2022-05-11 09:48:23
— ᠥᠪᠥᠷ ᠮᠣᠩᠭᠣᠯ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠢ ᠱᠢᠯᠢᠳᠡᠭ᠌ᠵᠢᠭᠦᠯᠵᠦ ᠪᠠᠢᠬᠤ ᠳᠤᠬᠠᠢ ᠱᠢᠷᠢᠰ ᠮᠡᠳᠡᠭᠡᠯᠡᠯ (ᠨᠢᠭᠡ)
ᠬᠥᠬᠡᠬᠣᠲᠠ᠎ᠶ᠋ᠢᠨ ᠢᠦᠢᠴᠢᠤᠸᠠᠨ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠢᠩᠬᠢᠮ᠎ᠳᠦ᠂ ᠥᠪᠥᠷ ᠮᠣᠩᠭᠣᠯ᠎ᠤᠨ ᠹᠦ᠋ ᠹᠸᠩ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠱᠢᠤᠸᠠᠢ ᠠᠪᠤᠭᠠᠶ ᠠᠵᠢᠯᠲᠠᠨ᠎ᠳᠠᠭᠠᠨ ᠡᠷᠦᠬᠡ ᠠᠮᠠ ᠵᠢᠨ ᠳᠠᠩᠰᠠᠨ᠎ᠳᠤ ᠣᠷᠣᠭᠤᠯᠬᠤ ᠭᠠᠷᠳᠠᠮ ᠭᠦᠶ᠋ᠴᠡᠳᠭᠡᠵᠦ᠍ ᠥᠭ᠌ᠪᠡ᠃ 《ᠪᠢ ᠦᠳᠡ᠎ᠶ᠋ᠢᠨ ᠡᠮᠦᠨᠡᠬᠢ 10 ᠴᠠᠭ᠎ᠲᠤ ᠢᠷᠡᠭᠡᠳ 20 ᠮᠢᠨᠦ᠋ᠲ ᠪᠣᠯᠤᠭ᠍ᠰᠠᠨ ᠦᠭᠡᠢ᠎ᠪᠡᠷ ᠶᠠᠪᠤᠳᠠᠯ ᠤᠴᠢᠷ ᠵᠢᠡᠨ ᠭᠦᠢᠴᠡᠳᠭᠡᠵᠦ᠍ ᠳᠠᠭᠤᠰᠤᠯ᠎ᠠ》ᠭᠡᠵᠦ ᠪᠠᠶᠠᠷᠲᠠᠢᠬᠠᠨ ᠶᠠᠷᠢᠨ᠎ᠠ᠃
ᠡᠢᠮᠦᠷᠬᠦᠦ ᠬᠤᠷᠳᠤᠴᠠ᠎ᠨᠢ ᠢᠦᠢᠴᠢᠤᠸᠠᠨ ᠲᠣᠭᠣᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ᠎ᠶ᠋ᠢᠨ ᠪᠥᠬᠥ᠌ ᠬᠣᠲᠠ᠎ᠳᠤ ᠡᠩ ᠲᠡᠷᠢᠭᠦᠨᠳᠦᠴᠦᠷᠬᠦᠯᠡᠭᠡ ᠳ᠋ᠠᠢᠲ᠋ᠠ ᠵᠢᠨ ᠮᠡᠷᠭᠡᠵᠢᠯ᠎ᠢ ᠬᠡᠷᠡᠭ᠌ᠯᠡᠨ《ᠰᠠᠯᠪᠤᠷᠢ ᠠᠯᠤᠰᠯᠠᠨ ᠨᠡᠢᠳᠡᠮ ᠭᠦᠶ᠋ᠴᠡᠳᠭᠡᠬᠦ᠌》 ᠶ᠋ᠢ ᠬᠡᠷᠡᠭ᠌ᠵᠢᠭᠦᠯᠦᠭᠰᠡᠨ ᠲᠠᠢ ᠬᠤᠯᠪᠤᠭᠠᠳᠠᠢ᠂ ᠡᠨᠡ ᠨᠢ ᠡᠷᠦᠬᠡ ᠠᠮᠠ᠎ᠶ᠋ᠢᠨ ᠲᠠᠩᠰᠠ᠎ᠶ᠋ᠢᠨ ᠲᠤᠬᠠᠢᠯᠠᠭ᠍ᠰᠠᠨ ᠠᠵᠢᠯ᠎ᠢ ᠭᠦᠶ᠋ᠴᠡᠳᠭᠡᠬᠦ᠌᠎ᠳᠦ ᠡᠷᠭᠡᠪᠰᠢ ᠡᠷᠦᠬᠡ ᠠᠮᠠ᠎ᠶ᠋ᠢᠨ ᠲᠠᠩᠰᠠ ᠪᠠᠢᠭ᠎ᠠ ᠭᠠᠵᠠᠷ᠎ᠤᠨ ᠲᠣᠮᠢᠯᠠᠭ᠍ᠰᠠᠨ ᠰᠠᠯᠪᠤᠷᠢ ᠳ᠋ᠤ ᠬᠦᠢᠴᠡᠳᠭᠡᠳᠡᠭ ᠪᠠᠢᠬᠰᠠᠨ ᠶᠠᠪᠤᠳᠠᠯ᠎ᠢ ᠬᠤᠪᠢᠷᠠᠭᠤᠯᠵᠠᠶ᠃
《ᠨᠠᠮ᠎ᠤᠨ ᠬᠣᠷᠢᠳᠤᠭᠠᠷ ᠶᠡᠬᠡ ᠬᠤᠷᠠᠯ᠎ᠢ ᠤᠭ᠍ᠲᠤᠵᠤ᠂ ᠬᠠᠤᠯᠢᠵᠢᠭ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ᠂ ᠴᠢᠨᠠᠷ ᠰᠠᠢᠲᠠᠢ ᠬᠥᠭ᠌ᠵᠢᠯᠲᠡ ᠶ᠋ᠢ ᠪᠠᠲᠤᠯᠠᠬᠤ ᠳᠦ ᠦᠢᠯᠡᠴᠢᠯᠡᠬᠦ᠌》 ᠶᠡᠬᠡ ᠶᠠᠷᠢᠯᠴᠠᠭᠠᠨ᠎ᠤ ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍ ᠂ ᠠᠮᠤᠷ ᠲᠦᠪᠱᠢᠨ ᠲᠣᠭ᠍ᠲᠠᠭᠤᠨ᠂ ᠡᠷᠬᠡ ᠲᠡᠭ᠌ᠰᠢ ᠢᠯᠡ ᠲᠣᠳᠣ ᠬᠠᠤᠯᠢᠵᠢᠭ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠤᠢ ᠪᠣᠯᠭᠠᠬᠤ ᠳ᠋ᠤ ᠪᠦᠬᠦ᠌ ᠣᠷᠣᠨ᠎ᠤ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠠᠷᠭ᠎ᠠ ᠤᠬᠠᠭᠠᠨ ᠰᠦᠪᠡᠭᠴᠢᠯᠡᠨ ᠬᠦᠴᠦᠯᠡᠨ ᠴᠢᠷᠮᠠᠢᠪᠠ᠃
ᠬᠢᠨᠠᠨ ᠵᠥᠪᠱᠢᠶᠡᠷᠡᠬᠦ᠌ ᠵᠦᠶ᠋ᠯᠡᠰ᠎ᠢ ᠰᠦᠯᠵᠢᠶᠡᠨ ᠳᠡᠭᠡᠷ᠎ᠡ ᠪᠠ ᠪᠤᠳᠠᠳᠤ ᠴᠤᠬᠴᠠ ᠪᠠᠷ ᠬᠦᠢᠴᠡᠳᠭᠡᠬᠦ ᠵᠢ ᠨᠢᠭᠡ ᠴᠣᠭ᠍ᠴᠠᠵᠢᠭᠤᠯᠬᠤ᠂ ᠬᠢᠨᠠᠨ ᠵᠥᠪᠱᠢᠶᠡᠷᠡᠬᠦ᠌ ᠪᠠ ᠦᠶ᠋ᠯᠡᠴᠢᠯᠡᠬᠦ᠌᠎ᠶ᠋ᠢ ᠳᠣᠲᠣᠭᠠᠳᠤ᠎ᠳᠠᠭᠠᠨ ᠨᠢᠭᠡᠳᠦᠯᠲᠡᠶ ᠪᠠᠢᠯᠭᠠᠬᠤ᠂ ᠬᠢᠨᠠᠨ ᠵᠥᠪᠱᠢᠶᠡᠷᠡᠬᠦ᠌ ᠪᠠ ᠬᠢᠨᠠᠨ ᠬᠠᠮᠢᠶᠠᠷᠬᠤ ᠶ᠋ᠢ ᠰᠠᠢᠨ ᠦᠶ᠋ᠯᠡᠳᠦᠯᠴᠡᠭᠦᠯᠬᠦ ᠵᠢ ᠪᠡᠶᠡᠯᠡᠬᠦᠯᠵᠦ᠂ 《ᠰᠦᠯᠵᠢᠶ᠎ᠡ᠎ᠪᠡᠷ ᠠᠵᠢᠯ ᠭᠦᠶ᠋ᠴᠡᠳᠭᠡᠬᠦ᠌᠎ᠪᠡᠷ ᠭᠤᠤᠯ ᠪᠣᠯᠭᠠᠬᠤ᠂ ᠥᠪᠡᠰᠦᠪᠡᠨ ᠠᠵᠢᠯ ᠭᠦᠶ᠋ᠴᠡᠳᠭᠡᠬᠦ᠌᠎ᠪᠡᠷ ᠬᠠᠪᠰᠤᠷᠤᠮᠵᠢ ᠪᠣᠯᠭᠠᠬᠤ᠂ ᠴᠣᠩᠬᠤᠪᠴᠢ᠎ᠪᠠᠷ ᠠᠵᠢᠯ ᠭᠦᠶ᠋ᠴᠡᠳᠭᠡᠬᠦ᠌᠎ᠪᠡᠷ ᠪᠠᠳᠤᠯᠠᠭ᠎ᠠ ᠪᠤᠯᠭᠠᠬᠤ》 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠪᠠᠷᠢᠮᠵᠢᠶᠠᠵᠢᠭᠰᠠᠨ ᠱᠢᠰᠲ᠋ᠧᠮ᠎ᠢ ᠪᠠᠢᠭᠤᠯᠤᠨ ᠲᠡᠭᠦᠯᠳᠡᠷᠵᠢᠭᠦᠯᠵᠦ᠍᠂ ᠳᠣᠲᠣᠭᠠᠳᠤ᠎ᠶ᠋ᠢ ᠬᠠᠮᠠᠭᠠᠯᠠᠬᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢ ᠪᠥᠬᠥ᠌ ᠣᠷᠣᠨ᠎ᠤ ᠠᠷᠠᠳ᠎ᠲᠤ ᠦᠶ᠋ᠯᠡᠴᠢᠯᠡᠬᠦ᠌ ᠱᠢᠨ᠎ᠡ ᠨᠡᠷ᠎ᠡ᠎ᠶ᠋ᠢᠨ ᠬᠠᠭᠤᠳᠠᠰᠤ ᠪᠣᠯᠭᠠᠪᠠ᠃
ᠲᠢᠩᠬᠢᠮ᠎ᠦᠨ ᠲᠣᠰ ᠱᠠᠲᠤᠨ᠎ᠤ 100%᠂ ᠠᠢᠮᠠᠭ ᠬᠣᠲᠠ (ᠬᠣᠱᠢᠭᠤ ᠱᠢᠶᠠᠨ)᠎ᠶ᠋ᠢᠨ 99% ᠶ᠋ᠢᠨ ᠵᠦᠶ᠋ᠯᠡᠰ᠎ᠢ ᠠᠳᠠᠯᠢ ᠱᠠᠲᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠢᠩᠬᠢᠮ᠎ᠳᠦ ᠣᠷᠣᠭᠤᠯᠤᠭ᠍ᠰᠠᠨ ᠰᠠᠭᠤᠷᠢᠨ ᠳᠡᠭᠡᠷ᠎ᠡ᠂ ᠡᠨᠡ ᠵᠢᠯ ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠪᠠᠰᠠ 31 ᠵᠦᠶ᠋ᠯ᠎ᠦᠨ ᠲᠣᠭ᠍ᠲᠠᠴᠠ ᠪᠠᠢᠭᠤᠯᠤᠮᠵᠢ ᠵᠢᠨᠪᠠᠢᠭᠤᠯᠤᠯᠲᠠᠶ᠋ᠢ ᠪᠡᠶᠡᠯᠡᠭᠦᠯᠵᠦ᠍᠂ ᠠᠷᠠᠳ᠎ᠲᠤ ᠲᠥᠬᠥᠮ ᠦᠵᠡᠭᠦᠯᠵᠦ᠍ ᠠᠵᠤ ᠠᠬᠤᠢᠯᠠᠯ᠎ᠳᠤ ᠠᠱᠢᠭ ᠬᠦᠷᠲᠡᠭᠡᠬᠦ᠌ 32 ᠵᠦᠶ᠋ᠯ᠎ᠦᠨ ᠪᠣᠳᠠᠲᠠᠶ ᠠᠷᠭ᠎ᠠ ᠬᠡᠮᠵᠢᠶ᠎ᠡ᠎ᠶ᠋ᠢ ᠨᠡᠢᠲᠡᠯᠡᠪᠡ᠃
ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠡᠴᠨ ᠠᠵᠤ ᠠᠬᠤᠢᠯᠠᠯ ᠳ᠋ᠤ ᠲᠦᠭᠦᠮ ᠦᠵᠡᠬᠦᠯᠵᠦ ᠠᠷᠠᠳ ᠲᠸ᠋ ᠠᠰᠢᠭ ᠬᠦᠷᠳᠡᠭᠡᠭᠦ《ᠬᠠᠮ ᠠᠷᠭ᠎ᠠ ᠬᠡᠮᠵᠢᠶ᠎ᠠ》ᠵᠢ ᠨᠡᠢᠳᠡᠯᠡᠪᠡ᠄ 4 ᠰᠠᠷ᠎ᠠ᠎ᠶ᠋ᠢᠨ 1 ᠤ᠋ ᠡᠳᠦᠷ᠎ᠡᠴᠡ ᠡᠬᠢᠯᠡᠡ᠂ ᠵᠢᠯᠣᠭᠣᠴᠢ᠎ᠶ᠋ᠢᠨ ᠱᠢᠯᠭᠠᠯᠲᠠ᠎ᠳᠤ ᠨᠡᠷ᠎ᠡ ᠮᠡᠳᠡᠭᠦᠯᠬᠦ᠌ 30 ᠲᠥᠭᠥᠷᠢᠭ ᠤ᠋ᠨ ᠰᠦᠶ᠋ᠳᠭᠡᠯ᠎ᠢ ᠦᠭᠡᠢ ᠪᠤᠯᠭᠠᠪᠠ; 5 ᠰᠠᠷ᠎ᠠ᠎ᠶ᠋ᠢᠨ 1 ᠤ᠋ ᠡᠳᠦᠷ᠎ᠡᠴᠡ ᠡᠬᠢᠯᠡᠨ᠂ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ 5 ᠵᠦᠶ᠋ᠯ᠎ᠦᠨ ᠱᠢᠨ᠎ᠡ ᠠᠷᠭ᠎ᠠ ᠬᠡᠮᠵᠢᠶ᠎ᠡ᠎ᠶ᠋ᠢ ᠨᠡᠢᠲᠡᠯᠡᠪᠡ᠂ ᠲᠤᠬᠠᠢᠯᠠᠪᠠᠯ ᠬᠤᠪᠢ᠎ᠶ᠋ᠢᠨ ᠮᠠᠱᠢᠨ ᠲᠡᠷᠭᠡ᠎ᠶ᠋ᠢᠨ ᠱᠢᠨ᠎ᠡ ᠲᠡᠷᠭᠡ ᠫᠠᠢᠰᠠ ᠡᠯᠭᠦᠬᠦ᠌᠎ᠳ᠋ᠤ ᠥᠯᠥ᠍ ᠪᠠᠢᠴᠠᠭᠠᠨ ᠱᠢᠯᠭᠠᠬᠤ᠂ ᠵᠢᠵᠢᠭ ᠮᠠᠱᠢᠨ ᠲᠡᠷᠭᠡ᠎ᠶ᠋ᠢ ᠲᠡᠩᠰᠠᠯᠠᠭᠤᠯᠬᠤ ᠳ᠋ᠸ᠋ ᠪᠥᠬᠥ᠌ ᠤᠯᠤᠰ᠎ᠲᠤ 《ᠨᠢᠭᠡ ᠦᠨᠡᠮᠯᠡᠯ᠎ᠢᠶᠡᠷ ᠨᠡᠢᠳᠡᠮ ᠭᠦᠶ᠋ᠴᠡᠳᠭᠡᠬᠦ᠌》᠂ ᠮᠠᠱᠢᠨ ᠲᠡᠷᠭᠡᠨ᠎ᠦ ᠮᠡᠳᠡᠭᠡ ᠵᠠᠩᠭᠢ᠎ᠶ᠋ᠢ ᠬᠤᠪᠢᠷᠠᠭᠤᠯᠬᠤ ᠳ᠋ᠤ《ᠮᠤᠵᠢ ᠠᠯᠤᠰᠯᠠᠨ ᠨᠡᠢᠳᠡᠮ ᠭᠦᠶ᠋ᠴᠡᠳᠭᠡᠬᠦ᠌ 》᠂ ᠵᠠᠮ ᠬᠠᠷᠢᠯᠴᠠᠭᠠᠨ᠎ᠤ ᠡᠨᠳᠡᠯ᠎ᠦᠨ ᠭᠡᠷᠡᠴᠢ ᠮᠠᠲ᠋ᠧᠷᠢᠶᠠᠯ᠎ᠢ ᠰᠦᠯᠵᠢᠶᠡᠨ ᠳᠡᠭᠡᠷ᠎ᠡ ᠪᠠᠢᠴᠠᠭᠠᠨ ᠦᠵᠡᠬᠦ᠌᠂ ᠮᠠᠱᠢᠨ ᠲᠡᠷᠭᠡ ᠵᠢ ᠪᠠᠷᠢᠴᠠᠭᠠᠯᠠᠬᠤ ᠪᠠ ᠪᠠᠷᠢᠴᠠᠭᠠᠨ᠎ᠠᠴᠠ ᠭᠠᠷᠭᠠᠬᠤ ᠲᠤᠬᠠᠢᠯᠠᠭ᠍ᠰᠠᠨ ᠠᠵᠢᠯ᠎ᠢ ᠰᠦᠯᠵᠢᠶᠡᠨ ᠳᠡᠭᠡᠷ᠎ᠡ ᠭᠦᠶ᠋ᠴᠡᠳᠭᠡᠬᠦ᠌ ᠵᠡᠷᠭᠡ ᠪᠣᠯᠤᠨ᠎ᠠ᠃
᠁᠁
《ᠬᠠᠤᠯᠢᠵᠢᠭ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ ᠳ᠋ᠤ ᠪᠢᠳᠡ ᠲᠣᠭᠠᠴᠢᠯᠠᠯᠳᠠ ᠮᠡᠳᠡᠭᠡ ᠵᠠᠩᠭᠢᠵᠢᠯᠲᠠ᠎ᠶ᠋ᠢᠨ ᠬᠡᠯᠪᠡᠷᠢ ᠲᠠᠢᠰᠢ ᠬᠤᠪᠢᠷᠠᠭᠤᠯᠤᠨ ᠳᠡᠰ ᠳᠡᠪᠱᠢᠭᠦᠯᠬᠦ᠌᠎ᠪᠡᠷ ᠬᠦᠴᠦᠯᠡᠨ ᠴᠢᠷᠮᠠᠢᠵᠤ᠂ ᠪᠦᠬᠦ᠌ ᠶᠠᠪᠤᠴᠠ᠎ᠶ᠋ᠢᠨ ᠰᠦᠯᠵᠢᠶᠡᠨ ᠳᠡᠭᠡᠷᠡᠬᠢ ᠦᠢᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠵᠦ᠍᠂ ᠨᠢᠭᠡ ᠰᠦᠯᠵᠢᠶ᠎ᠡ᠎ᠪᠡᠷ ᠨᠡᠢᠳᠡᠮ ᠭᠦᠢᠴᠡᠳᠭᠡᠬᠦ᠌᠂ ᠨᠢᠭᠡ ᠰᠦᠯᠵᠢᠶ᠎ᠡ᠎ᠪᠡᠷ ᠨᠢᠭᠡᠳᠦᠯᠲᠡᠢ ᠬᠠᠮᠢᠶᠠᠷᠬᠤ᠎ᠶ᠋ᠢ ᠳᠤᠪᠤᠢ᠌ᠯᠭᠠᠵᠤ᠂ ᠣᠶᠤᠨᠴᠢ ᠬᠢᠨᠠᠨ ᠵᠥᠪᠱᠢᠶᠡᠷᠡᠯ᠂ ᠣᠶᠤᠨᠴᠢ ᠬᠢᠨᠠᠯᠲᠠ ᠬᠠᠮᠢᠶᠠᠷᠤᠯᠲᠠ᠂ ᠣᠶᠤᠨᠴᠢ ᠦᠢᠯᠡᠴᠢᠯᠡᠭᠡ᠎ᠶ᠋ᠢ ᠠᠬᠢᠭᠤᠯᠪᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠦᠨ ᠥᠭᠡᠷᠡᠴᠢᠯᠡᠯᠲᠡ᠎ᠶ᠋ᠢᠨ ᠠᠯᠪᠠᠨ ᠬᠡᠷ᠎ᠦᠨ ᠳᠡᠳ᠋ ᠡᠷᠬᠢᠯᠡᠭ᠌ᠴᠢ ᠳ᠋ᠦᠩ ᠶᠦᠩ ᠭᠠᠩ ᠲᠠᠨᠢᠯᠴᠠᠭᠤᠯᠪᠠ᠃
ᠠᠵᠤ ᠠᠬᠤᠢᠯᠠᠯ ᠪᠣᠯᠤᠨ ᠣᠯᠠᠨ ᠲᠦᠮᠡᠨ᠎ᠦ ᠬᠡᠷᠡᠭ᠌ᠴᠡᠭᠡ ᠬᠠᠮᠢᠭ᠎ᠠ ᠪᠠᠢᠪᠠᠯ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠦᠶ᠋ᠯᠡᠴᠢᠯᠡᠭᠡ ᠲᠡᠨᠳᠡ ᠪᠠᠢᠲᠠᠭ᠃ ᠰᠤᠳᠠᠯ ᠪᠠᠷᠢᠨ ᠣᠨᠣᠱᠢᠯᠠᠵᠤ᠂ ᠬᠦᠴᠢᠷ ᠠᠰᠠᠭᠤᠳᠠᠯ᠎ᠢ ᠱᠢᠶ᠋ᠳᠪᠦᠷᠢᠯᠡᠠ᠂ ᠪᠠᠢᠳᠠᠯ᠎ᠢ᠎ᠨᠢ ᠦᠵᠡᠵᠦ᠍ ᠪᠠᠢᠭᠠᠳ ᠲᠣᠭ᠍ᠲᠠᠭᠠᠵᠤ᠂ ᠬᠡᠷ᠎ᠲᠦᠨᠢ ᠬᠦᠷᠴᠦ᠍ ᠦᠶ᠋ᠯᠡᠴᠢᠯᠡᠠ᠂ ᠡᠯ᠎ᠡ ᠭᠠᠵᠠᠷ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠪᠣᠳᠠᠲᠠᠶ ᠠᠷᠭ᠎ᠠ ᠬᠡᠮᠵᠢᠶ᠎ᠡ ᠤᠯᠠᠰᠢᠷᠠᠪᠠ᠃
《ᠪᠢᠳᠠ ᠬᠡᠷᠡᠭ᠌ᠴᠡᠭᠡ ᠱᠠᠭᠠᠷᠳᠠᠯᠭ᠎ᠠ ᠳᠤᠷᠠᠳᠪᠠᠯ᠂ ᠲᠠ᠎ᠨᠠᠷ ᠴᠠᠭ ᠲᠤᠬᠠᠢᠳᠤᠨᠢ ᠬᠠᠷᠢᠭᠤ ᠲᠤᠰᠬᠠᠯ ᠦᠭᠲᠡᠭ᠂ ᠲᠠ᠎ᠨᠠᠷ᠎ᠤᠨ ᠥᠨᠳᠥᠷ ᠪᠦᠲᠦᠮᠵᠢᠲᠡᠢ ᠦᠢᠯᠡᠴᠢᠯᠡᠭᠡ᠎ᠳᠦ ᠲᠠᠯᠠᠷᠬᠠᠯ᠎ᠠ!》 3 ᠰᠠᠷ᠎ᠠ᠎ᠶ᠋ᠢᠨ 25 ᠤ᠋ ᠡᠳᠦᠷ᠂ ᠥᠪᠥᠷ ᠮᠣᠩᠭᠣᠯ᠎ᠤᠨ ᠱᠢᠨ ᠶᠤᠸᠠᠨ ᠴᠠᠬᠢᠭᠤᠷ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠶ᠋ᠢᠨ ᠬᠠᠷᠢᠭᠤᠴᠠᠯᠭᠠᠲᠠᠨ ᠬᠡᠷ᠎ᠲᠦᠨᠢ ᠬᠦᠷᠴᠦ᠍ ᠬᠠᠤᠯᠢ ᠲᠦᠭᠡᠮᠡᠯᠵᠢᠭᠦᠯᠦᠭᠰᠡᠨ ᠠᠷᠠᠳ᠎ᠤᠨ ᠴᠠᠭ᠍ᠳᠠᠭ᠎ᠠ᠎ᠳᠤ ᠲᠠᠯᠠᠷᠬᠠᠯ ᠤ᠋ᠨ ᠰᠡᠳᠬᠢᠯᠬᠡ᠎ᠪᠠᠨ ᠢᠯᠡᠳᠭᠡᠵᠠᠢ᠃
ᠲᠦᠷᠦᠭᠦᠬᠡᠨ᠂ ᠲᠣᠰ ᠺᠣᠮᠫᠠᠨᠢ᠎ᠶ᠋ᠢᠨ ᠬᠠᠷᠢᠭᠤᠴᠠᠯᠭᠠᠲᠠᠨ ᠡᠴᠠ ᠠᠵᠢᠯᠲᠠᠨ ᠠᠵᠢᠯᠴᠢᠨ ᠳ᠋ᠤ ᠬᠠᠤᠯᠢ ᠴᠠᠭᠠᠵᠠ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠴᠢᠬᠤᠯᠠᠲᠠᠶ ᠭᠡᠵᠦ᠍ ᠳᠤᠷᠠᠳᠴᠤ᠌᠂ ᠪᠤᠭᠤᠲᠤ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠱᠢᠭᠤᠳ ᠬᠠᠷᠢᠶ᠎ᠠ ᠳᠡᠩᠨᠡᠨ ᠪᠠᠢᠴᠠᠭᠠᠬᠤ ᠨᠢᠭᠡᠳᠦᠭᠡᠷ ᠬᠤᠪᠢᠶᠠᠷᠢ ᠲᠣᠪᠴᠢᠶ᠎ᠠ᠎ᠠᠴᠠ ᠳᠡᠮᠵᠢᠯᠭᠡ ᠦᠵᠡᠭᠦᠯᠬᠦ᠌᠎ᠶ᠋ᠢ ᠬᠦᠰᠡᠪᠡ᠃ ᠬᠤᠪᠢᠶᠠᠷᠢ ᠲᠣᠪᠴᠢᠶᠠᠨ᠎ᠤ ᠣᠨᠴᠠ ᠤᠷᠢᠭ᠍ᠰᠠᠨ ᠬᠣᠲᠠ᠎ᠶ᠋ᠢᠨ ᠲᠣᠪᠴᠢᠶᠠᠨ᠎ᠤ ᠰᠤᠷᠭᠠᠨ ᠬᠥᠮᠦᠵᠢᠯ᠎ᠦᠨ ᠪᠣᠯᠪᠠᠰᠤᠷᠠᠯ᠎ᠤᠨ ᠰᠠᠯᠪᠤᠷᠢ ᠠᠩᠭᠢ᠎ᠶ᠋ᠢᠨ ᠠᠷᠠᠳ᠎ᠤᠨ ᠴᠠᠭ᠍ᠳᠠᠭ᠎ᠠ ᠲᠤᠬᠠᠶ᠎ᠶ᠋ᠢᠨ ᠲᠠᠯᠠᠪᠠᠢ᠎ᠳᠤ ᠴᠠᠬᠢᠯᠭᠠᠨ ᠬᠣᠯᠪᠣᠭᠠᠨ᠎ᠤ ᠮᠡᠬᠡᠯᠡᠯ ᠪᠠ ᠭᠠᠯ ᠤᠨᠲᠠᠷᠠᠭᠠᠬᠤ ᠠᠮᠤᠷ ᠲᠦᠪᠱᠢᠨ᠎ᠦ ᠶᠡᠷᠦ᠍᠎ᠶ᠋ᠢᠨ ᠮᠡᠳᠡᠯᠭᠡ᠎ᠶ᠋ᠢ ᠲᠠᠢᠯᠪᠤᠷᠢᠯᠠᠵᠠᠢ᠃ ᠲᠣᠰ ᠺᠣᠮᠫᠠᠨᠢ᠎ᠶ᠋ᠢᠨ ᠪᠠᠷᠢᠯᠭ᠎ᠠ᠎ᠶ᠋ᠢᠨ ᠭᠠᠵᠠᠷ ᠪᠤᠢᠲᠠ ᠪᠦᠭ᠌ᠯᠡᠭᠦᠦ ᠪᠠᠢᠬᠤ᠎ᠶ᠋ᠢ ᠪᠣᠳᠣᠯᠬᠢᠯᠠᠨ᠂ ᠬᠤᠪᠢᠶᠠᠷᠢ ᠲᠣᠪᠴᠢᠶ᠎ᠠ ᠪᠠᠰᠠ ᠪᠠᠷᠢᠯᠭ᠎ᠠ᠎ᠶ᠋ᠢᠨ ᠭᠠᠵᠠᠷ᠎ᠤᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠭᠠᠵᠠᠷ᠎ᠲᠤ ᠴᠠᠭ᠍ᠳᠠᠭᠠᠨ᠎ᠤ ᠠᠵᠤ ᠠᠬᠤᠢᠯᠠᠯ᠎ᠤᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠥᠷᠲᠡᠭᠡ ᠪᠠᠢᠭᠤᠯᠪᠠ᠃ ᠠᠵᠤ ᠠᠬᠤᠢᠯᠠᠯ ᠪᠠ ᠣᠯᠠᠨ ᠲᠦᠮᠡᠨ᠎ᠳᠦ ᠰᠠᠢᠲᠤᠷ ᠦᠶ᠋ᠯᠡᠴᠢᠯᠡᠬᠦ᠌᠎ᠶ᠋ᠢᠨ ᠬᠠᠮᠲᠤ᠂ ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠡᠭᠦᠳᠡ᠎ᠪᠡᠨ ᠨᠡᠭᠡᠭᠡᠨ ᠰᠠᠨᠠᠯ ᠰᠠᠨᠠᠭᠤᠯᠭ᠎ᠠ ᠬᠤᠷᠢᠶᠠᠵᠤ᠂ ᠠᠵᠤ ᠠᠬᠤᠢᠯᠠᠯᠵᠢᠡᠷ《ᠳᠤᠲᠠᠭᠤᠳᠠᠯ ᠢᠶᠠᠨ ᠶᠠᠷᠢᠭᠤᠯᠤᠨ》 ᠂ ᠣᠯᠠᠨ ᠲᠦᠮᠡᠨ ᠵᠢᠡᠷ 《ᠦ ᠰᠠᠪ ᠡᠷᠢᠬᠦᠯᠵᠤ》 ᠂ ᠡᠪᠡᠳᠴᠢᠨ᠎ᠳᠦᠨᠢ ᠲᠠᠭᠠᠷᠠᠭᠤᠯᠤᠨ ᠡᠮ ᠥᠭ᠌ᠴᠦ᠂ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠬᠤ᠂ ᠪᠣᠳᠠᠲᠤ ᠦᠷ᠎ᠡ ᠪᠦᠲᠦᠮᠵᠢ ᠤᠯᠬᠤ᠎ᠪᠠᠷ ᠴᠢᠷᠮᠠᠢᠪᠠ᠃
3 ᠰᠠᠷ᠎ᠠ᠎ᠶ᠋ᠢᠨ 16 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ《ᠬᠠᠤᠯᠢᠵᠢᠬᠰᠠᠨ ᠬᠤᠳᠠᠯᠳᠤᠭ᠎ᠠ ᠡᠵᠡᠩᠨᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌》 ᠴᠠᠭ᠍ᠳᠠᠭ᠎ᠠ ᠠᠵᠤ ᠠᠬᠤᠢᠯᠠᠯ ᠴᠠᠭ᠍ᠳᠠᠭ᠎ᠠ ᠠᠷᠠᠳ᠎ᠤᠨ ᠴᠢᠩ ᠦᠨᠡᠨᠴᠢ᠎ᠪᠡᠷ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠵᠠᠮ ᠬᠠᠷᠢᠯᠴᠠᠭᠠᠨ᠎ᠤ ᠬᠠᠮᠢᠶᠠᠷᠤᠯᠲᠠ᠂ ᠲᠤᠷᠱᠢᠨ ᠪᠠᠢᠴᠠᠭᠠᠵᠤ ᠬᠡᠷᠡᠭ ᠱᠢᠢᠳᠪᠦᠷᠢᠯᠡᠬᠦ᠌᠂ ᠬᠠᠤᠯᠢ ᠬᠡᠷᠡᠭ᠌ᠵᠢᠭᠦᠯᠦᠯᠲᠡ᠎ᠶ᠋ᠢ ᠵᠢᠷᠤᠮᠵᠢᠭᠤᠯᠬᠤ᠂ ᠴᠠᠭ᠍ᠳᠠᠭ᠎ᠠ ᠠᠵᠤ ᠠᠬᠤᠢᠯᠠᠯ ᠬᠠᠮᠵᠢᠯᠴᠠᠬᠤ᠂ ᠳᠣᠲᠣᠭᠠᠳᠤ᠎ᠶ᠋ᠢ ᠬᠠᠮᠠᠭᠠᠯᠠᠬᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠳᠤ ᠣᠷᠣᠱᠢᠵᠤ ᠪᠠᠢᠭ᠎ᠠ ᠠᠰᠠᠭᠤᠳᠠᠯ ᠪᠣᠯᠤᠨ ᠬᠦᠷᠦᠯᠴᠡᠬᠦ᠌ ᠦᠭᠡᠢ ᠲᠠᠯ᠎ᠠ᠎ᠶ᠋ᠢ ᠵᠢᠭᠠᠨ ᠭᠠᠷᠭᠠᠵᠤ᠂ ᠰᠠᠨᠠᠯ ᠰᠠᠨᠠᠭᠤᠯᠭ᠎ᠠ ᠳᠤᠷᠠᠳᠴᠠᠢ᠃
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ᠂ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠳᠠᠷᠤᠭ᠎ᠠ ᠡᡁᠸᠩ ᠱᠢᠶᠤᠤ ᠹᠠᠨ ᠲᠤᠬᠠᠢ᠎ᠶ᠋ᠢᠨ ᠲᠠᠯᠠᠪᠠᠢ᠎ᠳᠤ᠄ ᠳᠠᠷᠤᠤ ᠬᠢᠴᠢᠶᠡᠩᠭᠦᠢ᠎ᠪᠡᠷ ᠬᠦᠯᠢᠶᠠᠨ ᠠᠪᠴᠤ᠌᠂ ᠴᠢᠷᠮᠠᠢᠨ ᠴᠡᠭ᠌ᠴᠡᠯᠡᠨ ᠰᠠᠢᠵᠢᠷᠠᠭᠤᠯᠵᠤ᠂ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠎ᠢᠶᠠᠨ ᠲᠥᠯᠥᠭᠡᠯᠡᠭ᠌ᠴᠢᠳ᠎ᠲᠦ ᠬᠠᠷᠢᠭᠤ ᠲᠤᠰᠭᠠᠬᠤ ᠪᠥᠭᠡᠳ ᠵᠣᠬᠢᠰᠲᠠᠢ ᠠᠷᠭ᠎ᠠ ᠬᠡᠯᠪᠡᠷᠢ᠎ᠪᠡᠷ ᠨᠡᠢᠭᠡᠮ᠎ᠳᠦ ᠨᠡᠢᠲᠡᠯᠡᠨ᠎ᠡ ᠭᠡᠵᠦ᠍ ᠲᠥᠪ ᠴᠢᠩᠭ᠎ᠠ᠎ᠪᠠᠷ ᠢᠯᠡᠳᠭᠡᠪᠡ᠃
ᠣᠲᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ 2000 ᠭᠠᠷᠤᠶ ᠵᠤᠷᠪᠤᠰ ᠰᠠᠨᠠᠯ ᠰᠠᠨᠠᠭᠤᠯᠭ᠎ᠠ᠎ᠶ᠋ᠢ ᠡᠮᠬᠢᠯᠡᠨ ᠬᠤᠷᠢᠶᠠᠩᠭᠤᠢᠯᠠᠵᠤ᠂ ᠴᠠᠭ ᠲᠤᠬᠠᠶ᠎ᠳᠤᠨᠢ ᠱᠢᠯᠵᠢᠭᠦᠯᠦᠨ ᠨᠠᠢᠳᠠᠪᠤᠷᠢᠵᠢᠭᠤᠯᠵᠠᠢ᠃
ᠣᠯᠠᠨ ᠲᠦᠮᠡᠨ ᠳᠣᠲᠣᠭᠠᠳᠤ᠎ᠶ᠋ᠢ ᠬᠠᠮᠠᠭᠠᠯᠠᠬᠤ ᠵᠢ ᠦᠨᠡᠯᠡᠬᠦ ᠳ᠋ᠡᠭᠡᠨ ᠭᠤᠤᠯ ᠨᠢ ᠬᠡᠷᠡᠭ᠎ᠢ ᠢᠯᠡᠷᠡᠭᠦᠯᠦᠭᠰᠡᠨᠢ ᠨᠢ ᠦᠵᠡᠳᠡᠭ᠃ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠭᠦᠶ᠋ᠴᠡᠳ ᠣᠢᠯᠠᠭᠠᠭ᠍ᠰᠠᠨ ᠰᠠᠭᠤᠷᠢᠨ ᠳᠡᠭᠡᠷ᠎ᠡ᠂ ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠳᠠᠷᠤᠭ᠍ᠳᠠᠮᠠᠯ ᠬᠡᠷᠡᠭ᠎ᠢ ᠢᠯᠭᠠᠷᠠᠭᠤᠯᠬᠤ᠎ᠶ᠋ᠢ ᠲᠥᠪᠯᠡᠷᠡᠭᠦᠯᠦᠨ ᠥᠷᠨᠢᠭᠦᠯᠵᠦ᠍᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠠᠵᠤ ᠠᠬᠤᠢᠯᠠᠯ᠎ᠤᠨ ᠡᠷᠡᠭᠦᠯ᠎ᠢᠶᠡᠷ ᠬᠥᠭ᠌ᠵᠢᠬᠦ᠌᠎ᠶ᠋ᠢ ᠬᠠᠮᠠᠭᠠᠯᠠᠨ᠂ ᠠᠮᠤᠷ ᠲᠦᠪᠱᠢᠨ ᠪᠥᠭᠡᠳ ᠲᠣᠭ᠍ᠲᠠᠭᠤᠨ ᠨᠡᠢᠭᠡᠮ᠎ᠦᠨ ᠣᠷᠴᠢᠨ ᠨᠥᠬᠥᠴᠡᠯ᠎ᠢ ᠪᠣᠶ ᠪᠣᠯᠭᠠᠪᠠ᠃
ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠵᠠᠬᠢᠳᠠᠯ ᠰᠤᠷᠪᠤᠯᠵᠢᠯᠠᠯ᠎ᠤᠨ ᠵᠦᠶ᠋ᠯᠡᠰ᠎ᠢ 222 ᠱᠢᠶ᠋ᠳᠪᠦᠷᠢᠯᠡᠵᠦ᠍᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ᠎ᠦᠨ ᠰᠦᠪᠡᠭ᠌ᠴᠢ᠎ᠶ᠋ᠢ 650 ᠪᠠᠢᠴᠠᠭᠠᠨ ᠱᠢᠶ᠋ᠳᠪᠦᠷᠢᠯᠡᠡ᠂ ᠠᠵᠤ ᠠᠬᠤᠢᠯᠠᠯ᠎ᠤᠨ ᠬᠡᠷᠡᠭ᠎ᠲᠦ ᠬᠣᠯᠪᠣᠭ᠍ᠳᠠᠭ᠍ᠰᠠᠨ ᠵᠣᠭᠣᠰ ᠮᠥᠩᠭᠥ᠌ ᠡᠳ᠋ ᠪᠣᠳᠠᠰ᠎ᠢ 1043 ᠲᠦᠮᠡᠨ ᠲᠥᠭᠥᠷᠢᠭ᠂ 813 ᠬᠤᠪᠢ ᠪᠤᠴᠠᠭᠠᠪᠠ; ᠠᠵᠤ ᠠᠬᠤᠢᠯᠠᠯ ᠳᠤ ᠬᠣᠯᠪᠣᠭ᠍ᠳᠠᠭ᠍ᠰᠠᠨ 298 ᠬᠡᠷᠡᠭ᠎ᠢ ᠪᠠᠢᠴᠠᠭᠠᠨ ᠢᠯᠡᠷᠡᠭᠦᠯᠵᠦ᠍᠂ 536 ᠰᠡᠵᠢᠭ᠌ᠳᠡᠨ᠎ᠢ ᠪᠠᠷᠢᠪᠴᠢᠯᠠᠵᠤ᠂ ᠬᠡᠷᠡᠭ᠎ᠲᠦ ᠬᠣᠯᠪᠣᠭ᠍ᠳᠠᠭ᠍ᠰᠠᠨ 3711.4 ᠲᠦᠮᠡᠨ ᠲᠥᠭᠥᠷᠢᠭ᠎ᠢ ᠪᠠᠢᠴᠠᠭᠠᠨ ᠬᠤᠷᠢᠶᠠᠮᠵᠢᠯᠠᠵᠤ᠂ ᠨᠡᠬᠡᠮᠵᠢᠯᠡᠨ ᠬᠤᠷᠢᠶᠠᠬᠰᠠᠨ ᠵᠤᠭᠤᠰ ᠪᠠ ᠬᠤᠬᠢᠷᠠᠯ ᠡᠴᠡ ᠪᠤᠴᠠᠭᠠᠬᠰᠠᠨ ᠵᠤᠭᠤᠰ᠎ᠤᠨ ᠳᠤᠭ᠎ᠠ 1.74 ᠳ᠋ᠦᠩᠱᠢᠭᠤᠷ ᠲᠥᠭᠥᠷᠢᠭ ᠲᠸ᠋ ᠬᠦᠷᠴᠠᠢ᠃
ᠱᠢᠨᠵᠢᠯᠡᠬᠦ᠌ ᠤᠬᠠᠭᠠᠨᠴᠢ ᠪᠠᠷ ᠲᠦᠷᠢᠮ ᠲᠣᠭ᠍ᠲᠠᠭᠠᠯ ᠲᠣᠭ᠍ᠲᠠᠭᠠᠵᠤ᠂ ᠡᠭᠦᠳᠡ᠎ᠪᠡᠨ ᠨᠡᠭᠡᠭᠡᠵᠦ᠍ ᠰᠠᠨᠠᠯ ᠰᠠᠨᠠᠭᠤᠯᠭ᠎ᠠ ᠵᠢ ᠦᠷᠭᠡᠨ ᠵᠢᠡᠷ ᠬᠤᠷᠢᠶᠠᠡ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ᠎ᠢ ᠪᠣᠭᠣᠮᠲᠠ ᠱᠢᠪᠲᠤᠯᠤᠨ ᠰᠢᠢᠳᠪᠦᠷᠢᠯᠡᠪᠡ ᠁ ᠪᠦᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠡᠭᠦᠷᠭᠡ ᠴᠢᠳᠠᠪᠬᠢ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠬᠠᠲᠠᠭᠤ᠎ᠲᠠᠶ ᠨᠢ ᠬᠠᠯᠳᠠᠵᠤ ᠠᠰᠠᠭᠤᠳᠠᠯ᠎ᠢ ᠱᠢᠢᠳᠪᠦᠷᠢᠯᠡᠨ᠂ ᠬᠠᠤᠯᠢᠵᠢᠯ᠎ᠤᠨ ᠬᠦᠴᠦᠨ᠎ᠢᠶᠡᠷ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠬᠠᠮᠠᠭᠠᠯᠡᠨᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃