ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-05-09 10:03:11

ᠵᠣᠬᠢᠶᠠᠭ᠍ᠴᠢ᠄ ᠬᠠᠢ ᠵᠢᠶᠦᠢ᠍ᠨ ᠣᠩᠱᠢᠭ᠍ᠰᠠᠨ ᠣᠳᠠᠭ᠎ᠠ᠄ 3

— ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠱᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠎ᠢ ᠪᠣᠶ ᠪᠤᠯᠭᠠᠬᠰᠠᠨ ᠠᠵᠢᠯ᠎ᠢ ᠲᠡᠮᠳᠡᠭᠯᠡᠪᠡ

ᠲᠦᠷᠦᠬᠦᠬᠡᠨ᠂ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠫᠢᠩ ᠳ᠋ᠢ ᠴᠢᠤᠸᠠᠨ ᠪᠠᠯᠭᠠᠰᠤ᠎ᠡᠴᠡ ᠮᠣᠷᠳᠠᠵᠤ᠂ ᠬᠥᠳᠡᠭᠡ ᠵᠢᠨ ᠪᠤᠷᠤ ᠵᠠᠮ᠎ᠢᠶᠠᠷ ᠪᠠᠷᠠᠭᠤᠨᠰᠢ 20 ᠺᠢᠯᠤᠮᠸᠲᠷ ᠠᠶᠠᠯᠠᠵᠤ ᠯᠣᠣ ᠴᠢᠤᠸᠠᠨ ᠭᠸᠦ ᠱᠢᠶᠠᠩ ᠤ᠋ᠨ ᠨᠢᠭᠡᠨ ᠭᠤᠷᠪᠠᠨ ᠲᠠᠯ᠎ᠠ᠎ᠪᠠᠷ᠎ᠢᠶᠠᠨ ᠠᠭᠤᠯᠠᠨ᠎ᠳᠤ ᠬᠦᠷᠢᠶᠡᠯᠡᠭ᠌ᠳᠡᠭ᠌ᠰᠡᠨ ᠬᠣᠲᠣᠭᠣᠷ ᠭᠠᠵᠠᠷ ᠬᠦᠷᠬᠦ ᠳ᠋ᠤ᠂ ᠨᠢᠭᠡᠨ ᠪᠠᠷᠢᠯᠭ᠎ᠠ ᠵᠢᠨ ᠭᠠᠵᠠᠷ ᠢᠯᠡᠷᠡᠨ᠂ ᠵᠠᠮ᠎ᠤᠨ ᠬᠠᠵᠠᠭᠤ᠎ᠪᠠᠷ 5 ᠮᠥᠷ ᠬᠦᠭᠡ ᠦᠩᠬᠡ᠎ᠶ᠋ᠢᠨ ᠦᠬᠡᠷ᠎ᠦᠨ ᠬᠠᠱᠢᠶ᠎ᠠ ᠲᠡᠷᠢ ᠲᠡᠭ᠌ᠰᠢ ᠵᠢᠭ᠍ᠰᠠᠵᠤ᠂ ᠬᠠᠰᠢᠶᠠᠨ ᠳ᠋ᠤ ᠤᠯᠠᠨ ᠬᠠᠷ᠎ᠠ ᠦᠬᠡᠷ ᠤ᠋ᠳ ᠬᠠᠷᠠᠭᠳᠠᠨ᠎ᠠ ᠁

ᠡᠨᠡ ᠨᠢ ᠥᠪᠥᠷ ᠮᠣᠩᠭᠣᠯ᠎ᠤᠨ ᠵᠢᠩᠰᠢ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠪᠠᠢᠭᠤᠯᠤᠭ᠍ᠰᠠᠨ ᠲᠦᠮᠡᠨ ᠮᠢᠬᠠᠨ ᠪ ᠦᠬᠡᠷ ᠲᠡᠵᠢᠭᠡᠨ ᠦᠷᠡᠵᠢᠭᠦᠯᠬᠦ᠌ ᠰᠠᠭᠤᠷᠢᠨ ᠪᠠᠢᠵᠤ ᠂ ᠣᠳᠣᠬᠠᠨ᠎ᠳᠤ ᠦᠬᠡᠷ᠎ᠦᠨ ᠬᠠᠱᠢᠶᠠᠨ ᠳᠣᠲᠣᠷ᠎ᠠ 2000 ᠭᠠᠷᠤᠶ ᠮᠢᠬᠠᠨ᠎ᠤ ᠦᠬᠡᠷ ᠲᠡᠵᠢᠭᠡᠵᠤ ᠪᠤᠢ᠃ ᠡᠨᠡ ᠨᠢ ᠮᠥᠨ ᠴᠦ᠍ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠲᠦᠷᠦᠯ ᠵᠦᠢᠯ᠎ᠦᠨ ᠨᠢᠭᠡ ᠪᠣᠯᠤᠨ᠎ᠠ ᠃

ᠲᠤᠰ ᠲᠦᠷᠦᠯ ᠵᠤᠢᠯ ᠨᠢ 57.98 ᠲᠦᠮᠡᠨ ᠲᠡᠭ᠌ᠰᠢ ᠳᠥᠷᠪᠡᠯᠵᠢᠨ ᠮᠧᠲ᠋ᠷ ᠭᠠᠵᠠᠷ ᠡᠵᠡᠯᠨᠨ᠂ ᠨᠢᠭᠡᠳᠦᠭᠡᠷ ᠬᠤᠭᠤᠴᠠᠭᠠᠨ᠎ᠳᠦ 3.2 ᠳ᠋ᠦᠩᠱᠢᠭᠤᠷ ᠲᠥᠭᠥᠷᠢᠭ ᠪᠡᠯᠡ ᠤᠷᠤᠭᠤᠯᠤᠨ᠂ ᠬᠣᠶᠠᠳᠤᠭᠠᠷ ᠬᠤᠭᠤᠴᠠᠭᠠᠨ᠎ᠳᠦ 2.8 ᠳ᠋ᠦᠩᠱᠢᠭᠤᠷ ᠲᠥᠭᠥᠷᠢᠭ ᠪᠡᠯᠡ ᠤᠷᠤᠭᠤᠯᠬᠤ ᠪᠡᠷ ᠲᠦᠯᠦᠪᠯᠡᠵᠠᠢ᠃

ᠲᠤᠬᠠᠢ᠎ᠶ᠋ᠢᠨ ᠦᠶ᠎ᠡ᠎ᠳᠦ᠂ ᠲᠤᠰ ᠲᠦᠷᠦᠯ ᠵᠦᠢᠯ ᠨᠢ ᠭᠠᠵᠠᠷ ᠰᠣᠩᠭᠣᠬᠤ ᠡᠴᠡ ᠠᠱᠢᠭ᠍ᠯᠠᠯᠲᠠ᠎ᠳᠤ ᠣᠷᠣᠭᠤᠯᠬᠤ ᠪᠦᠬᠦ᠌ ᠭᠣᠭ᠍ᠴᠣᠭ᠎ᠠ᠎ᠶ᠋ᠢᠨ ᠭᠠᠷ ᠭᠦᠢᠴᠡᠳᠭᠡᠯ᠎ᠢ ᠭᠤᠷᠪᠠᠬᠠᠨ ᠰᠠᠷ᠎ᠠ ᠵᠢᠨ ᠬᠤᠭᠤᠴᠠᠭᠠᠨ ᠳ᠋ᠤ ᠪᠡᠶᠡᠯᠡᠭᠦᠯᠦᠭ᠌ᠰᠡᠨ ᠪᠠᠢᠨ᠎ᠠ᠃ ᠢᠢᠨ ᠬᠦ᠌ ᠡᠨᠡ ᠤᠳᠠᠭᠠᠨ᠎ᠤ ᠭᠠᠷ ᠭᠦᠶ᠋ᠴᠡᠳᠭᠡᠯ ᠬᠢᠬᠦ᠌ ᠬᠤᠷᠳᠤᠴᠠ᠎ᠶ᠋ᠢ ᠣᠯᠠᠨ᠎ᠢᠶᠠᠷ᠎ᠢᠶᠠᠨ 《ᠡᠮᠦᠨᠡᠲᠦ ᠬᠣᠱᠢᠭᠤᠨ᠎ᠤ ᠬᠤᠷᠳᠤᠴᠠ》 ᠭᠡᠵᠦ᠍ ᠨᠡᠷᠡᠢᠳᠴᠠᠢ᠃ ᠡᠨᠡ ᠬᠦ᠌ ᠬᠤᠷᠳᠤᠴᠠ ᠨᠢ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠵᠢᠯ᠎ᠳᠤ ᠭᠠᠷᠭᠠᠭ᠍ᠰᠠᠨ ᠴᠢᠷᠮᠠᠢᠯᠭ᠎ᠠ ᠡᠴᠡ ᠰᠠᠯᠵᠤ ᠴᠢᠳᠠᠬᠤ ᠦᠭᠡᠢ ᠶᠤᠮ᠃

ᠲᠤᠰ ᠺᠣᠮᠫᠠᠨᠢ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠥᠭ᠌ᠵᠢᠯᠲᠡ᠎ᠶ᠋ᠢᠨ ᠬᠡᠯᠲᠡᠰ᠎ᠦᠨ ᠳᠠᠭᠠᠭᠠᠮᠠᠯ ᠢᠦᠢ ᠷᠧᠨ ᠫᠢᠩ᠄《2020 ᠣᠨ᠎ᠳᠤ᠂ ᠪᠢᠳᠠ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠳᠤ ᠢᠷᠡᠭ᠌ᠰᠡᠨ᠎ᠦ ᠳᠠᠷᠠᠭ᠎ᠠ᠂ ᠪᠦᠳᠦᠭᠦᠪᠴᠢ ᠬᠠᠮᠲᠤᠷᠠᠯᠴᠠᠭᠠᠨ᠎ᠤ ᠬᠡᠯᠡᠯᠴᠡᠭᠡᠷ ᠲᠣᠭ᠍ᠲᠠᠭ᠍ᠰᠠᠨ᠎ᠡᠴᠡ ᠡᠬᠢᠯᠡᠨ ᠪᠤᠰᠤᠳ ᠡᠯ᠎ᠡ ᠭᠣᠭ᠍ᠴᠣᠭ᠎ᠠ ᠬᠦᠷᠲᠡᠯ᠎ᠡ᠂ ᠭᠠᠷ ᠭᠦᠢᠴᠡᠳᠭᠡᠯ ᠬᠢᠬᠦ᠌ ᠠᠬᠢᠴᠠ ᠪᠣᠯᠤᠨ ᠵᠠᠰᠠᠭ᠎ᠤᠨ ᠣᠷᠳᠣᠨ᠎ᠤ ᠠᠮᠠᠯᠠᠯᠲᠠ᠎ᠪᠠᠨ ᠪᠡᠶᠡᠯᠡᠭᠦᠯᠦᠭ᠌ᠰᠡᠨ ᠪᠠᠢᠳᠠᠯ ᠴᠥᠮ ᠮᠠᠰᠢ ᠰᠠᠢ᠌ᠨ᠂ ᠡᠰᠡ ᠲᠡᠭᠡᠪᠡᠯ ᠮᠠᠨ᠎ᠤ ᠲᠦᠷᠦᠯ ᠵᠦᠢᠯ ᠴᠦ᠍ ᠡᠢᠮᠦ᠍ ᠲᠦᠷᠭᠡᠨ ᠠᠬᠢᠵᠤ ᠲᠠᠢᠯᠬᠦ ᠦᠭᠡᠢ᠃ ᠪᠢᠳᠡᠨ᠎ᠦ ᠬᠠᠮᠢᠶ᠎ᠠ ᠪᠦᠬᠦᠢ ᠭᠠᠷ ᠭᠦᠶ᠋ᠴᠡᠳᠭᠡᠯ ᠬᠢᠬᠦ᠌ ᠶᠠᠪᠤᠴᠠ᠎ᠳᠤ᠂ ᠵᠠᠰᠠᠭ᠋ ᠤ᠋ᠨ ᠣᠷᠳᠣᠨ᠎ᠤ ᠬᠠᠩᠭᠠᠭ᠍ᠰᠠᠨ 〈ᠬᠠᠪᠰᠤᠷᠤᠨ ᠭᠦᠶ᠋ᠴᠡᠳᠭᠡᠬᠦ᠌ ᠤᠷᠤᠯᠠᠨ ᠬᠦᠢᠴᠡᠳᠭᠡᠬᠦ〉 ᠵᠡᠷᠭᠡ ᠦᠶ᠋ᠯᠡᠴᠢᠯᠡᠭᠡ ᠨᠢ ᠪᠢᠳᠡᠨ᠎ᠳᠦ ᠮᠠᠰᠢ ᠣᠯᠠᠨ ᠳᠥᠭᠥᠮ ᠦᠵᠡᠭᠦᠯᠪᠡ᠃ ᠬᠣᠲᠠ᠂ ᠬᠣᠱᠢᠭᠤ ᠬᠣᠶᠠᠷ ᠱᠠᠲᠤᠨ᠎ᠤ ᠵᠠᠰᠠᠭ ᠤ᠋ᠨ ᠣᠷᠳᠣᠨ ᠲᠣᠭ᠍ᠲᠠᠮᠠᠯ ᠬᠤᠭᠤᠴᠠᠭ᠎ᠠ᠎ᠲᠠᠶ᠎ᠪᠠᠷ ᠲᠥᠷᠥᠯ ᠵᠦᠢᠯ᠎ᠦᠨ ᠠᠬᠢᠴᠠ᠎ᠶ᠋ᠢ ᠲᠣᠬᠢᠷᠠᠭᠤᠯᠵᠤ᠂ ᠬᠦᠴᠢᠷᠳᠡᠯᠲᠡᠶ ᠪᠣᠯ ᠵᠠᠰᠠᠭ ᠤ᠋ᠨ ᠣᠷᠳᠣᠨ᠎ᠡᠴᠡ ᠴᠠᠭ ᠲᠤᠬᠠᠢ᠎ᠳᠤᠨᠢ ᠰᠢᠢᠳᠪᠤᠷᠢᠯᠡᠵᠤ ᠦᠭᠳᠡᠭ》ᠬᠡᠵᠤ ᠲᠠᠨᠢᠯᠴᠠᠭᠤᠯᠤᠨ᠎ᠠ᠃

《ᠵᠠᠰᠠᠭ᠎ᠤᠨ ᠣᠷᠳᠣᠨ᠎ᠤ ᠦᠶ᠋ᠯᠡᠴᠢᠯᠡᠭᠡ》 ᠶ᠋ᠢᠨ ᠬᠤᠪᠢᠷᠠᠯᠲᠠ ᠨᠢ ᠲᠣᠰ ᠬᠣᠱᠢᠭᠤᠨ᠎ᠤ ᠱᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠥᠭᠡᠷᠡᠴᠢᠯᠡᠯᠲᠡ᠎ᠶ᠋ᠢᠨ ᠠᠵᠢᠯᠯᠠᠭ᠎ᠠ ᠡᠴᠡ ᠢᠷᠡᠯᠲᠡ᠎ᠲᠡᠶ ᠶᠤᠮ᠃

ᠰᠤᠷᠪᠤᠯᠵᠢᠯᠠᠭ᠍ᠴᠢ ᠲᠤᠰ ᠬᠣᠱᠢᠭᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠶᠡᠬᠡ ᠲᠢᠩᠬᠢᠮ᠎ᠳᠦ ᠬᠦᠷᠬᠦ᠌᠎ᠳᠦ᠂ 3000 ᠭᠠᠷᠤᠢ ᠲᠡᠭ᠌ᠰᠢ ᠳᠥᠷᠪᠡᠯᠵᠢᠨ ᠮᠸᠲᠷ ᠲᠠᠯᠠᠪᠠᠢ᠎ᠲᠠᠶ ᠶᠡᠬᠡ ᠲᠢᠩᠬᠢᠮ᠎ᠢ 6 ᠤᠷᠳᠤ ᠳᠥᠷᠪᠡᠯᠵᠢᠨ ᠬᠡᠯᠪᠡᠷᠢ ᠲᠡᠢ ᠠᠯᠪᠠᠯᠠᠬᠤ ᠲᠤᠭᠤᠷᠢᠭ ᠬᠤᠪᠢᠶᠠᠵᠤ᠂ ᠲᠤᠭᠤᠷᠢᠭ ᠨᠢᠭᠡ ᠪᠦᠷᠢ᠎ᠳᠦ ᠤᠯᠠᠨ ᠠᠵᠢᠯ ᠶᠠᠪᠤᠳᠠᠯ ᠭᠦᠢᠴᠡᠳᠭᠡᠬᠦ᠌ ᠴᠤᠩᠬᠤᠪᠴᠢ ᠲᠤᠬᠢᠷᠠᠭᠤᠯᠵᠠᠢ᠃ ᠲᠤᠰ ᠲᠢᠡᠭᠬᠢᠮ ᠤ᠋ᠨ ᠬᠠᠷᠢᠭᠤᠴᠠᠯᠭᠠᠳᠠᠨ ᠤ᠋ ᠲᠠᠨᠢᠯᠴᠠᠭᠤᠯᠬᠤ ᠪᠡᠷ᠂ ᠡᠨᠳᠡ 24 ᠰᠠᠯᠠᠭ᠎ᠠ ᠮᠥᠴᠢᠷ᠂ 90 ᠭᠠᠷᠤᠢ ᠴᠤᠩᠬᠤᠪᠴᠢ ᠲᠤᠬᠢᠷᠠᠭᠤᠯᠵᠤ᠂ 900 ᠭᠠᠷᠤᠢ ᠲᠦᠷᠤᠯ ᠤ᠋ᠨ ᠠᠵᠢᠯ ᠶᠠᠪᠤᠳᠠᠯ᠎ᠢ ᠱᠢᠢᠳᠪᠦᠷᠢᠯᠡᠵᠦ᠍ ᠳᠡᠢ᠌ᠯᠦᠨ᠎ᠡ᠃

ᠨᠠᠩ ᠱᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠬᠤ ᠪᠠᠷ ᠬᠦᠴᠦᠯᠡᠨ ᠴᠢᠷᠮᠠᠢᠵᠤ ᠪᠠᠢᠭ᠎ᠠ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤ ᠨᠢ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠣᠲᠠ᠎ᠶ᠋ᠢᠨ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ᠎ᠤ ᠡᠯ᠎ᠡ ᠵᠦᠶ᠋ᠯ᠎ᠦᠨ ᠪᠠᠢᠷᠢᠯᠠᠭᠤᠯᠤᠯᠲᠠ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ 3.0 ᠬᠡᠪ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠲᠡᠷᠢᠭᠦᠨ᠎ᠦ᠎ᠬᠢ᠎ᠲᠡᠶ ᠬᠠᠷᠢᠴᠠᠭᠤᠯᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠴᠦ᠍᠂《ᠨᠢᠭᠡ ᠯᠡ ᠲᠠᠮᠠᠭ᠎ᠠ᠎ᠪᠠᠷ ᠬᠢᠨᠠᠨ ᠵᠥᠪᠱᠢᠶᠡᠷᠡᠯᠳᠡ ᠶ᠋ᠢ ᠬᠠᠮᠢᠶᠠᠷᠬᠤ 》 ᠶ᠋ᠢ ᠲᠦᠷᠦᠭᠦᠯᠡᠨ ᠪᠡᠶᠡᠯᠡᠭᠦᠯᠪᠡ᠃

《ᠭᠤᠷᠪᠠ᠎ᠶ᠋ᠢ ᠲᠥᠪᠯᠡᠷᠡᠭᠦᠯᠵᠦ᠍᠂ ᠭᠤᠷᠪᠠ᠎ᠶ᠋ᠢ ᠪᠣᠳᠠᠲᠠᠢᠵᠢᠭᠤᠯᠬᠤ》 ᠵᠠᠷᠴᠢᠮ ᠶᠣᠰᠣᠭᠠᠷ᠂《ᠠᠵᠢᠯ ᠶᠠᠪᠤᠳᠠᠯ ᠢ᠋ ᠵᠥᠪᠬᠡᠨ ᠨᠢᠭᠡ ᠯᠡ ᠡᠭᠦᠳᠡᠨ ᠳ᠋ᠤ ᠬᠦᠢᠴᠡᠳᠭᠡᠬᠦ》 ᠶ᠋ᠢ ᠪᠥᠬᠥ᠌ ᠲᠠᠯ᠎ᠠ᠎ᠪᠠᠷ ᠪᠡᠶᠡᠯᠡᠭᠦᠯᠵᠦ᠍᠂《ᠨᠢᠭᠡ ᠴᠣᠩᠬᠣᠪᠴᠢ᠎ᠪᠠᠷ ᠣᠯᠠᠨ ᠠᠵᠢᠯ ᠶᠠᠪᠤᠳᠠᠯ ᠭᠦᠶ᠋ᠴᠡᠳᠭᠡᠬᠦ᠌》 ᠶᠡᠷᠦᠩᠬᠡᠢᠯᠡᠭ᠌ᠰᠡᠨ ᠵᠠᠭ᠍ᠪᠤᠷ᠎ᠢ ᠪᠥᠬᠥ᠌ ᠲᠠᠯ᠎ᠠ᠎ᠪᠠᠷ ᠪᠡᠶᠡᠯᠡᠭᠦᠯᠵᠦ᠍᠂ ᠠᠵᠤ ᠠᠬᠤᠢᠯᠠᠯ ᠣᠯᠠᠨ ᠲᠦᠮᠡᠨ᠎ᠦ ᠠᠵᠢᠯ ᠶᠠᠪᠤᠳᠠᠯ ᠭᠦᠶ᠋ᠴᠡᠳᠭᠡᠬᠦ᠌᠎ᠳᠦ ᠲᠤᠢᠯ᠎ᠤᠨ ᠶᠡᠬᠡ ᠲᠥᠬᠥᠮ ᠦᠵᠡᠭᠦᠯᠪᠡ᠃ ᠡᠭᠦᠨ᠎ᠦ ᠬᠠᠮᠲᠤ ᠲᠣᠰ ᠬᠣᠱᠢᠭᠤ ᠪᠠᠰᠠ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠤᠶᠤᠨᠲᠤ ᠵᠠᠰᠠᠭ᠎ᠤᠨ ᠶᠠᠪᠤᠳᠠᠯ᠎ᠤᠨ ᠲᠠᠪᠴᠠᠩ᠎ᠢ ᠪᠠᠢᠭᠤᠯᠵᠤ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ 《ᠤᠨᠳᠤᠤ ᠭᠠᠵᠠᠷ᠎ᠲᠤ ᠨᠡᠢᠳᠡᠮ ᠭᠦᠶ᠋ᠴᠡᠳᠭᠡᠬᠦ᠌》 ᠵᠡᠷᠭᠡ 70 ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠲᠤᠭᠳᠠᠭᠠᠨ ᠬᠡᠷᠡᠭᠵᠢᠭᠦᠯᠵᠠᠢ᠃

ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠰᠠᠢᠵᠢᠷᠠᠬᠤ ᠵᠢ ᠲᠠᠭᠠᠯᠳᠤᠨ᠂ ᠲᠤᠰ ᠬᠤᠰᠢᠭᠤᠨ ᠤ᠋ ᠠᠵᠤ ᠤᠢᠯᠡᠰ ᠤ᠋ᠨ ᠲᠦᠷᠦᠯ ᠵᠤᠢᠯ ᠴᠤ᠌ ᠶᠡᠬᠡ ᠠᠬᠢᠯᠳᠠ ᠲᠠᠢ ᠪᠤᠯᠪᠠ᠃ ᠪᠦᠷᠢᠳᠭᠡᠯ᠎ᠢ ᠦᠨᠳᠦᠰᠦᠯᠡᠪᠡᠯ᠂ ᠲᠤᠰ ᠬᠣᠱᠢᠭᠤ ᠨᠢ ᠡᠨᠡ ᠵᠢᠯ 40 ᠭᠣᠣᠯᠳᠠᠯᠭ᠎ᠠ᠎ᠲᠠᠶ ᠲᠦᠷᠦᠯ ᠵᠦᠢᠯ᠎ᠢ ᠬᠡᠷᠡᠭ᠌ᠵᠢᠭᠦᠯᠵᠦ᠍᠂ ᠣᠳᠣᠬᠠᠨ᠎ᠳᠤ ᠨᠢᠭᠡᠨᠲᠡ 35 ᠲᠦᠷᠦᠯ ᠵᠤᠢᠯ ᠨᠢ ᠪᠠᠷᠢᠯᠭ᠎ᠠ ᠪᠠᠨ ᠡᠬᠢᠯᠡᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面