2022-04-25 09:32:21
《ᠬᠥᠬᠡᠬᠣᠲᠠ ᠢ᠋ᠢᠨ ᠭᠠᠢᠯᠢ ᠵᠢᠨ ᠶᠠᠪᠤᠳᠠᠯ ᠤ᠋ᠨ ᠰᠠᠯᠠᠭ᠎ᠠ ᠮᠥᠴᠢᠷ ᠤ᠋ᠨ〈ᠥᠯᠥ᠍ ᠬᠦᠷᠦᠯᠴᠡᠬᠦ᠌ ᠬᠡᠯᠪᠡᠷᠢ 〉 ᠵᠢᠨ ᠭᠠᠢᠯᠢ ᠢ᠋ᠢᠨ ᠶᠠᠪᠤᠳᠠᠯ ᠨᠢ ᠥᠷᠭᠡᠨ ᠣᠯᠠᠨ ᠭᠠᠢᠯᠢ ᠲᠤᠱᠢᠶᠠᠭ᠍ᠴᠢ ᠳ᠋ᠤ ᠮᠠᠰᠢ ᠲᠥᠬᠥᠮ ᠨᠥᠬᠥᠴᠡᠯ ᠬᠠᠨᠭᠭᠠᠵᠤ ᠪᠠᠢᠨ᠎ᠠ᠂ ᠮᠠᠨ ᠤ᠋ ᠪᠦᠯᠦᠭᠯᠡᠯ ᠤ᠋ᠨ ᠭᠠᠢᠯᠢ ᠳ᠋ᠤ ᠬᠣᠯᠪᠣᠭ᠍ᠳᠠᠬᠤ ᠲᠤᠬᠠᠢᠯᠠᠭ᠍ᠰᠠᠨ ᠠᠵᠢᠯ ᠤ᠋ᠨ ᠣᠯᠠᠩᠬᠢ ᠢ᠋ᠢ ᠨᠢ ᠰᠦᠯᠵᠢᠶᠡᠨ ᠳᠡᠭᠡᠷ᠎ᠡ ᠬᠦᠢᠴᠡᠳᠭᠡᠵᠠᠢ᠂ ᠭᠠᠢᠯᠢ ᠵᠢᠨ ᠶᠠᠪᠤᠳᠠᠯ ᠤ᠋ᠨ ᠰᠠᠯᠠᠭ᠎ᠠ ᠮᠥᠴᠢᠷ ᠡᠴᠡ ᠲᠤᠰᠭᠠᠢᠯᠠᠨ ᠭᠠᠢᠯᠢ ᠲᠠᠲᠠᠪᠤᠷᠢ ᠵᠢᠨ ᠦᠶ᠋ᠯᠡᠴᠢᠯᠡᠭᠡᠨ ᠤ᠋ ᠪᠦᠯᠬᠦᠮ ᠪᠠᠢᠭᠤᠯᠵᠤ᠂ ᠪᠢᠳᠡᠨ ᠳ᠋ᠤ ᠭᠠᠢᠯᠢ ᠲᠠᠲᠠᠪᠤᠷᠢ ᠵᠢᠨ ᠲᠥᠷᠥ ᠵᠢᠨ ᠪᠣᠳᠣᠯᠭ᠎ᠠ ᠵᠢ ᠰᠠᠢᠲᠤᠷ ᠤᠢᠯᠠᠭᠠᠭᠤᠯᠤᠭᠰᠠᠨ ᠰᠢᠤ》 ᠬᠡᠵᠤ ᠮᠠᠨ ᠤ᠋ ᠤᠷᠤᠨ ᠤ᠋《ᠭᠠᠢᠯᠢ ᠰᠤᠢᠳᠬᠡᠯ ᠲᠤᠱᠢᠶᠠᠭ᠍ᠴᠢ ᠳ᠋ᠤ ᠪᠣᠳᠠᠲᠤ ᠶᠠᠪᠤᠳᠠᠯ ᠬᠢᠵᠦ᠍ ᠥᠭ᠌ᠬᠦ ᠵᠢᠴᠢ ᠠᠷᠠᠳ ᠲᠦ᠍ ᠲᠥᠬᠥᠮ ᠦᠵᠡᠭᠦᠯᠵᠦ ᠭᠠᠢᠯᠢ ᠳᠠᠳᠠᠪᠤᠷᠢᠯᠠᠬᠤ ᠬᠠᠯᠠᠮᠵᠢ ᠵᠢᠨ ᠠᠵᠢᠯᠯᠠᠭ᠎ᠠ 》 ᠦᠷᠨᠢᠬᠦᠯᠵᠤ ᠪᠠᠢᠬᠤ ᠲᠤᠬᠠᠶ ᠮᠸᠨᠭ᠌ ᠼᠤᠤ ᠪᠦᠯᠦᠭᠯᠡᠯ ᠤ᠋ᠨ ᠬᠠᠷᠢᠭᠤᠴᠠᠯᠭᠠᠳᠠᠨ ᠸᠠᠨᠭ᠌ ᠵᠤᠤ ᠮᠢᠨᠭ᠌ ᠮᠠᠰᠢ ᠰᠡᠳᠬᠢᠯ ᠬᠠᠨᠤᠮᠵᠢ ᠲᠠᠢ ᠪᠠᠢᠯ᠎ᠠ᠃
ᠡᠨᠡ ᠵᠢᠯ ᠪᠤᠯ ᠭᠠᠢᠯᠢ ᠢ᠋ᠢᠨ ᠶᠠᠪᠤᠳᠠᠯ ᠤ᠋ᠨ ᠰᠠᠯᠠᠭ᠎ᠠ ᠮᠦᠴᠢᠷ ᠤ᠋ᠨ《 ᠭᠠᠢᠯᠢ ᠰᠤᠢᠳᠬᠡᠯ ᠲᠤᠱᠢᠶᠠᠭ᠍ᠴᠢ ᠳ᠋ᠤ ᠪᠣᠳᠠᠲᠤ ᠶᠠᠪᠤᠳᠠᠯ ᠬᠢᠵᠦ᠍ ᠥᠭ᠌ᠬᠦ ᠵᠢᠴᠢ ᠠᠷᠠᠳ ᠲᠦ᠍ ᠲᠥᠬᠥᠮ ᠦᠵᠡᠭᠦᠯᠵᠦ ᠭᠠᠢᠯᠢ ᠳᠠᠳᠠᠪᠤᠷᠢᠯᠠᠬᠤ ᠬᠠᠯᠠᠮᠵᠢ ᠵᠢᠨ ᠠᠵᠢᠯᠯᠠᠭ᠎ᠠ》 ᠦᠷᠨᠢᠬᠦᠯᠦᠭᠰᠡᠨ ᠶᠢᠰᠦᠳᠡᠬᠢ ᠵᠢᠯ ᠪᠤᠯᠬᠤ ᠶᠤᠮ᠂ ᠤᠯᠤᠰ ᠤ᠋ᠨ ᠭᠠᠢᠯᠢ ᠢ᠋ᠢᠨ ᠶᠠᠪᠤᠳᠠᠯ ᠤ᠋ᠨ ᠶᠡᠷᠦᠩᠬᠡᠢ ᠲᠤᠪᠴᠢᠶ᠎ᠠ 121 ᠵᠤᠷᠪᠤᠰ ᠠᠵᠤ ᠠᠬᠤᠢᠯᠡᠯ ᠳ᠋ᠤ ᠠᠰᠢᠬ ᠬᠦᠷᠳᠡᠭᠡᠨ ᠠᠷᠠᠳ ᠲᠦ᠍ ᠲᠦᠬᠦᠮ ᠦᠵᠡᠬᠦᠯᠬᠦ ᠠᠷᠭ᠎ᠠ ᠬᠡᠮᠵᠢᠶ᠎ᠠ ᠢ᠋ᠢ ᠪᠦᠯᠦᠭ ᠬᠤᠪᠢᠶᠠᠨ ᠨᠡᠢᠳᠡᠯᠡᠪᠡ᠂ ᠤᠯᠤᠰ ᠤ᠋ᠨ ᠭᠠᠢᠯᠢ ᠢ᠋ᠢᠨ ᠶᠠᠪᠤᠳᠠᠯ ᠤ᠋ᠨ ᠶᠡᠷᠦᠩᠬᠡᠢ ᠲᠤᠪᠴᠢᠶ᠎ᠠ ᠢ᠋ᠢᠨ ᠦᠪᠡᠷᠳᠡᠭᠡᠨ ᠵᠠᠰᠠᠬᠤ ᠤᠷᠤᠨ ᠤ᠋ ᠭᠠᠢᠯᠢ ᠢ᠋ᠢᠨ ᠶᠠᠪᠤᠳᠠᠯ ᠤ᠋ᠨ ᠲᠤᠪᠴᠢᠶ᠎ᠠ ᠡᠨᠡ ᠬᠦ᠌ ᠰᠠᠭᠤᠷᠢᠨ ᠳᠡᠭᠡᠷ᠎ᠡ᠂《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠨᠡᠨᠭ᠌ ᠰᠢᠯᠢᠳᠡᠭᠵᠢᠬᠦᠯᠵᠤ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠳ᠋ᠤ ᠦᠶ᠋ᠯᠡᠴᠢᠯᠡᠬᠦ᠌ ᠠᠵᠢᠯᠯᠠᠭᠠᠨ ᠤ᠋ ᠲᠥᠰᠦᠯ 》 ᠤ᠋ᠨ ᠲᠤᠬᠠᠶ ᠱᠠᠭᠠᠷᠳᠠᠯᠭ᠎ᠠ ᠲᠠᠢ ᠤᠶᠠᠯᠳᠤᠭᠤᠯᠤᠨ᠂ ᠡᠯ᠎ᠡ ᠲᠥᠷᠥᠯ ᠤ᠋ᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠵᠤ ᠂ ᠡᠯ᠎ᠡ ᠵᠦᠶ᠋ᠯ ᠤ᠋ᠨ ᠱᠠᠭᠠᠷᠳᠠᠯᠭ᠎ᠠ ᠵᠢ ᠪᠥᠬᠥ᠌ ᠲᠠᠯ᠎ᠠ ᠪᠡᠷ ᠨᠠᠢᠳᠠᠪᠤᠷᠢᠵᠢᠭᠤᠯᠬᠤ ᠵᠢ ᠦᠨᠡᠨ ᠬᠦ᠌ ᠪᠠᠳᠤᠯᠠᠵᠤ ᠪᠠᠢᠨ᠎ᠠ᠃
ᠤᠯᠠᠭᠠᠨᠬᠠᠳᠠᠶ᠋ᠢᠨ ᠵᠧᠩ ᠱᠢᠶᠠᠩ ᠪᠠᠷᠢᠯᠭᠠᠶ᠋ᠢᠨ ᠢᠨᠵᠧᠨᠧᠷᠢᠩᠦᠨ ᠬᠢᠵᠠᠭᠠᠷᠲᠤ ᠺᠣᠮᠫᠠᠨᠢ ᠪᠣᠯ ᠨᠢᠭᠡᠨ ᠶᠡᠷᠦᠩᠬᠡᠢᠯᠡᠭ᠌ᠰᠡᠨ ᠴᠢᠨᠠᠷᠲᠠᠢ ᠪᠠᠷᠢᠯᠭᠠᠶ᠋ᠢᠨ ᠠᠵᠤ ᠠᠬᠤᠢᠯᠠᠯ ᠪᠤᠯᠤᠨ᠎ᠠ ᠃ ᠡᠯ᠎ᠡ ᠵᠦᠶ᠋ᠯᠦᠨ ᠲᠦᠭᠦᠬᠡᠶ ᠮᠠᠲ᠋ᠧᠷᠢᠶᠠᠯ ᠤ᠋ᠨ ᠦᠨ᠎ᠡ ᠬᠠᠩᠰᠢ ᠦᠰᠦᠭᠰᠡᠨ᠂ ᠬᠥᠮᠦᠨ ᠤ᠋ ᠬᠦᠴᠦ᠍ ᠳᠤᠲᠠᠭ᠍ᠳᠠᠵᠤ ᠪᠠᠢᠬᠤ ᠵᠢᠴᠢ ᠪᠠᠷᠢᠯᠭᠠᠶ᠋ᠢᠨ ᠦᠶ᠋ᠯᠡᠰᠦᠨ ᠪᠦᠬᠦᠯᠢ ᠴᠣᠭ᠍ᠴᠠᠶ᠋ᠢᠨ ᠬᠥᠭ᠌ᠵᠢᠯᠲᠡᠶ᠋ᠢᠨ ᠬᠤᠷᠳᠤᠴᠠ ᠤᠳᠠᠭᠠᠱᠢᠷᠠᠭ᠍ᠰᠠᠨ ᠪᠠᠢᠳᠠᠯ ᠳᠤᠤᠷ᠎ᠠ᠂ 2021 ᠣᠨ ᠳ᠋ᠤ ᠠᠵᠤ ᠠᠬᠤᠢᠯᠠᠯ ᠤ᠋ᠨ ᠡᠵᠡᠩᠨᠡᠯᠲᠡᠶ᠋ᠢᠨ ᠣᠷᠣᠯᠭ᠎ᠠ 2.7 ᠳ᠋ᠦᠩᠱᠢᠭᠤᠷ ᠲᠥᠭᠥᠷᠢᠭᠢ ᠳᠠᠪᠠᠵᠤ᠂ ᠠᠵᠤ ᠠᠬᠤᠶ ᠤᠷᠤᠭᠤᠳᠠᠬᠤ ᠳᠠᠷᠤᠯᠲᠠᠶ᠋ᠢ ᠲᠡᠪᠡᠨ ᠭᠠᠷᠴᠤ ᠴᠢᠳᠠᠵᠡᠢ᠃ ᠲᠤᠬᠠᠢ ᠢ᠋ᠢᠨ ᠦᠶ᠎ᠠ ᠳ᠋ᠤ᠂ ᠠᠵᠤ ᠠᠬᠤᠢᠯᠠᠯ ᠤ᠋ᠨ ᠬᠦᠴᠢᠷᠳᠡᠯᠢ ᠮᠡᠳᠡᠭ᠌ᠰᠡᠨ ᠤ᠋ ᠳᠠᠷᠠᠭ᠎ᠠ᠂ ᠤᠯᠠᠭᠠᠨᠬᠠᠳᠠ ᠬᠣᠲᠠ᠎ᠶ᠋ᠢᠨ ᠭᠠᠢᠯᠢᠶ᠋ᠢᠨ ᠶᠠᠪᠤᠳᠠᠯ ᠤ᠋ᠨ ᠲᠣᠪᠴᠢᠶ᠎ᠠ ᠢ᠋ᠢᠨ ᠬᠢᠨ ᠠᠵᠤ ᠠᠬᠤᠢᠯᠠᠯ ᠤ᠋ᠨ ᠬᠡᠷᠡᠭ᠌ᠴᠡᠭᠡ ᠱᠠᠭᠠᠷᠳᠠᠯᠭ᠎ᠠ ᠢ᠋ᠢ ᠰᠠᠨᠠᠭᠠᠴᠢᠯᠠᠭ᠎ᠠ ᠡᠴᠡᠪᠠᠨ ᠤᠢᠯᠠᠭᠠᠵᠤ᠂ ᠬᠠᠪᠰᠤᠷᠤᠯᠭ᠎ᠠ ᠵᠢᠯᠤᠭᠤᠳᠤᠯᠭ᠎ᠠ ᠬᠠᠩᠭᠠᠵᠤ᠂ ᠠᠵᠤ ᠠᠬᠤᠢᠯᠠᠯ ᠤ᠋ᠨ ᠨᠡᠢᠭᠡᠮᠦᠨ ᠳᠠᠭᠠᠳᠭᠠᠯ ᠤ᠋ᠨ ᠰᠦᠶ᠋ᠳᠭᠡᠯᠢ 18 ᠲᠦᠮᠡ ᠭᠠᠷᠤᠶ ᠲᠥᠭᠥᠷᠢᠭ ᠬᠠᠰᠤᠵᠤ ᠬᠡᠯᠲᠦᠷᠢᠭᠦᠯᠦᠨ᠂ ᠠᠵᠤ ᠠᠬᠤᠢᠯᠠᠯ ᠤ᠋ᠨ ᠪᠠᠯᠠ ᠮᠥᠩᠭᠥᠶ᠋ᠢᠨ ᠳᠠᠷᠤᠯᠲᠠᠶ᠋ᠢ ᠵᠣᠬᠢᠬᠤ ᠬᠡᠮᠵᠢᠶ᠎ᠡᠪᠡᠷ ᠨᠠᠮᠳᠠᠭᠤᠯᠤᠭᠰᠠᠨ ᠪᠠᠢᠨ᠎ᠠ᠃
ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠰᠠᠢᠵᠢᠷᠠᠭᠰᠠᠨ ᠡᠴᠡ ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨ ᠪᠢᠯᠬᠠᠮ᠎ᠠ ᠪᠤᠯᠪᠠ᠃ 2021 ᠣᠨ ᠳ᠋ᠤ᠂ ᠪᠥᠬᠥ᠌ ᠣᠷᠣᠨ ᠤ᠋ ᠭᠠᠢᠯᠢ ᠵᠢᠨ ᠶᠠᠪᠤᠳᠠᠯ ᠤ᠋ᠨ ᠱᠢᠰᠲ᠋ᠧᠮ ᠤ᠋ᠨ ᠬᠢᠨ ᠡᠯ᠎ᠡ ᠵᠦᠶ᠋ᠯ ᠤ᠋ᠨ ᠭᠠᠢᠯᠢ ᠲᠠᠳᠠᠪᠤᠷᠢ ᠢ᠋ᠢᠨ ᠬᠠᠷᠠᠭᠠᠯᠵᠠᠯ ᠤ᠋ᠨ ᠲᠥᠷᠥ ᠵᠢᠨ ᠪᠣᠳᠣᠯᠭ᠎ᠠ ᠪᠣᠯᠤᠨ ᠠᠷᠠᠳ ᠲᠦ᠍ ᠲᠥᠬᠥᠮ ᠦᠵᠡᠭᠦᠯᠬᠦ᠌ ᠭᠠᠢᠯᠢ ᠲᠤᠱᠢᠶᠠᠬᠤ ᠠᠷᠭ᠎ᠠ ᠬᠡᠮᠵᠢᠶ᠎ᠡ ᠵᠢ ᠪᠥᠬᠥ᠌ ᠲᠠᠯ᠎ᠠ ᠪᠡᠷ ᠣᠨᠣᠪᠴᠢᠲᠠᠶ ᠨᠠᠢᠳᠠᠪᠤᠷᠢᠵᠢᠭᠤᠯᠵᠤ ᠂ ᠡᠯ᠎ᠡ ᠲᠥᠷᠥᠯ ᠤ᠋ᠨ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠵᠢᠨ ᠬᠦᠴᠢᠷᠳᠡᠯ ᠢ᠋ ᠪᠥᠬᠥ᠌ ᠬᠦᠴᠦᠨ ᠢ᠋ᠢᠡᠷ ᠢ᠋ᠢᠡᠨᠬᠦᠴᠦᠯᠡᠨ ᠰᠢᠢᠳᠪᠤᠷᠢᠯᠡᠵᠤ᠂ ᠱᠢᠨ᠎ᠡ ᠪᠡᠷ ᠨᠡᠮᠡᠭ᠌ᠳᠡᠭ᠌ᠰᠡᠨ ᠭᠠᠢᠯᠢ ᠵᠢ ᠪᠠᠭᠠᠰᠬᠠᠵᠦ ᠰᠦᠶ᠋ᠳᠭᠡᠯ ᠢ᠋ ᠪᠠᠭᠤᠷᠠᠭᠤᠯᠤᠭ᠍ᠰᠠᠨ ᠬᠡᠮᠵᠢᠶ᠎ᠡ 290 ᠳ᠋ᠦᠩᠱᠢᠭᠤᠷ ᠲᠥᠭᠥᠷᠢᠭ ᠢ᠋ ᠲᠡᠪᠡᠪᠡ ᠃
《ᠲᠠ ᠰᠠᠢᠨ ᠪᠠᠢᠨ᠎ᠠ ᠦᠦ! ᠲᠠᠨ ᠤ᠋ ᠺᠣᠮᠫᠠᠨᠢ ᠦᠶ᠋ᠯᠡᠳᠬᠦ᠌ ᠦᠶ᠋ᠯᠡᠰ ᠤ᠋ᠨ ᠳᠤᠮᠳᠠ ᠪᠠᠭ᠎ᠠ ᠵᠢᠵᠢᠭ ᠠᠵᠤ ᠠᠬᠤᠢᠯᠠᠯ ᠢ᠋ ᠪᠠᠳᠤᠯᠠᠨ ᠲᠣᠭ᠍ᠲᠠᠭᠠᠬᠤ ᠨᠥᠬᠥᠴᠡᠯᠳᠦ ᠨᠡᠢᠴᠡᠵᠦ᠍ ᠂ ᠱᠠᠲᠤ ᠦᠶᠡᠴᠢ ᠴᠢᠨᠠᠷᠲᠠᠶ ᠪᠡᠷ ᠭᠠᠢᠯᠢ ᠰᠦᠶ᠋ᠳᠭᠡᠯ ᠢ᠋ ᠬᠤᠢᠰᠢᠯᠠᠭᠤᠯᠤᠨ ᠲᠤᠱᠢᠶᠠᠬᠤ ᠲᠥᠷᠥ ᠵᠢᠨ ᠪᠣᠳᠣᠯᠭ᠎ᠠ ᠵᠢ ᠭᠥᠷᠳᠡᠵᠦ᠍ ᠪᠣᠯᠤᠨ᠎ᠠ ᠂ ᠪᠢᠳᠡ ᠪᠥᠬᠥ᠌ ᠶᠠᠪᠤᠴᠠ ᠳ᠋ᠤ ᠬᠠᠪᠰᠤᠷᠤᠨ ᠵᠢᠯᠣᠭᠣᠳᠣᠯᠭ᠎ᠠ ᠬᠠᠩᠭᠠᠨ᠎ᠠ᠃ ᠬᠡᠷᠪᠡ ᠲᠠ ᠶᠠᠮᠠᠷ ᠲᠣᠳᠣᠷᠬᠠᠶ ᠦᠭᠡᠢ ᠵᠦᠶ᠋ᠯ ᠪᠠᠢᠪᠠᠯ ᠬᠡᠵᠢᠶ᠎ᠡ ᠴᠦ᠍ ᠬᠡᠰᠡᠨ ᠪᠢᠳᠡᠨ ᠡᠴᠡ ᠯᠠᠪᠯᠠᠵᠤ ᠪᠤᠯᠤᠨ᠎ᠠ 》 ᠃ ᠣᠢᠷ᠎ᠠ ᠳ᠋ᠤ᠂ ᠣᠷᠳᠣᠰ ᠤ᠋ᠨ ᠾᠧᠩ ᠹᠸᠩ ᠤᠰᠤ ᠠᠷᠪᠢᠯᠠᠬᠤ ᠢᠨᠵᠧᠨᠧᠷᠢᠩ ᠤ᠋ᠨ ᠮᠡᠷᠭᠡᠵᠢᠯ ᠤ᠋ᠨ ᠬᠢᠵᠠᠭᠠᠷᠲᠤ ᠺᠣᠮᠫᠠᠨᠢ ᠵᠢᠨ ᠬᠠᠷᠢᠭᠤᠴᠠᠯᠭᠠᠲᠠᠨ ᠰᠢᠶᠸ ᠹᠦ᠋ ᠲᠠᠩ ᠲᠤᠬᠠᠶ ᠵᠢᠨ ᠭᠠᠵᠠᠷ ᠤ᠋ᠨ ᠭᠠᠢᠯᠢ ᠵᠢᠨ ᠶᠠᠪᠤᠳᠠᠯ ᠤ᠋ᠨ ᠰᠠᠯᠠᠭ᠎ᠠ ᠮᠥᠴᠢᠷ ᠤ᠋ᠨ ᠤᠲᠠᠰᠤ ᠵᠢ ᠲᠤᠰᠴᠤ ᠂ ᠶᠠᠭ ᠪᠠᠯᠠ ᠮᠥᠩᠭᠥ ᠵᠢᠨ ᠲᠥᠯᠥᠭᠡ ᠰᠠᠨᠠᠭᠠᠰᠢᠷᠠᠵᠤ ᠪᠠᠢᠭᠰᠠᠨ ᠲᠡᠬᠦᠨ ᠤ᠋ ᠰᠡᠳᠬᠢᠯ ᠢ᠋ ᠲᠤᠯᠠᠭᠠᠴᠠᠭᠤᠯᠤᠭᠰᠠᠨ ᠪᠢᠯᠠ ᠃
ᠠᠵᠤ ᠠᠬᠤᠢᠯᠠᠯ ᠤ᠋ᠨ ᠱᠢᠨ᠎ᠡ ᠵᠢ ᠡᠭᠦᠳᠦᠨ ᠬᠥᠭ᠌ᠵᠢᠬᠦ᠌ ᠵᠢ ᠵᠣᠷᠢᠭ᠍ᠵᠢᠭᠤᠯᠵᠤ᠂ ᠦᠢᠯᠡᠳᠬᠦ᠌ ᠦᠢᠯᠡᠰ ᠤ᠋ᠨ ᠳᠡᠭᠡᠳᠦ ᠲᠡᠰᠵᠢᠯᠳᠡ᠂ ᠤᠶᠤᠨᠴᠢᠯᠠᠯᠳᠠ ᠪᠠ ᠪᠣᠬᠢᠷᠲᠤᠯ ᠦᠬᠡᠢ ᠬᠥᠭ᠌ᠵᠢᠯᠳᠠ ᠵᠢ ᠠᠬᠢᠭᠤᠯᠬᠤ ᠪᠣᠯ ᠭᠠᠢᠯᠢ ᠶ᠋ᠢᠨ ᠶᠠᠪᠤᠳᠠᠯ ᠤ᠋ᠨ ᠪᠠᠢᠭᠤᠯᠭ᠎ᠠ ᠶ᠋ᠢᠨ ᠭᠠᠢᠯᠢ ᠵᠢ ᠪᠠᠭᠠᠰᠭᠠᠵᠤ ᠰᠦᠢᠳᠭᠡᠯ ᠢ᠋ ᠪᠠᠭᠤᠷᠠᠭᠤᠯᠬᠤ ᠲᠦᠷᠦ᠍ ᠶ᠋ᠢᠨ ᠪᠤᠳᠤᠯᠭ᠎ᠠ ᠶ᠋ᠢᠨ ᠨᠢᠬᠡᠨ ᠵᠣᠷᠢᠯᠲᠠ ᠪᠠ ᠲᠤᠰᠤᠯᠳᠠ ᠮᠥᠨ᠃ 《 ᠡᠨᠡ ᠵᠢᠯ ᠂ ᠤᠯᠤᠰ ᠡᠴᠡ ᠦᠶ᠋ᠯᠡᠳᠬᠦ᠌ ᠦᠶ᠋ᠯᠡᠰᠦᠨ ᠳᠤᠮᠳᠠ ᠪᠠᠭ᠎ᠠ ᠵᠢᠵᠢᠭ ᠠᠵᠤ ᠠᠬᠤᠢᠯᠠᠯ ᠤ᠋ᠨ ᠬᠥᠭ᠌ᠵᠢᠯᠲᠡᠶ᠋ᠢ ᠳᠡᠮᠵᠢᠬᠦ᠌ᠶ᠋ᠢᠨ ᠲᠥᠯᠥᠭᠡ᠂ ᠦᠶ᠋ᠯᠡᠳᠬᠦ᠌ ᠦᠶ᠋ᠯᠡᠰᠦᠨ ᠳᠤᠮᠳᠠ ᠪᠠᠭ᠎ᠠ ᠵᠢᠵᠢᠭ ᠠᠵᠤ ᠠᠬᠤᠢᠯᠠᠯ ᠤ᠋ᠨ ᠬᠡᠰᠡᠭ ᠭᠠᠢᠯᠢ ᠰᠦᠶ᠋ᠳᠭᠡᠯ ᠢ᠋ ᠬᠤᠢᠰᠢᠯᠠᠭᠤᠯᠤᠨ ᠲᠤᠱᠢᠶᠠᠬᠤ ᠲᠤᠬᠠᠢ ᠬᠠᠷᠠᠭᠠᠯᠵᠠᠯ ᠤ᠋ᠨ ᠲᠥᠷᠥ᠎ᠶ᠋ᠢᠨ ᠪᠣᠳᠣᠯᠭ᠎ᠠ ᠢ᠋ᠢ ᠦᠷᠭᠦᠯᠵᠢᠯᠡᠨ ᠬᠡᠷᠡᠭ᠌ᠵᠢᠭᠦᠯᠬᠦ᠌ ᠪᠡᠷ ᠨᠡᠢᠲᠡᠯᠡᠪᠡ᠃ ᠨᠢᠭᠡ ᠲᠠᠯ᠎ᠠ ᠪᠡᠷ᠂ ᠦᠶ᠋ᠯᠡᠳᠬᠦ᠌ ᠦᠶ᠋ᠯᠡᠰᠦᠨ ᠳᠤᠮᠳᠠ ᠪᠠᠭ᠎ᠠ ᠵᠢᠵᠢᠭ ᠠᠵᠤ ᠠᠬᠤᠢᠯᠠᠯ ᠤ᠋ᠨ 2021 ᠣᠨᠤ ᠳᠥᠷᠪᠡᠳᠦᠭᠡᠷ ᠤᠯᠠᠷᠢᠯ ᠤ᠋ᠨ ᠬᠣᠢᠱᠢᠯᠠᠭᠤᠯᠤᠨ ᠲᠤᠱᠢᠶᠠᠬᠤ ᠬᠡᠰᠡᠭ ᠭᠠᠢᠯᠢ ᠰᠦᠶ᠋ᠳᠭᠡᠯᠦᠨ ᠬᠣᠢᠱᠢᠯᠠᠭᠤᠯᠤᠨ ᠲᠤᠱᠢᠶᠠᠬᠤ ᠬᠤᠭᠤᠴᠠᠭᠠᠶ᠋ᠢ ᠦᠷᠭᠦᠯᠵᠢᠯᠡᠨ 6 ᠰᠠᠷ᠎ᠠ ᠤᠷᠲᠤᠳᠭᠠᠨᠠ ; ᠨᠥᠭᠥᠭᠡ ᠲᠠᠯ᠎ᠠ ᠪᠡᠷ ᠂ ᠦᠶ᠋ᠯᠡᠳᠬᠦ᠌ ᠦᠶ᠋ᠯᠡᠰᠦᠨ ᠳᠤᠮᠳᠠ ᠪᠠᠭ᠎ᠠ ᠵᠢᠵᠢᠭ ᠠᠵᠤ ᠠᠬᠤᠢᠯᠠᠯ ᠤ᠋ᠨ 2022 ᠣᠨᠤ ᠨᠢᠭᠡᠳᠦᠭᠡᠷ᠂ ᠬᠣᠶᠠᠳᠤᠭᠠᠷ ᠤᠯᠠᠷᠢᠯ ᠤ᠋ᠨ ᠲᠤᠰᠢᠶᠠᠬᠤ ᠴᠢᠬᠤᠯᠠᠳᠠᠢ ᠬᠡᠰᠡᠭ ᠭᠠᠢᠯᠢ ᠰᠦᠶ᠋ᠳᠭᠡᠯᠢ 6 ᠰᠠᠷ᠎ᠠ ᠬᠣᠢᠱᠢᠯᠠᠭᠤᠯᠤᠨ ᠲᠤᠰᠢᠶᠠᠵᠤ ᠪᠤᠯᠤᠨ᠎ᠠ ᠃ ᠲᠤᠰ ᠲᠦᠷᠦ ᠢ᠋ᠢᠨ ᠪᠤᠳᠤᠯᠭ᠎ᠠ ᠨᠢ ᠵᠢᠱ᠌ᠢᠯᠲᠡᠪᠡᠷ ᠪᠥᠬᠥ᠌ ᠣᠷᠣᠨᠤ ᠦᠶ᠋ᠯᠡᠳᠬᠦ᠌ ᠦᠶ᠋ᠯᠡᠰᠦᠨ ᠳᠤᠮᠳᠠ ᠪᠠᠭ᠎ᠠ ᠵᠢᠵᠢᠭ ᠠᠵᠤ ᠠᠬᠤᠢᠯᠠᠯ ᠤ᠋ᠨ 50 ᠭᠠᠷᠤᠶ ᠳ᠋ᠦᠩᠱᠢᠭᠤᠷ ᠲᠥᠭᠥᠷᠢᠭᠦᠨ ᠭᠠᠢᠯᠢ ᠰᠦᠶ᠋ᠳᠭᠡᠯᠢ ᠬᠣᠢᠱᠢᠯᠠᠭᠤᠯᠤᠨ ᠲᠤᠱᠢᠶᠠᠬᠤ ᠳ᠋ᠤ ᠬᠦᠷᠭᠡᠨ᠎ᠠ 》 ᠬᠡᠵᠤ ᠤᠯᠤᠰ ᠤ᠋ᠨ ᠭᠠᠢᠯᠢ ᠢ᠋ᠢᠨ ᠶᠠᠪᠤᠳᠠᠯ ᠤ᠋ᠨ ᠶᠡᠷᠦᠩᠬᠡᠢ ᠲᠤᠪᠴᠢᠶ᠎ᠠ ᠢ᠋ᠢᠨ ᠦᠪᠡᠷᠳᠡᠭᠡᠨ ᠵᠠᠰᠠᠬᠤ ᠤᠷᠤᠨ ᠤ᠋ ᠭᠠᠢᠯᠢ ᠢ᠋ᠢᠨ ᠶᠠᠪᠤᠳᠠᠯ ᠤ᠋ᠨ ᠲᠤᠪᠴᠢᠶ᠎ᠠ ᠢ᠋ᠢᠨ ᠬᠠᠷᠢᠭᠤᠴᠠᠯᠭᠠᠳᠠᠨ ᠯᠢᠨ ᠴᠢᠩ ᠪᠢᠶᠤᠤ ᠲᠠᠨᠢᠯᠴᠠᠭᠤᠯᠪᠠ ᠃
ᠭᠠᠢᠯᠢ ᠢ᠋ᠢ ᠪᠠᠭᠠᠰᠬᠠᠵᠤ ᠰᠦᠢᠳᠭᠡᠯ ᠢ᠋ ᠪᠠᠭᠤᠷᠠᠭᠤᠯᠵᠤ ᠠᠵᠤ ᠠᠬᠤᠢᠯᠡᠯ ᠤ᠋ᠨ ᠬᠦᠴᠢᠷᠳᠡᠯ ᠢ᠋ ᠰᠢᠢᠳᠪᠤᠷᠢᠯᠡᠨ᠂ ᠠᠵᠤ ᠠᠬᠤᠢᠯᠠᠯ ᠤ᠋ᠨ ᠥᠪᠡᠷ ᠤ᠋ᠨ ᠦᠷᠳᠡᠭ ᠦᠷᠭᠦᠯᠵᠢᠯᠡᠨ ᠪᠠᠭᠤᠷᠠᠪᠠ᠃ ᠮᠠᠨ ᠤ᠋ ᠤᠷᠤᠨ ᠤ᠋ ᠭᠠᠢᠯᠢ ᠢ᠋ᠢᠨ ᠶᠠᠪᠤᠳᠠᠯ ᠤ᠋ᠨ ᠰᠢᠰᠲ᠋ᠧᠮ ᠤ᠋ᠨ ᠬᠢᠨ ᠡᠯ᠎ᠠ ᠲᠦᠷᠦᠯ ᠤ᠋ᠨ ᠵᠠᠬ᠎ᠠ ᠲᠡᠯᠬᠡᠬᠦᠷ ᠤ᠋ᠨ ᠭᠤᠤᠯ ᠴᠤᠭᠴᠡ ᠢ᠋ᠢᠨ ᠲᠠᠷᠤᠭᠠᠰᠤ ᠢ᠋ᠢ ᠬᠦᠨᠭᠬᠡᠷᠡᠬᠦᠯᠬᠦ ᠢ᠋ᠢᠨ ᠲᠦᠯᠦᠬᠡ᠂ 《ᠦᠯᠦ ᠬᠦᠷᠦᠯᠴᠡᠬᠦ ᠬᠡᠯᠪᠡᠷᠢ 》ᠢ᠋ᠢᠨ ᠭᠠᠢᠯᠢ ᠢ᠋ᠢᠨ ᠶᠠᠪᠤᠳᠠᠯ ᠬᠦᠢᠴᠡᠳᠭᠡᠬᠦ ᠤᠢᠯᠡᠴᠢᠯᠡᠬᠡ ᠢ᠋ᠢ 227 ᠲᠦᠷᠦᠯ ᠪᠤᠯᠭᠠᠨ ᠨᠡᠮᠡᠭᠳᠡᠬᠦᠯᠵᠤ᠂ ᠡᠯᠸᠺᠲ᠋ᠷᠤᠨ ᠭᠠᠢᠯᠢ ᠢ᠋ᠢᠨ ᠶᠠᠪᠤᠳᠠᠯ ᠤ᠋ᠨ ᠲᠤᠪᠴᠢᠶ᠎ᠠ ᠢ᠋ᠢᠨ ᠴᠢᠳᠠᠮᠵᠢ ᠢ᠋ᠢ 100 ᠭᠠᠷᠤᠢ ᠵᠦᠢᠯ ᠰᠢᠯᠢᠳᠡᠭᠵᠢᠬᠦᠯᠪᠡ ; 《ᠠᠯᠠᠭᠠᠨ ᠲᠡᠭᠡᠷ᠎ᠠ ᠬᠦᠢᠴᠡᠳᠭᠡᠬᠦ》᠂《ᠲᠤᠰᠬᠤᠨ ᠳ᠋ᠤ ᠬᠦᠢᠴᠡᠳᠭᠡᠬᠦ》 ᠵᠡᠷᠭᠡ ᠤᠯᠠᠨ ᠵᠦᠢᠯ ᠤ᠋ᠨ ᠰᠦᠢᠳᠭᠡᠯ ᠲᠤᠰᠢᠶᠠᠬᠤ ᠠᠷᠭ᠎ᠠ ᠬᠡᠯᠪᠡᠷᠢ ᠢ᠋ᠢ ᠲᠡᠯᠬᠡᠷᠡᠬᠦᠯᠵᠤ ᠂ ᠭᠠᠢᠯᠢ ᠢ᠋ᠢᠨ ᠶᠠᠪᠤᠳᠠᠯ ᠬᠦᠢᠴᠡᠳᠭᠡᠬᠦ ᠲᠢᠨᠭᠬᠢᠮ ᠢ᠋ ᠲᠠᠮᠵᠢᠬᠤ ᠦᠬᠡᠢ ᠪᠡᠷ ᠬᠦᠢᠴᠡᠳᠭᠡᠭᠰᠡᠨ ᠨᠤᠷᠮ᠎ᠠ 90% ᠵᠢ ᠲᠠᠪᠠᠪᠠ ᠃
ᠠᠷᠭ᠎ᠠ ᠪᠦᠬᠦᠨ ᠢ᠋ ᠰᠦᠪᠡᠭᠴᠢᠯᠡᠵᠤ ᠬᠦᠴᠢᠷ ᠠᠰᠠᠭᠤᠳᠠᠯ ᠢ᠋ ᠰᠢᠢᠳᠪᠤᠷᠢᠯᠡᠬᠦ ᠪᠤᠯ ᠪᠦᠬᠦ ᠤᠷᠤᠨ ᠤ᠋ ᠡᠯ᠎ᠠ ᠱᠠᠳᠤᠨ ᠤ᠋ ᠭᠠᠢᠯᠢ ᠢ᠋ᠢᠨ ᠶᠠᠪᠤᠳᠠᠯ ᠤ᠋ᠨ ᠰᠠᠯᠠᠭ᠎ᠠ ᠮᠦᠴᠢᠷ ᠤ᠋ᠨ ᠴᠢᠷᠮᠠᠢᠬᠤ ᠴᠢᠭᠯᠡᠯ ᠪᠤᠯᠤᠨ᠎ᠠ ᠃
ᠪᠥᠬᠥ᠌ ᠣᠷᠣᠨ ᠤ᠋ ᠭᠠᠢᠯᠢ ᠵᠢᠨ ᠶᠠᠪᠤᠳᠠᠯ ᠤ᠋ᠨ ᠰᠠᠯᠠᠭ᠎ᠠ ᠮᠥᠴᠢᠷ ᠨᠢ ᠭᠠᠢᠯᠢ ᠰᠦᠶ᠋ᠳᠭᠡᠯ ᠲᠤᠱᠢᠶᠠᠭ᠍ᠴᠢ ᠵᠢᠨ ᠬᠡᠷᠡᠭ᠌ᠴᠡᠭᠡ ᠱᠠᠭᠠᠷᠳᠠᠯᠭ᠎ᠠ ᠢ᠋ᠢ ᠲᠤᠢᠯ ᠤ᠋ᠨ ᠣᠨᠣᠪᠴᠢᠲᠠᠶ ᠪᠡᠷ ᠠᠨᠭᠬᠠᠷᠴᠤ᠂ ᠪᠤᠳᠠᠳᠡᠢ ᠨᠠᠷᠢᠯᠢᠬ᠍ᠵᠢᠭᠤᠯᠤᠭ᠍ᠰᠠᠨ ᠲᠥᠷᠥᠯ ᠬᠤᠪᠢᠶᠠᠭ᠍ᠰᠠᠨ ᠦᠶ᠋ᠯᠡᠴᠢᠯᠡᠭᠡ ᠭᠠᠷᠭᠠᠵᠤ᠂ ᠡᠯ᠎ᠡ ᠲᠥᠷᠥᠯ ᠤ᠋ᠨ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠵᠢᠨ ᠳᠠᠷᠤᠭᠠᠰᠤ ᠵᠢ ᠦᠨᠡᠨ ᠬᠦ᠌ ᠬᠥᠩᠭᠡᠷᠡᠭᠦᠯᠦᠨ᠂ ᠠᠮᠢᠵᠢᠷᠠᠯ ᠤ᠋ᠨ ᠬᠦᠴᠦᠨ ᠢ᠋ ᠨᠡᠮᠡᠭ᠌ᠳᠡᠭᠦᠯᠵᠦ᠍ ᠂ ᠭᠠᠢᠯᠢ ᠲᠠᠲᠠᠪᠤᠷᠢ ᠢ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠦᠷᠭᠦᠯᠵᠢᠯᠡᠨ ᠰᠢᠯᠢᠳᠡᠭᠵᠢᠬᠦᠯᠦᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃