ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-05-03 21:55:35

ᠵᠣᠬᠢᠶᠠᠭ᠍ᠴᠢ᠄ ᠸ · ᠭᠡᠷᠡᠯᠳᠤ ᠣᠩᠱᠢᠭ᠍ᠰᠠᠨ ᠣᠳᠠᠭ᠎ᠠ᠄ 3

ᠰᠤᠷᠪᠤᠯᠵᠢᠯᠠᠬ᠍ᠴᠢ ᠪᠤᠭᠤᠳᠤ ᠬᠤᠳᠠ ᠵᠢᠨ ᠡᠳ᠋᠎ᠤᠨ ᠵᠠᠰᠠᠭ᠎ᠤᠨ ᠲᠤᠪᠴᠢᠶ᠎ᠠ ᠡᠴᠡ ᠤᠢ᠍ᠢᠯᠠᠭᠠᠬ᠍ᠰᠠᠨ ᠵᠢᠡᠷ᠂ ᠤᠢ᠍ᠢᠷ᠎ᠠ ᠵᠢᠨ ᠡᠳᠦᠷ ᠂ ᠦᠪᠡᠷᠳᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ ᠡᠴᠡ ᠲᠦᠪ ᠪᠤᠯᠤᠨ ᠦᠪᠡᠷᠳᠡᠭᠡᠨ ᠵᠠᠰᠠᠬᠤ ᠤᠷᠤᠨ᠎ᠤ 《ᠲᠦᠷᠪᠡᠨ ᠰᠠᠢᠨᠳᠠᠢ ᠬᠦᠳᠡᠭᠡ ᠲᠤᠰᠭᠤᠨ᠎ᠤ ᠵᠠᠮ》 ᠤ᠋ᠨ᠎ᠵᠢᠱ᠌ᠢᠶ᠎ᠠ ᠦᠵᠡᠬᠦᠯᠬᠦ᠌ ᠡᠭᠦᠳᠤᠨ ᠪᠠᠢ᠌ᠭᠤᠯᠤᠯᠳᠠ ᠵᠢᠨ ᠱᠠᠩᠨᠠᠨ ᠨᠦᠬᠦᠪᠦᠷᠢᠯᠡᠬᠦ᠌ ᠮᠦᠩᠬᠦ᠌ ᠵᠢ ᠬᠠᠮᠳᠤ ᠳ᠋ᠤᠨᠢ ᠪᠠᠭᠤᠯᠭᠠᠵᠠᠢ᠂ ᠡᠭᠦᠨ ᠳ᠋ᠤ᠂ ᠪᠤᠭᠤᠲᠤ ᠬᠤᠳᠠ 2500 ᠲᠦᠮᠡᠨ ᠲᠦᠭᠦᠷᠢᠭ᠎ᠤᠨ ᠱᠠᠩᠨᠠᠯ᠎ᠤᠨ ᠮᠦᠩᠬᠦ᠌ ᠭᠠᠷᠳᠠᠬ᠍ᠰᠠᠨ ᠪᠠᠢ᠌ᠨ᠎ᠠ ᠃

ᠲᠤᠰ ᠱᠠᠩᠨᠠᠨ ᠨᠦᠬᠦᠪᠦᠷᠢᠯᠡᠬᠦ᠌ ᠮᠦᠩᠬᠦ᠌ ᠵᠢᠨ ᠭᠤᠤᠯ ᠵᠤᠷᠢᠯᠭ᠎ᠠ ᠨᠢ ᠪᠤᠯ ᠪᠦᠬᠦ᠌ ᠤᠷᠤᠨ᠎ᠤ ᠡᠯ᠎ᠠ ᠭᠠᠵᠠᠷ᠎ᠤᠨ ᠬᠦᠳᠡᠭᠡ ᠲᠤᠰᠭᠤᠨ᠎ᠤ ᠰᠠᠭᠤᠷᠢ ᠲᠦᠬᠦᠭᠡᠷᠤᠮᠵᠢ ᠵᠢᠨ ᠬᠦᠭ᠌ᠵᠢᠯᠳᠡ ᠵᠢᠨ ᠲᠦᠪᠱᠢᠨ᠎ᠢ ᠲᠡᠭᠡᠭ᠌ᠰᠢᠯᠡᠬᠦᠯᠬᠦ᠌ ᠵᠢ ᠵᠤᠷᠢᠬ᠍ᠵᠢᠭᠤᠯᠤᠨ ᠲᠡᠮᠵᠢᠵᠦ᠍᠂ ᠶᠠᠳᠠᠭᠤ ᠡᠴᠡ ᠠᠩᠬᠢᠵᠢᠷᠠᠭᠤᠯᠬᠤ ᠪᠤᠭᠤᠮᠳᠠ ᠱᠢᠪᠳᠤᠯᠤᠬᠰᠠᠨ ᠦᠷ᠎ᠠ ᠪᠦᠳᠦᠭᠡᠯ᠎ᠢ ᠬᠦᠳᠡᠭᠡ ᠲᠤᠰᠭᠤᠨ᠎ᠢ ᠬᠦᠭ᠌ᠵᠢᠬᠦᠯᠦᠨ ᠮᠠᠨᠳᠤᠭᠤᠯᠬᠤ ᠲᠠᠢ ᠪᠦᠳᠦᠮᠵᠢᠳᠠᠢ ᠵᠤᠯᠭᠠᠭᠤᠯᠤᠨ᠂ ᠬᠠᠮᠳᠤ ᠪᠡᠷ ᠪᠠᠶᠠᠵᠢᠨ ᠴᠢᠨᠡᠭᠡᠯᠢᠭ᠌ᠵᠢᠬᠦ᠌ ᠳ᠋ᠤ ᠬᠦᠴᠦᠨ ᠨᠡᠮᠡᠷᠢᠯᠡᠬᠦ᠌ ᠪᠤᠯᠤᠨ᠎ᠠ ᠃

《ᠲᠦᠷᠪᠡᠨ ᠰᠠᠢᠨᠳᠠᠢ ᠬᠦᠳᠡᠭᠡ ᠲᠤᠰᠭᠤᠨ᠎ᠤ ᠵᠠᠮ》 ᠤ᠋ᠨ ᠪᠠᠢ᠌ᠭᠤᠯᠤᠯᠳᠠ ᠵᠢ ᠡᠷᠴᠢᠮᠳᠠᠢ ᠰᠠᠢ᠌ᠨ ᠦᠷᠨᠢᠬᠦᠯᠦᠭ᠌ᠰᠡᠨ ᠵᠢᠡᠷ᠂ ᠪᠤᠭᠤᠲᠤ ᠬᠤᠳᠠ 2021 ᠤᠨ᠎ᠤ ᠱᠢᠨ᠎ᠠ ᠪᠡᠷ ᠨᠡᠷᠡᠢ᠌ᠳᠦᠭ᠌ᠰᠡᠨ ᠦᠪᠡᠷᠳᠡᠭᠡᠨ ᠵᠠᠰᠠᠬᠤ ᠤᠷᠤᠨ᠎ᠤ ᠲᠡᠰ᠎ᠤᠨ 《ᠲᠦᠷᠪᠡᠨ ᠰᠠᠢ᠌ᠨᠳᠠᠢ ᠬᠦᠳᠡᠭᠡ ᠲᠤᠰᠭᠤᠨ᠎ᠤ ᠵᠠᠮ》 ᠤ᠋ᠨ ᠪᠦᠳᠦᠬᠡᠨ ᠪᠠᠢ᠌ᠭᠤᠯᠤᠯᠳᠠ ᠵᠢᠨ ᠬᠤᠳᠠ ᠲᠤᠭᠤᠷᠢᠭ᠎ᠤᠨ ᠲᠤᠪᠤᠢ᠌ᠮ᠎ᠠ ᠪᠠᠢ᠌ᠭᠤᠯᠭ᠎ᠠ ᠪᠤᠯᠵᠦ᠍᠂ 1000 ᠲᠦᠮᠡᠨ ᠲᠦᠭᠦᠷᠢᠭ ᠵᠢᠡᠷ ᠱᠠᠩᠨᠠᠬ᠍ᠳᠠᠬ᠍ᠰᠠᠨ ᠪᠠᠢ᠌ᠨ᠎ᠠ᠃ ᠬᠦᠶᠠᠩ ᠱᠢᠶᠠᠨ ᠤᠯᠤᠰ᠎ᠤᠨ ᠲᠡᠰ᠎ᠤᠨ《ᠲᠦᠷᠪᠡᠨ ᠰᠠᠢ᠌ᠨᠳᠠᠢ ᠬᠦᠳᠡᠭᠡ ᠲᠤᠰᠭᠤᠨ᠎ᠤ ᠵᠠᠮ》 ᠤ᠋ᠨ ᠵᠢᠱ᠌ᠢᠶᠡᠴᠢ ᠱᠢᠶᠠᠨ ᠪᠤᠯᠵᠦ᠍᠂ 1000 ᠲᠦᠮᠡᠨ ᠲᠦᠭᠦᠷᠢᠭ ᠵᠢᠡᠷ ᠱᠠᠩᠨᠠᠬ᠍ᠳᠠᠬ᠍ᠰᠠᠨ ᠪᠠᠢ᠌ᠨ᠎ᠠ᠃ ᠲᠦᠮᠡᠳ ᠪᠠᠷᠠᠭᠤᠨ ᠬᠤᠱᠢᠭᠤ ᠦᠪᠡᠷᠳᠡᠭᠡᠨ ᠵᠠᠰᠠᠬᠤ ᠤᠷᠤᠨ᠎ᠤ ᠲᠡᠰ᠎ᠤᠨ 《ᠲᠦᠷᠪᠡᠨ ᠰᠠᠢ᠌ᠨᠳᠠᠢ ᠬᠦᠳᠡᠭᠡ ᠲᠤᠰᠭᠤᠨ᠎ᠤ ᠵᠠᠮ》 ᠤ᠋ᠨ ᠵᠢᠱ᠌ᠢᠶᠡᠴᠢ ᠱᠢᠶᠠᠨ ᠪᠤᠯᠵᠦ᠍᠂ 300 ᠲᠦᠮᠡᠨ ᠲᠦᠭᠦᠷᠢᠭ ᠵᠢᠡᠷ ᠱᠠᠩᠨᠠᠬ᠍ᠳᠠᠬ᠍ᠰᠠᠨ ᠪᠠᠢ᠌ᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面