ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-05-09 09:33:51

ᠵᠣᠬᠢᠶᠠᠭ᠍ᠴᠢ᠄ ​ᠡᠷᠳᠡᠨᠢᠬᠤᠸᠠᠷ ᠣᠩᠱᠢᠭ᠍ᠰᠠᠨ ᠣᠳᠠᠭ᠎ᠠ᠄ 3

ᠨᠡᠩ ᠰᠢᠯᠢᠳᠡᠭ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠶ᠋ᠢᠡᠷ ᠵᠠᠬ᠎ᠠ ᠳᠡᠯᠭᠡᠭᠦᠷ ᠤ᠋ᠨ ᠭᠤᠤᠯ ᠴᠤᠭᠴᠠ ᠳ᠋ᠤ ᠦᠢᠯᠡᠴᠢᠯᠡᠨ᠂ ᠪᠦᠬᠦ ᠤᠷᠤᠨ ᠤ᠋ ᠠᠵᠤ ᠦᠢᠯᠡᠳᠪᠤᠷᠢ ᠶ᠋ᠢᠨ ᠠᠵᠤ ᠠᠬᠤᠢ ᠵᠢᠨ ᠳᠤᠭᠳᠠᠭᠤᠨ ᠤ᠋ ᠳᠤᠮᠳᠠ ᠤᠷᠤᠭᠰᠢᠯᠠᠨ ᠳᠠᠪᠰᠢᠵᠤ᠂ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠠ ᠠᠰᠢᠭ ᠢ᠋ ᠨᠡᠮᠡᠭᠳᠡᠭᠦᠯᠬᠦ ᠶ᠋ᠢ ᠪᠠᠳᠤᠯᠠᠵᠤ ᠠᠬᠢᠭᠤᠯᠬᠤ ᠶ᠋ᠢᠨ ᠲᠦᠯᠦᠭᠡ ᠂ ᠦᠪᠡᠷᠳᠡᠭᠡᠨ ᠵᠠᠰᠠᠬᠤ ᠤᠷᠤᠨ ᠤ᠋ ᠠᠵᠤ ᠦᠢᠯᠡᠳᠪᠤᠷᠢ ᠪᠡ ᠮᠡᠳᠡᠭᠡ ᠵᠠᠩᠬᠢᠵᠢᠯᠳᠠ ᠶ᠋ᠢᠨ ᠲᠢᠩᠬᠢᠮ ᠤᠢᠷ᠎ᠠ ᠳ᠋ᠤ 2022 ᠤᠨ ᠤ᠋ ᠬᠤᠳᠠᠯᠳᠤᠭ᠎ᠠ ᠡᠷᠬᠢᠯᠡᠭᠦ ᠤᠷᠴᠢᠨ ᠨᠦᠬᠦᠴᠡᠯ ᠢ᠋ ᠰᠢᠯᠢᠳᠡᠭᠵᠢᠭᠦᠯᠦᠨ ᠵᠠᠬ᠎ᠠ ᠳᠡᠯᠭᠡᠭᠦᠷ ᠤ᠋ᠨ ᠭᠤᠤᠯ ᠴᠤᠭᠴᠠ ᠳ᠋ᠤ ᠦᠢᠯᠡᠴᠢᠯᠡᠬᠦ ᠠᠵᠢᠯ ᠤ᠋ᠨ ᠲᠦᠰᠦᠯ ᠢ᠋ ᠨᠡᠢᠳᠡᠯᠡᠵᠤ᠂ ᠵᠢᠷᠭᠤᠭᠠᠨ ᠲᠠᠯ᠎ᠠ ᠶ᠋ᠢᠨ ᠭᠤᠤᠯᠳᠠᠯᠭ᠎ᠠ ᠲᠠᠢ ᠠᠵᠢᠯ ᠢ᠋ ᠲᠤᠳᠤᠷᠬᠠᠢᠯᠠᠪᠠ ᠃

— ᠦᠢᠯᠡᠴᠢᠯᠡᠬᠦ ᠤᠬᠠᠮᠰᠠᠷ ᠶ᠋ᠢᠡᠨ ᠴᠢᠩᠭᠠᠳᠬᠠᠵᠤ᠂ ᠵᠠᠬ᠎ᠠ ᠳᠡᠯᠭᠡᠭᠦᠷ ᠤ᠋ᠨ ᠭᠤᠤᠯ ᠴᠤᠭᠴᠠ ᠳ᠋ᠤ ᠳᠦᠷᠢᠮᠵᠢᠭᠦᠨ᠂ ᠳᠦᠭᠦᠮ ᠳᠦᠳᠡ᠂ ᠦᠨᠳᠦᠷ ᠪᠦᠲᠦᠮᠵᠢᠳᠠᠢ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡ ᠬᠠᠩᠭᠠᠨ᠎ᠠ ᠃《ᠨᠢᠭᠡ ᠰᠦᠯᠵᠢᠶ᠎ᠠ ᠪᠡᠷ ᠨᠡᠢᠳᠡᠮ ᠭᠦᠢᠴᠡᠳᠭᠡᠬᠦ》ᠪᠡᠷ ᠬᠠᠷᠠᠯᠳᠠ ᠪᠤᠯᠭᠠᠨ᠂ ᠠᠵᠤ ᠠᠬᠤᠢᠯᠠᠯ ᠳ᠋ᠤ ᠬᠤᠯᠪᠤᠭᠳᠠᠬᠤ ᠠᠷᠠᠳ ᠲᠦ᠍ ᠳᠦᠭᠦᠮ ᠦᠵᠡᠭᠦᠯᠬᠦ ᠬᠡᠷᠡᠭ ᠶᠠᠪᠤᠳᠠᠯ᠎ᠢ ᠪᠦᠬᠦ ᠤᠷᠤᠨ ᠤ᠋ ᠨᠢᠭᠡ ᠴᠤᠭᠴᠠᠵᠢᠭᠤᠯᠤᠭᠰᠠᠨ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡᠨ ᠤ᠋ ᠳᠠᠪᠴᠠᠩ ᠳ᠋ᠤ ᠪᠦᠬᠦ ᠶᠠᠪᠤᠴᠠ ᠪᠡᠷ ᠰᠦᠯᠵᠢᠶ᠎ᠠ ᠪᠡᠷ ᠭᠦᠢᠴᠡᠳᠭᠡᠬᠦ ᠶ᠋ᠢ ᠪᠡᠶᠡᠯᠡᠭᠦᠯᠦᠨ᠎ᠠ ᠃ ᠡᠯᠧᠺᠲᠷᠤᠨ ᠦᠨᠡᠮᠯᠡᠯ ᠭᠡᠷᠡᠴᠢ ᠶ᠋ᠢᠨ ᠬᠡᠷᠡᠭᠯᠡᠭᠡ ᠶ᠋ᠢ ᠠᠬᠢᠭᠤᠯᠤᠨ ᠂ ᠲᠤᠭ᠎ᠠ ᠪᠠᠷᠢᠮᠳᠠ ᠶ᠋ᠢᠨ ᠬᠡᠷᠡᠭᠯᠡᠭᠡᠨ ᠤ᠋ ᠲᠦᠪᠰᠢᠨ ᠢ᠋ ᠳᠡᠭᠡᠭᠰᠢᠯᠡᠭᠦᠯᠦᠨ᠎ᠠ ᠃

— ᠪᠠᠷᠢᠯᠭ᠎ᠠ ᠶ᠋ᠢᠨ ᠲᠦᠷᠦᠯ ᠵᠦᠢᠯ ᠤ᠋ᠨ ᠬᠢᠨᠠᠨ ᠵᠦᠪᠰᠢᠶᠡᠷᠡᠯ ᠤ᠋ᠨ ᠪᠠᠷᠢᠮᠵᠢᠶᠠᠵᠢᠭᠰᠠᠨ ᠳᠦᠷᠢᠮᠵᠢᠭᠰᠡᠨ ᠬᠠᠮᠢᠶᠠᠷᠤᠯᠳᠠ ᠶ᠋ᠢ ᠲᠠᠰᠤᠷᠠᠯᠳᠠ ᠦᠭᠡᠢ ᠴᠢᠩᠭᠠᠳᠬᠠᠨ᠎ᠠ ᠃ ᠪᠡᠯᠡ ᠤᠷᠤᠭᠤᠯᠤᠯᠳᠠ ᠶ᠋ᠢᠨ ᠡᠷᠴᠢᠮ ᠂ ᠮᠦ᠍ ᠳᠤᠮᠳᠠᠴᠢ ᠶ᠋ᠢᠨ ᠭᠠᠢᠯᠢ ᠳᠠᠳᠠᠪᠤᠷᠢ ᠵᠡᠷᠭᠡ ᠪᠠᠷᠢᠮᠵᠢᠶ᠎ᠠ ᠶ᠋ᠢ ᠦᠨᠳᠦᠰᠦᠯᠡᠨ ᠂ ᠬᠦᠬᠡᠬᠤᠳᠠ ᠶ᠋ᠢᠨ ᠠᠵᠤ ᠠᠬᠤᠢ ᠮᠡᠷᠭᠡᠵᠢᠯ ᠤ᠋ᠨ ᠨᠡᠭᠡᠭᠡᠯᠳᠡ ᠶ᠋ᠢᠨ ᠲᠤᠭᠤᠷᠢᠭ ᠵᠡᠷᠭᠡ 16 ᠬᠦᠷᠢᠶᠡᠯᠡᠩ ᠲᠤᠭᠤᠷᠢᠭ ᠲᠦ᠍ ᠰᠢᠨ᠎ᠠ ᠪᠡᠷ ᠪᠦᠲᠦᠭᠡᠨ ᠪᠠᠢᠭᠤᠯᠬᠤ ᠠᠵᠤ ᠦᠢᠯᠡᠳᠪᠤᠷᠢ ᠶ᠋ᠢᠨ ᠲᠦᠷᠦᠯ ᠵᠦᠢᠯ ᠳ᠋ᠤ《ᠪᠠᠷᠢᠮᠵᠢᠶ᠎ᠠ ᠭᠠᠵᠠᠷ》ᠶ᠋ᠢᠡᠷ ᠭᠠᠵᠠᠷ ᠰᠢᠷᠤᠢ ᠬᠠᠩᠭᠠᠬᠤ ᠶ᠋ᠢ ᠲᠤᠷᠰᠢᠨ ᠬᠡᠷᠡᠭᠵᠢᠭᠦᠯᠦᠨ᠎ᠠ ᠃

— ᠢᠳᠡᠭᠡᠮᠵᠢᠳᠦ ᠵᠢᠭᠡᠯᠡᠯᠭᠡ ᠶ᠋ᠢᠨ ᠦᠢᠯᠡᠴᠢᠯᠡᠭᠡᠨ ᠤ᠋ ᠶᠠᠰᠤ ᠴᠢᠨᠠᠷ ᠦᠷ᠎ᠠ ᠪᠦᠲᠦᠮᠵᠢ ᠶ᠋ᠢ ᠳᠡᠭᠡᠭᠰᠢᠯᠡᠭᠦᠯᠵᠤ᠂ ᠳᠤᠮᠳᠠ ᠪᠠᠭ᠎ᠠ ᠠᠵᠤ ᠠᠬᠤᠢᠯᠠᠯ ᠤ᠋ᠨ ᠪᠡᠯᠡ ᠬᠤᠷᠠᠮᠳᠤᠭᠤᠯᠬᠤ ᠳ᠋ᠤ ᠬᠦᠴᠢᠷ᠂ ᠪᠡᠯᠡ ᠬᠤᠷᠠᠮᠳᠤᠭᠤᠯᠬᠤ ᠳ᠋ᠤ ᠦᠨᠡᠳᠠᠢ ᠠᠰᠠᠭᠤᠳᠠᠯ ᠢ᠋ ᠨᠠᠮᠳᠠᠭᠠᠨ᠎ᠠ᠃ ᠳᠤᠮᠳᠠ ᠪᠠᠭ᠎ᠠ ᠠᠵᠤ ᠠᠬᠤᠢᠯᠠᠯ ᠤ᠋ᠨ ᠵᠢᠭᠡᠯᠡᠯᠭᠡ ᠤᠯᠬᠤ ᠨᠤᠷᠮ᠎ᠠ ᠶ᠋ᠢ ᠳᠡᠭᠡᠭᠰᠢᠯᠡᠭᠦᠯᠦᠨ᠂《ᠢᠳᠡᠭᠡᠮᠵᠢᠳᠤ ᠳᠦᠭᠦᠮ ᠵᠢᠭᠡᠯᠡᠯᠭᠡ》ᠳᠠᠪᠴᠠᠩ ᠤ᠋ᠨ ᠪᠡᠯᠡ ᠬᠤᠷᠠᠮᠳᠤᠭᠤᠯᠬᠤ ᠦᠢᠯᠡᠴᠢᠯᠡᠭᠡᠨ ᠤ᠋ ᠴᠢᠳᠠᠪᠤᠷᠢ ᠶ᠋ᠢ ᠦᠷᠭᠦᠯᠵᠢᠯᠡᠨ ᠰᠠᠢᠵᠢᠷᠠᠭᠤᠯᠵᠤ ᠂ ᠡᠨᠡ ᠵᠢᠯ《ᠢᠳᠡᠭᠡᠮᠵᠢᠳᠤ ᠳᠦᠭᠦᠮ ᠵᠢᠭᠡᠯᠡᠯᠭᠡ》ᠳᠠᠪᠴᠠᠩ ᠶ᠋ᠢᠡᠷ ᠤᠯᠭᠤᠬᠤ ᠵᠢᠭᠡᠯᠡᠯᠭᠡ ᠶ᠋ᠢᠨ ᠬᠡᠮᠵᠢᠶ᠎ᠠ ᠶ᠋ᠢ 40 ᠳ᠋ᠦᠩᠰᠢᠭᠤᠷ ᠲᠦᠭᠦᠷᠢᠭ ᠲᠦ᠍ ᠬᠦᠷᠭᠡᠨ᠎ᠠ ᠃

— ᠬᠦᠷᠢᠶᠡᠯᠡᠩ ᠲᠤᠭᠤᠷᠢᠭ ᠤ᠋ᠨ ᠦᠢᠯᠡᠴᠢᠯᠡᠭᠡ ᠶ᠋ᠢ ᠦᠷᠭᠦᠯᠵᠢᠯᠡᠨ ᠴᠢᠩᠭᠠᠳᠬᠠᠵᠤ᠂ ᠬᠦᠷᠢᠶᠡᠯᠡᠩ ᠲᠤᠭᠤᠷᠢᠭ ᠤ᠋ᠨ ᠠᠴᠢᠶᠠᠯᠠᠬᠤ ᠴᠢᠳᠠᠪᠤᠷᠢ ᠶ᠋ᠢ ᠳᠡᠭᠡᠭᠰᠢᠯᠡᠭᠦᠯᠦᠨ᠎ᠠ ᠃ ᠲᠤᠰᠬᠠᠢ ᠪᠡᠯᠡ ᠮᠦᠩᠬᠦ ᠳᠤᠬᠢᠷᠠᠭᠤᠯᠬᠤ ᠵᠡᠷᠭᠡ ᠠᠷᠭ᠎ᠠ ᠪᠠᠷᠢᠯ ᠶ᠋ᠢᠡᠷ ᠠᠵᠤ ᠦᠢᠯᠡᠳᠪᠤᠷᠢ ᠶ᠋ᠢᠨ ᠬᠦᠷᠢᠶᠡᠯᠡᠩ ᠲᠤᠭᠤᠷᠢᠭ ᠤ᠋ᠨ ᠰᠠᠭᠤᠷᠢ ᠲᠦᠬᠦᠭᠡᠷᠦᠮᠵᠢ ᠶ᠋ᠢᠨ ᠪᠦᠲᠦᠭᠡᠨ ᠪᠠᠢᠭᠤᠯᠤᠯᠳᠠ ᠶ᠋ᠢ ᠴᠢᠩᠭᠠᠳᠬᠠᠬᠤ ᠶ᠋ᠢ ᠠᠬᠢᠭᠤᠯᠤᠨ᠎ᠠ᠃ ᠪᠦᠬᠦ ᠤᠷᠤᠨ ᠤ᠋ ᠬᠡᠷᠡᠭ ᠶ᠋ᠢᠡᠷ ᠵᠢᠱ᠌ᠢᠶᠡᠯᠡᠵᠦ ᠦᠭᠡᠷᠡᠴᠢᠯᠡᠯᠳᠡ ᠶ᠋ᠢ ᠠᠬᠢᠭᠤᠯᠬᠤ ᠠᠵᠢᠯ ᠢ᠋ ᠪᠡᠶᠡᠯᠡᠭᠦᠯᠵᠦ ᠂ ᠨᠡᠭᠡᠭᠡᠯᠳᠡ ᠶ᠋ᠢᠨ ᠲᠤᠭᠤᠷᠢᠭ ᠤ᠋ᠨ ᠬᠤᠳᠠᠯᠳᠤᠭ᠎ᠠ ᠡᠷᠬᠢᠯᠡᠬᠦ ᠤᠷᠴᠢᠨ ᠨᠦᠭᠦᠴᠡᠯ ᠳ᠋ᠤ ᠦᠨᠳᠦᠰᠦᠨ ᠴᠢᠨᠠᠷᠳᠠᠢ ᠬᠤᠪᠢᠷᠠᠯᠳᠠ ᠭᠠᠷᠬᠤ ᠶ᠋ᠢ ᠠᠬᠢᠭᠤᠯᠤᠨ᠎ᠠ ᠃

— ᠳᠤᠮᠳᠠ ᠪᠠᠭ᠎ᠠ ᠠᠵᠤ ᠠᠬᠤᠢᠯᠠᠯ ᠳ᠋ᠤ ᠦᠷᠢᠳᠦᠵᠦ ᠪᠠᠢᠭ᠎ᠠ ᠦᠷᠢ ᠦᠭᠴᠡᠭᠡ ᠶ᠋ᠢ ᠴᠡᠭᠴᠡᠯᠡᠨ ᠠᠷᠢᠯᠭᠠᠬᠤ ᠡᠷᠴᠢᠮ ᠢ᠋ ᠴᠢᠩᠭᠠᠳᠬᠠᠨ ᠂ ᠠᠷᠠᠳ ᠤ᠋ᠨ ᠡᠵᠡᠩᠨᠡᠯᠳᠡ ᠶ᠋ᠢᠨ ᠠᠵᠤ ᠠᠬᠤᠢᠯᠠᠯ ᠪᠤᠯᠤᠨ ᠳᠤᠮᠳᠠ ᠪᠠᠭ᠎ᠠ ᠠᠵᠤ ᠠᠬᠤᠢᠯᠠᠯ ᠤ᠋ᠨ ᠡᠷᠬᠡ ᠠᠰᠢᠭ ᠢ᠋ ᠦᠨᠡᠨ ᠬᠦ᠌ ᠪᠠᠳᠤᠯᠠᠨ᠎ᠠ ᠃《ᠳᠤᠮᠳᠠ ᠪᠠᠭ᠎ᠠ ᠠᠵᠤ ᠠᠬᠤᠢᠯᠠᠯ ᠤ᠋ᠨ ᠵᠤᠭᠤᠰ ᠮᠦᠩᠭᠦᠨ ᠤ᠋ ᠲᠤᠭᠠᠴᠠᠭ᠎ᠠ ᠶ᠋ᠢ ᠪᠠᠳᠤᠯᠠᠬᠤ ᠳᠦᠷᠢᠮ》ᠪᠤᠯᠤᠨ ᠳᠤᠮᠳᠠ ᠪᠠᠭ᠎ᠠ ᠠᠵᠤ ᠠᠬᠤᠢᠯᠠᠯ ᠤ᠋ᠨ ᠵᠤᠭᠤᠰ ᠮᠦᠩᠭᠦᠨ ᠤ᠋ ᠲᠤᠭᠠᠴᠠᠭ᠎ᠠ ᠶ᠋ᠢ ᠪᠠᠳᠤᠯᠠᠬᠤ ᠤᠷᠳᠤ ᠬᠤᠭᠤᠴᠠᠭᠠᠨ ᠤ᠋ ᠪᠦᠲᠦᠮᠵᠢᠳᠠᠢ ᠳᠤᠭᠳᠠᠴᠠ ᠶ᠋ᠢ ᠨᠠᠷᠢᠨ ᠬᠢᠨᠠᠮᠠᠭᠠᠢ ᠲᠤᠭᠤᠰᠢᠯᠠᠭᠤᠯᠤᠨ᠂ ᠵᠦᠷᠢᠯᠳᠦᠭᠡᠨ ᠦᠭᠡᠢ ᠠᠷᠢᠯᠭᠠᠬᠤ ᠶᠤᠰᠤᠳᠠᠢ ᠦᠷᠢ ᠦᠭᠴᠡᠭᠡ ᠶ᠋ᠢ ᠪᠦᠬᠦᠨ ᠢ᠋ ᠠᠷᠢᠯᠭᠠᠬᠤ᠂ ᠵᠦᠷᠢᠯᠳᠦᠭᠡᠨ ᠲᠠᠢ ᠦᠷᠢ ᠦᠭᠴᠡᠭᠡᠨ ᠤ᠋ ᠵᠦᠷᠢᠯᠳᠦᠭᠡᠨ ᠢ᠋ ᠳᠦᠷᠭᠡᠬᠡᠨ ᠰᠢᠢᠳᠪᠤᠷᠢᠯᠡᠬᠦ ᠂ ᠰᠢᠨ᠎ᠠ ᠪᠡᠷ ᠨᠡᠮᠡᠭᠳᠡᠭᠰᠡᠨ ᠵᠠᠭᠠᠯᠳᠤᠯᠭ᠎ᠠ ᠶ᠋ᠢᠨ ᠠᠰᠠᠭᠤᠳᠠᠯ ᠢ᠋ ᠲᠡᠷᠡ ᠳᠠᠷᠤᠢ ᠳ᠋ᠤᠨᠢ ᠰᠢᠢᠳᠪᠤᠷᠢᠯᠡᠬᠦ ᠶ᠋ᠢ ᠠᠬᠢᠭᠤᠯᠵᠤ ᠂ ᠵᠦᠷᠢᠯᠳᠦᠭᠡᠨ ᠦᠭᠡᠢ ᠦᠷᠢ ᠦᠭᠴᠡᠭᠡ ᠶ᠋ᠢ ᠬᠦᠳᠡᠯᠦᠩᠭᠦᠢ ᠪᠡᠷ ᠠᠷᠢᠯᠭᠠᠬᠤ ᠶ᠋ᠢ ᠪᠠᠳᠤᠯᠠᠨ᠎ᠠ ᠃

— ᠲᠦᠷᠦᠯ ᠵᠦᠢᠯ ᠢ᠋ ᠬᠢᠨᠡᠨ ᠵᠦᠪᠰᠢᠶᠡᠷᠡᠬᠦ ᠬᠡᠷᠡᠭ ᠶᠠᠪᠤᠳᠠᠯ ᠵᠢᠴᠢ ᠶᠠᠪᠤᠴᠠ ᠶ᠋ᠢ ᠰᠢᠯᠢᠳᠡᠭᠵᠢᠭᠦᠯᠦᠨ ᠳᠡᠰ ᠳᠡᠪᠰᠢᠭᠦᠯᠵᠦ᠂ ᠬᠢᠨᠠᠨ ᠵᠦᠪᠰᠢᠶᠡᠷᠡᠬᠦ ᠦᠷ᠎ᠠ ᠪᠦᠲᠦᠮᠵᠢ ᠪᠠ ᠦᠢᠯᠡᠴᠢᠯᠡᠭᠡᠨ ᠤ᠋ ᠲᠦᠪᠰᠢᠨ ᠢ᠋ ᠳᠡᠭᠡᠭᠰᠢᠯᠡᠭᠦᠯᠦᠨ᠎ᠠ᠃ ᠲᠦᠷᠦᠯ ᠵᠦᠢᠯ ᠢ᠋ ᠬᠢᠨᠡᠨ ᠵᠦᠪᠰᠢᠶᠡᠷᠡᠬᠦ ᠳᠦᠷᠢᠮ ᠤ᠋ᠨ ᠦᠭᠡᠷᠡᠴᠢᠯᠡᠯᠳᠡ ᠶ᠋ᠢ ᠭᠦᠨᠵᠡᠭᠡᠢᠷᠡᠭᠦᠯᠤᠨ ᠂ ᠠᠵᠤ ᠦᠢᠯᠡᠳᠪᠤᠷᠢ ᠶ᠋ᠢᠨ ᠮᠡᠷᠭᠡᠵᠢᠯ ᠤ᠋ᠨ ᠦᠭᠡᠷᠡᠴᠢᠯᠡᠯᠳᠡ ᠶ᠋ᠢᠨ ᠲᠦᠷᠦᠯ ᠵᠦᠢᠯ ᠪᠤᠯᠤᠨ ᠠᠵᠤ ᠦᠢᠯᠡᠳᠪᠤᠷᠢ ᠶ᠋ᠢᠨ ᠮᠡᠳᠡᠭᠡ ᠵᠠᠩᠬᠢᠴᠢᠯᠠᠯᠳᠠ ᠶ᠋ᠢᠨ ᠲᠦᠷᠦᠯ ᠵᠦᠢᠯ ᠢ᠋ ᠬᠢᠨᠡᠨ ᠵᠦᠪᠰᠢᠶᠡᠷᠡᠬᠦ ᠶᠠᠪᠤᠴᠠ ᠶ᠋ᠢ ᠤᠯᠠᠮ ᠨᠢᠭᠡ ᠠᠯᠬᠤᠮ ᠰᠢᠯᠢᠳᠡᠭᠵᠢᠭᠦᠯᠵᠤ ᠂ ᠲᠦᠷᠦᠯ ᠵᠦᠢᠯ ᠤ᠋ᠨ ᠪᠦᠲᠦᠭᠡᠨ ᠪᠠᠢᠭᠤᠯᠤᠯᠳᠠ ᠶ᠋ᠢᠨ ᠠᠬᠢᠴᠠ ᠶ᠋ᠢ ᠲᠦᠷᠭᠡᠳᠭᠡᠨ ᠦᠷ᠎ᠠ ᠠᠰᠢᠭ ᠢ᠋ ᠨᠡᠮᠡᠭᠳᠡᠭᠦᠯᠬᠦ ᠶ᠋ᠢ ᠠᠬᠢᠭᠤᠯᠤᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面