ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-04-13 09:34:28

ᠵᠣᠬᠢᠶᠠᠭ᠍ᠴᠢ᠄ ᠪᠢᠶᠠᠨ ᠵᠶ᠋ᠢ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠣᠢᠷ᠎ᠠ᠎ᠳᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠬᠣᠬᠢᠷᠠᠭᠤᠯᠤᠭ᠍ᠰᠠᠨ ᠨᠡᠢᠲᠡᠯᠢᠭ ᠬᠡᠷᠡᠭ ᠤ᠋ᠨ ᠵᠢᠱ᠌ᠢᠶ᠎ᠡ᠎ᠶ᠋ᠢ ᠵᠠᠷᠯᠠᠨ ᠨᠡᠢᠳᠡᠯᠡᠪᠡ᠃

10. ᠪᠠᠶᠠᠨᠨᠠᠭᠤᠷ ᠬᠣᠲᠠ ᠵᠢᠨ ᠤᠷᠠᠳ ᠤ᠋ᠨ ᠳᠤᠮᠳᠠᠳᠤ ᠬᠣᠱᠢᠭᠤᠨ ᠤ᠋ ᠤᠰᠤᠨ ᠠᠱᠢᠭ᠍ᠯᠠᠯᠲᠠ ᠵᠢᠨ ᠲᠣᠪᠴᠢᠶᠠᠨ᠎ᠤ ᠳᠡᠳ᠋ ᠳᠠᠷᠤᠭ᠎ᠠ ᠵᠢᠶᠠ ᠽᠢ ᠶᠢᠩ ᠎ᠤᠨ ᠲᠣᠭ᠍ᠲᠠᠭᠠᠯ ᠡᠴᠡ ᠵᠥᠷᠢᠴᠡᠨ ᠬᠠᠮᠢᠶᠠᠷᠤᠯᠲᠠ ᠦᠶ᠋ᠯᠡᠴᠢᠯᠡᠭᠡᠨ᠎ᠦ ᠡᠲᠡᠭᠡᠳ ᠤ᠋ᠨ ᠳᠠᠢᠯᠠᠯᠭ᠎ᠠ᠎ᠶ᠋ᠢ ᠭᠥᠯᠢᠶᠡᠨ ᠠᠪᠴᠤ᠌ ᠵᠠᠰᠠᠭ ᠤ᠋ᠨ ᠣᠷᠳᠣᠨ ᠪᠠ ᠬᠤᠳᠠᠯᠳᠤᠭᠠᠴᠢᠨ ᠤ᠋ ᠬᠤᠭᠤᠷᠤᠨᠳᠤᠬᠢ ᠳᠣᠲᠣᠨᠣ ᠴᠢᠬᠡᠴᠢ ᠬᠠᠷᠢᠴᠠᠭ᠎ᠠ᠎ᠶ᠋ᠢ ᠬᠣᠬᠢᠷᠠᠭᠤᠯᠤᠭ᠍ᠰᠠᠨ ᠠᠰᠠᠭᠤᠳᠠᠯ᠃ ᠵᠢᠶᠠ ᠽᠢ ᠶᠢᠩ ᠤᠰᠤᠨ ᠠᠱᠢᠭ᠍ᠯᠠᠯᠲᠠ ᠵᠢᠨ ᠲᠣᠪᠴᠢᠶᠠᠨ ᠤ᠋ ᠨᠢᠭᠡᠨ ᠪᠠᠷᠢᠯᠭ᠎ᠠ ᠵᠢᠨ ᠲᠥᠷᠥᠯ ᠵᠦᠶ᠋ᠯ ᠤ᠋ᠨ ᠬᠠᠷᠢᠭᠤᠴᠠᠯᠭᠠᠲᠠᠨ ᠪᠣᠯᠤᠭ᠍ᠰᠠᠨ ᠤ᠋ ᠬᠤᠪᠢ᠎ᠳᠤ᠂ ᠲᠥᠷᠥᠯ ᠵᠦᠶ᠋ᠯ ᠢ᠋ ᠬᠢᠨᠠᠨ ᠬᠠᠮᠢᠶᠠᠷᠬᠤ ᠬᠤᠭᠤᠴᠠᠭᠠᠨ᠎ᠳᠤ᠂ ᠣᠯᠠᠨ ᠤᠳᠠᠭ᠎ᠠ ᠲᠣᠭ᠍ᠲᠠᠭᠠᠯ ᠡᠴᠡ ᠵᠥᠷᠢᠴᠡᠨ ᠪᠠᠷᠢᠯᠭ᠎ᠠ ᠵᠢᠨ ᠨᠢᠭᠡᠴᠢ ᠵᠢᠨ ᠠᠯᠪᠠᠨ ᠶᠠᠪᠤᠳᠠᠯ ᠢ᠋ ᠭᠤᠤᠯᠴᠢ ᠪᠡᠷ ᠭᠦᠶ᠋ᠴᠡᠳᠭᠡᠬᠦ ᠵᠢ ᠨᠥᠯᠥᠭᠡᠯᠡᠵᠦ᠍ ᠮᠡᠳᠡᠬᠦ᠌ ᠳᠠᠢᠯᠠᠯᠭ᠎ᠠ᠎ᠶ᠋ᠢ ᠭᠥᠯᠢᠶᠡᠨ ᠠᠪᠴᠤ᠌᠂ ᠨᠠᠮ ᠤ᠋ᠨ ᠭᠡᠱᠢᠭᠦᠨ ᠺᠠᠳ᠋ᠷ ᠤ᠋ᠨ ᠳᠦᠷᠢ ᠲᠥᠷᠬᠦ᠌ ᠪᠠ ᠵᠠᠰᠠᠭ ᠤ᠋ᠨ ᠣᠷᠳᠣᠨ ᠬᠤᠳᠠᠯᠳᠤᠭᠠᠴᠢᠨ ᠤ᠋ ᠬᠤᠭᠤᠷᠤᠨᠳᠤᠬᠢ ᠳᠣᠲᠣᠨᠣ ᠴᠢᠬᠡᠴᠢ ᠬᠠᠷᠢᠴᠠᠭ᠎ᠠ᠎ᠶ᠋ᠢ ᠬᠣᠬᠢᠷᠠᠭᠤᠯᠪᠠ᠃ ᠵᠢᠶᠠ ᠽᠢ ᠶᠢᠩ ᠨᠠᠮ ᠤ᠋ᠨ ᠳᠣᠲᠣᠭᠠᠳᠤ᠎ᠳᠤ ᠳᠣᠩᠭᠣᠳᠭᠤ ᠱᠢᠢᠳᠭᠡᠯ ᠤᠯᠪᠠ᠃

11. ᠦᠬᠠᠶ ᠬᠣᠲᠠ ᠵᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠵᠢᠨ ᠤᠤᠯ ᠤ᠋ᠨ ᠨᠢᠭᠡᠳᠦᠭᠡᠷ ᠳᠡᠰ ᠤ᠋ᠨ ᠳᠡᠭᠡᠳᠦ ᠵᠡᠷᠭᠡ ᠵᠢᠨ ᠴᠠᠭ᠍ᠳᠠᠭᠠᠨ ᠳᠠᠷᠤᠭ᠎ᠠ ᠵᠢᠶᠠ ᠵᠢᠶᠧ ᠵᠢᠨ ᠲᠣᠭ᠍ᠲᠠᠭᠠᠯ ᠡᠴᠡ ᠵᠥᠷᠢᠴᠡᠨ ᠪᠤᠰᠤᠳ ᠎ᠬᠦᠮᠤᠨ᠎ᠤ᠋ ᠪᠠᠷᠢᠯᠭ᠎ᠠ ᠵᠢᠨ ᠲᠥᠷᠥᠯ ᠵᠦᠶ᠋ᠯ ᠳᠠᠭᠠᠭᠠᠴᠢᠯᠠᠬᠤ᠂ ᠪᠠᠷᠢᠯᠭ᠎ᠠ ᠵᠢᠨ ᠵᠣᠭᠣᠰ ᠢ᠋ ᠱᠢᠯᠵᠢᠭᠦᠯᠦᠨ ᠥᠭ᠌ᠬᠦ ᠵᠡᠷᠭᠡ ᠲᠠᠯ᠎ᠠ ᠪᠡᠷ ᠬᠠᠪᠰᠤᠷᠤᠯᠭ᠎ᠠ ᠦᠵᠡᠭᠦᠯᠦᠭ᠌ᠰᠡᠨ ᠪᠥᠭᠡᠳ ᠲᠣᠭ᠍ᠲᠠᠭᠠᠯ ᠡᠴᠡ ᠵᠥᠷᠢᠴᠡᠨ ᠠᠱᠢᠭ ᠣᠯᠵᠠᠪᠤᠷᠢ ᠵᠢᠨ ᠴᠢᠨᠠᠷᠲᠠᠶ ᠠᠵᠢᠯᠯᠠᠭ᠎ᠠ ᠬᠢᠭ᠌ᠰᠡᠨ ᠵᠡᠷᠭᠡ ᠠᠰᠠᠭᠤᠳᠠᠯ᠃ ᠵᠢᠶᠠ ᠵᠢᠶᠧ ᠦᠬᠠᠶ ᠬᠣᠲᠠ ᠵᠢᠨ ᠬᠠᠤᠯᠢ ᠴᠠᠭᠠᠵᠠ ᠵᠢᠨ ᠲᠣᠪᠴᠢᠶᠠᠨ᠎ᠤ ᠳᠡᠳ᠋ ᠳᠠᠷᠤᠭ᠎ᠠ᠂ ᠬᠣᠲᠠ ᠵᠢᠨ ᠬᠥᠳᠡᠯᠮᠦᠷᠢ᠎ᠪᠡᠷ ᠵᠠᠰᠠᠨ ᠬᠥᠮᠦᠵᠢᠭᠦᠯᠬᠦ᠌ ᠬᠠᠮᠢᠶᠠᠷᠤᠯᠲᠠ ᠵᠢᠨ ᠭᠠᠵᠠᠷ ᠤ᠋ᠨ ᠳᠠᠷᠤᠭ᠎ᠠ᠂ ᠬᠣᠲᠠ ᠵᠢᠨ ᠠᠯᠪᠠᠳᠠᠯᠭ᠎ᠠ ᠪᠡᠷ ᠲᠤᠰᠠᠭᠠᠷᠯᠠᠵᠤ ᠬᠤᠤᠷ ᠲᠠᠲᠠᠬᠤ᠎ᠶ᠋ᠢ ᠵᠣᠭ᠍ᠰᠣᠭᠠᠬᠤ ᠭᠠᠵᠠᠷ ᠤ᠋ᠨ ᠳᠠᠷᠤᠭ᠎ᠠ ᠵᠢᠨ ᠲᠤᠱᠢᠶᠠᠯ ᠢ᠋ ᠡᠭᠦᠷᠭᠡᠯᠡᠵᠦ᠍ ᠪᠠᠢᠬᠤ ᠬᠤᠭᠤᠴᠠᠭᠠᠨ᠎ᠳᠠᠭᠠᠨ᠂ ᠲᠤᠱᠢᠶᠠᠯ ᠤ᠋ᠨ ᠎ᠶ᠋ᠢᠡᠨ ᠲᠥᠬᠥᠮ ᠎ᠢ ᠠᠱᠢᠭ᠍ᠯᠠᠨ ᠪᠠᠷᠢᠯᠭ᠎ᠠ ᠵᠢᠨ ᠲᠥᠷᠥᠯ ᠵᠦᠶ᠋ᠯ ᠳᠠᠭᠠᠭᠠᠴᠢᠯᠠᠬᠤ᠂ ᠪᠠᠷᠢᠯᠭ᠎ᠠ ᠵᠢᠨ ᠵᠣᠭᠣᠰ ᠢ᠋ ᠱᠢᠯᠵᠢᠭᠦᠯᠦᠨ ᠥᠭ᠌ᠬᠦ ᠵᠡᠷᠭᠡ ᠲᠠᠯ᠎ᠠ ᠪᠡᠷ ᠪᠤᠰᠤᠳ᠎ᠲᠤ ᠠᠱᠢᠭ ᠣᠯᠭᠣᠭ᠍ᠰᠠᠨ ᠪᠥᠭᠡᠳ ᠡᠳ᠋ ᠪᠣᠳᠠᠰ ᠭᠥᠯᠢᠶᠡᠨ ᠠᠪᠴᠠᠶ᠃ ᠡᠭᠦᠨ᠎ᠦ ᠬᠠᠮᠲᠤ᠂ ᠪᠠᠰᠠ ᠬᠤᠪᠢ ᠬᠥᠮᠦᠨ ᠡᠴᠡ ᠰᠠᠨᠠᠭᠠᠴᠢᠯᠠᠭ᠎ᠠ ᠡᠴᠡ ᠪᠡᠨ ᠶᠠᠮᠠᠷ ᠨᠢᠭᠡᠨ ᠠᠵᠤ ᠠᠬᠤᠢᠯᠠᠯ᠂ ᠶᠠᠮᠠᠷ ᠨᠢᠭᠡᠨ ᠬᠤᠪᠢ᠎ᠵᠢᠨ ᠡᠷᠦᠬᠡ ᠳ᠋ᠦ ᠵᠢᠭᠡᠯᠡᠯᠭᠡ ᠲᠠᠯᠪᠢᠵᠤ᠂ ᠶᠡᠬᠡ ᠲᠣᠭᠠᠨ ᠤ᠋ ᠬᠠᠷᠢᠭᠤ ᠠᠱᠢᠭ ᠣᠯᠤᠭᠰᠠᠨ ᠵᠡᠷᠭᠡ ᠬᠠᠤᠯᠢ ᠡᠴᠡ ᠵᠥᠷᠢᠴᠡᠭ᠌ᠰᠡᠨ ᠦᠢᠯᠡ ᠠᠵᠢᠯᠯᠠᠭ᠎ᠠ ᠲᠠᠢ ᠪᠠᠢᠨ᠎ᠠ᠃ ᠵᠢᠶᠠ ᠵᠢᠶᠧ ᠨᠠᠮ ᠡᠴᠡ ᠬᠥᠭᠡᠭᠡᠬᠦ᠌᠂ ᠠᠵᠢᠯ ᠡᠴᠡ ᠨᠢ ᠬᠥᠭᠡᠭᠡᠬᠦ᠌ ᠱᠢᠢᠳᠭᠡᠯ ᠣᠯᠵᠤ᠂ ᠶᠠᠯ᠎ᠠ ᠬᠢᠭ᠌ᠰᠡᠨ᠎ᠵᠢᠡᠷ ᠰᠡᠵᠢᠭ᠌ᠯᠡᠭᠳᠡᠭᠰᠡᠨ ᠠᠰᠠᠭᠤᠳᠠᠯ ᠢ᠋ ᠨᠢ ᠬᠠᠤᠯᠢ ᠴᠠᠭᠠᠵᠠ᠎ᠵᠢᠨ ᠪᠠᠢᠭᠤᠯᠭ᠎ᠠ᠎ᠳᠤ ᠱᠢᠯᠵᠢᠭᠦᠯᠦᠨ ᠬᠦᠷᠭᠡᠵᠦ᠍ ᠬᠠᠤᠯᠢ ᠶᠣᠰᠣᠭᠠᠷ ᠱᠢᠶ᠋ᠳᠪᠦᠷᠢᠯᠡᠭᠦᠯᠪᠡ᠃

12. ᠠᠯᠠᠱᠠ ᠠᠢᠮᠠᠭ ᠤ᠋ᠨ ᠬᠠᠩᠭᠠᠨ ᠪᠣᠷᠣᠯᠠᠭᠤᠯᠬᠤ ᠬᠣᠷᠱᠢᠶ᠎ᠠ ᠵᠢᠨ ᠤᠤᠯ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠡᠷᠬᠢᠯᠡᠭ᠌ᠴᠢ ᠸᠠᠩ ᠳ᠋ᠢᠶᠠᠨ ᠶᠢᠩ ᠎ᠤᠨ ᠡᠭᠦᠷᠭᠡ ᠬᠠᠷᠢᠭᠤᠴᠠᠯᠭ᠎ᠠ ᠪᠡᠨ ᠵᠥᠪ ᠭᠦᠶ᠋ᠴᠡᠳᠭᠡᠭ᠌ᠰᠡᠨ ᠥᠬᠡᠶ᠂ ᠪᠤᠰᠤᠳ ᠬᠥᠮᠦᠨ ᠳ᠋ᠦ ᠲᠣᠭ᠍ᠲᠠᠭᠠᠯ ᠡᠴᠡ ᠵᠥᠷᠢᠴᠡᠨ ᠠᠱᠢᠭ ᠣᠯᠭᠣᠭ᠍ᠰᠠᠨ ᠠᠰᠠᠭᠤᠳᠠᠯ᠃ ᠸᠠᠩ ᠳ᠋ᠢᠶᠠᠨ ᠶᠢᠩ ᠠᠯᠠᠱᠠ ᠪᠠᠷᠠᠭᠤᠨ ᠬᠣᠱᠢᠭᠤᠨ ᠤ᠋ ᠨᠠᠮ ᠤ᠋ᠨ ᠬᠣᠷᠢᠶᠠᠨ ᠤ᠋ ᠭᠡᠱᠢᠭᠦᠨ᠂ ᠪᠠᠢᠩᠭᠤ ᠵᠢᠨ ᠭᠡᠱᠢᠭᠦᠨ᠂ ᠳᠡᠳ᠋ ᠱᠦᠵᠢ᠂ ᠳᠡᠳ᠋ ᠬᠣᠱᠢᠭᠤᠨ ᠳᠠᠷᠤᠭ᠎ᠠ ᠵᠢᠴᠢ ᠠᠯᠠᠱᠠ ᠠᠢᠮᠠᠭ ᠤ᠋ᠨ ᠬᠠᠩᠭᠠᠨ ᠪᠣᠷᠣᠯᠠᠭᠤᠯᠬᠤ ᠬᠣᠷᠱᠢᠶ᠎ᠠ ᠵᠢᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠡᠷᠬᠢᠯᠡᠭ᠌ᠴᠢ ᠵᠢᠨ ᠲᠤᠱᠢᠶᠠᠯ ᠢ᠋ ᠡᠭᠦᠷᠭᠡᠯᠡᠵᠦ᠍ ᠪᠠᠢᠬᠤ ᠬᠤᠭᠤᠴᠠᠭᠠᠨ᠎ᠳᠠᠭᠠᠨ᠂ ᠲᠤᠱᠢᠶᠠᠯ ᠤ᠋ᠨ᠎ᠶ᠋ᠢᠡᠨ ᠲᠥᠬᠥᠮ᠎ᠢ ᠠᠱᠢᠭ᠍ᠯᠠᠨ ᠲᠣᠭ᠍ᠲᠠᠭᠠᠯ ᠡᠴᠡ ᠵᠥᠷᠢᠴᠡᠨ ᠪᠤᠰᠤᠳ ᠬᠥᠮᠦᠨ᠎ᠦ ᠠᠵᠤ ᠠᠬᠤᠢᠯᠠᠯ ᠤ᠋ᠨ ᠬᠤᠳᠠᠯᠳᠤᠨ ᠠᠪᠬᠤ᠂ ᠠᠭᠤᠷᠬᠠᠶ ᠬᠠᠢᠬᠤ ᠡᠷᠬᠡ᠎ᠶ᠋ᠢ ᠬᠢᠨᠠᠨ ᠵᠥᠪᠱᠢᠶᠡᠷᠡᠬᠦ᠌᠂ ᠪᠠᠷᠢᠯᠭ᠎ᠠ᠎ᠶ᠋ᠢ ᠳᠠᠭᠠᠭᠠᠴᠢᠯᠠᠬᠤ ᠵᠡᠷᠭᠡ ᠲᠠᠯ᠎ᠠ ᠪᠡᠷ ᠬᠠᠪᠰᠤᠷᠤᠯᠭ᠎ᠠ ᠦᠵᠡᠭᠦᠯᠵᠦ᠍᠂ ᠠᠯᠠᠱᠠ ᠠᠢᠮᠠᠭ ᠤ᠋ᠨ ᠬᠠᠩᠭᠠᠨ ᠪᠣᠷᠣᠯᠠᠭᠤᠯᠬᠤ ᠬᠣᠷᠱᠢᠶ᠎ᠠ ᠵᠢᠨ ᠠᠵᠤ ᠠᠬᠤᠢᠯᠠᠯ ᠤ᠋ᠨ ᠶᠡᠷᠦᠩᠬᠡᠶ ᠺᠣᠮᠫᠠᠨᠢ ᠵᠢᠨ ᠨᠡᠷ᠎ᠡ᠎ᠪᠡᠷ ᠭᠤᠶᠤᠴᠢᠯᠠᠨ ᠮᠡᠳᠡᠭᠦᠯᠬᠦ᠌ ᠨᠥᠬᠥᠴᠡᠯ ᠢ᠋ ᠪᠦᠷᠢᠯᠳᠦᠭᠦᠯᠦᠭ᠌ᠰᠡᠨ ᠥᠬᠡᠶ ᠣᠯᠠᠨ ᠠᠵᠤ ᠠᠬᠤᠢᠯᠠᠯ᠎ᠤ᠋ᠨ ᠬᠠᠤᠯᠢ ᠵᠢᠨ ᠡᠷᠬᠡᠲᠡᠨ ᠢ᠋ ᠬᠠᠪᠰᠤᠷᠤᠨ ᠲᠣᠭ᠍ᠲᠠᠭᠠᠯ ᠡᠴᠡ ᠵᠥᠷᠢᠴᠡᠨ ᠵᠠᠰᠠᠭ ᠤ᠋ᠨ ᠣᠷᠳᠣᠨ ᠤ᠋ ᠨᠥᠬᠥᠪᠥᠷᠢ ᠵᠢᠨ ᠲᠥᠷᠥᠯ ᠵᠦᠶ᠋ᠯ ᠤ᠋ᠨ ᠪᠠᠯᠠ ᠮᠥᠩᠭᠥ᠌ ᠣᠯᠭᠤᠵᠤ᠂ ᠪᠤᠰᠤᠳ᠎ᠤᠨ ᠵᠣᠭᠣᠰ ᠢ᠋ ᠬᠠᠤᠯᠢ ᠪᠤᠰᠤ ᠪᠡᠷ ᠭᠥᠯᠢᠶᠡᠨ ᠠᠪᠴᠠᠶ᠃ ᠸᠠᠩ ᠳ᠋ᠢᠶᠠᠨ ᠶᠢᠩ ᠨᠠᠮ ᠡᠴᠡ ᠬᠥᠭᠡᠭᠡᠬᠦ᠌ ᠱᠢᠢᠳᠭᠡᠯ ᠣᠯᠵᠤ᠂ ᠲᠡᠭᠦᠨ᠎ᠦ ᠠᠵᠢᠯ ᠡᠴᠡ ᠪᠡᠨ ᠠᠮᠠᠷᠠᠭ᠍ᠰᠠᠨ ᠬᠠᠷᠠᠭᠠᠯᠵᠠᠯ ᠢ᠋ ᠨᠢ ᠲᠣᠭ᠍ᠲᠠᠭᠠᠯ ᠶᠣᠰᠣᠭᠠᠷ ᠬᠦᠴᠦᠨ ᠥᠬᠡᠶ ᠪᠣᠯᠭᠠᠵᠤ᠂ ᠶᠠᠯ᠎ᠠ ᠬᠢᠭ᠌ᠰᠡᠨ᠎ᠵᠢᠡᠷ ᠰᠡᠵᠢᠭ᠌ᠯᠡᠭᠳᠡᠭᠰᠡᠨ ᠠᠰᠠᠭᠤᠳᠠᠯ ᠢ᠋ ᠨᠢ ᠬᠠᠤᠯᠢ ᠴᠠᠭᠠᠵᠠ᠎ᠵᠢᠨ ᠪᠠᠢᠭᠤᠯᠭ᠎ᠠ᠎ᠳᠤ ᠱᠢᠯᠵᠢᠭᠦᠯᠦᠨ ᠬᠦᠷᠭᠡᠵᠦ᠍ ᠬᠠᠤᠯᠢ ᠶᠣᠰᠣᠭᠠᠷ ᠱᠢᠶ᠋ᠳᠪᠦᠷᠢᠯᠡᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面