2022-04-11 11:05:26
ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠤᠢ᠍ᠢᠷ᠎ᠠ᠎ᠳᠤ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠬᠣᠬᠢᠷᠠᠭᠤᠯᠤᠭ᠍ᠰᠠᠨ ᠨᠡᠢᠲᠡᠯᠢᠭ ᠬᠡᠷᠡᠭ᠎ᠦᠨ ᠵᠢᠱ᠌ᠢᠢ᠎ᠡ᠎ᠶ᠋ᠢ ᠵᠠᠷᠯᠠᠪᠠ᠃
4. ᠬᠢᠩᠭᠠᠨ ᠠᠢᠮᠠᠭ᠎ᠤᠨ ᠲᠦᠴᠢᠦᠸᠠᠨ ᠱᠢᠶᠠᠨ᠎ᠤ ᠠᠷᠠᠳ᠎ᠤᠨ ᠱᠢᠭᠦᠬᠦ᠌ ᠬᠣᠷᠢᠶᠠᠨ᠎ᠤ ᠤᠤᠯ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠬᠣᠷᠢᠶᠠᠨ ᠳᠠᠷᠤᠭ᠎ᠠ ᠸᠠᠩ ᠵᠥᠩ ᠸᠧᠢ ᠵᠢᠨ ᠪᠤᠰᠤᠳ᠎ᠤᠨ ᠨᠠᠢᠳᠠᠯᠭ᠎ᠠ᠎ᠪᠠᠷ ᠲᠣᠭ᠍ᠲᠠᠭᠠᠯ᠎ᠠᠴᠠ ᠵᠥᠷᠢᠴᠡᠨ ᠪᠤᠰᠤᠳ᠎ᠲᠤ ᠠᠱᠢᠭ ᠣᠯᠭᠣᠵᠤ᠂ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠡᠪᠳᠡᠭ᠌ᠰᠡᠨ ᠠᠰᠠᠭᠤᠳᠠᠯ᠃ ᠸᠠᠩ ᠵᠥᠩ ᠸᠧᠶ ᠡᠭᠦᠷᠭᠡ ᠲᠤᠱᠢᠶᠠᠯ᠎ᠤᠨ᠎ᠢᠶᠠᠨ ᠲᠥᠬᠥᠮᠢ ᠠᠱᠢᠭ᠍ᠯᠠᠨ᠂ ᠪᠤᠰᠤᠳ᠎ᠤᠨ ᠨᠠᠢᠳᠠᠯᠭ᠎ᠠ᠎ᠶ᠋ᠢ ᠭᠥᠯᠢᠶᠡᠨ ᠠᠪᠴᠤ᠌ ᠮᠠ ᠣᠪᠣᠭ᠍ᠲᠤ᠎ᠶ᠋ᠢ ᠬᠠᠪᠰᠤᠷᠤᠨ ᠬᠠᠤᠯᠢ᠎ᠳᠤ ᠬᠣᠯᠪᠣᠭ᠍ᠳᠠᠭ᠍ᠰᠠᠨ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠱᠢᠶ᠋ᠳᠪᠦᠷᠢᠯᠡᠵᠦ᠍᠂ ᠲᠠᠢ ᠣᠪᠣᠭ᠍ᠲᠤ᠎ᠶ᠋ᠢᠨ ᠬᠠᠭᠤᠷᠮᠠᠭ ᠪᠠᠷᠢᠮᠲᠠ ᠬᠠᠨᠭᠭᠠᠭᠰᠠᠨ ᠬᠡᠷᠡᠭ᠎ᠢ ᠬᠥᠩᠭᠡᠨ᠎ᠢᠶᠡᠷ ᠰᠢᠬᠦᠨ ᠲᠠᠰᠤᠯᠬᠤ᠎ᠪᠠᠷ ᠠᠮᠠᠯᠠᠵᠤ᠂ ᠯᠢᠦ ᠣᠪᠣᠭ᠍ᠲᠤ ᠵᠡᠷᠭᠡ 2 ᠬᠥᠮᠦᠨ᠎ᠢ ᠬᠠᠪᠰᠤᠷᠤᠨ ᠱᠠᠮᠱᠢᠭ᠍ᠰᠠᠨ ᠬᠡᠷᠡᠭ᠎ᠢ ᠳᠠᠬᠢᠨ ᠱᠢᠭᠦᠬᠦ᠌᠂ ᠭᠡᠷ᠎ᠡ᠎ᠶ᠋ᠢᠨ ᠵᠠᠭᠤᠷᠠᠯᠳᠤᠭᠠᠨ᠎ᠤ ᠬᠡᠷᠡᠭ᠎ᠢ ᠭᠦᠶ᠋ᠴᠡᠳᠭᠡᠬᠦ᠌ ᠠᠬᠢᠴᠠ᠎ᠶ᠋ᠢ ᠠᠬᠢᠭᠤᠯᠬᠤ᠎ᠪᠠᠷ ᠠᠮᠠᠯᠠᠵᠤ᠂ ᠴᠢᠶᠣᠤ ᠣᠪᠣᠭ᠍ᠲᠤ᠎ᠶ᠋ᠢᠨ ᠵᠢᠭᠡᠯᠡᠯᠭᠡ ᠮᠡᠬᠡᠯᠡᠨ ᠠᠪᠤᠭ᠍ᠰᠠᠨ ᠵᠡᠷᠭᠡ ᠬᠡᠷᠡᠭ᠎ᠢ ᠱᠢᠭᠦᠨ ᠲᠠᠰᠤᠯᠬᠤ᠎ᠶ᠋ᠢ ᠬᠣᠢᠱᠢᠯᠠᠭᠤᠯᠵᠤ᠂ ᠨᠡᠢᠲᠡ 257 ᠲᠦᠮᠡ ᠭᠠᠷᠤᠶ ᠲᠥᠭᠥᠷᠢᠭ᠎ᠦᠨ 《ᠲᠠᠯᠠᠷᠬᠠᠯ᠎ᠤᠨ ᠮᠦᠩᠭᠦ》 ᠬᠤᠷᠢᠶᠠᠪᠠ᠃ ᠸᠠᠩ ᠵᠥᠩ ᠸᠧᠶ ᠨᠠᠮ᠎ᠠᠴᠠ ᠬᠥᠭᠡᠭᠡᠬᠦ᠌᠂ ᠠᠵᠢᠯ ᠡᠴᠡ ᠨᠢ ᠬᠦᠬᠡᠬᠡᠬᠦ ᠱᠢᠢᠳᠭᠡᠯ ᠣᠯᠵᠤ᠂ ᠶᠠᠯ᠎ᠠ ᠬᠢᠭ᠌ᠰᠡᠨ ᠰᠡᠵᠢᠭ᠌ᠯᠡᠯᠲᠡᠶ ᠠᠰᠠᠭᠤᠳᠠᠯ᠎ᠢ ᠬᠠᠤᠯᠢ ᠪᠠᠷᠢᠬᠤ ᠪᠠᠢᠭᠤᠯᠭ᠎ᠠ᠎ᠳᠤ ᠱᠢᠯᠵᠢᠭᠦᠯᠦᠨ ᠬᠦᠷᠭᠡᠵᠦ᠍ ᠬᠠᠤᠯᠢ ᠶᠣᠰᠣᠭᠠᠷ ᠱᠢᠶ᠋ᠳᠪᠦᠷᠢᠯᠡᠭᠦᠯᠪᠡ᠃
5. ᠲᠦᠩᠯᠢᠶᠣᠤ ᠬᠣᠲᠠ᠎ᠶ᠋ᠢᠨ ᠡᠳ᠋᠎ᠦᠨ ᠵᠠᠰᠠᠭ᠎ᠤᠨ ᠪᠠᠯᠠ ᠣᠷᠣᠭᠤᠯᠤᠯᠲᠠ᠎ᠶ᠋ᠢ ᠬᠢᠨᠠᠨ ᠲᠣᠭ᠍ᠲᠠᠭᠠᠬᠤ ᠮᠡᠷᠭᠡᠵᠢᠯ᠎ᠦᠨ ᠦᠶ᠋ᠯᠡᠴᠢᠯᠡᠭᠡᠨ᠎ᠦ ᠲᠥᠪ᠎ᠦᠨ ᠤᠤᠯ᠎ᠤᠨ ᠶᠡᠷᠦᠩᠬᠡᠶ ᠢᠨᠵᠧᠨᠧᠷ᠂ ᠡᠷᠬᠢᠯᠡᠭ᠌ᠴᠢ ᠠᠵᠢᠯᠲᠠᠨ ᠯᠢᠦ ᠯᠢ ᠱᠢᠨ᠎ᠦ ᠠᠵᠢᠯ᠎ᠢᠶᠠᠨ ᠥᠯᠥ᠍ ᠬᠢᠵᠦ᠍᠂ ᠠᠵᠢᠯ᠎ᠢᠶᠠᠨ ᠤᠳᠠᠭᠠᠱᠢᠷᠠᠭᠤᠯᠵᠤ᠂ ᠮᠠᠭᠤ ᠨᠥᠯᠥᠭᠡ ᠭᠠᠷᠭᠠᠭ᠍ᠰᠠᠨ ᠠᠰᠠᠭᠤᠳᠠᠯ᠃ ᠯᠢᠦ ᠯᠢ ᠱᠢᠨ ᠨᠢᠭᠡᠨ ᠺᠣᠮᠫᠠᠨᠢ᠎ᠶ᠋ᠢᠨ ᠳᠠᠭᠠᠭᠠᠴᠢᠯᠠᠯᠲᠠ ᠣᠯᠤᠭ᠍ᠰᠠᠨ ᠦᠢᠯᠡᠴᠢᠯᠡᠭᠡᠨ᠎ᠦ ᠵᠠᠷᠤᠳᠠᠯ᠎ᠢ ᠬᠢᠨᠠᠨ ᠲᠣᠭ᠍ᠲᠠᠭᠠᠬᠤ ᠠᠵᠢᠯ᠎ᠤᠨ ᠳᠤᠮᠳᠠ ᠮᠠᠷᠭᠤᠭᠠᠨ᠎ᠲᠠᠶ ᠤᠴᠢᠷ ᠶᠠᠪᠤᠳᠠᠯ ᠲᠣᠬᠢᠶᠠᠯᠳᠤᠬᠤ᠎ᠳᠤ ᠰᠠᠨᠠᠭᠠᠴᠢᠯᠠᠭ᠎ᠠ᠎ᠠᠴᠠ᠎ᠪᠠᠨ ᠠᠵᠤ ᠠᠬᠤᠢᠯᠠᠯ᠎ᠲᠠᠶ ᠨᠡᠪᠲᠡᠷᠡᠯᠴᠡᠬᠦ᠌ ᠦᠭᠡᠢ᠂ ᠳᠡᠭᠡᠳᠦ ᠱᠠᠲᠤᠨ᠎ᠳᠠᠭᠠᠨ ᠢᠳᠡᠪᠬᠢᠲᠡᠢ ᠬᠠᠷᠢᠭᠤ ᠮᠡᠳᠡᠭᠦᠯᠬᠦ᠌ ᠦᠭᠡᠢ᠂ ᠠᠵᠤ ᠠᠬᠤᠢᠯᠠᠯ᠎ᠤᠨ ᠵᠦᠢ ᠶᠣᠰᠣᠨ᠎ᠤ ᠬᠦᠰᠡᠯ ᠱᠠᠭᠠᠷᠳᠠᠯᠭ᠎ᠠ᠎ᠶ᠋ᠢ ᠣᠢᠱᠢᠶᠠᠬᠤ ᠦᠭᠡᠢ ᠪᠠᠢᠵᠤ᠂ ᠮᠠᠭᠤ ᠨᠥᠯᠥᠭᠡ ᠭᠠᠷᠭᠠᠪᠠ᠃ ᠯᠢᠦ ᠯᠢ ᠱᠢᠨ ᠵᠠᠰᠠᠭ᠎ᠤᠨ ᠶᠠᠪᠤᠳᠠᠯ᠎ᠤᠨ ᠶᠡᠬᠡ ᠣᠰᠣᠯ ᠲᠡᠮᠳᠡᠭ᠌ᠯᠡᠬᠦ᠌ ᠱᠢᠢᠳᠭᠡᠯ ᠤᠯᠪᠠ᠃
6. ᠤᠯᠠᠭᠠᠨᠬᠠᠳᠠ ᠬᠣᠲᠠ᠎ᠶ᠋ᠢᠨ ᠰᠦᠩᠱᠠᠨ ᠲᠣᠭᠣᠷᠢᠭ᠎ᠤᠨ ᠠᠷᠠᠳ᠎ᠤᠨ ᠪᠠᠢᠴᠠᠭᠠᠬᠤ ᠬᠣᠷᠢᠶᠠᠨ᠎ᠤ ᠤᠤᠯ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠪᠠᠢᠴᠠᠭᠠᠬᠤ ᠳᠠᠷᠤᠭ᠎ᠠ ᠫᠠᠨ ᠰᠢ ᠯᠦᠩ᠎ᠤᠨ ᠡᠷᠬᠡ ᠲᠤᠱᠢᠶᠠᠯ᠎ᠢᠶᠠᠨ ᠠᠱᠢᠭ᠍ᠯᠠᠨ ᠲᠥᠷᠥᠯ ᠰᠠᠳᠤᠨ᠎ᠳᠠᠭᠠᠨ ᠠᠱᠢᠭ ᠣᠯᠭᠣᠵᠤ᠂ ᠪᠤᠰᠤᠳ᠎ᠤᠨ ᠵᠣᠭᠣᠰ ᠮᠥᠩᠭᠥ᠌ ᠡᠳ᠋ ᠪᠣᠳᠠᠰ᠎ᠢ ᠭᠥᠯᠢᠶᠡᠨ ᠠᠪᠤᠭ᠍ᠰᠠᠨ ᠵᠡᠷᠭᠡ ᠠᠰᠠᠭᠤᠳᠠᠯ᠃ ᠫᠠᠨ ᠰᠢ ᠯᠦᠩ ᠵᠢᠭᠡ ᠬᠦᠦ ᠵᠠᠩ ᠣᠪᠣᠭ᠍ᠲᠤ᠎ᠶ᠋ᠢᠨ ᠵᠢᠡᠨ ᠨᠠᠢᠳᠠᠯᠭ᠎ᠠ ᠪᠠᠷ᠂ ᠲᠤᠱᠢᠶᠠᠯ ᠡᠭᠦᠷᠭᠡᠯᠡᠵᠦ᠍ ᠪᠠᠢᠭ᠎ᠠ ᠪᠠᠢᠭᠤᠯᠭ᠎ᠠ᠎ᠶ᠋ᠢᠨ ᠨᠢᠭᠡᠨ ᠶᠡᠷᠦᠩᠬᠡᠢᠯᠡᠭ᠌ᠰᠡᠨ ᠠᠰᠠᠷ᠎ᠤᠨ ᠦᠨᠳᠦᠰᠦᠨ ᠪᠦᠲᠦᠭᠡᠨ ᠪᠠᠢᠭᠤᠯᠤᠯᠲᠠ᠎ᠶ᠋ᠢᠨ ᠪᠠᠷᠢᠯᠭ᠎ᠠ᠎ᠶ᠋ᠢ ᠪᠠᠷᠢᠯᠭ᠎ᠠ ᠪᠠᠷᠢᠬᠤ ᠬᠢᠷᠢ ᠬᠡᠮ ᠦᠭᠡᠢ ᠵᠠᠩ ᠣᠪᠣᠭ᠍ᠲᠤ᠎ᠳᠤ ᠲᠤᠱᠢᠶᠠᠨ ᠥᠭ᠌ᠴᠦ ᠳᠠᠭᠠᠭᠠᠴᠢᠯᠠᠭᠤᠯᠤᠨ ᠪᠠᠢᠭᠤᠯᠪᠠ; ᠪᠠᠷᠢᠯᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠳᠤᠮᠳᠠ᠂ ᠲᠤᠱᠢᠶᠠᠯ᠎ᠤᠨ ᠳᠥᠭᠥᠮ᠎ᠢᠶᠡᠨ ᠤᠯᠠᠮ ᠴᠢᠨᠠᠭᠰᠢᠳᠠ ᠠᠱᠢᠭ᠍ᠯᠠᠨ ᠪᠤᠰᠤᠳ᠎ᠲᠤ ᠠᠱᠢᠭ ᠣᠯᠭᠣᠵᠤ᠂ ᠨᠢᠭᠡᠨ ᠺᠣᠮᠫᠠᠨᠢ ᠪᠣᠯᠤᠨ ᠨᠢᠭᠡᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ᠎ᠤ ᠵᠣᠭᠣᠰ᠎ᠢ ᠬᠠᠤᠯᠢ ᠪᠤᠰᠤ᠎ᠪᠠᠷ ᠬᠦᠯᠢᠶᠡᠨ ᠠᠪᠤᠪᠠ᠃ ᠫᠠᠨ ᠰᠢ ᠯᠦᠩ ᠨᠠᠮ᠎ᠠᠴᠠ ᠬᠥᠭᠡᠭᠡᠬᠦ᠌ ᠱᠢᠢᠳᠭᠡᠯ ᠣᠯᠵᠤ᠂ ᠲᠡᠭᠦᠨ᠎ᠦ ᠠᠵᠢᠯ᠎ᠠᠴᠠ᠎ᠪᠠᠨ ᠠᠮᠠᠷᠠᠭ᠍ᠰᠠᠨ ᠬᠠᠷᠠᠭᠠᠯᠵᠠᠯ᠎ᠢ ᠲᠣᠭ᠍ᠲᠠᠭᠠᠯ ᠶᠣᠰᠣᠭᠠᠷ ᠬᠦᠴᠦᠨ ᠥᠬᠡᠶ ᠪᠣᠯᠭᠠᠵᠤ᠂ ᠶᠠᠯ᠎ᠠ ᠬᠢᠭ᠌ᠰᠡᠨ ᠰᠡᠵᠢᠭ᠌ᠯᠡᠯᠲᠡᠶ ᠠᠰᠠᠭᠤᠳᠠᠯ᠎ᠢ ᠬᠠᠤᠯᠢ ᠪᠠᠷᠢᠬᠤ ᠪᠠᠢᠭᠤᠯᠭ᠎ᠠ᠎ᠳᠤ ᠱᠢᠯᠵᠢᠭᠦᠯᠦᠨ ᠬᠦᠷᠭᠡᠵᠦ᠍ ᠬᠠᠤᠯᠢ ᠶᠣᠰᠣᠭᠠᠷ ᠱᠢᠶ᠋ᠳᠪᠦᠷᠢᠯᠡᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃