ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-04-18 10:25:06

ᠵᠣᠬᠢᠶᠠᠭ᠍ᠴᠢ᠄ ᠡᠷᠳᠡᠨᠢᠬᠤᠸᠠᠷ ᠣᠩᠱᠢᠭ᠍ᠰᠠᠨ ᠣᠳᠠᠭ᠎ᠠ᠄ 3

ᠠᠰᠠᠭᠤᠳᠠᠯ ᠲᠠᠢ ᠪᠤᠯ 《ᠠᠵᠤ ᠠᠬᠤᠢᠯᠠᠯ ᠤ᠋ᠨ ᠭᠠᠷ ᠠᠪᠤᠯᠭ᠎ᠠ》 ᠶᠡᠷᠦᠩᠬᠡᠢᠯᠡᠭᠰᠡᠨ ᠦᠢᠯᠡᠴᠢᠯᠡᠬᠡᠨ ᠎ᠤ ᠲᠠᠪᠴᠠᠩ ᠳ᠋ᠤ ᠲᠤᠰᠬᠠᠭᠠᠷᠠᠢ !

ᠪᠡᠯᠡ ᠮᠦᠩᠬᠦ ᠤᠷᠤᠭᠤᠯᠬᠤ ᠶᠠᠪᠤᠴᠠ ᠳ᠋ᠤ ᠮᠠᠳᠠᠭ ᠲᠠᠢ ᠠᠰᠠᠭᠤᠳᠠᠯ ᠳ᠋ᠤ ᠲᠤᠯᠭᠠᠷᠠᠪᠠᠯ ᠶᠠᠭᠠᠬᠢᠨ᠎ᠠ ? ᠠᠵᠤ ᠠᠬᠤᠢᠯᠠᠯ ᠵᠢᠡᠨ ᠬᠦᠭᠵᠢᠬᠦᠯᠬᠦ ᠶᠠᠪᠤᠴᠠ ᠳ᠋ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤ᠋ᠨ ᠬᠢᠨᠢ ᠠᠮᠠᠯᠠᠯᠳᠠ ᠪᠠᠨ ᠬᠦᠢᠴᠡᠳᠬᠡᠬᠦ ᠦᠬᠡᠢ ᠭᠠᠴᠢᠭᠳᠠᠯ ᠳ᠋ᠤ ᠲᠤᠯᠭᠠᠷᠠᠪᠠᠯ ᠶᠠᠭᠠᠬᠢᠨ᠎ᠠ ? ᠭᠠᠢᠯᠢ ᠰᠤᠢᠳᠬᠡᠯ ᠲᠤᠰᠢᠶᠠᠬᠤ ᠶᠠᠪᠤᠴᠠ ᠳ᠋ᠤ ᠪᠠᠷᠢᠮᠵᠢᠶ᠎ᠠ ᠡᠴᠡ ᠬᠡᠳᠤᠷᠡᠬᠦᠯᠦᠨ ᠰᠤᠢᠳᠬᠡᠯ ᠬᠤᠷᠢᠶᠠᠬᠤ ᠦᠵᠡᠭᠳᠡᠯ ᠳ᠋ᠤ ᠲᠤᠯᠭᠠᠷᠠᠪᠠᠯ ᠶᠠᠭᠠᠬᠢᠨ᠎ᠠ ? ᠁

ᠠᠵᠤ ᠠᠬᠤᠢᠯᠠᠯᠳᠠᠳ ᠬᠡᠷᠪᠡ ᠡᠢᠮᠦ ᠠᠰᠠᠭᠤᠳᠠᠯ ᠳ᠋ᠤ ᠳᠤᠬᠢᠶᠠᠯᠳᠤᠪᠠᠯ ᠶᠠᠭᠠᠬᠢᠨ᠎ᠠ ᠪᠤᠢ ? ᠡᠨᠡ ᠮᠠᠰᠢ ᠠᠮᠠᠷᠬᠠᠨ !ᠭᠠᠷ ᠤᠳᠠᠰᠤ ᠪᠡᠨ ᠠᠪᠴᠤ ᠵᠢᠷᠬᠢᠶ᠎ᠠ ᠶ᠋ᠢᠨ ᠬᠠᠢᠯᠳᠠ ᠶ᠋ᠢᠨ ᠴᠢᠳᠠᠮᠵᠢ ᠪᠡᠷ 《ᠦᠪᠦᠷ ᠮᠤᠩᠭᠤᠯ ᠤ᠋ᠨ ᠠᠵᠤ ᠠᠬᠤᠢᠯᠠᠯ ᠤ᠋ᠨ ᠭᠠᠷ ᠠᠪᠤᠯᠭ᠎ᠠ》ᠶᠡᠷᠦᠩᠬᠡᠢᠯᠡᠭᠰᠡᠨ ᠦᠢᠯᠡᠴᠢᠯᠡᠭᠡᠨ ᠤ᠋ ᠳᠠᠪᠴᠠᠩ (ᠬᠢᠲᠠᠳ ᠶ᠋ᠢᠡᠷ《ᠮᠧᠩ ᠴᠢ ᠲᠦᠩ》ᠭᠡᠵᠦ ᠬᠠᠢᠨ᠎ᠠ)ᠪᠢᠴᠢᠯ ᠫᠷᠦ᠍ᠭᠷᠠᠮ ᠢ᠋ ᠬᠠᠢᠵᠤ ᠤᠯᠤᠭᠠᠳ ᠨᠡᠭᠡᠭᠡᠪᠡᠯ《ᠠᠰᠠᠭᠤᠳᠠᠯ ᠲᠤᠰᠬᠠᠬᠤ》 ᠭᠡᠬᠦ ᠪᠤᠯᠤᠩ ᠬᠠᠷᠠᠭᠳᠠᠨ᠎ᠠ᠂ ᠲᠡᠭᠦᠨ ᠢ᠋ ᠨᠡᠭᠡᠭᠡᠵᠦ ᠬᠠᠮᠢᠶ᠎ᠠ ᠪᠦᠬᠦᠢ ᠮᠡᠳᠡᠭᠡ ᠵᠠᠩᠬᠢ ᠪᠡᠨ ᠳᠠᠭᠯᠠᠵᠤ ᠳᠠᠩᠰᠠᠯᠠᠨ᠂ ᠲᠤᠰᠬᠠᠬᠤ ᠠᠰᠠᠭᠤᠳᠠᠯ᠂ ᠭᠡᠷᠡᠴᠢ ᠪᠠᠷᠢᠮᠳᠠ ᠪᠡᠨ ᠳᠡᠪᠰᠢᠭᠦᠯᠪᠡᠯ ᠪᠤᠯᠴᠢᠬᠠᠨ᠎ᠠ᠃ ᠲᠤᠰᠬᠠᠭᠰᠠᠨ ᠠᠰᠠᠭᠤᠳᠠᠯ ᠢ᠋ ᠴᠢᠨᠢ ᠰᠢᠢᠳᠪᠤᠷᠢᠯᠡᠭᠰᠡᠨ ᠪᠠᠢᠳᠠᠯ ᠢ᠋ ᠪᠠᠰᠠ ᠭᠠᠷ ᠤᠳᠠᠰᠤ ᠪᠡᠷ ᠶ᠋ᠢᠡᠨ ᠦᠵᠡᠴᠢᠬᠡᠨ᠎ᠠ᠃ ᠵᠢᠷᠬᠢᠶ᠎ᠠ ᠶ᠋ᠢᠨ ᠪᠢᠴᠢᠯ ᠫᠷᠦ᠍ᠭᠷᠠᠮ ᠡᠴᠡ ᠭᠠᠳᠠᠨ᠎ᠠ ᠭᠠᠷ ᠤᠳᠠᠰᠤᠨ ᠤ᠋ ᠰᠢᠯᠵᠢᠶ᠎ᠠ ᠳᠠᠪᠴᠠᠩ ᠢ᠋ ᠨᠢ ᠪᠠᠭᠤᠯᠭᠠᠵᠤ ᠤᠭᠰᠠᠷᠠᠭᠰᠠᠨ ᠴᠦ᠍ ᠪᠤᠯᠤᠨ᠎ᠠ᠃

2021 ᠣᠨ ᠤ᠋ 1 ᠰᠠᠷ᠎ᠠ ᠳ᠋ᠤ᠂ ᠥᠪᠡᠷᠲᠡᠭᠡᠨ ᠵᠠᠰᠠᠬᠤ ᠣᠷᠣᠨ ᠤ᠋ ᠬᠥᠭ᠌ᠵᠢᠭᠦᠯᠦᠯᠲᠡ ᠪᠠ ᠥᠭᠡᠷᠡᠴᠢᠯᠡᠯᠲᠡ ᠶ᠋ᠢᠨ ᠵᠥᠪᠯᠡᠯ ᠡᠴᠡ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠭᠤᠷᠪᠠᠨ ᠱᠠᠲᠤ ᠶ᠋ᠢ ᠬᠠᠮᠤᠷᠤᠭ᠍ᠰᠠᠨ《ᠥᠪᠥᠷ ᠮᠣᠩᠭᠣᠯ ᠤ᠋ᠨ ᠠᠵᠤ ᠠᠬᠤᠢᠯᠠᠯ ᠤ᠋ᠨ ᠭᠠᠷ ᠠᠪᠤᠯᠭ᠎ᠠ》 ᠶᠡᠷᠦᠩᠬᠡᠢᠯᠡᠭᠰᠡᠨ ᠦᠢᠯᠡᠴᠢᠯᠡᠭᠡᠨ ᠤ᠋ ᠲᠠᠪᠴᠠᠩ ᠢ᠋ ᠪᠠᠢᠭᠤᠯᠵᠤ ᠂ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠶ᠋ᠢᠨ ᠬᠦᠰᠡᠯ ᠱᠠᠭᠠᠷᠳᠠᠯᠭ᠎ᠠ ᠪᠡᠨ ᠳᠡᠪᠰᠢᠭᠦᠯᠬᠦ᠂ ᠲᠥᠷᠥ ᠶ᠋ᠢᠨ ᠪᠣᠳᠣᠯᠭ᠎ᠠ ᠶ᠋ᠢ ᠣᠨᠣᠪᠴᠢᠲᠠᠶ ᠪᠠᠷ ᠬᠦᠷᠭᠡᠬᠦ᠌ ᠵᠡᠷᠭᠡ ᠦᠶ᠋ᠯᠡᠴᠢᠯᠡᠭᠡ ᠬᠠᠩᠭᠠᠨ ᠂ ᠵᠠᠰᠠᠭ ᠤ᠋ᠨ ᠤᠷᠳᠤᠨ ᠪᠠ ᠠᠵᠤ ᠠᠬᠤᠢᠯᠠᠯ ᠤ᠋ᠨ ᠬᠠᠷᠢᠯᠴᠠᠬᠤ ᠠᠷᠭ᠎ᠠ ᠵᠠᠮ ᠢ᠋ ᠶᠡᠬᠡ ᠪᠡᠷ ᠱᠢᠯᠤᠭᠤᠳᠭᠠᠵᠠᠢ ᠃ ᠲᠤᠰ ᠳᠠᠪᠴᠠᠩ ᠨᠡᠪᠳᠡᠷᠡᠭᠰᠡᠨ ᠵᠢᠯ ᠭᠠᠷᠤᠶ ᠶ᠋ᠢᠨ ᠲᠤᠷᠰᠢ᠂ ᠡᠨᠳᠡ ᠳᠠᠩᠰᠠᠯᠠᠭᠤᠯᠤᠭ᠍ᠰᠠᠨ ᠵᠠᠬ᠎ᠠ ᠳᠡᠯᠭᠡᠭᠦᠷ ᠤ᠋ᠨ ᠭᠤᠤᠯ ᠴᠣᠭ᠍ᠴᠠ 19.86 ᠲᠦᠮᠡᠨ ᠡᠷᠦᠬᠡ᠎ᠳᠦ ᠬᠦᠷᠴᠦ᠍ ᠂ 1000 ᠭᠠᠷᠤᠶ ᠠᠵᠤ ᠠᠬᠤᠢᠯᠠᠯ ᠤ᠋ᠨ ᠪᠠᠯᠠ ᠬᠤᠷᠠᠮᠳᠤᠭᠤᠯᠬᠤ ᠢᠲᠡᠭᠡᠮᠵᠢᠲᠦ ᠵᠢᠭᠡᠯᠡᠯᠭᠡ᠂ ᠭᠠᠢᠯᠢ ᠶ᠋ᠢ ᠬᠥᠩᠭᠡᠷᠡᠭᠦᠯᠵᠦ ᠰᠦᠶ᠋ᠳᠭᠡᠯ ᠢ᠋ ᠪᠠᠭᠤᠷᠠᠭᠤᠯᠬᠤ᠂ ᠪᠠᠯᠠ ᠮᠥᠩᠭᠥᠨ ᠤ᠋ ᠳᠡᠮᠵᠢᠯᠭᠡ᠂ ᠵᠠᠰᠠᠭ ᠵᠠᠬᠢᠷᠭᠠᠨ ᠤ᠋ ᠬᠢᠨᠠᠨ ᠵᠥᠪᠱᠢᠶᠡᠷᠡᠯ ᠵᠡᠷᠭᠡ ᠲᠠᠯ᠎ᠠ᠎ᠶ᠋ᠢᠨ 1400 ᠭᠠᠷᠤᠶ ᠵᠤᠷᠪᠤᠰ ᠰᠠᠨᠠᠯ ᠪᠠ ᠬᠦᠰᠡᠯ ᠱᠠᠭᠠᠷᠳᠠᠯᠭ᠎ᠠ᠎ᠶ᠋ᠢ ᠨᠢ ᠱᠢᠶ᠋ᠳᠪᠦᠷᠢᠯᠡᠵᠦ᠍ ᠦᠭᠭᠦᠭᠰᠡᠨ ᠪᠠᠢᠨ᠎ᠠ ᠃

ᠡᠨᠡ ᠵᠢᠯ ᠤ᠋ᠨ 2 ᠰᠠᠷ᠎ᠠ ᠶ᠋ᠢᠨ ᠡᠬᠢᠨ ᠳ᠋ᠤ ᠬᠤᠷᠠᠯᠳᠤᠭᠰᠠᠨ ᠪᠦᠬᠦ ᠤᠷᠤᠨ ᠤ᠋ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠰᠢᠯᠢᠳᠡᠭᠵᠢᠭᠦᠯᠬᠦ ᠶᠡᠬᠡ ᠬᠤᠷᠠᠯ ᠤ᠋ᠨ ᠱᠠᠭᠠᠷᠳᠠᠯᠭ᠎ᠠ ᠪᠡᠷ᠂ ᠦᠪᠡᠷᠳᠡᠭᠡᠨ ᠵᠠᠰᠠᠬᠤ ᠤᠷᠤᠨ ᠤ᠋ ᠬᠦᠭᠵᠢᠭᠦᠯᠦᠯᠳᠡ ᠪᠠ ᠦᠭᠡᠷᠡᠴᠢᠯᠡᠯᠳᠡ ᠶ᠋ᠢᠨ ᠵᠦᠪᠯᠡᠯ ᠤ᠋ᠨ ᠬᠢᠨ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶᠠᠨ ᠤ᠋ ᠬᠠᠤᠯᠢ ᠪᠡᠷ ᠤᠷᠤᠨ ᠶ᠋ᠢᠡᠨ ᠵᠠᠰᠠᠬᠤ ᠠᠯᠪᠠᠨ ᠭᠡᠷ ᠲᠠᠢ ᠢᠳᠡᠪᠬᠢᠳᠠᠢ ᠬᠠᠮᠵᠢᠯᠴᠠᠨ《ᠥᠪᠥᠷ ᠮᠣᠩᠭᠣᠯ ᠤ᠋ᠨ ᠠᠵᠤ ᠠᠬᠤᠢᠯᠠᠯ ᠤ᠋ᠨ ᠭᠠᠷ ᠠᠪᠤᠯᠭ᠎ᠠ》 ᠶᠡᠷᠦᠩᠬᠡᠢᠯᠡᠭᠰᠡᠨ ᠦᠢᠯᠡᠴᠢᠯᠡᠭᠡᠨ ᠤ᠋ ᠲᠠᠪᠴᠠᠩ ᠳ᠋ᠤ 《ᠠᠰᠠᠭᠤᠳᠠᠯ ᠲᠤᠰᠬᠠᠬᠤ》 ᠲᠤᠰᠬᠠᠢ ᠪᠤᠯᠤᠩ ᠭᠠᠷᠭᠠᠵᠤ᠂ ᠵᠠᠬ᠎ᠠ ᠳᠡᠯᠭᠡᠭᠦᠷ ᠤ᠋ᠨ ᠭᠤᠤᠯ ᠴᠤᠭᠴᠠ ᠶ᠋ᠢᠨ ᠲᠤᠰᠬᠠᠭᠰᠠᠨ ᠠᠰᠠᠭᠤᠳᠠᠯ ᠢ᠋ ᠬᠠᠤᠯᠢ ᠶᠤᠰᠤᠭᠠᠷ ᠬᠦᠯᠢᠶᠡᠨ ᠠᠪᠴᠤ ᠰᠢᠢᠳᠪᠤᠷᠢᠯᠡᠨ᠂《ᠲᠤᠰᠬᠠᠭᠰᠠᠨ ᠠᠰᠠᠭᠤᠳᠠᠯ ᠢ᠋ ᠡᠷᠬᠡᠪᠰᠢ ᠬᠦᠯᠢᠶᠡᠨ ᠠᠪᠬᠤ᠂ ᠭᠥᠯᠢᠶᠡᠨ ᠠᠪᠤᠭᠰᠠᠨ ᠤ᠋ ᠳᠠᠷᠠᠭ᠎ᠠ ᠡᠷᠬᠡᠪᠰᠢ ᠰᠢᠢᠳᠪᠤᠷᠢᠯᠡᠬᠦ》 ᠶ᠋ᠢ ᠪᠡᠶᠡᠯᠡᠭᠦᠯᠵᠤ᠂ ᠵᠠᠬ᠎ᠠ ᠳᠡᠯᠭᠡᠭᠦᠷ ᠤ᠋ᠨ ᠭᠤᠤᠯ ᠴᠤᠭᠴᠠ ᠶ᠋ᠢᠨ ᠬᠦᠴᠢᠷᠳᠡᠯ ᠢ᠋ ᠦᠨᠡᠨ ᠬᠦ᠌ ᠰᠢᠢᠳᠪᠤᠷᠢᠯᠡᠨ᠂ ᠠᠷᠠᠳ ᠲᠦᠮᠡᠨ ᠰᠡᠳᠬᠢᠯ ᠬᠠᠨᠤᠮᠵᠢᠳᠠᠢ᠂ ᠠᠵᠤ ᠠᠬᠤᠢᠯᠠᠯ ᠰᠠᠨᠠᠭ᠎ᠠ ᠠᠮᠦᠷ ᠂ ᠤᠯᠠᠨ ᠲᠦᠮᠡᠨ ᠳ᠋ᠤ ᠬᠦᠷᠢᠶᠡᠯᠡᠯ ᠲᠠᠢ ᠰᠢᠯᠢᠳᠡᠭ ᠰᠠᠢᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠡᠭᠦᠳᠬᠦ ᠳ᠋ᠤ ᠪᠠᠳᠤ ᠲᠦᠰᠢᠭ ᠬᠠᠩᠭᠠᠵᠠᠢ ᠃

《ᠥᠪᠥᠷ ᠮᠣᠩᠭᠣᠯ ᠤ᠋ᠨ ᠠᠵᠤ ᠠᠬᠤᠢᠯᠠᠯ ᠤ᠋ᠨ ᠭᠠᠷ ᠠᠪᠤᠯᠭ᠎ᠠ》ᠶᠡᠷᠦᠩᠬᠡᠢᠯᠡᠭᠰᠡᠨ ᠦᠢᠯᠡᠴᠢᠯᠡᠭᠡᠨ ᠤ᠋ ᠲᠠᠪᠴᠠᠩ ᠨᠢ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡ ᠬᠢᠭᠡᠳ ᠠᠵᠤ ᠠᠬᠤᠢᠯᠠᠯ ᠤ᠋ᠨ ᠬᠤᠭᠤᠷᠤᠨᠳᠤᠬᠢ ᠡᠴᠤᠰ ᠤ᠋ᠨ ᠨᠢᠭᠡ ᠺᠢᠯᠤᠮᠧᠲᠷ ᠢ᠋ ᠨᠡᠪᠳᠡᠷᠡᠭᠦᠯᠦᠭᠰᠡᠨ ᠪᠤᠯ᠂ ᠪᠦᠬᠦ ᠤᠷᠤᠨ ᠤ᠋ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠰᠢᠯᠢᠳᠡᠭᠵᠢᠭᠦᠯᠬᠦ ᠶᠡᠬᠡ ᠬᠤᠷᠠᠯ ᠳᠡᠭᠡᠷ᠎ᠠ ᠵᠠᠷᠯᠠᠨ ᠨᠡᠢᠳᠡᠯᠡᠭᠰᠡᠨ ᠮᠠᠨ ᠤ᠋ ᠤᠷᠤᠨ ᠤ᠋ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠰᠢᠯᠢᠳᠡᠭᠵᠢᠭᠦᠯᠬᠦ 3.0 ᠬᠡᠪ ᠤ᠋ᠨ ᠲᠦᠷᠦ ᠶ᠋ᠢᠨ ᠪᠤᠳᠤᠯᠭ᠎ᠠ —《ᠨᠡᠩ ᠰᠢᠯᠢᠳᠡᠭ ᠰᠠᠢᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠶ᠋ᠢᠡᠷ ᠵᠠᠬ᠎ᠠ ᠳᠡᠯᠭᠡᠭᠦᠷ ᠤ᠋ᠨ ᠭᠤᠤᠯ ᠴᠤᠭᠴᠠ ᠳ᠋ᠤ ᠦᠢᠯᠡᠴᠢᠯᠡᠬᠦ ᠠᠵᠢᠯᠯᠠᠭᠠᠨ ᠤ᠋ ᠲᠦᠰᠦᠯ》ᠪᠤᠯ ᠮᠠᠨ ᠤ᠋ ᠤᠷᠤᠨ ᠤ᠋ ᠳᠠᠷᠠᠭᠠᠴᠢ ᠶ᠋ᠢᠨ ᠨᠢᠭᠡ ᠬᠤᠭᠤᠴᠠᠭᠠᠨ ᠤ᠋ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠰᠢᠯᠢᠳᠡᠭᠵᠢᠭᠦᠯᠬᠦ ᠠᠵᠢᠯ ᠤ᠋ᠨ ᠶᠡᠷᠦᠩᠬᠡᠢ ᠵᠦᠭᠯᠡᠭᠦᠷ ᠪᠤᠯᠤᠨ᠎ᠠ ᠃ ᠲᠤᠰ ᠠᠵᠢᠯᠯᠠᠭᠠᠨ ᠤ᠋ ᠲᠦᠰᠦᠯ ᠨᠢ ᠵᠠᠬ᠎ᠠ ᠳᠡᠯᠭᠡᠭᠦᠷ ᠤ᠋ᠨ ᠭᠤᠤᠯ ᠴᠤᠭᠴᠠ ᠶ᠋ᠢᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠤ᠋ᠨ ᠲᠤᠬᠠᠢ ᠰᠢᠨ᠎ᠠ ᠬᠡᠷᠡᠭᠴᠡᠭᠡ ᠱᠠᠭᠠᠷᠳᠠᠯᠭ᠎ᠠ ᠲᠠᠢ ᠨᠢᠭᠳᠠ ᠤᠶᠠᠯᠳᠤᠭᠤᠯᠤᠨ ᠦᠩᠭᠡᠷᠡᠭᠰᠡᠨ ᠤ᠋ ᠴᠠᠭ ᠢ᠋ ᠪᠤᠭᠤᠨᠢᠰᠬᠠᠬᠤ᠂ ᠭᠤᠭᠴᠤᠭ᠎ᠠ ᠶ᠋ᠢ ᠴᠤᠮᠬᠠᠳᠬᠠᠬᠤ᠂ ᠮᠠᠲ᠋ᠧᠷᠢᠶᠠᠯ ᠢ᠋ ᠴᠦᠬᠡᠳᠭᠡᠬᠦ ᠵᠤᠷᠰᠢᠯ ᠢ᠋ ᠳᠡᠰ ᠳᠡᠪᠰᠢᠭᠦᠯᠵᠤ᠂ ᠠᠵᠢᠯ ᠶᠠᠪᠤᠳᠠᠯ ᠭᠦᠢᠴᠡᠳᠭᠡᠬᠦ ᠳ᠋ᠤ ᠨᠡᠩ ᠳᠦᠭᠦᠮ ᠳᠦᠳᠡ᠂ ᠵᠠᠬ᠎ᠠ ᠳᠡᠯᠭᠡᠭᠦᠷ ᠲᠦ᠍ ᠤᠷᠤᠭᠤᠯᠬᠤ ᠵᠦᠪᠰᠢᠶᠡᠷᠡᠯ ᠨᠡᠩ ᠡᠷᠬᠡ ᠳᠡᠭᠰᠢ᠂ ᠬᠢᠨᠠᠯᠳᠠ ᠬᠠᠮᠢᠶᠠᠷᠤᠯᠳᠠ ᠨᠡᠩ ᠲᠦᠪ ᠭᠤᠤᠯᠴᠢ᠂ ᠦᠢᠯᠡᠴᠢᠯᠡᠭᠡ ᠨᠡᠩ ᠬᠠᠯᠠᠭᠤᠨ ᠳᠤᠯᠠᠭᠠᠨ᠂ ᠵᠠᠰᠠᠭ ᠤ᠋ᠨ ᠤᠷᠳᠤᠨ ᠦᠨᠡᠨᠴᠢ ᠢᠳᠡᠭᠡᠮᠵᠢᠳᠡᠢ ᠪᠡᠷ ᠠᠮᠠᠯᠠᠯᠳᠠ ᠪᠡᠨ ᠭᠦᠢᠴᠡᠳᠭᠡᠬᠦ ᠶᠡᠬᠡ ᠤᠷᠴᠢᠨ ᠢ᠋ ᠡᠭᠦᠳᠬᠦ ᠪᠡᠷ ᠵᠤᠷᠢᠯᠳᠠ ᠪᠠᠨ ᠪᠤᠯᠭᠠᠵᠠᠢ ᠃ ᠡᠨᠡ ᠬᠦ᠌ ᠵᠤᠷᠢᠯᠳᠠ ᠳ᠋ᠤ ᠬᠦᠷᠬᠦ ᠶ᠋ᠢᠨ ᠲᠦᠯᠦᠭᠡ ᠂ ᠮᠠᠨ ᠤ᠋ ᠤᠷᠤᠨ ᠳᠤᠤᠷᠠᠬᠢ ᠳᠦᠷᠪᠡᠨ ᠲᠠᠯ᠎ᠠ ᠶ᠋ᠢ ᠨᠡᠩ ᠴᠢᠬᠤᠯᠠᠴᠢᠯᠠᠵᠤ᠂ ᠪᠦᠬᠦ ᠬᠦᠴᠦᠨ ᠵᠢᠡᠷ ᠵᠢᠡᠨ ᠴᠢᠷᠮᠠᠢᠵᠤ ᠪᠠᠢᠨ᠎ᠠ ᠃

— ᠲᠤᠭᠠᠴᠢᠯᠠᠭᠰᠠᠨ ᠵᠠᠰᠠᠭ ᠤ᠋ᠨ ᠤᠷᠳᠤᠨ ᠤ᠋ ᠪᠠᠢᠭᠤᠯᠤᠯᠳᠠ ᠶ᠋ᠢ ᠨᠡᠩ ᠴᠢᠬᠤᠯᠠᠴᠢᠯᠠᠵᠤ ᠪᠠᠢᠨ᠎ᠠ᠃ ᠲᠣᠭ᠎ᠠ ᠪᠠᠷᠢᠮᠲᠠ ᠶ᠋ᠢ ᠪᠥᠬᠥ᠌ ᠲᠠᠯ᠎ᠠ ᠪᠠᠷ ᠡᠮᠬᠢᠯᠡᠨ᠂ ᠪᠠᠷᠢᠮᠵᠢᠶ᠎ᠠ ᠨᠢ ᠨᠢᠭᠡᠳᠦᠯᠲᠡᠶ᠂ ᠣᠶᠤᠨᠴᠢ ᠪᠥᠭᠡᠳ ᠲᠥᠬᠥᠮ ᠳᠦᠳᠡ᠂ ᠬᠠᠮᠲᠤ ᠪᠠᠷ ᠡᠳ᠋ᠯᠡᠬᠦ ᠨᠡᠭᠡᠭᠡᠯᠳᠡᠳᠡᠢ᠂ ᠬᠠᠮᠵᠢᠯᠴᠠᠨ ᠬᠤᠯᠪᠤᠯᠳᠤᠭᠰᠠᠨ ᠲᠣᠭᠠᠴᠢᠯᠠᠭ᠍ᠰᠠᠨ ᠵᠠᠰᠠᠭ ᠤ᠋ᠨ ᠶᠠᠪᠤᠳᠠᠯ ᠤ᠋ᠨ ᠱᠢᠰᠲ᠋ᠧᠮ ᠢ᠋ ᠪᠠᠢᠭᠤᠯᠵᠤ᠂ ᠲᠤᠬᠠᠢᠯᠠᠭᠰᠠᠨ ᠠᠵᠢᠯ ᠢ᠋ 《ᠨᠢᠭᠡ ᠰᠦᠯᠵᠢᠶ᠎ᠡ ᠪᠡᠷ ᠨᠡᠢᠳᠡᠮ ᠭᠦᠶ᠋ᠴᠡᠳᠭᠡᠬᠦ᠌》 《ᠨᠢᠭᠡ ᠰᠦᠯᠵᠢᠶ᠎ᠡ ᠪᠡᠷ ᠨᠢᠭᠡᠳᠦᠯᠲᠡᠶ ᠬᠠᠮᠢᠶᠠᠷᠬᠤ》ᠶ᠋ᠢ ᠪᠥᠬᠥ᠌ ᠲᠠᠯ᠎ᠠ ᠪᠠᠷ ᠪᠡᠶᠡᠯᠡᠭᠦᠯᠬᠦ᠌ ᠵᠢ ᠬᠦᠴᠦᠯᠡᠨ ᠠᠬᠢᠭᠤᠯᠵᠤ ᠪᠠᠢᠨ᠎ᠠ ᠃

— ᠠᠵᠤ ᠠᠬᠤᠢᠯᠠᠯ ᠳ᠋ᠤ ᠪᠦᠬᠦ ᠦᠶᠡᠯᠡᠯ ᠤ᠋ᠨ ᠬᠤᠭᠤᠴᠠᠭᠠᠨ ᠤ᠋ ᠦᠢᠯᠡᠴᠢᠯᠡᠭᠡ ᠬᠠᠩᠭᠠᠬᠤ ᠶ᠋ᠢ ᠨᠡᠩ ᠴᠢᠬᠤᠯᠠᠴᠢᠯᠠᠵᠤ ᠪᠠᠢᠨ᠎ᠠ ᠃ ᠠᠵᠤ ᠠᠬᠤᠢᠯᠠᠯ ᠳᠡᠩᠰᠡᠯᠡᠨ ᠪᠠᠢᠭᠤᠯᠬᠤ᠂ ᠪᠠᠷᠢᠯᠭ᠎ᠠ ᠡᠬᠢᠯᠡᠭᠦᠯᠦᠨ ᠪᠥᠲᠥᠭᠡᠨ ᠪᠠᠢᠭᠤᠯᠬᠤ᠂ ᠦᠶ᠋ᠯᠡᠳᠪᠦᠷᠢᠯᠡᠯ ᠡᠵᠡᠩᠨᠡᠯᠲᠡ ᠬᠢᠬᠦ ᠡᠴᠡ ᠰᠢᠭᠰᠢᠭᠳᠡᠭᠦᠯᠬᠦ ᠬᠦᠷᠳᠡᠯᠡᠬᠢ ᠬᠢᠨᠠᠨ ᠵᠥᠪᠱᠢᠶᠡᠷᠡᠬᠦ᠌ ᠦᠶ᠋ᠯᠡᠴᠢᠯᠡᠭᠡ ᠶ᠋ᠢ ᠨᠢᠭᠡᠳᠦᠯᠲᠡᠶ ᠲᠥᠯᠥᠪᠵᠢᠭᠦᠯᠵᠤ᠂ ᠲᠣᠭᠠᠴᠢᠯᠠᠭ᠍ᠰᠠᠨ ᠠᠷᠭ᠎ᠠ ᠪᠠᠷᠢᠯ ᠢ᠋ ᠬᠡᠷᠡᠭ᠌ᠯᠡᠨ ᠪᠥᠬᠥ᠌ ᠦᠶᠡᠯᠡᠯ ᠶ᠋ᠢᠡᠷ ᠴᠠᠭ ᠢ᠋ ᠪᠣᠭᠣᠨᠢᠰᠭᠠᠨ᠂ ᠪᠥᠬᠥ᠌ ᠬᠡᠯᠬᠢᠶ᠎ᠡ ᠪᠡᠷ ᠭᠣᠭ᠍ᠴᠣᠭ᠎ᠠ᠎ᠶ᠋ᠢ ᠴᠤᠮᠬᠠᠳᠬᠠᠨ᠂ ᠪᠥᠬᠥ᠌ ᠶᠠᠪᠤᠴᠠ ᠪᠡᠷ ᠮᠠᠲ᠋ᠧᠷᠢᠶᠠᠯ ᠢ᠋ ᠪᠠᠭᠠᠰᠭᠠᠵᠤ᠂ ᠦᠷ᠎ᠡ ᠪᠦᠲᠦᠮᠵᠢ᠎ᠶ᠋ᠢ ᠪᠥᠬᠥ᠌ ᠲᠠᠯ᠎ᠠ ᠪᠠᠷ ᠳᠡᠭᠡᠭ᠌ᠰᠢᠯᠡᠭᠦᠯᠤᠨ᠂ ᠪᠤᠳᠤᠯᠢᠶᠠᠨᠲᠠᠶ ᠶᠠᠪᠤᠳᠠᠯ ᠢ᠋《ᠨᠢᠭᠡ ᠯᠡ ᠤᠳᠠᠭ᠎ᠠ ᠳ᠋ᠤ ᠭᠦᠢᠴᠡᠳᠭᠡᠬᠦ》 ᠂ ᠲᠥᠬᠥᠮ ᠶᠠᠪᠤᠳᠠᠯ ᠢ᠋ 《ᠨᠢᠭᠡ ᠤᠳᠠᠭ᠎ᠠ ᠴᠤ᠌ ᠭᠦᠶᠦᠯᠭᠡᠬᠦ᠌ ᠥᠬᠡᠶ》 ᠪᠠᠢᠬᠤ ᠶ᠋ᠢ ᠪᠡᠶᠡᠯᠡᠭᠦᠯᠬᠦ ᠪᠡᠷ ᠴᠢᠷᠮᠠᠢᠵᠤ ᠪᠠᠢᠨ᠎ᠠ ᠃

— ᠡᠷᠬᠡ ᠳᠡᠭᠰᠢ ᠦᠷᠢᠰᠦᠯᠳᠦᠭᠡᠨ ᠤ᠋ ᠤᠷᠴᠢᠨ ᠢ᠋ ᠡᠭᠦᠳᠬᠦ ᠶ᠋ᠢ ᠨᠡᠩ ᠴᠢᠬᠤᠯᠠᠴᠢᠯᠠᠵᠤ ᠪᠠᠢᠨ᠎ᠠ᠃ ᠡᠷᠬᠡ ᠲᠡᠭ᠌ᠰᠢ ᠥᠷᠢᠰᠥᠯᠳᠦᠭᠡᠨ ᠢ᠋ ᠬᠠᠷᠱᠢᠯᠠᠵᠤ ᠮᠡᠳᠡᠬᠦ ᠲᠣᠭ᠍ᠲᠠᠭᠠᠯ ᠢ᠋ ᠦᠭᠡᠢᠰᠭᠡᠨ᠂ 《ᠨᠢᠭᠡ ᠰᠦᠯᠵᠢᠶ᠎ᠡ ᠪᠡᠷ ᠨᠢᠭᠡᠳᠦᠯᠲᠡᠶ ᠬᠠᠮᠢᠶᠠᠷᠬᠤ》ᠶ᠋ᠢ ᠪᠥᠬᠥ᠌ ᠲᠠᠯ᠎ᠠ ᠪᠠᠷ ᠬᠡᠷᠡᠭ᠌ᠵᠢᠭᠦᠯᠵᠦ᠍ ᠂ ᠡᠷᠬᠡ ᠬᠠᠷᠢᠭᠤᠴᠠᠯᠭ᠎ᠠ ᠲᠣᠳᠣᠷᠬᠠᠶ᠂ ᠡᠷᠬᠡ ᠲᠡᠭ᠌ᠰᠢ ᠲᠥᠪ ᠭᠤᠤᠯᠴᠢ᠂ ᠱᠢᠨᠵᠢᠯᠡᠬᠦ᠌ ᠤᠬᠠᠭᠠᠨᠴᠢ ᠥᠨᠳᠥᠷ ᠪᠦᠲᠦᠮᠵᠢᠲᠡᠶ ᠣᠳᠣᠬᠢᠴᠢᠯᠠᠭ᠍ᠰᠠᠨ ᠬᠢᠨᠠᠯᠲᠠ ᠬᠠᠮᠢᠶᠠᠷᠤᠯᠲᠠ ᠶ᠋ᠢᠨ ᠱᠢᠰᠲ᠋ᠧᠮ ᠢ᠋ ᠪᠠᠢᠭᠤᠯᠤᠨ᠂ ᠲᠥᠪ ᠭᠤᠤᠯᠴᠢ ᠬᠢᠨᠠᠯᠲᠠ ᠬᠠᠮᠢᠶᠠᠷᠤᠯᠲᠠ ᠪᠠᠷ ᠡᠷᠬᠡ ᠳᠡᠭᠰᠢ ᠥᠷᠢᠰᠥᠯᠳᠦᠭᠡᠨ ᠢ᠋ ᠠᠬᠢᠭᠤᠯᠵᠤ ᠪᠠᠢᠨ᠎ᠠ ᠃

— ᠵᠠᠬ᠎ᠠ ᠳᠡᠯᠭᠡᠭᠦᠷ ᠤ᠋ᠨ ᠭᠤᠤᠯ ᠴᠤᠭᠴᠠ ᠶ᠋ᠢᠨ ᠦᠨᠡᠨ ᠪᠤᠳᠠᠳᠤ ᠲᠦᠷᠦᠭᠳᠡᠯ ᠢ᠋ ᠨᠡᠩ ᠴᠢᠬᠤᠯᠠᠴᠢᠯᠠᠵᠤ ᠪᠠᠢᠨ᠎ᠠ᠃ ᠵᠠᠰᠠᠭ ᠤ᠋ᠨ ᠣᠷᠳᠣᠨ ᠤ᠋ ᠰᠠᠯᠠᠭ᠎ᠠ ᠮᠥᠴᠢᠷ ᠪᠠ ᠠᠯᠪᠠᠲᠠᠨ ᠤ᠋ ᠦᠨᠡᠨᠴᠢ ᠢᠲᠡᠭᠡᠮᠵᠢ ᠶ᠋ᠢᠨ ᠡᠯᠧᠺᠲ᠋ᠷᠣᠨ ᠳᠠᠩᠰᠠ ᠶ᠋ᠢ ᠪᠦᠷᠢᠨᠱᠢᠬᠦᠯᠵᠦ᠍᠂ ᠬᠣᠯᠪᠣᠭᠠᠯᠠᠨ ᠵᠠᠯᠬᠠᠭᠠᠨ ᠴᠡᠭᠡᠷᠯᠡᠭᠦᠯᠬᠦ᠌ ᠠᠵᠢᠯᠯᠠᠭ᠎ᠠ ᠥᠷᠨᠢᠭᠦᠯᠦᠨ᠂ ᠦᠨᠡᠨᠴᠢ ᠢᠲᠡᠭᠡᠮᠵᠢᠲᠡᠶ ᠵᠠᠰᠠᠭ ᠤ᠋ᠨ ᠣᠷᠳᠣᠨ ᠢ᠋ ᠬᠦᠴᠦᠯᠡᠨ ᠪᠠᠢᠭᠤᠯᠵᠤ ᠪᠤᠢ ᠃ ᠪᠠᠰᠠ ᠵᠠᠰᠠᠭ ᠤ᠋ᠨ ᠤᠷᠳᠤᠨ ᠪᠤᠯᠤᠨ ᠠᠵᠤ ᠠᠬᠤᠢᠯᠠᠯ ᠤ᠋ᠨ ᠬᠠᠷᠢᠯᠴᠠᠭᠠᠨ ᠤ᠋ ᠪᠠᠢᠩᠭᠤ ᠶ᠋ᠢᠨ ᠲᠣᠭ᠍ᠲᠠᠴᠠ ᠶ᠋ᠢ ᠪᠠᠢᠭᠤᠯᠤᠨ᠂ ᠵᠠᠬ᠎ᠠ ᠳᠡᠯᠭᠡᠭᠦᠷ ᠤ᠋ᠨ ᠭᠣᠣᠯ ᠴᠣᠭ᠍ᠴᠠ ᠶ᠋ᠢᠨ ᠦᠢᠯᠡᠳᠪᠦᠷᠢᠯᠡᠯ ᠡᠵᠡᠩᠨᠡᠯᠲᠡ ᠶ᠋ᠢᠨ ᠶᠠᠪᠤᠴᠠ ᠳ᠋ᠤ ᠲᠤᠯᠭᠠᠷᠠᠭ᠍ᠰᠠᠨ ᠬᠦᠴᠢᠷᠳᠡᠯ ᠪᠠ ᠠᠰᠠᠭᠤᠳᠠᠯ ᠢ᠋ ᠬᠠᠤᠯᠢ ᠶᠣᠰᠣᠭᠠᠷ ᠬᠦᠯᠢᠶᠡᠨ ᠠᠪᠴᠤ᠌ ᠱᠢᠶ᠋ᠳᠪᠦᠷᠢᠯᠡᠵᠤ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面