2022-04-29 10:25:44
ᠮᠠᠨ ᠤ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠬᠦ᠌ ᠳᠦ ᠬᠦᠴᠦᠨ ᠨᠡᠮᠡᠷᠢᠯᠡᠬᠦ᠎ᠶᠢᠨ ᠲᠦᠯᠦᠭᠡ᠂ ᠦᠪᠡᠷᠲᠡᠭᠡᠨ ᠵᠠᠰᠠᠬᠤ ᠤᠷᠤᠨ᠎ᠤ ᠬᠢᠨᠠᠨ ᠪᠤᠳᠤᠬᠤ ᠲᠢᠩᠬᠢᠮ᠎ᠦᠨ ᠨᠠᠮ ᠤᠨ ᠤᠳᠤᠷᠢᠳᠭᠤ ᠳᠤᠭᠤᠢᠯᠠᠩ 2022 ᠣᠨ᠎ᠤ ᠴᠢᠬᠤᠯᠠ ᠶᠡᠬᠡ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠪᠠᠢᠳᠠᠯ ᠢ ᠮᠥᠷᠳᠡᠵᠦ ᠬᠢᠨᠠᠨ ᠪᠤᠳᠤᠬᠤ ᠠᠵᠢᠯ ᠢ ᠲᠤᠰᠭᠠᠶ ᠰᠡᠳᠦᠪ ᠢᠶᠡᠷ ᠰᠤᠳᠤᠯᠤᠨ ᠪᠠᠢᠷᠢᠯᠠᠭᠤᠯᠵᠤ᠂ 《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ ᠱᠢᠯᠢᠳᠡᠭ᠌ᠵᠢᠭᠦᠯᠬᠦ᠌ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ ᠢ ᠮᠥᠷᠳᠡᠵᠦ ᠬᠢᠨᠠᠨ ᠪᠤᠳᠤᠬᠤ ᠠᠵᠢᠯ ᠢ ᠴᠢᠩᠭᠠᠳᠭᠠᠬᠤ ᠲᠤᠬᠠᠶ ᠬᠡᠷᠡᠭ᠌ᠵᠢᠭᠦᠯᠬᠦ᠌ ᠰᠠᠨᠠᠯ》 ᠢ᠋ ᠲᠣᠭ᠍ᠲᠠᠭᠠᠪᠠ᠂ ᠲᠦᠷᠦᠬᠦᠬᠡᠨ ᠪᠥᠬᠥ᠌ ᠣᠷᠣᠨ᠎ᠤ ᠡᠯ᠎ᠡ ᠠᠢᠮᠠᠭ ᠬᠣᠲᠠ᠎ᠶ᠋ᠢᠨ ᠬᠢᠨᠠᠨ ᠪᠤᠳᠤᠬᠤ ᠪᠠᠢᠭᠤᠯᠭ᠎ᠠ᠎ᠶ᠋ᠢ ᠵᠣᠬᠢᠶᠠᠨ ᠪᠠᠢᠭᠤᠯᠵᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠮᠥᠷᠳᠡᠵᠦ ᠬᠢᠨᠠᠨ ᠪᠤᠳᠤᠬᠤ ᠠᠵᠢᠯ ᠢ ᠦᠷᠭᠦᠯᠵᠢᠯᠡᠨ ᠥᠷᠨᠢᠭᠦᠯᠵᠠᠢ ᠃
ᠪᠥᠬᠥ᠌ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠬᠢᠨᠠᠨ ᠪᠤᠳᠤᠬᠤ ᠠᠵᠢᠯ᠎ᠳᠤ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠪᠠ ᠦᠷ᠎ᠡ ᠳ᠋ᠦᠩ᠎ᠢᠶᠡᠷ ᠤᠳᠤᠷᠢᠳᠤᠮᠵᠢ ᠪᠤᠯᠭᠠᠬᠤ ᠵᠢ ᠳᠤᠪᠤᠢᠯᠭᠠᠵᠤ᠂ ᠡᠯ᠎ᠡ ᠱᠠᠲᠤᠨ᠎ᠤ ᠵᠠᠰᠠᠭ᠎ᠤᠨ ᠣᠷᠳᠣᠨ ᠪᠣᠯᠤᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ ᠱᠢᠯᠢᠳᠡᠭ᠌ᠵᠢᠭᠦᠯᠬᠦ᠌ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠂ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ᠎ᠢ ᠵᠢᠷᠤᠮᠵᠢᠭᠤᠯᠬᠤ᠂ ᠬᠢᠨᠠᠨ ᠬᠠᠮᠢᠶᠠᠷᠬᠤ ᠬᠦᠴᠦᠨ ᠴᠢᠳᠠᠪᠤᠷᠢ ᠪᠠᠨ ᠨᠡᠮᠡᠭ᠌ᠳᠡᠭᠦᠯᠬᠦ᠌᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠂ ᠡᠷᠬᠡ ᠲᠡᠭ᠌ᠰᠢ᠎ᠪᠡᠷ ᠥᠷᠢᠰᠥᠯᠳᠦᠬᠦ᠌ ᠵᠠᠬ᠎ᠠ ᠳᠡᠯᠭᠡᠭᠦᠷ᠎ᠦᠨ ᠣᠷᠴᠢᠨ ᠨᠥᠬᠥᠴᠡᠯ᠎ᠢ ᠪᠣᠶ ᠪᠣᠯᠭᠠᠬᠤ ᠪᠠ ᠠᠵᠤ ᠠᠬᠤᠢᠯᠠᠯ ᠤᠨ ᠬᠦᠴᠢᠷᠳᠡᠯ᠎ᠢ ᠱᠢᠶ᠋ᠳᠪᠦᠷᠢᠯᠡᠬᠦ᠌ ᠵᠡᠷᠭᠡ ᠲᠠᠯ᠎ᠠ ᠪᠠᠷ ᠣᠷᠣᠱᠢᠵᠤ ᠪᠠᠢᠭ᠎ᠠ ᠠᠰᠠᠭᠤᠳᠠᠯ ᠢ᠋ ᠭᠤᠤᠯᠳᠠᠯᠭ᠎ᠠ᠎ᠲᠠᠶ ᠠᠩᠬᠠᠷᠴᠤ᠂ ᠲᠥᠷᠥ᠎ᠶ᠋ᠢᠨ ᠪᠣᠳᠣᠯᠭ᠎ᠠ ᠶ᠋ᠢ ᠨᠠᠢᠳᠠᠪᠤᠷᠢᠵᠢᠭᠤᠯᠬᠤ ᠠᠬᠢᠴᠠ᠎ᠳᠤ ᠲᠤᠯᠭᠠᠷᠠᠵᠤ ᠪᠦᠬᠦᠢ ᠠᠰᠠᠭᠤᠳᠠᠯ᠎ᠢ ᠢᠯᠡᠴᠢᠯᠡᠵᠦ᠂ ᠠᠰᠠᠭᠤᠳᠠᠯ᠎ᠤᠨ ᠱᠢᠯᠲᠠᠭᠠᠨ᠎ᠢ ᠭᠦᠨᠵᠡᠭᠡᠢ ᠵᠠᠳᠠᠯᠤᠨ᠂ ᠬᠢᠨᠠᠨ ᠪᠤᠳᠤᠵᠤ ᠬᠢᠨᠠᠯᠲᠠ ᠲᠠᠯᠪᠢᠬᠤ ᠪᠦᠲᠦᠭᠡᠯᠴᠢ ᠴᠢᠨᠠᠷᠲᠠᠢ ᠦᠢᠯᠡᠳᠦᠯ ᠢ ᠪᠠᠳᠠᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠦᠷᠢᠮ ᠠᠷᠭ᠎ᠠ ᠬᠡᠮᠵᠢᠶ᠎ᠡ᠎ᠶ᠋ᠢ ᠪᠦᠷᠢᠨᠱᠢᠬᠥᠯᠤᠨ ᠲᠡᠭᠦᠯᠳᠡᠷᠵᠢᠭᠦᠯᠬᠦ᠌ ᠰᠠᠨᠠᠭᠤᠯᠭ᠎ᠠ ᠶ᠋ᠢ ᠬᠠᠨᠳᠤᠯᠭᠠᠲᠤ ᠴᠢᠨᠠᠷᠲᠠᠢ ᠪᠠᠷ ᠳᠤᠷᠠᠳᠤᠨ ᠭᠠᠷᠭᠠᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃