ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-04-21 10:17:37

ᠵᠣᠬᠢᠶᠠᠭ᠍ᠴᠢ᠄ ᠸᠠᠩ ᠲᠠᠨ᠎ᠠ ᠣᠩᠱᠢᠭ᠍ᠰᠠᠨ ᠣᠳᠠᠭ᠎ᠠ᠄ 3

ᠲᠦᠷᠦᠭᠦᠬᠡᠨ᠂ ᠤᠯᠠᠭᠠᠨᠬᠠᠳᠠ ᠬᠣᠲᠠ᠎ᠶ᠋ᠢᠨ ᠠᠩᠬᠠᠳᠠᠭ᠍ᠴᠢ ᠱᠢᠨ᠎ᠡ᠎ᠪᠡᠷ ᠪᠠᠷᠢᠬᠰᠠᠠ ᠲᠠᠸᠠᠷ᠎ᠤᠨ ᠬᠡᠷ ᠪᠠᠢᠱᠢᠩ᠎ᠤᠨ 《ᠬᠡᠷ ᠪᠠᠢᠰᠢᠩ ᠪᠠ ᠦᠨᠡᠮᠯᠡᠯ ᠢ᠋ ᠵᠡᠷᠬᠡ ᠪᠠᠷ ᠲᠤᠱᠢᠶᠠᠬᠤ》 ᠲᠥᠷᠥᠯ ᠵᠦᠶ᠋ᠯ᠎ᠳᠦ ᠦᠨᠡᠮᠯᠡᠯ ᠣᠯᠭᠣᠬᠤ ᠶᠣᠰᠣᠯᠠᠯ ᠶᠠᠪᠤᠭᠤᠯᠪᠠ᠃ ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠤᠷ᠎ᠲᠤ᠂ ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ᠎ᠶ᠋ᠢᠨ ᠲᠥᠪ᠎ᠦᠨ ᠠᠵᠢᠯᠲᠠᠨ᠂ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠎ᠶ᠋ᠢᠨ ᠠᠵᠢᠯᠲᠠᠨ ᠬᠤᠩᠱᠠᠨ ᠲᠣᠭᠣᠷᠢᠭ᠎ᠤᠨ ᠬᠤᠩᠱᠠᠨ ᠵᠢᠶᠦ᠋ᠨ᠎ᠦ ᠵᠢᠷᠭᠤᠳᠤᠭᠠᠷ ᠬᠤᠭᠤᠴᠠᠭᠠᠨ᠎ᠤ ᠥᠮᠴᠢᠲᠡᠨ᠎ᠳᠦ ᠲᠤᠬᠠᠶ᠎ᠶ᠋ᠢᠨ ᠲᠠᠯᠠᠪᠤᠷ᠎ᠲᠤ ᠥᠯᠥ᠍ ᠬᠥᠳᠡᠯᠬᠦ᠌ ᠬᠥᠷᠥᠩᠭᠡ᠎ᠶ᠋ᠢᠨ ᠡᠷᠬᠡ᠎ᠶ᠋ᠢᠨ ᠦᠨᠡᠮᠯᠡᠯ ᠭᠦᠢᠴᠡᠳᠭᠡᠨ ᠥᠭ᠌ᠴᠦ᠂ ᠬᠡᠷ ᠭᠠᠵᠠᠷ᠎ᠤᠨ ᠬᠥᠷᠥᠩᠭᠡ᠎ᠶ᠋ᠢᠨ ᠨᠡᠭᠡᠭᠡᠯᠲᠡ᠎ᠶ᠋ᠢᠨ ᠺᠣᠮᠫᠠᠨᠢ᠎ᠶ᠋ᠢᠨ ᠬᠠᠷᠢᠭᠤᠴᠠᠯᠭᠠᠲᠠᠨ ᠎ᠡᠴᠡ ᠥᠮᠴᠢᠲᠡᠨ᠎ᠳᠦ ᠲᠦᠯᠬᠢᠭᠦᠷ ᠣᠯᠭᠣᠭ᠍ᠰᠠᠨ ᠪᠠᠢᠨ᠎ᠠ᠃ ᠢᠩᠭᠢᠭᠡᠳ ᠬᠤᠩᠱᠠᠨ ᠲᠣᠭᠣᠷᠢᠭ᠎ᠤᠨ ᠬᠤᠩᠱᠠᠨ ᠵᠢᠶᠦ᠋ᠨ᠎ᠦ ᠵᠢᠷᠭᠤᠳᠤᠭᠠᠷ ᠬᠤᠭᠤᠴᠠᠭᠠᠨ᠎ᠤ ᠥᠮᠴᠢᠲᠡᠨ ᠤᠯᠠᠭᠠᠨᠬᠠᠳᠠ ᠬᠣᠲᠠ᠎ᠶ᠋ᠢᠨ ᠠᠩᠬᠠᠳᠠᠭ᠍ᠴᠢ ᠪᠦᠯᠦᠭ ᠱᠢᠨ᠎ᠡ᠎ᠪᠡᠷ ᠪᠠᠢᠭᠤᠯᠤᠭ᠍ᠰᠠᠨ ᠲᠠᠸᠠᠷ᠎ᠤᠨ ᠬᠡᠷ ᠪᠠᠢᠱᠢᠩ᠎ᠤᠨ 《ᠬᠡᠷ ᠪᠠᠢᠰᠢᠩ ᠪᠠ ᠦᠨᠡᠮᠯᠡᠯ ᠢ᠋ ᠵᠡᠷᠬᠡ ᠪᠠᠷ ᠲᠤᠱᠢᠶᠠᠬᠤ》 ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠬᠦᠷᠲᠡᠭ᠌ᠴᠢ ᠪᠠ ᠭᠡᠷᠡᠴᠢᠯᠡᠭ᠌ᠴᠢ ᠪᠣᠯᠪᠠ᠃

ᠬᠡᠷ ᠪᠠᠢᠱᠢᠩ ᠬᠤᠳᠠᠯᠳᠤᠨ ᠠᠪᠬᠤ ᠶᠠᠪᠤᠴᠠ᠎ᠳᠤ᠂ ᠬᠡᠷ ᠪᠠᠢᠱᠢᠩ᠎ᠤᠨ ᠥᠮᠴᠢᠯᠡᠯ ᠎ᠦᠨ ᠡᠷᠬᠡ᠎ᠶ᠋ᠢᠨ ᠦᠨᠡᠮᠯᠡᠯ᠎ᠢ ᠤᠷᠳᠤ ᠬᠤᠭᠤᠴᠠᠭ᠎ᠠ ᠬᠦᠯᠢᠶᠡᠵᠦ ᠪᠠᠢᠮᠠᠨᠵᠢᠨ ᠰᠠᠶᠶ ᠤᠯᠵᠤ ᠳᠡᠢᠯᠳᠡᠭ ᠡᠴᠡ ᠲᠡᠷᠡ ᠨᠢ ᠬᠡᠷ ᠪᠠᠢᠱᠢᠩ ᠬᠤᠳᠠᠯᠳᠤᠨ ᠠᠪᠤᠭ᠍ᠴᠢ᠎ᠶ᠋ᠢᠨ ᠬᠠᠮᠤᠭ᠎ᠤᠨ ᠶᠡᠬᠡ ᠰᠠᠨᠠᠭᠠᠰᠢᠷᠠᠬᠤ ᠵᠦᠢᠯ ᠪᠤᠯᠤᠭᠰᠠᠭᠠᠷ ᠢᠷᠡᠵᠡᠢ᠃ 《ᠬᠡᠷ ᠪᠠᠢᠰᠢᠩ ᠪᠠ ᠦᠨᠡᠮᠯᠡᠯ ᠢ᠋ ᠵᠡᠷᠬᠡ ᠪᠠᠷ ᠲᠤᠱᠢᠶᠠᠬᠤ》 ᠲᠤᠷᠱᠢᠯᠲᠠ ᠵᠢᠨ ᠴᠡᠭ ᠭᠠᠷᠭᠠᠭᠰᠠᠨ ᠪᠣᠯ ᠤᠯᠠᠭᠠᠨᠬᠠᠳᠠ ᠬᠣᠲᠠ᠎ᠶ᠋ᠢᠨ ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ᠎ᠶ᠋ᠢᠨ ᠲᠥᠪ᠎ᠤᠨ 《ᠪᠥᠬᠥ᠌ ᠬᠣᠲᠠ᠎ᠳᠤ ᠨᠡᠢᠳᠡᠮ ᠭᠦᠶ᠋ᠴᠡᠳᠭᠡᠬᠦ᠌》 ᠲᠤᠷᠱᠢᠯᠲᠠ᠎ᠶ᠋ᠢᠨ ᠳᠠᠷᠠᠭ᠎ᠠ ᠬᠡᠷᠡᠭ᠌ᠵᠢᠭᠦᠯᠦᠭ᠌ᠰᠡᠨ ᠪᠠᠰᠠ ᠨᠢᠭᠡ ᠵᠦᠶ᠋ᠯ᠎ᠦᠨ ᠠᠷᠠᠳ᠎ᠲᠤ ᠲᠥᠬᠥᠮ ᠦᠵᠡᠭᠦᠯᠬᠦ᠌ ᠠᠷᠭ᠎ᠠ ᠬᠡᠮᠵᠢᠶ᠎ᠡ᠂ ᠪᠠᠰᠠ ᠴᠤ᠌ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ ᠪᠤᠯᠤᠨ᠎ᠠ᠂ ᠮᠦᠨ ᠴᠤ᠌ ᠤᠯᠠᠭᠠᠨᠬᠠᠳᠠ ᠬᠣᠲᠠ᠎ᠶ᠋ᠢᠨ ᠱᠢᠨ᠎ᠡ᠎ᠪᠡᠷ ᠪᠠᠢᠭᠤᠯᠤᠭ᠍ᠰᠠᠨ ᠲᠠᠸᠠᠷ᠎ᠤᠨ ᠬᠡᠷ ᠪᠠᠢᠱᠢᠩ 《ᠬᠡᠷ ᠪᠠᠢᠰᠢᠩ ᠪᠠ ᠦᠨᠡᠮᠯᠡᠯ ᠢ᠋ ᠵᠡᠷᠬᠡ ᠪᠠᠷ ᠲᠤᠱᠢᠶᠠᠵᠥ᠂ ᠬᠡᠷᠡᠭᠯᠡᠭᠴᠢ ᠵᠢ ᠰᠠᠨᠠᠭ᠎ᠠ ᠠᠮᠤᠷ ᠪᠠᠢᠯᠭᠠᠬᠤ》 ᠱᠢᠨ᠎ᠡ ᠴᠠᠭ ᠦᠶ᠎ᠡ᠎ᠳᠦ ᠤᠷᠤᠭ᠍ᠰᠠᠨ᠎ᠢ ᠬᠠᠷᠠᠭᠤᠯᠵᠤ ᠪᠠᠢᠨ᠎ᠠ᠃ ᠡᠨᠡ ᠬᠦ᠌ ᠠᠷᠭ᠎ᠠ ᠬᠡᠮᠵᠢᠶ᠎ᠡ ᠨᠢ ᠰᠠᠭᠤᠭᠠᠯᠢ ᠠᠷᠠᠳ᠎ᠢ ᠬᠠᠪᠰᠤᠷᠴᠤ᠌ ᠬᠡᠷ ᠪᠠᠢᠱᠢᠩ ᠬᠤᠳᠠᠯᠳᠤᠨ ᠠᠪᠤᠭ᠍ᠰᠠᠨ᠎ᠤ᠋ ᠳᠠᠷᠠᠭ᠎ᠠ ᠦᠨᠡᠮᠯᠡᠯ ᠠᠪᠬᠤ ᠨᠢ ᠬᠣᠵᠢᠭ᠍ᠳᠠᠭ᠍ᠰᠠᠨ᠎ᠡᠴᠡ ᠪᠣᠯᠤᠭ᠍ᠰᠠᠨ ᠡᠷᠦᠬᠡ ᠠᠮᠠ ᠣᠷᠣᠬᠤ᠂ ᠦᠷ᠎ᠡ ᠬᠡᠸ᠋ᠬᠡᠳ᠎ᠨᠢ ᠰᠤᠷᠭᠠᠭᠤᠯᠢ᠎ᠳᠤ ᠣᠷᠣᠬᠤ᠂ ᠪᠠᠯᠠ ᠲᠣᠬᠢᠷᠠᠭᠤᠯᠭ᠎ᠠ᠎ᠶ᠋ᠢᠨ ᠵᠢᠭᠡᠯᠡᠯᠭᠡ ᠵᠡᠷᠭᠡ᠎ᠲᠠᠯ᠎ᠠ᠎ᠶ᠋ᠢᠨ ᠠᠰᠠᠭᠤᠳᠠᠯ᠎ᠢ ᠡᠬᠢ ᠡᠭᠦᠰᠦᠯ᠎ᠡᠴᠡ ᠨᠢ ᠱᠢᠶ᠋ᠳᠪᠦᠷᠢᠯᠡᠭ᠌ᠰᠡᠨ ᠮᠥᠷᠲᠡᠭᠡᠨ ᠠᠵᠤ ᠠᠬᠤᠢᠯᠠᠯ᠎ᠤᠨ ᠬᠠᠸ᠋ᠯᠢ ᠲᠣᠭ᠍ᠲᠠᠭᠠᠯ ᠶᠣᠰᠣᠭᠠᠷ ᠨᠡᠭᠡᠭᠡᠨ ᠬᠥᠭ᠌ᠵᠢᠭᠦᠯᠵᠦ᠍ ᠪᠥᠲᠥᠭᠡᠨ ᠪᠠᠢᠭᠤᠯᠬᠤ᠎ᠶ᠋ᠢ ᠠᠬᠢᠭᠤᠯᠵᠤ᠂ ᠬᠡᠷ ᠭᠠᠵᠠᠷ᠎ᠤᠨ ᠬᠥᠷᠥᠩᠭᠡ᠎ᠶ᠋ᠢᠨ ᠵᠠᠬ᠎ᠠ ᠳᠡᠯᠭᠡᠭᠦᠷ ᠎ᠦᠨ ᠡᠷᠡᠭᠦᠯ ᠪᠥᠭᠡᠳ ᠡᠮᠬᠢ ᠵᠢᠷᠤᠮ ᠲᠠᠶ ᠬᠥᠭ᠌ᠵᠢᠬᠦ᠌᠎ᠶ᠋ᠢ ᠠᠬᠢᠭᠤᠯᠤᠬᠰᠠᠠ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面