ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-04-15 09:17:11

ᠵᠣᠬᠢᠶᠠᠭ᠍ᠴᠢ᠄ ᠸᠠᠩ ᠲᠠᠨ᠎ᠠ ᠣᠩᠱᠢᠭ᠍ᠰᠠᠨ ᠣᠳᠠᠭ᠎ᠠ᠄ 3

ᠤᠢᠷ᠎ᠡ᠎ᠳᠦ᠂ ᠤᠯᠠᠭᠠᠨᠬᠠᠳᠠ ᠬᠣᠲᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ 《ᠤᠯᠠᠭᠠᠨᠬᠠᠳᠠ ᠬᠣᠲᠠ᠎ᠶ᠋ᠢᠨ ᠬᠠᠮᠤᠭ᠎ᠤᠨ ᠱᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠬᠤ ᠠᠵᠢᠯᠯᠠᠭ᠎ᠠ᠎ᠶ᠋ᠢᠨ ᠲᠥᠰᠦᠯ》 ᠳ᠋ᠤ ᠨᠠᠷᠢᠨ ᠲᠠᠢᠯᠤᠮᠵᠢ ᠬᠢᠪᠠ᠃ 10 ᠠᠩᠬᠠᠷᠤᠯ᠎ᠤᠨ ᠲᠥᠪ᠂ 100ᠠᠷᠭ᠎ᠠ ᠭᠡᠮᠵᠢᠶ᠎ᠡ᠂ ᠬᠣᠯᠪᠣᠭ᠍ᠳᠠᠭᠰᠠᠨ ᠭᠡᠪᠴᠢᠶ᠎ᠡ᠂ ᠥᠭᠡᠷᠡᠴᠢᠯᠡᠯᠲᠡ᠎ᠶ᠋ᠢᠨ ᠡᠷᠴᠢᠮ᠎ᠤᠨ ᠲᠡᠯ᠎ᠡ ᠪᠡᠷ ᠴᠦᠮ ᠰᠢᠨ᠎ᠠ ᠲᠡᠪᠡᠯᠳᠡ ᠲᠡᠢ ᠪᠠᠢᠵᠤ᠂ ᠤᠯᠠᠭᠠᠨᠬᠠᠳᠠ ᠬᠣᠲᠠ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠪᠣᠶ ᠪᠣᠯᠭᠠᠬᠤ᠎ᠳᠤ ᠪᠣᠳᠠᠲᠠᠶ ᠠᠷᠭ᠎ᠠ ᠵᠠᠮ ᠭᠠᠷᠭᠠᠨ ᠦᠭᠴᠡᠢ᠃

ᠣᠢᠯᠠᠭᠠᠭ᠍ᠰᠠᠨ᠎ᠢᠶᠠᠷ᠂ ᠡᠨᠡ ᠬᠦ᠌ 100 ᠠᠷᠭ᠎ᠠ ᠬᠡᠮᠵᠢᠶ᠎ᠡ ᠵᠢ ᠪᠣᠯ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌ ᠬᠠᠮᠤᠭ᠎ᠤᠨ ᠱᠢᠨ᠎ᠡ ᠥᠭᠡᠷᠡᠴᠢᠯᠡᠯᠲᠡ᠎ᠶ᠋ᠢᠨ ᠵᠣᠷᠢᠭ ᠰᠠᠨᠠᠭ᠎ᠠ᠎ᠶ᠋ᠢ ᠭᠦᠢᠴᠡᠳ ᠲᠤᠭᠤᠰᠢᠯᠠᠭᠤᠯᠬᠤ ᠵᠢ ᠴᠢᠩᠭ᠎ᠠ ᠪᠠᠷᠢᠮᠳᠠᠯᠠᠨ᠂ 《ᠬᠤᠳᠠᠯᠳᠤᠭ᠎ᠠ ᠡᠷᠭᠢᠯᠡᠬᠦ᠌ ᠣᠷᠴᠢᠨ ᠨᠦᠭᠦᠴᠡᠯ ᠎ᠢ ᠴᠢᠨᠠᠬᠰᠢᠳᠡ ᠱᠢᠯᠢᠳᠡᠭ᠌ᠵᠢᠭᠦᠯᠵᠦ᠍ ᠵᠠᠬ᠎ᠠ ᠳᠡᠯᠭᠡᠭᠦᠷ᠎ᠦᠨ ᠭᠣᠸ᠋ᠯ ᠴᠣᠭ᠍ᠴᠠ᠎ᠳᠤ ᠨᠠᠩ ᠰᠠᠢᠨ ᠦᠶ᠋ᠯᠡᠴᠢᠯᠡᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶ᠋ᠢᠨ ᠠᠯᠪᠠᠨ ᠲᠢᠩᠬᠢᠮ᠎ᠦᠨ ᠬᠡᠷᠡᠭ᠌ᠵᠢᠭᠦᠯᠬᠦ᠌ ᠰᠠᠨᠠᠯ》 《ᠥᠪᠡᠷᠲᠡᠭᠡᠨ ᠵᠠᠰᠠᠬᠤ ᠣᠷᠣᠨ᠎ᠤ ᠨᠡᠩ ᠰᠢᠯᠢᠳᠡᠭ ᠬᠤᠳᠠᠯᠳᠤᠭ᠎ᠠ ᠡᠷᠭᠢᠯᠡᠬᠦ᠌ ᠣᠷᠴᠢᠨ ᠨᠦᠭᠦᠴᠡᠯ᠎ᠢᠶᠡᠷ ᠵᠠᠬ᠎ᠠ ᠳᠡᠯᠭᠡᠭᠦᠷ᠎ᠦᠨ ᠭᠣᠸ᠋ᠯ ᠴᠣᠭ᠍ᠴᠠ᠎ᠳᠤ ᠦᠶ᠋ᠯᠡᠴᠢᠯᠡᠬᠦ᠌ ᠠᠵᠢᠯᠯᠠᠭ᠎ᠠ᠎ᠶ᠋ᠢᠨ ᠲᠥᠰᠦᠯ》 ᠎ᠤ᠋ᠨ ᠪᠠᠢᠷᠢᠯᠠᠭᠤᠯᠤᠯᠲᠠ᠎ᠶ᠋ᠢᠨ ᠡᠯ᠎ᠡ ᠵᠦᠶ᠋ᠯ᠎ᠦᠨ ᠡᠭᠦᠷᠭᠡ᠎ᠶ᠋ᠢ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ᠂ ᠪᠡᠭᠡᠵᠢᠩ᠂ ᠱᠠᠩᠬᠠᠶ᠂ ᠭᠤᠸᠠᠩᠵᠧᠦ ᠵᠡᠷᠭᠡ ᠲᠡᠷᠢᠭᠦᠨ᠎ᠦ ᠭᠠᠵᠠᠷ ᠣᠷᠣᠨ᠎ᠤ ᠠᠮᠵᠢᠯᠲᠠ ᠲᠠᠶ ᠲᠤᠷᠱᠢᠯᠭ᠎ᠠ᠎ᠶ᠋ᠢ ᠪᠥᠬᠥ᠌ ᠲᠠᠯ᠎ᠠ᠎ᠪᠠᠷ ᠱᠢᠩᠭᠡᠭᠡᠨ ᠠᠪᠴᠤ᠌᠂ ᠤᠯᠠᠭᠠᠨᠬᠠᠳᠠ ᠬᠣᠲᠠ᠎ᠶ᠋ᠢᠨ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠣᠳᠣᠬᠢ ᠪᠠᠢᠳᠠᠯ ᠪᠠ ᠲᠤᠯᠭᠠᠷᠠᠵᠤ ᠪᠠᠢᠭ᠎ᠠ ᠠᠰᠠᠭᠤᠳᠠᠯ᠎ᠢ ᠪᠥᠬᠥ᠌ ᠲᠠᠯ᠎ᠠ᠎ᠪᠠᠷ ᠪᠣᠳᠣᠯᠬᠢᠯᠠᠭᠰᠠᠨ ᠰᠠᠭᠤᠷᠢᠨ ᠳᠡᠭᠡᠷ᠎ᠡ ᠲᠤᠭᠤᠷᠪᠢᠨ ᠪᠢᠴᠢᠭ᠌ᠰᠡᠨ ᠪᠠ ᠲᠣᠭ᠍ᠲᠠᠭᠠᠭ᠍ᠰᠠᠨ ᠶᠤᠮ᠃

《ᠲᠥᠰᠦᠯ》 ᠳ᠋ᠤ ᠤᠯᠠᠭᠠᠨᠬᠠᠳᠠ ᠬᠣᠲᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠢ ᠰᠢᠯᠢᠳᠡᠭᠵᠢᠭᠦᠯᠬᠦ ᠵᠢ ᠨᠥᠯᠥᠭᠡᠯᠡᠵᠦ᠍ ᠪᠠᠢᠭ᠎ᠠ ᠬᠦᠴᠢᠷ ᠲᠦᠪᠡᠭ᠌ᠲᠡᠶ ᠠᠰᠠᠭᠤᠳᠠᠯ᠎ᠢ ᠲᠤᠢᠯᠪᠤᠷᠢᠲᠠᠶ ᠱᠢᠶ᠋ᠳᠪᠦᠷᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠤᠨ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠶ᠋ᠢ ᠪᠡᠶᠡᠯᠡᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠤ ᠡᠩᠨᠡᠭᠡᠨ᠎ᠳᠦ ᠣᠷᠣᠬᠤ᠎ᠪᠠᠷ ᠬᠠᠷᠠᠯᠲᠠ ᠪᠣᠯᠭᠠᠵᠤ᠂ ᠪᠠᠢᠭᠤᠯᠤᠮᠵᠢ ᠲᠣᠭ᠍ᠲᠠᠴᠠ᠎ᠶ᠋ᠢᠨ ᠦᠨᠳᠦᠰᠦᠨ ᠴᠢᠨᠠᠷᠲᠠᠢ ᠬᠤᠪᠢᠰᠤᠯᠲᠠ᠎ᠪᠠᠷ ᠭᠣᠣᠯ ᠱᠤᠭᠤᠮ ᠪᠣᠯᠭᠠᠵᠤ᠂ ᠠᠵᠤ ᠠᠬᠤᠢᠯᠠᠯ ᠪᠣᠯᠤᠨ ᠤᠯᠠᠨ ᠲᠦᠮᠡᠨ᠎ᠦ ᠠᠵᠢᠯ ᠶᠠᠪᠤᠳᠠᠯ ᠡᠷᠬᠢᠯᠡᠬᠦ᠌᠎ᠳᠦ ᠲᠦᠬᠦᠮ ᠦᠵᠡᠭᠦᠯᠬᠦ᠌ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠪᠡᠷ ᠭᠠᠷᠤᠭ᠎ᠠ ᠪᠣᠯᠭᠠᠵᠤ᠂ 《ᠨᠢᠭᠡ ᠰᠦᠯᠵᠢᠶ᠎ᠡ᠎ᠪᠡᠷ ᠪᠦᠬᠦᠨ᠎ᠢ ᠱᠢᠢᠳᠪᠦᠷᠢᠯᠡᠬᠦ᠌》᠂ 《ᠨᠢᠭᠡ ᠰᠦᠯᠵᠢᠶ᠎ᠡ᠎ᠪᠡᠷ ᠨᠢᠭᠡᠳᠦᠯᠲᠡᠢ ᠬᠠᠮᠢᠶᠠᠷᠬᠤ》 ᠳᠡᠭᠡᠷ᠎ᠡ ᠠᠩᠬᠠᠷᠤᠯ᠎ᠢᠶᠠᠨ ᠲᠥᠪᠯᠡᠷᠡᠭᠦᠯᠵᠦ᠍᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠦᠪᠱᠢᠨ᠎ᠢ ᠦᠨᠡᠨ ᠬᠦ᠌ ᠳᠡᠭᠡᠭ᠌ᠰᠢᠯᠡᠭᠦᠯᠦᠨ᠎ᠡ; ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠶᠡᠷᠦᠩᠬᠡᠢᠯᠡᠭ᠌ᠰᠡᠨ ᠬᠡᠷᠡᠭ ᠡᠷᠭᠢᠯᠡᠬᠦ᠌ ᠶᠡᠬᠡ ᠲᠢᠩᠬᠢᠮ᠎ᠦᠨ ᠪᠠᠷᠢᠮᠵᠢᠶᠠᠵᠢᠭᠤᠯᠬᠤ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠨᠢᠭᠡ ᠯᠡ ᠡᠭᠦᠳᠡ᠎ᠪᠡᠷ ᠣᠷᠣᠵᠤ᠂ ᠠᠯᠢᠪᠠ ᠤᠴᠢᠷ ᠶᠠᠪᠤᠳᠠᠯ᠎ᠢ ᠪᠦᠲᠦᠭᠡᠵᠦ᠍ ᠳᠡᠢᠯᠬᠦ᠌》 ᠶ᠋ᠢ ᠦᠨᠡᠨ ᠬᠦ᠌ ᠪᠡᠶᠡᠯᠡᠭᠦᠯᠦᠨ᠎ᠡ;《ᠨᠢᠭᠡ ᠶᠠᠪᠤᠳᠠᠯ᠎ᠢ ᠨᠢᠭᠡ ᠤᠳᠠᠭ᠎ᠠ᠎ᠳᠤ ᠭᠦᠶ᠋ᠴᠡᠳᠭᠡᠬᠦ᠌》 ᠳ᠋ᠤ᠌ ᠠᠩᠬᠠᠷᠤᠯ᠎ᠢᠶᠠᠨ ᠲᠥᠪᠯᠡᠷᠡᠭᠦᠯᠵᠦ᠍᠂ ᠪᠥᠬᠥ᠌ ᠦᠶᠡᠯᠡᠯ᠎ᠦᠨ ᠬᠤᠭᠤᠴᠠᠭᠠᠨ᠎ᠤ ᠲᠦᠪᠯᠡᠷᠡᠭᠰᠡᠨ ᠦᠶ᠋ᠯᠡᠴᠢᠯᠡᠭᠡᠨ᠎ᠦ ᠵᠠᠭ᠍ᠪᠤᠷ᠎ᠢ ᠬᠦᠴᠦᠯᠡᠨ ᠪᠠᠢᠭᠤᠯᠤᠨ᠎ᠠ; ᠭᠣᠣᠯᠳᠠᠯᠭ᠎ᠠ᠎ᠲᠠᠶ ᠬᠦᠷᠢᠶᠡᠨ᠎ᠦ ᠥᠭᠡᠷᠡᠴᠢᠯᠡᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢᠨ ᠲᠦᠭ᠌ᠵᠢᠷᠡᠯ᠎ᠦᠨ ᠴᠡᠭ᠂ ᠬᠦᠴᠢᠷ ᠠᠰᠠᠭᠤᠳᠠᠯ᠎ᠢ ᠬᠦᠴᠦᠯᠡᠨ ᠰᠢᠢᠳᠪᠦᠷᠢᠯᠡᠨ᠎ᠡ; ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠨᠡᠩ ᠰᠠᠢ᠌ᠨ ᠬᠥᠭ᠌ᠵᠢᠭᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠠᠢᠭᠤᠯᠤᠮᠵᠢ ᠲᠣᠭ᠍ᠲᠠᠴᠠ ᠶ᠋ᠢᠨ ᠴᠢᠨᠠᠷᠲᠠᠢ ᠪᠠᠲᠤᠯᠠᠪᠤᠷᠢ ᠵᠢᠨ ᠲᠦᠪᠰᠢᠨ᠎ᠢ ᠪᠦᠬᠦ ᠲᠠᠯ᠎ᠠ ᠪᠡᠷ ᠳᠡᠭᠡᠭᠰᠢᠯᠡᠭᠦᠯᠦᠨ᠎ᠡ; ᠪᠡᠯᠡ ᠣᠷᠣᠭᠤᠯᠤᠭ᠍ᠴᠢᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ᠎ᠳᠤ ᠠᠩᠬᠠᠷᠤᠯ ᠎ᠢᠶᠠᠨ ᠲᠥᠪᠯᠡᠷᠡᠭᠦᠯᠵᠦ᠍᠂ ᠡᠷᠬᠡ ᠲᠡᠭ᠌ᠰᠢ᠂ ᠲᠥᠪ ᠭᠣᠣᠯᠴᠢ᠂ ᠢᠯᠡ ᠲᠣᠳᠣ ᠬᠠᠤᠯᠢᠵᠢᠯ᠎ᠤᠨ ᠣᠷᠴᠢᠨ ᠨᠥᠬᠥᠴᠡᠯ᠎ᠢ ᠬᠦᠴᠦᠯᠡᠨ ᠪᠤᠢ ᠪᠣᠯᠭᠠᠨ᠎ᠠ;12345 ᠬᠠᠯᠠᠮᠱᠢᠯ ᠤᠲᠠᠰᠤᠨ᠎ᠤ ᠠᠵᠢᠯᠯᠠᠭᠠᠨ᠎ᠤ ᠲᠣᠭ᠍ᠲᠠᠴᠠ᠎ᠶ᠋ᠢ ᠪᠦᠷᠢᠨᠱᠢᠬᠦᠯᠬᠦ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠳᠥᠭᠥᠮ ᠳᠥᠲᠡ᠂ ᠥᠨᠳᠥᠷ ᠪᠦᠲᠦᠮᠵᠢᠲᠡᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ 《ᠶᠡᠷᠦᠩᠬᠡᠢ ᠦᠢᠯᠡᠴᠢᠯᠡᠭᠡᠨ》 ᠢ᠋ ᠬᠦᠴᠦᠯᠡᠨ ᠪᠠᠢᠭᠤᠯᠤᠨ᠎ᠠ; ᠵᠠᠰᠠᠭ᠎ᠤᠨ ᠤᠷᠳᠦᠨ ᠬᠢᠬᠡᠳ ᠠᠵᠤ ᠠᠬᠤᠢᠯᠠᠯ᠎ᠤᠨ ᠰᠠᠢᠨ ᠰᠠᠢᠬᠠᠨ ᠬᠠᠷᠢᠴᠠᠭ᠎ᠠ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠦᠶ᠋ᠯᠡᠴᠢᠯᠡᠭᠡᠨ᠎ᠦ ᠴᠢᠳᠡᠮᠵᠢ ᠵᠢ ᠤᠷᠳᠤᠳᠬᠠᠬᠤ᠎ᠶ᠋ᠢ ᠬᠦᠴᠦᠯᠡᠨ ᠠᠬᠢᠭᠤᠯᠤᠨ᠎ᠠ;《ᠠᠷᠢᠭᠤᠨ ᠴᠢᠬᠡᠴᠢ ᠤᠯᠠᠭᠠᠨᠬᠠᠳᠠ》 ᠵᠢᠨ ᠪᠥᠲᠥᠭᠡᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠣᠰᠣᠭ᠎ᠠ ᠴᠣᠭ᠍ᠴᠠᠲᠤ᠂ ᠵᠢᠷᠤᠮᠵᠢᠭ᠍ᠰᠠᠨ᠂ ᠪᠥᠬᠥ᠌ ᠲᠠᠯ᠎ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠸᠮ᠎ᠢ ᠬᠦᠴᠦᠯᠡᠨ ᠪᠠᠢᠭᠤᠯᠤᠨ᠎ᠠ; ᠳᠡᠭᠡᠳᠦ ᠱᠠᠲᠤᠨ ᠡᠴᠡ ᠠᠬᠢᠭᠤᠯᠵᠤ ᠬᠦᠳᠦᠯᠦᠨ ᠳᠠᠭᠠᠭᠤᠯᠬᠤ᠎ᠳᠤ᠎ᠠᠩᠬᠠᠷᠤᠯ᠎ᠢᠶᠠᠨ ᠲᠥᠪᠯᠡᠷᠡᠭᠦᠯᠵᠦ᠍᠂ ᠪᠠᠲᠤ ᠴᠢᠩᠭ᠎ᠠ ᠵᠣᠬᠢᠶᠠᠨ ᠪᠠᠢᠭᠤᠯᠤᠯᠲᠠ ᠪᠠ ᠲᠦᠷᠢᠮ᠎ᠦᠨ ᠪᠠᠲᠤᠯᠠᠭ᠎ᠠ᠎ᠶ᠋ᠢ ᠬᠦᠴᠦᠯᠡᠨ ᠬᠠᠩᠭᠠᠬᠤ ᠵᠡᠷᠭᠡ 10 ᠲᠠᠯ᠎ᠠ᠎ᠪᠠᠷ ᠤᠯᠠᠭᠠᠨᠬᠠᠳᠠ ᠬᠤᠳᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠎ᠢ ᠱᠢᠯᠢᠳᠡᠭ᠌ᠵᠢᠭᠦᠯᠬᠦ᠌ ᠠᠵᠢᠯ᠎ᠳᠤ ᠪᠦᠬᠦ᠌ ᠲᠠᠯ᠎ᠠ᠎ᠶ᠋ᠢᠨ ᠳᠡᠭᠡᠳᠦ ᠳᠠᠪᠬᠤᠷᠭ᠎ᠠ ᠵᠢᠨ ᠵᠢᠷᠤᠭ ᠲᠥᠯᠥᠪᠯᠡᠭᠡ ᠬᠢᠵᠡᠢ᠃

ᠰᠠᠢ᠌ᠨ ᠰᠠᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠪᠣᠯ ᠳᠠᠷᠤᠢ ᠦᠢᠯᠡᠳᠪᠦᠷᠢᠯᠡᠯ᠎ᠦᠨ ᠬᠦᠴᠦᠨ ᠮᠥᠨ᠂ ᠭᠠᠭ᠍ᠴᠠ ᠬᠦ᠌ ᠱᠢᠨ᠎ᠡ ᠪᠠᠢᠭᠤᠯᠤᠮᠵᠢ ᠵᠢᠨ ᠳᠠᠪᠠᠭᠤᠯᠢᠭ᠎ᠢ ᠲᠠᠰᠤᠷᠠᠯᠳᠠ ᠦᠭᠡᠢ ᠡᠭᠦᠳᠪᠡᠯ ᠰᠠᠶᠢ ᠣᠷᠣᠨ ᠨᠤᠲᠤᠭ᠎ᠤᠨ ᠠᠵᠤ ᠠᠬᠤᠢ᠎ᠶ᠋ᠢᠨ ᠲᠠᠲᠠᠬᠤ ᠬᠦᠴᠦᠨ᠂ ᠪᠦᠲᠦᠭᠡᠯᠴᠢ ᠬᠦᠴᠦᠨ᠂ ᠦᠷᠢᠰᠦᠯᠳᠦᠬᠦ᠌ ᠬᠦᠴᠦᠨ᠎ᠢ ᠲᠠᠰᠤᠷᠠᠯᠳᠠ ᠦᠭᠡᠢ ᠴᠢᠩᠭᠠᠷᠠᠭᠤᠯᠵᠤ ᠴᠢᠳᠠᠨ᠎ᠠ᠃ ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠡᠴᠨ ᠬᠠᠮᠤᠭ᠎ᠤᠨ ᠱᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠢ ᠪᠤᠶ ᠪᠣᠯᠭᠠᠬᠤ᠎ᠶ᠋ᠢ ᠣᠨ᠎ᠤ ᠪᠦᠬᠦ᠌ ᠲᠠᠯ᠎ᠠ᠎ᠪᠠᠷ ᠭᠦᠨᠵᠡᠭᠡᠢᠷᠡᠭᠦᠯᠦᠨ ᠦᠭᠡᠷᠡᠴᠢᠯᠡᠬᠦ 《ᠨᠢᠭᠡᠳᠦᠭᠡᠷ ᠨᠣᠮᠧᠷᠲᠤ ᠢᠨᠵᠧᠨᠧᠷᠢᠩ》 ᠎ᠵᠢᠡᠷ ᠲᠣᠭ᠍ᠲᠠᠭᠠᠵᠤ᠂ 《ᠤᠯᠠᠭᠠᠨᠬᠠᠳᠠ ᠬᠤᠲᠠ ᠵᠢᠨ ᠬᠠᠮᠤᠭ᠎ᠤᠨ ᠱᠢᠯᠢᠳᠡᠭ ᠬᠤᠳᠠᠯᠳᠤᠭ᠎ᠠ ᠡᠷᠬᠢᠯᠡᠬᠦ ᠤᠷᠴᠢᠨ ᠨᠦᠭᠦᠴᠡᠯ᠎ᠢ ᠪᠣᠶ ᠪᠣᠯᠭᠠᠬᠤ ᠠᠵᠢᠯᠯᠠᠭ᠎ᠠ᠎ᠶ᠋ᠢᠨ ᠲᠥᠰᠦᠯ》 ᠎ᠢ᠋ ᠰᠠᠢᠲᠤᠷ ᠨᠠᠢᠳᠠᠪᠤᠷᠢᠵᠢᠭᠤᠯᠬᠤ᠎ᠶ᠋ᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠭᠣᠸ᠋ᠯ ᠤᠳᠤᠷᠢᠳᠤᠯᠭ᠎ᠠ ᠪᠡᠶ᠎ᠡ᠎ᠪᠡᠷ᠎ᠢᠶᠡᠨ ᠳᠠᠭᠠᠭᠤᠯᠵᠤ᠂ ᠳᠡᠭᠡᠳᠦ ᠱᠠᠲᠤ ᠨᠢ ᠳᠣᠸ᠋ᠷᠠᠳᠤ ᠱᠠᠲᠤ᠎ᠪᠠᠨ ᠳᠠᠢᠴᠢᠯᠠᠨ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠦᠨ ᠬᠢᠨ ᠵᠡᠷᠭᠡ ᠪᠡᠷ ᠤᠷᠤᠭ᠍ᠰᠢᠯᠠᠵᠤ᠂ ᠬᠠᠮᠲᠤ ᠪᠠᠷ ᠠᠳᠭᠤᠨ ᠬᠠᠮᠲᠤ ᠪᠠᠷ ᠬᠠᠮᠢᠶᠠᠷᠴᠤ᠌᠂ 《ᠮᠦᠩᠬᠡ ᠰᠤᠪᠠᠭ·ᠤᠯᠠᠭᠠᠨᠬᠠᠳᠠ ᠦᠨᠡᠨᠴᠢ ᠪᠡᠷ ᠠᠯᠪᠠᠯᠠᠬᠤ》 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠨᠠᠷᠠᠲᠤ ᠲᠡᠮᠳᠡᠭ᠎ᠢ ᠪᠥᠬᠥ᠌ ᠬᠦᠴᠦᠨ᠎ᠢᠶᠡᠷ᠎ᠢᠶᠡᠨ ᠪᠣᠶ ᠪᠣᠯᠭᠠᠵᠤ᠂ ᠤᠯᠠᠭᠠᠨᠬᠠᠳᠠ᠎ᠶ᠋ᠢᠨ ᠵᠣᠷᠢᠭ ᠰᠠᠨᠠᠭ᠎ᠠ᠂ ᠤᠯᠠᠭᠠᠨᠬᠠᠳᠠ᠎ᠶ᠋ᠢᠨ ᠦᠷ᠎ᠡ ᠪᠦᠲᠦᠮᠵᠢ᠂ ᠤᠯᠠᠭᠠᠨᠬᠠᠳᠠ᠎ᠶ᠋ᠢᠨ ᠳᠦᠷᠢ ᠲᠥᠷᠬᠦ᠌ ᠡᠳᠦᠷ ᠢᠷᠡᠬᠦᠶ᠎ᠡ ᠲᠣᠪᠣᠢᠮ᠎ᠠ ᠪᠣᠯᠵᠣ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面