ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-04-21 10:13:10

ᠵᠣᠬᠢᠶᠠᠭ᠍ᠴᠢ᠄ ​ᠪᠢᠯᠢᠭᠪᠡᠭᠠᠳᠤᠷ ᠣᠩᠱᠢᠭ᠍ᠰᠠᠨ ᠣᠳᠠᠭ᠎ᠠ᠄ 3

ᠤᠢᠷ᠎ᠡ᠎ᠳᠦ᠂ ᠰᠢᠯᠢ ᠵᠢᠨ ᠭᠤᠤᠯ ᠠᠢᠮᠠᠭ 2022·ᠰᠢᠯᠢ ᠵᠢᠨ ᠭᠤᠤᠯ᠎ᠤᠨ ᠬᠠᠪᠤᠷ᠎ᠤᠨ ᠤᠯᠠᠷᠢᠯ᠎ᠤᠨ ᠠᠷᠠᠯᠵᠢᠶᠠᠴᠢᠨ ᠤᠷᠢᠵᠤ ᠪᠡᠯᠡ ᠮᠦᠡᠭᠬᠦ ᠤᠷᠤᠭᠤᠯᠵᠤ ᠠᠪᠴᠢᠷᠠᠬᠤ ᠡᠭᠦᠯᠡᠨ ᠶᠡᠬᠡ ᠬᠤᠷᠠᠯ ᠡᠷᠬᠢᠯᠡᠵᠦ᠂ ᠪᠡᠭᠡᠵᠢᠡᠭ᠂ ᠲᠢᠶᠠᠨᠵᠢᠨ᠂ ᠱᠡᠡᠭᠬᠠᠢ᠂ ᠭᠤᠸᠠᠡᠭᠳᠦᠢ᠍ᠡᠭ ᠵᠡᠷᠭᠡ 20 ᠭᠠᠷᠤᠢ ᠮᠤᠵᠢ ᠬᠤᠳᠠ ᠵᠢᠨ ᠠᠵᠤ ᠠᠬᠤᠢᠯᠠᠯ ᠯᠤᠭ᠎ᠠ ᠡᠭᠦᠯᠡᠨ ᠵᠦᠪᠯᠡᠯᠴᠡᠭᠡᠷ ᠲᠤᠭᠳᠠᠬᠤ ᠬᠡᠯᠪᠡᠷᠢ ᠪᠡᠷ ᠨᠡᠢᠳᠡ ᠪᠡᠯᠡ ᠤᠷᠤᠭᠤᠯᠤᠯᠳᠠ ᠨᠢ 213.6 ᠳ᠋ᠦᠡᠭᠰᠢᠭᠤᠷ ᠲᠦᠭᠦᠷᠢᠭ᠎ᠤᠨ 25 ᠲᠦᠷᠦᠯ ᠵᠦᠢᠯ ᠳ᠋ᠤ ᠭᠠᠷ᠎ᠤᠨ ᠦᠰᠦᠭ ᠵᠢᠷᠤᠵᠤ᠂ ᠡᠨᠡ ᠵᠢᠯ᠎ᠤᠨ ᠲᠤᠰ ᠠᠢᠮᠠᠭ᠎ᠤᠨ ᠠᠷᠠᠯᠵᠢᠶᠠᠴᠢᠨ ᠤᠷᠢᠵᠤ ᠪᠡᠯᠡ ᠮᠦᠡᠭᠬᠦ ᠤᠷᠤᠭᠤᠯᠵᠤ ᠠᠪᠴᠢᠷᠠᠬᠤ ᠠᠵᠢᠯ ᠢᠯᠭᠤᠮ ᠤᠷᠤᠭᠰᠢᠳᠡᠢ ᠡᠬᠢᠯᠡᠵᠡᠢ᠃

ᠡᠨᠡ ᠵᠢᠯ ᠰᠢᠯᠢ ᠵᠢᠨ ᠭᠤᠤᠯ ᠠᠢᠮᠠᠭ ᠠᠷᠠᠯᠵᠢᠶᠠᠴᠢᠨ ᠤᠷᠢᠵᠤ ᠪᠡᠯᠡ ᠮᠦᠡᠭᠬᠦ ᠤᠷᠤᠭᠤᠯᠵᠤ ᠠᠪᠴᠢᠷᠠᠬᠤ ᠪᠤᠯᠤᠨ ᠲᠦᠷᠦᠯ ᠵᠦᠢᠯ᠎ᠤᠨ ᠪᠦᠳᠦᠭᠡᠨ ᠪᠠᠢᠭᠤᠯᠤᠯᠳᠠ ᠵᠢ ᠴᠢᠬᠤᠯᠠᠴᠢᠯᠠᠨ ᠠᠳᠬᠤᠵᠤ᠂ ᠰᠢᠯᠢ ᠵᠢᠨ ᠭᠤᠤᠯ ᠠᠢᠮᠠᠭ᠎ᠤᠨ ᠨᠠᠮ᠎ᠤᠨ ᠬᠤᠷᠢᠶᠠᠨ᠎ᠤ ᠱᠦᠵᠢ ᠶᠤᠤ ᠶᠦᠡᠭ ᠪᠦᠸᠸ ᠪᠦᠯᠭᠦᠮ ᠲᠠᠭᠠᠭᠤᠯᠤᠨ ᠤᠷᠢᠳ ᠬᠤᠵᠢᠳ ᠪᠡᠭᠡᠵᠢᠡᠭ᠂ ᠬᠠᠡᠭᠵᠸᠤ ᠵᠡᠷᠭᠡ ᠭᠠᠵᠠᠷ᠎ᠤᠳ ᠵᠢᠠᠷ ᠬᠦᠷᠴᠤ ᠠᠷᠠᠯᠵᠢᠶᠠᠴᠢᠨ ᠤᠷᠢᠭᠰᠠᠨ ᠪᠠ ᠰᠢᠯᠢ ᠵᠢᠨ ᠭᠤᠤᠯ ᠠᠢᠮᠠᠭ᠎ᠤᠨ ᠨᠠᠮ᠎ᠤᠨ ᠬᠤᠷᠢᠶᠠᠨ᠎ᠤ ᠲᠡᠳ᠋ ᠱᠦᠵᠢ᠂ ᠠᠢᠮᠠᠭ᠎ᠤᠨ ᠲᠠᠷᠤᠭ᠎ᠠ ᠯᠦᠸᠸ ᠴᠢᠡᠭ ᠤᠷᠢᠳ ᠬᠤᠵᠢᠳ ᠪᠡᠭᠡᠵᠢᠡᠭ᠎ᠤᠨ ᠵᠢᠡᠭ ᠨᠸᠡᠭ ᠪᠦᠯᠦᠭᠯᠡᠯ᠂ ᠱᠸᠨᠵᠸᠨ᠎ᠤ ᠱᠸᠡᠭ ᠲᠦᠨ ᠪᠦᠯᠦᠭᠯᠡᠯ ᠵᠡᠷᠭᠡ ᠲᠤᠮᠤ ᠠᠵᠤ ᠠᠬᠤᠢᠯᠠᠯ ᠯᠤᠭ᠎ᠠ ᠵᠤᠯᠭᠠᠭᠤᠯᠵᠤ᠂ ᠡᠭᠦᠨ᠎ᠤ ᠬᠠᠮᠳᠤ ᠲᠤᠰ ᠠᠢᠮᠠᠭ᠎ᠤᠨ ᠡᠯ᠎ᠠ ᠬᠤᠰᠢᠭᠤ ᠰᠢᠶᠠᠨ ᠬᠤᠳᠠ ᠵᠢᠨ ᠨᠠᠮ ᠵᠠᠰᠠᠭ᠎ᠤᠨ ᠤᠳᠤᠷᠢᠳᠤᠯᠭ᠎ᠠ ᠨᠠᠷ ᠬᠦᠳᠡᠯᠦᠯᠴᠡᠨ ᠬᠠᠮᠳᠤ ᠪᠡᠷ ᠪᠦᠬᠦ ᠠᠢᠮᠠᠭ᠎ᠤᠨ ᠬᠡᠪᠴᠢᠶᠡᠨ ᠳ᠋ᠤ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠵᠤ ᠠᠪᠴᠢᠷᠠᠬᠤ ᠬᠠᠯᠠᠮᠰᠢᠯ᠎ᠢ ᠪᠤᠢ ᠪᠤᠯᠭᠠᠵᠠᠢ᠃

2022·ᠰᠢᠯᠢ ᠵᠢᠨ ᠭᠤᠤᠯ᠎ᠤᠨ ᠬᠠᠪᠤᠷ᠎ᠤᠨ ᠤᠯᠠᠷᠢᠯ᠎ᠤᠨ ᠠᠷᠠᠯᠵᠢᠶᠠᠴᠢᠨ ᠤᠷᠢᠵᠤ ᠪᠡᠯᠡ ᠮᠦᠡᠭᠬᠦ ᠤᠷᠤᠭᠤᠯᠵᠤ ᠠᠪᠴᠢᠷᠠᠬᠤ ᠡᠭᠦᠯᠡᠨ ᠶᠡᠬᠡ ᠬᠤᠷᠠᠯ ᠪᠤᠯ ᠡᠨᠡ ᠵᠢᠯ᠎ᠤᠨ ᠰᠢᠯᠢ ᠵᠢᠨ ᠭᠤᠤᠯ ᠠᠢᠮᠠᠭ᠎ᠤᠨ ᠡᠷᠬᠢᠯᠡᠭᠰᠡᠨ ᠠᠡᠭᠬᠠᠳᠠᠭᠴᠢ ᠲᠠᠯᠠᠪᠠᠢ ᠠᠷᠠᠯᠵᠢᠶᠠᠴᠢᠨ ᠤᠷᠢᠬᠤ ᠵᠠᠭᠤᠴᠢ ᠲᠠᠪᠴᠠᠡᠭ ᠪᠠ ᠲᠦᠪᠯᠡᠷᠡᠭᠦᠯᠦᠨ ᠵᠦᠪᠯᠡᠯᠴᠡᠭᠡᠷ ᠲᠤᠭᠳᠠᠬᠤ ᠶᠡᠬᠡ ᠬᠤᠷᠠᠯ ᠪᠠᠢᠵᠤ᠂ ᠪᠠᠰᠠ ᠴᠦ᠍ ᠲᠤᠰ ᠠᠢᠮᠠᠭ᠎ᠤᠨ ᠬᠢᠵᠢᠭ᠎ᠤᠨ ᠪᠠᠢᠳᠠᠯ᠎ᠤᠨ ᠨᠦᠯᠦᠭᠡ ᠵᠢ ᠪᠦᠲᠦᠮᠵᠢᠳᠡᠢ ᠠᠷᠭᠠᠴᠠᠭᠠᠵᠤ᠂ ᠠᠵᠤ ᠠᠬᠤᠢ ᠪᠡᠨ ᠬᠦᠭᠵᠢᠭᠦᠯᠬᠦ ᠰᠢᠨ᠎ᠡ ᠲᠤᠷᠰᠢᠴᠠ ᠵᠤᠷᠢᠭᠳᠠᠢ ᠰᠦᠪᠡᠭᠴᠢᠯᠡᠯᠳᠡ ᠪᠤᠯᠤᠨ᠎ᠠ᠃ ᠲᠤᠰ ᠤᠳᠠᠭᠠᠨ᠎ᠤ ᠠᠷᠠᠯᠵᠢᠶᠠᠴᠢᠨ ᠤᠷᠢᠵᠤ ᠪᠡᠯᠡ ᠮᠦᠡᠭᠬᠦ ᠤᠷᠤᠭᠤᠯᠵᠤ ᠠᠪᠴᠢᠷᠠᠬᠤ ᠶᠡᠬᠡ ᠬᠤᠷᠠᠯ ᠲᠡᠭᠡᠷ᠎ᠡ 25 ᠠᠵᠤ ᠠᠬᠤᠢᠯᠠᠯ᠎ᠤᠨ ᠬᠠᠮᠢᠶ᠎ᠠ ᠪᠦᠬᠦᠢ ᠬᠠᠷᠢᠭᠤᠴᠠᠯᠭᠠᠳᠠᠳ ᠡᠬᠦᠯᠡᠨ ᠲᠠᠪᠴᠠᠩ ᠲᠡᠭᠡᠷ᠎ᠡ ᠸᠢᠳᠢᠣ᠋ ᠬᠡᠯᠪᠡᠷᠢ ᠪᠡᠷ ᠰᠢᠯᠢ ᠵᠢᠨ ᠭᠤᠤᠯ ᠠᠢᠮᠠᠭ᠎ᠤᠨ ᠠᠢᠮᠠᠭ ᠬᠤᠰᠢᠭᠤ ᠰᠢᠶᠠᠨ ᠬᠤᠶᠠᠷ ᠱᠠᠲᠤᠨ᠎ᠤ ᠬᠠᠷᠢᠭᠤᠴᠠᠯᠭᠠᠳᠠᠨ ᠯᠤᠭ᠎ᠠ 25 ᠲᠦᠷᠦᠯ ᠵᠦᠢᠯ᠎ᠤᠨ ᠪᠡᠯᠡ ᠤᠷᠤᠭᠤᠯᠤᠯᠳᠠ ᠵᠢᠨ ᠵᠦᠪᠯᠡᠯᠴᠡᠭᠡᠷ ᠲᠤᠭᠳᠠᠵᠤ᠂ ᠰᠢᠯᠢ ᠵᠢᠨ ᠭᠤᠤᠯ ᠠᠢᠮᠠᠭ ᠭᠤᠤᠯᠳᠠᠯᠭ᠎ᠠ ᠳᠠᠢ ᠴᠢᠬᠤᠯᠠ ᠲᠦᠷᠦᠯ ᠵᠦᠢᠯ ᠳ᠋ᠤ ᠪᠦᠷᠢᠨ ᠲᠦᠬᠦᠷ ᠦᠢᠯᠡᠴᠢᠯᠡᠭᠡ ᠬᠠᠡᠭᠭᠠᠵᠤ᠂ ᠡᠳᠡᠭᠡᠷ ᠠᠵᠤ ᠠᠬᠤᠢᠯᠠᠯ᠎ᠤᠨ ᠲᠤᠰ ᠠᠢᠮᠠᠭ᠎ᠲᠤ ᠦᠢᠯᠡᠰ ᠡᠷᠬᠢᠯᠡᠨ ᠬᠦᠭᠵᠢᠬᠦ ᠳ᠋ᠤ ᠰᠢᠯᠢᠳᠡᠭ ᠰᠠᠢᠬᠠᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ᠎ᠢ ᠪᠦᠷᠢᠯᠳᠤᠭᠦᠯᠵᠦ ᠦᠭᠭᠦᠨ᠎ᠡ ᠭᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面