2022-04-17 20:11:11
ᠤᠢᠷ᠎ᠠ ᠵᠢᠨ ᠡᠳᠦᠷ᠂ ᠦᠪᠡᠷᠳᠡᠬᠡᠨ ᠵᠠᠰᠠᠬᠤ ᠤᠷᠤᠨ ᠤ᠋ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠬᠠᠤᠯᠢ ᠲᠦᠷᠢᠮ᠎ᠦᠨ ᠶᠡᠷᠦᠩᠬᠡᠶ ᠠᠩᠭᠢ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠢᠯᠡᠰᠵᠢᠭ᠌ᠰᠡᠨ ᠲᠤᠯᠤᠭᠠᠢᠯᠠᠬᠴᠢ ᠠᠵᠤ ᠠᠬᠤᠢᠯᠠᠯ᠎ᠤᠨ ᠨᠡᠢᠭᠡᠮᠯᠢᠭ ᠵᠢᠴᠢ ᠬᠡᠰᠡᠭ ᠭᠤᠤᠯᠳᠠᠯᠭ᠎ᠠ᠎ᠲᠠᠶ ᠰᠦ ᠵᠢᠨ ᠦᠢᠯᠡᠰ᠎ᠤᠨ ᠠᠵᠤ ᠠᠬᠤᠢᠯᠠᠯ ᠲᠠᠢ ᠬᠥᠬᠡᠬᠣᠲᠠ᠎ᠳᠤ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠶ᠋ᠢ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ᠃
ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠤ᠋ᠨ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠵᠢᠨ ᠳᠤᠮᠳᠠ ᠰᠦᠨ᠎ᠦ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠪᠠᠲᠤᠯᠠᠬᠤ᠎ᠳᠤ ᠦᠶ᠋ᠯᠡᠴᠢᠯᠡᠬᠦ᠌ ᠠᠵᠢᠯ᠎ᠤᠨ ᠲᠥᠰᠦᠯ 》 ᠤ᠋ᠨ ᠲᠤᠬᠠᠶ ᠲᠤᠰᠭᠠᠶ ᠲᠠᠢᠯᠤᠮᠵᠢ ᠬᠢᠪᠠ᠃ ᠳᠤᠰ ᠤᠳᠠᠭ᠎ᠠ᠎ᠶ᠋ᠢᠨ ᠬᠤᠷᠠᠯ ᠪᠣᠯ ᠪᠦᠬᠦ᠌ ᠣᠷᠣᠨ᠎ᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠬᠠᠤᠯᠢᠵᠢᠬ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌》 ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠠᠵᠤ ᠠᠬᠤᠢᠯᠠᠯ ᠴᠠᠭ᠍ᠳᠠᠭ᠎ᠠ ᠠᠷᠠᠳ᠎ᠤᠨ ᠦᠨᠡᠨᠴᠢ᠎ᠪᠡᠷ ᠶᠠᠷᠢᠯᠴᠠᠬᠤ ᠬᠤᠷᠠᠯ᠎ᠤᠨ ᠵᠣᠷᠢᠭ ᠰᠠᠨᠠᠭ᠎ᠠ᠎ᠶ᠋ᠢ ᠲᠠᠬᠢᠨ ᠨᠠᠢᠳᠠᠪᠤᠷᠢᠵᠢᠭᠤᠯᠵᠤ ᠪᠠᠢᠭ᠎ᠠ ᠶᠠᠪᠤᠳᠠᠯ ᠪᠤᠯᠤᠨ᠎ᠠ᠃
ᠦᠪᠡᠷᠳᠡᠬᠡᠨ ᠵᠠᠰᠠᠬᠤ ᠤᠷᠤᠨ ᠤ᠋ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠬᠠᠤᠯᠢ ᠲᠦᠷᠢᠮ᠎ᠦᠨ ᠶᠡᠷᠦᠩᠬᠡᠶ ᠠᠩᠭᠢ ᠵᠤᠯᠭᠠᠯᠴᠠᠭ᠎ᠠ ᠶᠠᠷᠢᠯᠴᠠᠭ᠎ᠠ ᠪᠡᠷ ᠳᠠᠮᠵᠢᠨ᠂ ᠭᠤᠤᠯᠳᠠᠭᠤ ᠬᠠᠤᠯᠢ ᠴᠠᠭᠠᠵᠠ᠎ᠶ᠋ᠢᠨ ᠯᠠᠪᠯᠠᠭ᠎ᠠ ᠂ ᠤᠷᠢᠳᠴᠢᠯᠠᠨ ᠰᠡᠷᠡᠮᠵᠢᠯᠡᠭᠦᠯᠵᠦ᠍ ᠰᠡᠷᠭᠡᠢᠯᠡᠬᠦ᠌ ᠂ ᠬᠡᠷᠡᠭ᠎ᠢ ᠪᠠᠢᠴᠠᠭᠠᠨ ᠱᠢᠶ᠋ᠳᠪᠦᠷᠢᠯᠡᠬᠦ᠌ ᠵᠡᠷᠭᠡ ᠲᠠᠯ᠎ᠠ᠎ᠪᠠᠷ ᠬᠠᠮᠲᠤ᠎ᠶ᠋ᠢᠨ ᠲᠠᠨᠢᠯᠲᠠ᠎ᠲᠠᠶ ᠪᠣᠯᠬᠤ᠎ᠶ᠋ᠢᠨ ᠬᠠᠮᠲᠤ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠤᠨ ᠂ ᠥᠪᠥᠷ ᠮᠣᠩᠭᠣᠯ᠎ᠤᠨ ᠰᠦ ᠵᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠳᠤ ᠦᠨᠡᠨ ᠬᠦ᠌ ᠬᠦᠴᠦᠲᠡᠶ ᠳᠣᠲᠣᠭᠠᠳᠤ᠎ᠶ᠋ᠢ ᠬᠠᠮᠠᠭᠠᠯᠠᠬᠤ ᠬᠠᠤᠯᠢ ᠲᠦᠷᠢᠮ᠎ᠦᠨ ᠪᠠᠲᠤᠯᠠᠭ᠎ᠠ ᠬᠠᠩᠭᠠᠵᠦ᠂ ᠰᠦ ᠵᠢᠨ ᠦᠢᠯᠡᠰ᠎ᠤᠨ ᠭᠤᠤᠯᠳᠠᠯᠭ᠎ᠠ᠎ᠲᠠᠶ ᠠᠵᠤ ᠠᠬᠤᠢᠯᠠᠯ ᠳ᠋ᠤ ᠦᠢᠯᠡᠴᠢᠯᠡᠵᠦ ᠪᠠᠳᠤᠯᠠᠬᠤ ᠵᠢ ᠵᠤᠯᠭᠠᠭᠤᠯᠬᠤ ᠲᠤᠬᠳᠠᠴᠠ ᠵᠢ ᠪᠠᠢᠭᠤᠯᠵᠦ᠂ ᠴᠠᠭᠠᠨ ᠢᠳᠡᠭᠡᠨ᠎ᠦ ᠠᠵᠤ ᠠᠬᠤᠢᠯᠠᠯ᠎ᠤᠨ ᠬᠠᠤᠯᠢ ᠶᠣᠰᠣᠨ᠎ᠤ ᠡᠵᠡᠩᠨᠡᠯᠲᠡ᠎ᠶ᠋ᠢ ᠬᠠᠤᠯᠢ ᠶᠣᠰᠣᠭᠠᠷ ᠳᠡᠮᠵᠢᠬᠦ᠂ ᠠᠵᠤ ᠠᠬᠤᠢᠯᠠᠯ᠎ᠢ ᠬᠠᠤᠯᠢ ᠶᠣᠰᠣᠭᠠᠷ ᠬᠠᠪᠰᠤᠷᠴᠤ᠌ ᠪᠠᠢᠭᠠᠳ ᠡᠵᠡᠩᠨᠡᠯᠲᠡ᠎ᠶ᠋ᠢᠨ ᠭᠡᠷ᠎ᠡ ᠲᠣᠭ᠍ᠲᠠᠬᠤ ᠂ ᠰᠲ᠋ᠣᠺ᠎ᠤᠨ ᠡᠷᠬᠡ᠎ᠶ᠋ᠢ ᠬᠤᠪᠢᠷᠠᠭᠤᠯᠬᠤ ᠂ ᠡᠳ᠋ ᠬᠥᠷᠥᠩᠭᠡ᠎ᠶ᠋ᠢ ᠳᠠᠬᠢᠨ ᠵᠣᠬᠢᠶᠠᠨ ᠪᠠᠢᠭᠤᠯᠬᠤ᠌ ᠶᠠᠪᠤᠴᠠ᠎ᠳᠠᠬᠢ ᠬᠠᠤᠯᠢ ᠴᠠᠭᠠᠵᠠ᠎ᠶ᠋ᠢᠨ ᠲᠦᠭ᠌ᠰᠢᠭᠦᠷᠢ᠎ᠶ᠋ᠢ ᠴᠢᠩᠭ᠎ᠠ ᠡᠵᠡᠮᠳᠡᠵᠦ᠍ ᠂ ᠠᠵᠤ ᠠᠬᠤᠢᠯᠠᠯ᠎ᠤᠨ ᠬᠠᠤᠯᠢ ᠶᠣᠰᠣᠨ᠎ᠤ ᠡᠵᠡᠩᠨᠡᠯᠲᠡ᠎ᠳᠦ ᠱᠢᠯᠢᠳᠡᠭ ᠬᠠᠤᠯᠢ ᠴᠠᠭᠠᠵᠠ᠎ᠶ᠋ᠢᠨ ᠦᠶ᠋ᠯᠡᠴᠢᠯᠡᠭᠡ ᠬᠠᠩᠭᠠᠨ᠎ᠠ᠃ ᠰᠦ ᠵᠢᠨ ᠦᠢᠯᠡᠰ᠎ᠤᠨ ᠭᠤᠤᠯᠳᠠᠯᠭ᠎ᠠ ᠲᠠᠢ ᠲᠦᠷᠦᠯ ᠵᠦᠢᠯ ᠤ᠋ᠨ ᠪᠦᠳᠦᠬᠡᠨ ᠪᠠᠢᠭᠤᠯᠤᠯᠳᠠ ᠵᠢ ᠬᠠᠤᠯᠢ ᠶᠤᠰᠤᠭᠠᠷ ᠪᠠᠳᠤᠯᠠᠬᠤ ᠳ᠋ᠤ ᠦᠢᠯᠡᠴᠢᠯᠡᠵᠦ᠂ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ ᠬᠥᠮᠦᠵᠢᠯ᠎ᠦᠨ ᠲᠣᠭ᠍ᠲᠠᠴᠠ᠎ᠶ᠋ᠢ ᠪᠠᠢᠭᠤᠯᠤᠨ᠂ ᠬᠠᠤᠯᠢ ᠬᠡᠷᠡᠭ᠌ᠵᠢᠭᠦᠯᠵᠦ᠍ ᠬᠡᠷᠡᠭ ᠱᠢᠢᠳᠪᠦᠷᠢᠯᠡᠬᠦ᠌᠎ᠪᠡᠷ ᠳᠠᠮᠵᠢᠭᠤᠯᠤᠨ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ ᠪᠠ ᠬᠠᠮᠢᠶᠠᠷᠤᠯᠲᠠ᠎ᠶ᠋ᠢᠨ ᠠᠵᠢᠯ᠎ᠳᠠᠬᠢ ᠴᠤᠬᠤᠢᠯᠲᠠ᠎ᠶ᠋ᠢᠨ ᠴᠢᠨᠠᠷᠲᠠᠢ ᠂ ᠬᠡᠯᠪᠡᠷᠢᠯ᠎ᠦᠨ ᠴᠢᠨᠠᠷᠲᠠᠢ ᠠᠰᠠᠭᠤᠳᠠᠯ᠎ᠢ ᠣᠯᠵᠤ ᠮᠡᠳᠡᠵᠦ᠂ ᠠᠵᠤ ᠠᠬᠤᠢᠯᠠᠯ᠎ᠳᠤ ᠬᠠᠤᠯᠢ ᠬᠡᠷᠡᠭ᠌ᠵᠢᠭᠦᠯᠬᠦ᠌ ᠰᠠᠨᠠᠭᠤᠯᠭ᠎ᠠ᠎ᠶ᠋ᠢ ᠴᠠᠭ ᠲᠤᠬᠠᠢᠳᠤᠨᠢ ᠶᠠᠪᠤᠭᠤᠯᠵᠤ᠂ ᠠᠵᠤ ᠠᠬᠤᠢᠯᠠᠯ᠎ᠢ ᠬᠠᠪᠰᠤᠷᠤᠨ ᠲᠥᠰᠦᠪ᠎ᠦᠨ ᠬᠠᠮᠢᠶᠠᠷᠤᠯᠲᠠ᠂ ᠪᠡᠯᠡ ᠮᠥᠩᠭᠥ᠌ ᠡᠳ᠋ ᠬᠦᠷᠦᠨᠭ᠌ᠭᠡ᠎ᠶ᠋ᠢᠨ ᠬᠠᠮᠢᠶᠠᠷᠤᠯᠲᠠ᠂ ᠡᠵᠡᠩᠨᠡᠯᠲᠡ ᠬᠠᠮᠢᠶᠠᠷᠤᠯᠲᠠ᠂ ᠬᠥᠳᠡᠯᠮᠦᠷᠢ ᠬᠦᠴᠦ᠍ ᠬᠡᠷᠡᠭ᠌ᠯᠡᠬᠦ᠌ ᠬᠠᠮᠢᠶᠠᠷᠤᠯᠲᠠ ᠵᠡᠷᠭᠡ ᠲᠠᠯ᠎ᠠ᠎ᠪᠠᠷ ᠬᠢ ᠳᠤᠲᠠᠭ᠍ᠳᠠᠯ ᠵᠢᠡᠨ ᠨᠦᠬᠦᠪᠦᠷᠢᠯᠡᠬᠦ ᠳᠤ ᠦᠢᠯᠡᠴᠢᠯᠡᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃