2022-04-23 20:16:19
ᠤᠢ᠍ᠢᠷ᠎ᠠ ᠵᠢᠨ ᠡᠳᠦᠷ᠂ ᠤᠯᠤᠰ᠎ᠤᠨ ᠬᠦᠭ᠌ᠵᠢᠬᠦᠯᠦᠯᠳᠡ ᠦᠭᠡᠷᠡᠴᠢᠯᠡᠯᠳᠡ ᠵᠢᠨ ᠵᠦᠪᠯᠡᠯ ᠡᠴᠡ《 ᠲᠤᠮᠳᠠᠳᠤ ᠤᠯᠤᠰ᠎ᠤᠨ ᠬᠤᠳᠠᠯᠳᠤᠭ᠎ᠠ ᠡᠷᠬᠢᠯᠡᠬᠦ᠌ ᠤᠷᠴᠢᠨ ᠨᠦᠭᠦᠴᠡᠯ᠎ᠤᠨ ᠮᠡᠳᠡᠭᠦᠯᠦᠯᠳᠡ》 ᠵᠢ ᠨᠡᠢ᠌ᠳᠡᠯᠡᠭᠰᠡᠨ᠎ᠳᠦ᠂ ᠪᠤᠭᠤᠲᠤ ᠬᠤᠳᠠ ᠪᠦᠬᠦ᠌ ᠤᠯᠤᠰ᠎ᠤᠨ ᠬᠤᠳᠠᠯᠳᠤᠭ᠎ᠠ ᠡᠷᠬᠢᠯᠡᠬᠦ᠌ ᠤᠷᠴᠢᠨ ᠨᠦᠭᠦᠴᠡᠯ᠎ᠤᠨ ᠬᠦᠳᠡᠯᠮᠤᠷᠢ ᠬᠦᠴᠦᠨ ᠤ ᠵᠠᠬ᠎ᠠ ᠲᠡᠯᠭᠡᠭᠦᠷ᠎ᠤᠨ ᠬᠢᠨᠠᠨ ᠬᠠᠮᠢᠶᠠᠷᠤᠯᠳᠠ ᠵᠢᠨ ᠬᠦᠢᠴᠡᠳᠭᠡᠬᠦ ᠲᠤᠭ᠎ᠠ ᠵᠢᠨ ᠢᠯᠡᠷᠡᠯ ᠱᠢᠯᠢᠳᠡᠭ ᠰᠠᠢᠨ ᠬᠤᠳᠠ ᠪᠤᠯᠤᠬ᠍ᠰᠠᠨ ᠪᠠᠢ᠌ᠨ᠎ᠠ ᠃
ᠪᠤᠭᠤᠲᠤ ᠬᠤᠳᠠ ᠪᠦᠬᠦ᠌ ᠤᠯᠤᠰ᠎ᠤᠨ ᠲᠡᠷᠢᠭᠦᠨ᠎ᠤ ᠬᠤᠳᠠᠯᠳᠤᠭ᠎ᠠ ᠡᠷᠬᠢᠯᠡᠬᠦ᠌ ᠤᠷᠴᠢᠨ ᠨᠦᠭᠦᠴᠡᠯ᠎ᠢ ᠴᠤᠬ᠍ᠴᠠᠯᠠᠬᠤ ᠬᠠᠷᠠᠯᠳᠠ ᠵᠢᠨ ᠲᠤᠭᠤᠷᠢᠨ ᠳ᠋ᠤ ᠠᠰᠠᠭᠤᠳᠠᠯ᠎ᠤᠨ ᠵᠢᠯᠤᠭᠤᠳᠤᠮᠵᠢ ᠪᠤᠯᠤᠨ ᠬᠡᠷᠡᠭ᠌ᠴᠡᠭᠡ ᠵᠢᠨ ᠵᠢᠯᠤᠭᠤᠳᠤᠮᠵᠢ ᠵᠢ ᠪᠠᠷᠢᠮᠳᠠᠯᠠᠵᠦ᠍᠂ ᠵᠠᠬ᠎ᠠ ᠲᠡᠯᠭᠡᠭᠦᠷ᠎ᠤᠨ ᠭᠤᠤᠯ ᠴᠤᠬ᠍ᠴᠠ ᠪᠤᠯᠤᠨ ᠠᠷᠠᠳ ᠤᠯᠠᠨ᠎ᠤ ᠬᠦᠰᠡᠯ ᠨᠠᠢ᠌ᠳᠠᠯᠭ᠎ᠠ ᠪᠡᠷ ᠲᠦᠪᠯᠡᠷᠡᠯ᠎ᠤᠨ ᠴᠡᠭ ᠪᠤᠯᠭᠠᠵᠦ᠍᠂ ᠬᠦᠳᠡᠯᠮᠤᠷᠢ ᠬᠦᠴᠦᠨ᠎ᠤ ᠵᠠᠬ᠎ᠠ ᠲᠡᠯᠭᠡᠭᠦᠷ᠎ᠤᠨ ᠬᠢᠨᠠᠨ ᠬᠠᠮᠢᠶᠠᠷᠤᠯᠳᠠ ᠵᠢᠨ ᠦᠭᠡᠷᠡᠴᠢᠯᠡᠯᠳᠡ ᠵᠢ ᠲᠠᠰᠤᠷᠠᠯᠳᠠ ᠦᠭᠡᠢ ᠬᠦᠨᠵᠡᠭᠡᠢ᠌ᠷᠡᠬᠦᠯᠵᠦ᠍᠂ ᠵᠠᠬ᠎ᠠ ᠲᠡᠯᠭᠡᠭᠦᠷ᠎ᠤᠨ ᠠᠮᠢᠳᠤᠯᠢᠭ ᠬᠦᠴᠤᠨ᠎ᠢ ᠲᠠᠰᠤᠷᠠᠯᠳᠠ ᠦᠭᠡᠢ ᠨᠡᠮᠡᠭ᠌ᠳᠡᠬᠦᠯᠵᠦ᠍᠂ ᠵᠠᠬ᠎ᠠ ᠲᠡᠯᠭᠡᠭᠦᠷ᠎ᠤᠨ ᠤᠷᠴᠢᠨ ᠲᠤᠭᠤᠷᠢᠨ᠎ᠢ ᠲᠠᠰᠤᠷᠠᠯᠳᠠ ᠦᠭᠡᠢ ᠱᠢᠯᠢᠳᠡᠭ᠌ᠵᠢᠬᠦᠯᠵᠦ᠍᠂ ᠠᠵᠤ ᠠᠬᠤᠢ᠌ᠯᠠᠯ ᠪᠤᠯᠤᠨ ᠤᠯᠠᠨ ᠲᠦᠮᠡᠨ᠎ᠤ ᠬᠦᠷᠳᠡᠮᠵᠢ ᠵᠢᠨ ᠰᠡᠳᠭᠢᠯᠭᠡ ᠵᠢ ᠨᠡᠮᠡᠭ᠌ᠳᠡᠭᠦᠯᠦᠭ᠌ᠰᠡᠨ ᠪᠠᠢ᠌ᠨ᠎ᠠ ᠃
ᠲᠤᠰ ᠬᠤᠳᠠ ᠬᠦᠳᠡᠯᠮᠤᠷᠢ ᠬᠦᠴᠦᠨ᠎ᠤ ᠵᠠᠬ᠎ᠠ ᠲᠡᠯᠭᠡᠭᠦᠷ᠎ᠤᠨ ᠬᠢᠨᠠᠨ ᠬᠠᠮᠢᠶᠠᠷᠤᠯᠳᠠ ᠵᠢᠨ 《 ᠭᠦᠢᠴᠡᠳᠭᠡᠬᠦ ᠲᠤᠭ᠎ᠠ ᠵᠢᠨ ᠲᠠᠷᠤᠭ᠎ᠠ》 ᠵᠢᠨ ᠠᠵᠢᠯ᠎ᠤᠨ ᠲᠤᠬ᠍ᠳᠠᠴᠠ ᠪᠠᠢ᠌ᠭᠤᠯᠵᠦ᠍᠂ ᠬᠦᠳᠡᠯᠮᠤᠷᠢ ᠬᠦᠴᠤᠨ᠎ᠤ ᠵᠠᠬ᠎ᠠ ᠲᠡᠯᠭᠡᠭᠦᠷ᠎ᠤᠨ ᠬᠢᠨᠠᠨ ᠬᠠᠮᠢᠶᠠᠷᠤᠯᠳᠠ ᠵᠢᠨ ᠭᠦᠢᠴᠡᠳᠭᠡᠬᠦ ᠲᠤᠭ᠎ᠠ ᠵᠢᠨ ᠱᠢᠯᠢᠳᠡᠭ᠌ᠵᠢᠯᠢ ᠠᠬᠢᠭᠤᠯᠬᠤ ᠤᠳᠤᠷᠢᠳᠭᠤ ᠲᠤᠭᠤᠢ᠌ᠯᠠᠩ᠎ᠤᠨ ᠠᠯᠪᠠᠨ ᠭᠡᠷ ᠪᠠᠢ᠌ᠭᠤᠯᠵᠦ᠍᠂ ᠦᠨᠳᠤᠷ ᠲᠦᠪᠰᠢᠨ ᠡᠴᠡ ᠲᠤᠰ ᠠᠵᠢᠯ᠎ᠢ ᠠᠬᠢᠭᠤᠯᠤᠬ᠍ᠰᠠᠨ ᠪᠠᠢ᠌ᠨ᠎ᠠ᠃ ᠲᠡᠭᠦᠨᠴᠢᠯᠡᠨ ᠬᠤᠳᠠ ᠵᠢᠨ ᠡᠯ᠎ᠠ ᠱᠢᠭᠤᠳ ᠬᠠᠷᠢᠶ᠎ᠠ ᠰᠠᠯᠠᠭ᠎ᠠ ᠮᠦᠴᠢᠷ ᠤᠨ ᠬᠤᠭᠤᠷᠤᠨᠳᠤ ᠬᠤᠯᠪᠤᠭᠠᠯᠠᠨ ᠬᠠᠮᠵᠢᠯᠴᠠᠬᠤ ᠲᠤᠬ᠍ᠳᠠᠴᠠ ᠪᠠᠢ᠌ᠭᠤᠯᠵᠦ᠍᠂ ᠡᠳ᠋᠎ᠤᠨ ᠵᠠᠰᠠᠭ᠂ ᠬᠦᠳᠡᠯᠮᠤᠷᠢ ᠬᠦᠴᠦᠨ ᠪᠠ ᠨᠡᠢ᠌ᠭᠡᠮ᠎ᠤᠨ ᠪᠠᠳᠤᠯᠠᠭ᠎ᠠ᠂ ᠬᠠᠤᠯᠢ ᠴᠠᠭᠠᠵᠠ᠂ ᠵᠠᠬ᠎ᠠ ᠲᠡᠯᠭᠡᠭᠦᠷ᠎ᠤᠨ ᠬᠢᠨᠠᠨ ᠬᠠᠮᠢᠶᠠᠷᠤᠯᠳᠠ᠂ ᠠᠵᠢᠯᠴᠢᠨ᠎ᠤ ᠶᠡᠷᠦᠩᠬᠡᠢ ᠡᠪᠯᠡᠯ ᠵᠡᠷᠭᠡ ᠰᠠᠯᠠᠭ᠎ᠠ ᠮᠦᠴᠢᠷ᠎ᠤᠨ ᠴᠢᠳᠠᠪᠬᠢ ᠵᠢᠨ ᠲᠠᠪᠠᠭᠤᠯᠢᠭ᠎ᠢ ᠬᠦᠢᠴᠡᠳ ᠪᠠᠳᠠᠷᠠᠭᠤᠯᠵᠤ᠂ ᠡᠨᠡ ᠲᠠᠯ᠎ᠠ ᠵᠢᠨ ᠠᠵᠢᠯ᠎ᠢ ᠰᠠᠢᠳᠤᠷ ᠬᠢᠬᠦ ᠴᠢᠩᠭ᠎ᠠ ᠬᠦᠴᠦᠳᠠᠢ ᠨᠡᠢ᠌ᠯᠡᠮᠡᠯ ᠬᠦᠴᠦᠨ ᠢ ᠪᠦᠷᠢᠯᠳᠦᠭᠦᠯᠦᠭ᠌ᠰᠡᠨ ᠪᠠᠢᠨ᠎ᠠ ᠃
ᠪᠤᠭᠤᠲᠤ ᠬᠤᠳᠠ ᠵᠢᠨ ᠬᠦᠳᠡᠯᠮᠤᠷᠢ ᠬᠦᠴᠦᠨ ᠪᠤᠯᠤᠨ ᠨᠡᠢ᠌ᠭᠡᠮ ᠤᠨ ᠪᠠᠳᠤᠯᠠᠭ᠎ᠠ ᠵᠢᠨ ᠰᠠᠯᠠᠭ᠎ᠠ ᠮᠦᠴᠢᠷ 《 ᠬᠢᠨᠠᠨ ᠬᠠᠮᠢᠶᠠᠷᠤᠯᠳᠠ + ᠦᠢᠯᠡᠴᠢᠯᠡᠭᠡ》 ᠵᠢᠨ ᠲᠦᠷᠦᠯ ᠲᠡᠮᠳᠡᠭᠳᠤ ᠵᠢ ᠴᠤᠬ᠍ᠴᠠᠯᠠᠵᠦ᠍᠂ ᠬᠦᠳᠡᠯᠮᠤᠷᠢ ᠵᠢᠨ ᠬᠠᠷᠢᠴᠠᠭ᠎ᠠ ᠵᠢᠨ ᠬᠠᠮᠳᠤ ᠪᠡᠷ ᠪᠠᠢ᠌ᠭᠤᠯᠤᠨ ᠬᠠᠮᠳᠤ ᠪᠡᠷ ᠡᠳ᠋ᠯᠡᠬᠦ᠌ ᠵᠢ ᠪᠡᠶᠡᠯᠡᠬᠦᠯᠦᠭ᠌ᠰᠠᠡ ᠪᠠᠢ᠌ᠨ᠎ᠠ᠃ ᠲᠤᠰ ᠬᠤᠳᠠ ᠬᠦᠳᠡᠯᠮᠤᠷᠢ ᠵᠢᠨ ᠪᠠᠳᠤᠯᠠᠭ᠎ᠠ ᠵᠢᠨ ᠪᠠᠢ᠌ᠴᠠᠭᠠᠯᠳᠠ ᠵᠢᠨ ᠠᠵᠢᠯ᠎ᠢ ᠡᠳᠦᠷ ᠲᠤᠳᠤᠮ᠎ᠤᠨ ᠠᠵᠢᠯ ᠪᠤᠯᠭᠠᠨ ᠠᠳᠭᠤᠵᠦ᠍᠂ ᠲᠦᠪᠯᠡᠷᠡᠭᠦᠯᠦᠨ ᠵᠠᠰᠠᠨ ᠴᠡᠭ᠌ᠴᠡᠯᠡᠬᠦ᠌ ᠵᠢ ᠪᠠᠢ᠌ᠩᠭᠤ ᠵᠢᠨ ᠴᠢᠨᠠᠷᠳᠠᠢ ᠬᠢᠨᠠᠨ ᠬᠠᠮᠢᠶᠠᠷᠤᠯᠳᠠ ᠪᠤᠯᠭᠠᠨ ᠬᠤᠪᠢᠷᠠᠭᠤᠯᠵᠤ᠂ ᠴᠠᠯᠢᠩ ᠬᠦᠯᠦᠰᠦ ᠦᠷᠢᠳᠦᠭ᠌ᠰᠡᠨ ᠬᠡᠷᠡᠭ ᠪᠤᠯᠤᠨ ᠬᠤᠯᠪᠤᠬ᠍ᠳᠠᠬᠤ ᠬᠦᠮᠦᠨ ᠵᠢᠴᠢ ᠪᠡᠯᠡ ᠮᠦᠩᠬᠦ᠌ ᠵᠢᠨ ᠲᠤᠭ᠎ᠠ ᠵᠢ ᠶᠡᠬᠡ ᠪᠡᠷ ᠪᠠᠭᠤᠷᠠᠭᠤᠯᠤᠬᠰᠠᠨ ᠪᠠᠢ᠌ᠨ᠎ᠠ᠃ ᠨᠢᠳᠤᠨᠤᠠ ᠲᠤᠰ ᠬᠤᠳᠠ 2900 ᠬᠦᠮᠦᠨ ᠬᠡᠷᠡᠭ᠌ᠯᠡᠬᠦ᠌ ᠪᠠᠢ᠌ᠭᠤᠯᠭ᠎ᠠ ᠵᠢ ᠰᠠᠨᠠᠭᠠᠴᠢᠯᠠᠭ᠎ᠠ ᠲᠠᠢ ᠪᠡᠷ ᠪᠠᠢ᠌ᠴᠠᠭᠠᠵᠦ᠍᠂ 1642 ᠬᠦᠮᠦᠨ ᠬᠡᠷᠡᠭ᠌ᠯᠡᠬᠦ᠌ ᠪᠠᠢ᠌ᠭᠤᠯᠭ᠎ᠠ ᠵᠢ ᠪᠢᠴᠢᠭ᠎ᠤᠨ ᠬᠡᠯᠪᠡᠷᠢ ᠪᠡᠷ ᠬᠢᠨᠠᠨ ᠪᠠᠢ᠌ᠴᠠᠭᠠᠵᠦ᠍᠂ 7790 ᠬᠤᠪᠢ ᠬᠦᠳᠡᠯᠮᠤᠷᠢ ᠵᠢᠨ ᠬᠡᠷ᠎ᠠ ᠵᠢ ᠬᠢᠨᠠᠨ ᠱᠠᠭᠠᠷᠳᠠᠵᠦ᠍ ᠨᠦᠬᠦᠪᠦᠷᠢᠯᠡᠬᠦᠯᠦᠭᠰᠡᠡ ᠪᠤᠶᠤ ᠦᠷᠬᠦᠯᠵᠢᠯᠡᠨ ᠭᠠᠷᠤᠨ ᠦᠰᠦᠭ ᠵᠢᠷᠤᠭᠤᠯᠤᠬ᠍ᠰᠠᠨ ᠪᠠᠢ᠌ᠨ᠎ᠠ᠃ ᠲᠤᠰ ᠬᠤᠳᠠ ᠪᠠᠰᠠ ᠬᠦᠳᠡᠯᠮᠤᠷᠢ ᠬᠦᠴᠦᠨ᠎ᠤ ᠬᠦᠨᠳᠡᠯᠡᠨ ᠡᠴᠡ ᠲᠠᠰᠤᠯᠵᠤ ᠮᠠᠷᠭᠤᠭᠠᠨ᠎ᠢ ᠱᠢᠢᠳᠪᠦᠷᠢᠯᠡᠬᠦ᠌ ᠴᠢᠳᠠᠪᠬᠢ ᠵᠢ ᠴᠢᠩᠭᠠᠳᠭᠠᠵᠦ᠍᠂ ᠪᠦᠬᠦ᠌ ᠬᠤᠳᠠ ᠵᠢᠨ ᠬᠦᠳᠡᠯᠮᠤᠷᠢ ᠠᠵᠢᠯᠳᠠᠨ᠎ᠤ ᠶᠠᠪᠤᠳᠠᠯ᠎ᠤᠨ ᠬᠦᠨᠳᠡᠯᠡᠨ ᠡᠴᠡ ᠲᠠᠰᠤᠯᠵᠤ ᠬᠡᠷᠡᠭ ᠲᠠᠭᠤᠰᠬᠠᠬᠰᠠᠨ ᠨᠤᠷᠮ᠎ᠠ 99% ᠳ᠋ᠤ ᠬᠦᠷᠴᠦ᠍᠂ 6036 ᠬᠤᠪᠢ ᠡᠯ᠎ᠠ ᠲᠦᠷᠤᠯ᠎ᠤᠨ ᠬᠡᠷᠡᠭ᠎ᠢ ᠱᠢᠢᠳᠪᠦᠷᠢᠯᠡᠵᠦ᠍᠂ ᠬᠦᠳᠡᠯᠮᠤᠷᠢᠯᠡᠭ᠌ᠴᠢᠳ ᠲᠤ᠌ 6866 ᠲᠦᠮᠡᠨ ᠲᠦᠭᠦᠷᠢᠭ ᠤ᠋ᠠ ᠴᠠᠯᠢᠩ ᠬᠦᠯᠦᠰᠦ ᠵᠢ ᠡᠭᠡᠭᠦᠯᠤᠨ ᠦᠭ᠌ᠴᠤ᠂ ᠪᠦᠬᠦ᠌ ᠤᠯᠤᠰ᠎ᠤᠨ ᠲᠤᠰᠬᠠᠢ ᠲᠤᠭᠤᠷᠢᠭ ᠬᠤᠪᠢᠶᠠᠬᠰᠠᠨ ᠬᠤᠳᠠ ᠵᠢᠨ ᠲᠤᠳᠤᠷ᠎ᠠ ᠴᠤᠷ᠎ᠤᠨ ᠭᠠᠬ᠍ᠴᠠ《ᠬᠦᠳᠡᠯᠮᠤᠷᠢ ᠠᠵᠢᠯᠳᠠᠨ᠎ᠤ ᠶᠠᠪᠤᠳᠠᠯ ᠤᠨ ᠮᠠᠷᠭᠤᠭᠠᠨ᠎ᠢ ᠬᠦᠨᠳᠡᠯᠡᠨ ᠡᠴᠡ ᠲᠠᠰᠤᠯᠬᠤ ᠨᠡᠷ᠎ᠠ ᠲᠤᠮᠢᠶ᠎ᠠ ᠵᠢᠨ ᠤᠯᠤᠰ᠎ᠤᠨ ᠪᠠᠷᠢᠮᠵᠢᠶ᠎ᠠ ᠵᠢᠨ ᠲᠤᠬ᠍ᠳᠠᠭᠠᠯᠳᠠ》 ᠳ᠋ᠤ ᠤᠷᠤᠯᠴᠠᠬ᠍ᠰᠠᠨ ᠬᠤᠳᠠ ᠪᠤᠯᠵᠠᠢ᠃
ᠪᠤᠭᠤᠲᠤ ᠬᠤᠳᠠ ᠪᠦᠬᠦ᠌ ᠤᠷᠤᠨ ᠳ᠋ᠤ ᠬᠠᠮᠤᠭ ᠤᠷᠢᠳ ᠵᠢᠡᠷ 《ᠰᠠᠨᠠᠭ᠎ᠠ ᠠᠮᠤᠷ ᠭᠠᠷᠤᠨ ᠦᠰᠦᠭ ᠵᠢᠷᠤᠬᠤ》 ᠬᠦᠳᠡᠯᠮᠤᠷᠢ ᠵᠢᠨ ᠭᠡᠷ᠎ᠠ ᠲᠤᠬ᠍ᠳᠠᠬᠤ ᠲᠠᠪᠴᠠᠩ᠎ᠢ ᠡᠭᠦᠳᠤᠨ ᠪᠠᠢᠭᠤᠯᠵᠤ᠂ ᠬᠤᠳᠠ ᠵᠢᠨ ᠬᠠᠮᠢᠶ᠎ᠠ ᠪᠦᠬᠦᠢ ᠰᠠᠯᠠᠭ᠎ᠠ ᠮᠦᠴᠢᠷ᠎ᠤᠨ ᠠᠯᠪᠠᠨ ᠰᠦᠯᠵᠢᠶ᠎ᠠ ᠲᠠᠢ ᠵᠤᠯᠭᠠᠭᠤᠯᠵᠤ᠂ ᠭᠡᠷ᠎ᠠ ᠳ᠋ᠤ ᠭᠠᠷᠤᠨ ᠦᠰᠦᠭ ᠵᠢᠷᠤᠬᠤ ᠬᠤᠭᠤᠴᠠᠭ᠎ᠠ ᠨᠢ ᠤᠷᠳᠤ᠂ ᠶᠠᠪᠤᠴᠠ ᠨᠢ ᠪᠤᠳᠤᠯᠢᠶᠠᠨᠳᠠᠢ ᠵᠡᠷᠭᠡ ᠪᠤᠳᠠᠳᠤ ᠠᠰᠠᠭᠤᠳᠠᠯ᠎ᠢ ᠱᠢᠢᠳᠪᠦᠷᠢᠯᠡᠵᠦ᠍᠂ ᠠᠵᠤ ᠠᠬᠤᠢᠯᠠᠯ᠎ᠤᠨ ᠬᠦᠮᠦᠨ ᠬᠡᠷᠡᠭ᠌ᠯᠡᠬᠦ᠌ ᠦᠪᠡᠷ᠎ᠤᠨ ᠦᠷᠳᠡᠭ᠎ᠢ ᠪᠠᠭᠤᠷᠠᠭᠤᠯᠤᠬ᠍ᠰᠠᠨ ᠪᠠᠢ᠌ᠨ᠎ᠠ᠃ ᠡᠭᠦᠨ ᠡᠴᠡ ᠭᠠᠳᠠᠨ᠎ᠠ ᠪᠠᠰᠠ ᠠᠵᠢᠯ ᠮᠡᠷᠭᠡᠵᠢᠯ᠎ᠤᠨ ᠴᠢᠳᠠᠪᠤᠷᠢ ᠵᠢ ᠲᠡᠭᠡᠭ᠌ᠰᠢᠯᠡᠬᠦᠯᠬᠦ᠌ ᠵᠡᠷᠭᠡ ᠲᠤᠰᠭᠠᠢ ᠠᠵᠢᠯᠯᠠᠭ᠎ᠠ ᠦᠷᠨᠢᠬᠦᠯᠵᠦ᠍᠂ ᠲᠠᠷᠤᠭᠠᠰᠤ ᠵᠢ ᠬᠦᠩᠬᠡᠷᠡᠭᠦᠯᠦᠨ ᠠᠵᠢᠯ᠎ᠤᠨ ᠪᠠᠢ᠌ᠷᠢ ᠵᠢ ᠲᠤᠬ᠍ᠳᠠᠪᠤᠷᠢᠵᠢᠭᠤᠯᠵᠦ᠍ ᠠᠵᠢᠯ ᠤᠯᠭᠤᠯᠳᠠ ᠵᠢ ᠦᠷᠭᠡᠳᠭᠡᠬᠦ᠌ ᠲᠦᠷᠦ᠍ ᠵᠢᠨ ᠪᠤᠳᠤᠯᠭ᠎ᠠ ᠵᠢᠨ ᠠᠷᠭ᠎ᠠ ᠪᠠᠷᠢᠯ᠎ᠢ ᠰᠠᠢ᠌ᠳᠤᠷ ᠲᠤᠭᠤᠱᠢᠯᠠᠭᠤᠯᠵᠦ᠍᠂ ᠪᠦᠬᠦ ᠬᠤᠳᠠ ᠵᠢᠨ ᠠᠵᠤ ᠠᠬᠤᠢ ᠵᠢᠨ ᠴᠢᠨᠠᠷ ᠰᠠᠢ᠌ᠳᠠᠢ ᠬᠦᠭ᠌ᠵᠢᠯᠳᠡ᠂ ᠨᠡᠢ᠌ᠭᠡᠮᠤᠨᠡᠶᠠ ᠵᠤᠬᠢᠴᠠᠩᠭᠤᠢ ᠭᠦᠭ᠌ᠵᠢᠯᠳᠡ ᠳ᠋ᠤ ᠬᠦᠳᠡᠯᠮᠤᠷᠢ ᠠᠵᠢᠯᠳᠠᠨ᠎ᠤ ᠶᠠᠪᠤᠳᠠᠯ ᠤᠨ ᠪᠠᠳᠤᠯᠠᠭ᠎ᠠ ᠬᠠᠩᠭᠠᠬ᠍ᠰᠠᠨ ᠪᠠᠢ᠌ᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃