᠨ ᠠᠱᠢᠭ᠍ᠯᠠᠨ᠂ ᠬᠢᠨᠠᠨ ᠬᠠᠮᠢᠶᠠᠷᠴᠤ᠌ ᠪᠠᠢᠭ᠎ᠠ ᠠᠵᠤ ᠠᠬᠤᠢᠯᠠᠯ ᠵᠢᠡᠨ ᠲᠣᠭ᠍ᠲᠠᠭᠠᠯ ᠪᠤᠰᠤ ᠪᠠᠷ ᠲᠣᠷᠭᠠᠬᠰᠠᠨ ᠪᠦᠭᠡᠳ ᠲᠤᠷᠭᠠᠬᠰᠠᠨ ᠵᠤᠭᠤᠰ ᠢ᠋ ᠨᠢ ᠱᠠᠮᠰᠢᠨ ᠵᠠᠯᠭᠢᠬᠰᠠᠨ ᠠᠰᠠᠭᠤᠳᠠᠯ᠃ ᠴᠧᠨ ᠳ᠋ᠧᠩ ᠪᠢᠶᠤᠤ ᠨᠢᠭᠡᠨ ᠠᠭᠤᠷᠬᠠᠢ ᠎ᠶ᠋ᠢᠨ ᠦᠢᠯᠡᠰ᠎ᠦᠨ ᠺᠣᠮᠫᠠᠨᠢ᠎ᠳᠤ ᠵᠠᠰᠠᠭ ᠵᠠᠬᠢᠷᠭᠠᠨ ᠎ᠤ ᠬᠢᠨᠠᠯᠲᠠ ᠬᠠᠮᠢᠶᠠᠷᠤᠯᠲᠠ᠂ ᠵᠠᠰᠠᠭ ᠵᠠᠬᠢᠷᠭᠠᠨ ᠎ᠤ ᠱᠢᠢᠳᠭᠡᠯ ᠥᠭ᠌ᠬᠦ ᠎ᠳᠡᠭᠡᠨ ᠡᠭᠦᠷᠭᠡ ᠲᠤᠱᠢᠶᠠᠯ᠎ᠤᠨ᠎ᠢᠶᠠᠨ ᠲᠦᠬᠦᠮ ᠢ᠋ᠢᠡᠨ ᠠᠱᠢᠭ᠍ᠯᠠᠨ᠂ ᠤᠷᠢᠳ ᠬᠣᠵᠢᠳ ᠵᠣᠭᠣᠰ᠎ᠢᠶᠠᠷ ᠲᠣᠷᠭᠠᠬᠤ ᠫᠢᠶᠣᠣ ᠪᠠᠷᠢᠮᠲᠠ᠎ᠶ᠋ᠢ ᠥᠭᠡᠷᠡᠲᠦᠭᠦᠯᠵᠦ᠂ ᠱᠢᠢᠳᠭᠡᠬᠦ᠌ ᠲᠣᠭ᠍ᠲᠠᠭᠠᠯ᠎ᠤᠨ ᠪᠢᠴᠢᠭ ᠵᠡᠷᠭᠡ ᠬᠠᠤᠯᠢ ᠴᠠᠭᠠᠵᠠ᠎ᠶ᠋ᠢᠨ ᠪᠢᠴᠢᠭ ᠬᠠᠷ᠎ᠠ ᠵᠢ ᠲᠣᠭ᠍ᠲᠠᠭᠠᠯ ᠶᠣᠰᠣᠭᠠᠷ ᠪᠠᠭᠤᠯᠭᠠᠬᠤ ᠦᠭᠡᠢ ᠪᠠ ᠵᠣᠭᠣᠰ ᠵᠢᠡᠷ ᠲᠣᠷᠭᠠᠬᠤ ᠫᠢᠶᠣᠣ ᠪᠠᠷᠢᠮᠲᠠ᠎ᠵᠢ ᠭᠠᠷᠭᠠᠵᠤ ᠥᠭ᠌ᠬᠦ ᠦᠭᠡᠢ ᠠᠷᠭ᠎ᠠ ᠬᠡᠯᠪᠡᠷᠢ ᠪᠡᠷ᠂ 15.7 ᠲᠦᠮᠡᠨ ᠲᠥᠭᠥᠷᠢᠭ᠎ᠦᠨ ᠵᠠᠰᠠᠭ ᠵᠠᠬᠢᠷᠭᠠᠨ᠎ᠤ ᠱᠢᠢᠳᠭᠡᠯ᠎ᠦᠨ ᠵᠣᠭᠣᠰ᠎ᠢ ᠱᠠᠮᠱᠢᠨ ᠵᠠᠯᠭᠢᠪᠠ᠃ ᠴᠧᠨ ᠳ᠋ᠧᠩ ᠪᠢᠶᠤᠤ ᠨᠠᠮ᠎ᠡᠴᠡ ᠬᠥᠭᠡᠭᠡᠬᠦ᠌ ᠱᠢᠢᠳᠭᠡᠯ ᠣᠯᠵᠤ᠂ ᠲᠡᠭᠦᠨ ᠤ᠋ ᠠᠵᠢᠯ ᠡᠴᠡ ᠪᠠᠨ ᠠᠮᠠᠷᠠᠬᠰᠠᠨ ᠬᠠᠷᠠᠭᠠᠯᠵᠠᠯ᠎ᠳᠤᠨᠢ ᠲᠣᠭ᠍ᠲᠠᠭᠠᠯ ᠶᠣᠰᠣᠭᠠᠷ ᠲᠣᠬᠢᠷᠠᠭᠤᠯᠤᠯᠲᠠ ᠬᠢᠵᠡᠶ᠃

9.ᠣᠷᠳᠣᠰ ᠬᠣᠲᠠ᠎ᠶ᠋ᠢᠨ ᠡᠵᠡᠨ ᠬᠣᠷᠣᠭ᠎ᠠ ᠬᠣᠱᠢᠭᠤᠨ᠎ᠤ ᠦᠶ᠋ᠯᠡᠳᠪᠦᠷᠢ ᠬᠤᠳᠠᠯᠳᠤᠭᠠᠨ᠎ᠤ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠤᠤᠯ᠎ᠤᠨ ᠠᠵᠢᠯᠲᠠᠨ ᠵᠣᠣ ᠶᠦᠨ ᠤ᠋ ᠪᠤᠰᠤᠳ᠎ᠲᠤ ᠠᠵᠤ ᠠᠬᠤᠢᠯᠠᠯ᠎ᠤᠨ ᠳᠠᠩᠰᠠᠯᠠᠭᠤᠯᠤᠯᠲᠠ᠎ᠶ᠋ᠢ ᠬᠤᠳᠠᠯ ᠬᠠᠭᠤᠷᠮᠠᠭ᠎ᠢᠶᠠᠷ ᠭᠦᠶ᠋ᠴᠡᠳᠭᠡᠨ ᠥᠭ᠌ᠴᠦ᠂ ᠵᠠᠬ᠎ᠠ ᠳᠡᠯᠭᠡᠭᠦᠷ᠎ᠦᠨ ᠡᠮᠬᠢ ᠵᠢᠷᠤᠮ᠎ᠢ ᠰᠠᠮᠠᠭᠤᠷᠠᠭᠤᠯᠤᠭ᠍ᠰᠠᠨ ᠠᠰᠠᠭᠤᠳᠠᠯ᠃ ᠵᠣᠣ ᠶᠦᠨ ᠲᠤᠱᠢᠶᠠᠯ᠎ᠤᠨ ᠢ᠋ᠢᠡᠨ ᠲᠥᠬᠥᠮ ᠎ᠢᠶᠡᠨ ᠠᠱᠢᠭ᠍ᠯᠠᠨ᠂ ᠬᠤᠳᠠᠯ ᠬᠠᠭᠤᠷᠮᠠᠭ ᠮᠡᠳᠡᠭᠡ ᠵᠠᠩᠭᠢ ᠵᠣᠬᠢᠶᠠᠬᠤ ᠎ᠪᠠᠷ ᠳᠠᠮᠵᠢᠭᠤᠯᠤᠨ᠂ ᠲᠣᠭ᠍ᠲᠠᠭᠠᠯ ᠡᠴᠡ ᠵᠥᠷᠢᠴᠡᠨ ᠱᠢᠤᠢ ᠣᠪᠣᠭ᠍ᠲᠤ ᠎ᠳᠤ 12 ᠠᠵᠤ ᠠᠬᠤᠢᠯᠠᠯ ᠪᠠᠢᠭᠤᠯᠬᠤ ᠭᠠᠷ ᠭᠦᠶ᠋ᠴᠡᠳᠭᠡᠯ ᠬᠢᠵᠦ᠍ ᠥᠭ᠌ᠭᠦᠭ᠌ᠰᠡᠨ ᠪᠥᠭᠡᠳ ᠥᠷᠲᠡᠭ ᠨᠡᠮᠡᠭ᠌ᠳᠡᠯ᠎ᠦᠨ ᠭᠠᠢᠯᠢ᠎ᠶ᠋ᠢᠨ ᠡᠩ᠎ᠦᠨ ᠬᠣᠭᠣᠰᠣᠨ ᠪᠠᠷᠢᠮᠲᠠ᠎ᠶ᠋ᠢ 385 ᠬᠤᠪᠢ ᠭᠠᠷᠭᠠᠨ ᠠᠪᠬᠤ᠎ᠳᠤᠨᠢ ᠲᠤᠰᠠᠯᠠᠵᠠᠢ᠂ ᠰᠡᠭᠦᠯᠡᠷ ᠨᠢ ᠱᠢᠤᠢ ᠣᠪᠣᠭ᠍ᠲᠤ ᠭᠠᠳᠠᠭ᠍ᠰᠢ ᠥᠷᠲᠡᠭ ᠨᠡᠮᠡᠭ᠌ᠳᠡᠯ᠎ᠦᠨ ᠭᠠᠢᠯᠢ ᠎ᠶ᠋ᠢᠨ ᠲᠤᠰᠭᠠᠶ ᠪᠠᠷᠢᠮᠲᠠ ᠎ᠶ᠋ᠢ ᠬᠤᠳᠠᠯ ᠎ᠢᠶᠠᠷ ᠪᠢᠴᠢᠵᠦ᠍ ᠥᠭ᠌ᠭᠦᠭᠡᠳ ᠬᠠᠤᠯᠢ ᠪᠤᠰᠤ ᠎ᠪᠠᠷ ᠠᠱᠢᠭ ᠬᠣᠨᠵᠢᠪᠣᠷᠢ ᠣᠯᠵᠣ ᠬᠠᠤᠯᠢ ᠶᠣᠰᠣᠭᠠᠷ ᠡᠷᠡᠭᠦᠦ ᠱᠢᠢᠳᠭᠡᠯ ᠎ᠢᠶᠡᠷ ᠱᠢᠢᠳᠭᠡᠭ᠌ᠳᠡᠪᠡ᠃ ᠵᠣᠣ ᠶᠦᠨ ᠵᠠᠰᠠᠭ ᠎ᠤᠨ ᠶᠠᠪᠤᠳᠠᠯ ᠎ᠤᠨ ᠶᠡᠬᠡ ᠣᠰᠣᠯ ᠲᠡᠮᠳᠡᠭ᠌ᠯᠡᠬᠦ᠌ ᠱᠢᠢᠳᠭᠡᠯ ᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面