ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-05-12 10:01:38

ᠵᠣᠬᠢᠶᠠᠭ᠍ᠴᠢ᠄ ᠼᠠᠢ ᠬᠤᠡᠭ ᠣᠩᠱᠢᠭ᠍ᠰᠠᠨ ᠣᠳᠠᠭ᠎ᠠ᠄ 3

《ᠪᠢᠳᠡ ᠭᠤᠤᠯᠳᠠᠭᠤ ᠬᠡᠷᠡᠭ ᠶᠠᠪᠤᠳᠠᠯ᠎ᠢ ᠡᠮᠬᠢᠯᠡᠬᠦ᠂ ᠲᠠᠪᠴᠠᠩ ᠪᠠᠢᠭᠤᠯᠬᠤ᠂ ᠨᠢᠭᠡ ᠰᠦᠯᠵᠢᠶ᠎ᠡ᠎ᠳᠦ ᠤᠷᠤᠭᠤᠯᠬᠤ᠂ ᠲᠣᠭ᠎ᠠ ᠪᠠᠷᠢᠮᠲᠠ᠎ᠶ᠋ᠢ ᠨᠡᠪᠲᠡᠷᠡᠭᠦᠯᠬᠦ᠂ ᠡᠯᠸᠺᠲᠷᠤᠨ ᠭᠡᠷᠡᠴᠢ ᠦᠨᠡᠮᠯᠡᠯ᠎ᠢ ᠲᠦᠭᠡᠮᠡᠯᠵᠢᠭᠦᠯᠬᠦ᠂ ᠬᠡᠷᠡᠭ᠌ᠯᠡᠯᠲᠡ᠎ᠶ᠋ᠢ ᠠᠬᠢᠭᠤᠯᠬᠤ ᠵᠡᠷᠭᠡ ᠵᠢᠷᠭᠤᠭᠠᠨ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢᠨ 〈ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌〉ᠵᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠠᠬᠢᠭᠤᠯᠵᠦ᠂ ᠠᠵᠤ ᠠᠬᠤᠢᠯᠠᠯ᠎ᠳᠤ ᠠᠱᠢᠭ ᠬᠦᠷᠲᠡᠭᠡᠵᠦ᠍ ᠠᠷᠠᠳ᠎ᠲᠤ ᠠᠱᠢᠭ ᠬᠦᠷᠲᠡᠭᠡᠬᠦ᠌ ᠦᠶ᠋ᠯᠡᠴᠢᠯᠡᠭᠡᠨ᠎ᠦ ᠴᠢᠳᠠᠪᠤᠷᠢ ᠪᠠ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠳᠦ ᠦᠷᠬᠦᠯᠵᠢᠯᠡᠨ ᠬᠦᠴᠦᠨ ᠨᠡᠮᠡᠷᠢᠯᠡᠨ᠎ᠡ》ᠭᠡᠵᠦ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ᠎ᠶ᠋ᠢᠨ ᠳᠠᠷᠤᠭ᠎ᠠ ᠪᠦᠦ ᠵᠢᠶᠠᠨ ᠵᠥᠩ ᠦᠪᠡᠷᠲᠡᠭᠡᠨ ᠵᠠᠰᠠᠬᠤ ᠤᠷᠤᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠳᠤᠬᠠᠢ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ ᠬᠠᠮᠢᠶ᠎ᠠ ᠪᠥᠬᠥᠶ ᠪᠠᠢᠳᠠᠯ᠎ᠢ ᠲᠠᠨᠢᠯᠴᠠᠭᠤᠯᠪᠠ᠃

ᠦᠪᠡᠷᠲᠡᠭᠡᠨ ᠵᠠᠰᠠᠬᠤ ᠤᠷᠤᠨ᠎ᠦ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠱᠢᠰᠲ᠋ᠧᠮ᠎ᠤᠨ ᠬᠢᠨ ᠣᠷᠣᠨ᠂ ᠠᠢᠮᠠᠭ ᠬᠣᠲᠠ ᠵᠡᠷᠭᠡ ᠡᠯ᠎ᠡ ᠱᠠᠲᠤᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ᠎ᠢ ᠵᠣᠬᠢᠶᠠᠨ ᠪᠠᠢᠭᠤᠯᠵᠤ᠂ ᠠᠵᠢᠯ ᠶᠠᠪᠤᠳᠠᠯ ᠭᠦᠶ᠋ᠴᠡᠳᠭᠡᠭ᠌ᠰᠡᠨ ᠪᠠᠢᠳᠠᠯ᠎ᠢ ᠦᠨᠳᠦᠰᠦᠯᠡᠨ᠂ 《ᠳᠥᠷᠪᠡᠨ ᠱᠠᠲᠤ》 ᠎ᠵᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ ᠪᠥᠬᠥ᠌ ᠲᠠᠯ᠎ᠠ᠎ᠪᠠᠷ ᠡᠮᠬᠢᠯᠡᠵᠦ᠂ ᠠᠵᠤ ᠠᠬᠤᠢᠯᠠᠯ ᠪᠠ ᠣᠯᠠᠨ ᠲᠦᠮᠡᠨ᠎ᠦ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠡᠷᠢᠵᠦ᠍ ᠤᠯᠬᠤ᠂ ᠣᠢᠯᠠᠭᠠᠬᠤ᠂ ᠭᠦᠶ᠋ᠴᠡᠳᠭᠡᠵᠦ᠍ ᠳᠡᠢᠯᠬᠦ᠌ ᠪᠣᠯᠭᠠᠪᠠ᠃ ᠣᠳᠣᠬᠠᠨ ᠪᠣᠯᠲᠠᠯ᠎ᠠ᠂ ᠪᠥᠬᠥ᠌ ᠣᠷᠣᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ ᠨᠢᠭᠡᠨᠲᠡ 60 ᠲᠦᠮᠡᠨ ᠵᠦᠶ᠋ᠯ ᠡᠮᠬᠢᠯᠡᠭᠰᠡᠨ ᠪᠠᠢᠨ᠎ᠠ᠃

ᠡᠷᠴᠢᠮᠵᠢᠭᠦᠯᠦᠭᠰᠡᠨ ᠨᠢᠭᠡᠳᠦᠯᠲᠡᠶ ᠪᠠᠢᠭᠤᠯᠬᠤ ᠰᠡᠳᠭᠢᠮᠵᠢ ᠶᠣᠰᠣᠭᠠᠷ᠂ ᠪᠥᠬᠥ᠌ ᠣᠷᠣᠨ᠎ᠤ ᠨᠢᠭᠡ ᠴᠣᠭ᠍ᠴᠠᠵᠢᠭᠤᠯᠤᠭ᠍ᠰᠠᠨ ᠠᠵᠢᠯᠯᠠᠭᠠᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠠᠪᠴᠠᠩ᠎ᠤᠨ ᠪᠠᠢᠭᠤᠯᠤᠯᠲᠠ᠎ᠶ᠋ᠢ ᠠᠬᠢᠭᠤᠯᠵᠤ᠂ ᠡᠳᠦᠭᠡ ᠨᠢᠭᠡᠨᠲᠡ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠨᠢᠭᠡᠳᠦᠯᠲᠡᠶ ᠵᠦᠶ᠋ᠯᠡᠰ᠎ᠦᠨ ᠬᠥᠮᠥᠷᠭᠡ᠂ ᠨᠢᠭᠡᠳᠦᠯᠲᠡᠶ ᠡᠯᠧᠺᠲ᠋ᠷᠣᠨ ᠲᠠᠮᠠᠭ᠎ᠠ᠂ ᠨᠢᠭᠡᠳᠦᠯᠲᠡᠶ ᠡᠯᠧᠺᠲ᠋ᠷᠣᠨ ᠦᠨᠡᠮᠯᠡᠯ ᠵᠡᠷᠭᠡ 《ᠵᠢᠷᠭᠤᠭᠠᠨ ᠨᠢᠭᠡᠳᠦᠯᠲᠡᠶ》 ᠲᠠᠪᠴᠠᠩ᠎ᠤᠨ ᠳᠡᠮᠵᠢᠯᠭᠡ᠎ᠶ᠋ᠢᠨ ᠱᠢᠰᠲ᠋ᠧᠮ᠎ᠢ ᠪᠦᠷᠢᠯᠳᠦᠭᠦᠯᠵᠦ᠍᠂ ᠡᠯ᠎ᠡ ᠠᠢᠮᠠᠭ ᠬᠣᠲᠠ᠂ ᠣᠷᠣᠨ᠎ᠤ ᠱᠢᠭᠤᠳ ᠬᠠᠷᠢᠶ᠎ᠠ ᠰᠠᠯᠠᠭ᠎ᠠ ᠮᠥᠴᠢᠷ᠎ᠦᠨ ᠬᠡᠷᠡᠭ᠌ᠯᠡᠭᠡᠨ᠎ᠢ ᠰᠠᠢᠲᠤᠷ ᠬᠢᠬᠦ᠌᠎ᠳᠦ ᠬᠦᠴᠦᠲᠡᠶ ᠲᠤᠯᠭᠠᠭᠤᠷᠢᠯᠠᠯ ᠬᠠᠩᠭᠠᠪᠠ᠃

ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠣᠪᠴᠢᠶ᠎ᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠰᠦᠯᠵᠢᠶ᠎ᠡ᠎ᠶ᠋ᠢ ᠪᠦᠬᠦ᠌ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠶᠡᠷᠦᠩᠬᠡᠶ ᠰᠦᠯᠵᠢᠶ᠎ᠡ ᠪᠣᠯᠭᠠᠵᠤ᠂ 《ᠪᠦᠬᠦ᠌ ᠣᠷᠣᠨ᠎ᠵᠢᠡᠷ᠎ᠵᠢᠡᠨ ᠨᠢᠭᠡᠳᠦᠯᠲᠡᠶ᠂ ᠱᠠᠲᠤ ᠬᠤᠪᠢᠶᠠᠨ ᠬᠠᠮᠢᠶᠠᠷᠬᠤ》 ᠎ᠵᠢ ᠬᠡᠷᠡᠭ᠌ᠵᠢᠭᠦᠯᠵᠦ᠂ ᠪᠦᠬᠦᠯᠢ ᠴᠣᠭ᠍ᠴᠠ᠎ᠪᠠᠷ ᠪᠠᠢᠴᠠᠭᠠᠨ ᠯᠠᠪᠯᠠᠬᠤ᠂ ᠭᠦᠢᠴᠡᠳᠭᠡᠬᠦ᠌ ᠦᠢᠯᠡᠴᠢᠯᠡᠭᠡ ᠬᠠᠩᠭᠠᠨ᠂ ᠤᠳᠤᠬᠠᠨ ᠪᠣᠯᠲᠠᠯ᠎ᠠ᠂ ᠨᠢᠭᠡ ᠯᠡ ᠶᠡᠷᠦᠩᠬᠡᠢᠯᠡᠭ᠌ᠰᠡᠨ ᠴᠣᠩᠬᠤᠪᠴᠢ᠎ᠪᠠᠷ ᠭᠥᠯᠢᠶᠡᠨ ᠠᠪᠴᠤ᠌ ᠱᠢᠶ᠋ᠳᠪᠦᠷᠢᠯᠡᠬᠦ᠌ ᠱᠢᠰᠲ᠋ᠧᠮ᠎ᠢᠶᠡᠷ ᠳᠠᠮᠵᠢᠭᠤᠯᠤᠨ᠂ 116 ᠲᠦᠮᠡᠨ ᠬᠤᠪᠢ ᠬᠡᠷᠡᠭ᠎ᠢ ᠭᠥᠯᠢᠶᠡᠨ ᠠᠪᠴᠤ᠌ ᠱᠢᠶ᠋ᠳᠪᠦᠷᠢᠯᠡᠨ᠂ 628 ᠲᠦᠮᠡᠨ ᠬᠤᠪᠢ ᠲᠣᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠪᠡ᠃

2021 ᠣᠨ᠎ᠤ 11 ᠰᠠᠷ᠎ᠠ᠎ᠳᠤ ᠂ ᠦᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ 14 ᠰᠠᠯᠠᠭ᠎ᠠ ᠮᠥᠴᠢᠷ᠎ᠦᠨ 41 ᠲᠤᠬᠠᠢᠯᠠᠭ᠍ᠰᠠᠨ ᠠᠵᠢᠯ᠎ᠤᠨ ᠱᠢᠰᠲ᠋ᠧᠮ ᠬᠢᠭᠡᠳ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠠᠪᠴᠠᠩ᠎ᠢ ᠪᠦᠬᠦᠨ᠎ᠢ ᠵᠣᠯᠭᠠᠭᠤᠯᠵᠤ᠂ ᠢᠷᠡᠭᠡᠳᠦᠶ ᠎ᠳᠦ ᠡᠨᠡ ᠬᠦ᠌ ᠰᠠᠭᠤᠷᠢᠨ ᠳᠡᠭᠡᠷ᠎ᠡ ᠲᠣᠭ᠎ᠠ ᠪᠠᠷᠢᠮᠲᠠ᠎ᠶ᠋ᠢᠨ ᠬᠠᠩᠭᠠᠯᠭ᠎ᠠ ᠬᠡᠷᠡᠭ᠌ᠴᠡᠭᠡ᠎ᠶ᠋ᠢ ᠨᠠᠷᠢᠯᠢᠭ ᠣᠨᠣᠪᠴᠢᠲᠠᠶ ᠵᠣᠯᠭᠠᠭᠤᠯᠬᠤ᠎ᠶ᠋ᠢ ᠪᠡᠶᠡᠯᠡᠭᠦᠯᠪᠡ᠃ ᠡᠭᠦᠨ᠎ᠡᠴᠡ ᠭᠠᠳᠠᠨ᠎ᠠ᠂ ᠵᠠᠰᠠᠭ᠎ᠤᠨ ᠶᠠᠪᠤᠳᠠᠯ ᠎ᠤᠨ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠵᠦ ᠰᠣᠯᠢᠯᠴᠠᠬᠤ ᠲᠠᠪᠴᠠᠩ᠎ᠢ ᠪᠠᠢᠭᠤᠯᠵᠤ᠂ ᠲᠣᠭ᠎ᠠ ᠪᠠᠷᠢᠮᠲᠠ᠎ᠶ᠋ᠢᠨ ᠨᠡᠪᠲᠡᠷᠡᠬᠦ᠌ ᠵᠠᠮ᠎ᠤᠨ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠂ ᠲᠣᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠬᠦ ᠦᠶ᠋ᠯᠡᠴᠢᠯᠡᠭᠡ᠎ᠶ᠋ᠢ 4000 ᠭᠠᠷᠤᠶ ᠳ᠋ᠦᠩᠱᠢᠭᠤᠷ ᠤᠳᠠᠭ᠎ᠠ ᠬᠠᠩᠭᠠᠪᠠ᠃

ᠡᠯᠧᠺᠲ᠋ᠷᠣᠨ ᠭᠡᠷᠡᠴᠢ ᠦᠨᠡᠮᠯᠡᠯ᠎ᠢ ᠬᠤᠷᠠᠮᠳᠤᠭᠤᠯᠤᠨ ᠬᠡᠷᠡᠭ᠌ᠯᠡᠬᠦ᠌᠎ᠶ᠋ᠢ 《ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌》᠎ᠵᠢᠨ ᠴᠢᠬᠤᠯᠠ ᠭᠣᠭ᠍ᠴᠣᠭ᠎ᠠ ᠪᠣᠯᠭᠠᠵᠤ᠂ ᠡᠯᠧᠺᠲ᠋ᠷᠣᠨ ᠭᠡᠷᠡᠴᠢ ᠦᠨᠡᠮᠯᠡᠯ᠎ᠢ ᠬᠤᠷᠠᠮᠳᠤᠭᠤᠯᠤᠨ ᠬᠡᠷᠡᠭ᠌ᠯᠡᠬᠦ᠌᠎ᠶ᠋ᠢ ᠪᠥᠬᠥ᠌ ᠬᠦᠴᠦᠨ᠎ᠢᠶᠡᠷ ᠠᠬᠢᠭᠤᠯᠵᠦ᠂ ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠪᠣᠶ ᠪᠥᠬᠥᠶ ᠰᠠᠯᠠᠭ᠎ᠠ ᠮᠥᠴᠢᠷ ᠡᠯᠧᠺᠲ᠋ᠷᠣᠨ ᠲᠠᠮᠠᠭ᠎ᠠ᠎ᠶ᠋ᠢ ᠪᠦᠷᠢᠳᠭᠡᠨ ᠳᠠᠩᠰᠠᠯᠠᠭᠤᠯᠬᠤ᠎ᠶ᠋ᠢ ᠪᠡᠶᠡᠯᠡᠭᠦᠯᠵᠦ᠍᠂ ᠡᠯ᠎ᠡ ᠠᠢᠮᠠᠭ ᠬᠣᠲᠠ ᠡᠯᠧᠺᠲ᠋ᠷᠣᠨ ᠲᠠᠮᠠᠭ᠎ᠠ᠎ᠶ᠋ᠢ ᠨᠡᠢᠲᠡ 9000 ᠎ᠶ᠋ᠢ ᠲᠠᠷᠬᠠᠭᠠᠨ ᠂ ᠪᠥᠬᠥ᠌ ᠣᠷᠣᠨ᠎ᠳᠤ ᠡᠯᠧᠺᠲ᠋ᠷᠣᠨ ᠭᠡᠷᠡᠴᠢ ᠦᠨᠡᠮᠯᠡᠯ᠎ᠢ 409 ᠲᠥᠷᠥᠯ᠂ ᠲᠣᠭ᠎ᠠ ᠪᠠᠷᠢᠮᠲᠠ᠎ᠶ᠋ᠢ 5279 ᠲᠦᠮᠡᠨ ᠵᠤᠷᠪᠤᠰ ᠬᠤᠷᠠᠮᠳᠤᠭᠤᠯᠵᠤ᠂ ᠬᠠᠮᠲᠤ᠎ᠪᠠᠷ ᠡᠳ᠋ᠯᠡᠵᠦ ᠱᠢᠯᠵᠢᠭᠦᠯᠦᠨ ᠬᠡᠷᠡᠭ᠌ᠯᠡᠭ᠌ᠰᠡᠨ ᠬᠡᠮᠵᠢᠶ᠎ᠡ 5877 ᠲᠦᠮᠡᠨ ᠤᠳᠠᠭ᠎ᠠ᠎ᠳᠤ ᠬᠦᠷᠴᠠᠢ᠃

ᠦᠪᠡᠷᠳᠡᠬᠡᠨ ᠵᠠᠰᠠᠬᠤ ᠤᠷᠤᠨ ᠡᠴᠡ ᠨᠢᠬᠡᠳᠦᠯᠳᠠᠢ ᠪᠤᠯᠭᠠᠬᠰᠠᠨ ᠰᠢᠯᠵᠢᠮᠡᠯ ᠵᠠᠰᠠᠭ᠎ᠤᠨ ᠶᠠᠪᠤᠳᠠᠯ᠎ᠤᠨ ᠦᠢᠯᠡᠴᠢᠯᠡᠬᠡᠨ ᠎ᠤ ᠲᠠᠪᠴᠠᠩ ᠪᠤᠯᠬᠤ 《ᠮᠥᠩᠬᠡ ᠰᠤᠪᠠᠭ》 APP ᠠᠰᠢᠭᠯᠠᠯᠲᠠ᠎ᠳᠦ ᠤᠷᠤᠭᠰᠠᠨ ᠡᠴᠡ ᠣᠳᠣᠬᠠᠨ ᠪᠣᠯᠲᠠᠯ᠎ᠠ᠂ ᠳᠠᠩᠰᠠᠯᠠᠭᠤᠯᠤᠭ᠍ᠰᠠᠨ ᠬᠡᠷᠡᠭ᠌ᠯᠡᠭ᠌ᠴᠢ 1407 ᠲᠦᠮᠡ᠎ᠳᠦ ᠬᠦᠷᠴᠦ᠍᠂ APP᠎ᠳ᠋ᠦ ᠨᠡᠪᠲᠡᠷᠡᠭᠰᠡᠨ ᠬᠡᠮᠵᠢᠶ᠎ᠡ 4 ᠳ᠋ᠦᠩᠱᠢᠭᠤᠷ ᠤᠳᠠᠭ᠎ᠠ᠎ᠶ᠋ᠢ ᠳᠠᠪᠠᠨ᠂ ᠨᠡᠢᠲᠡ 4142 ᠵᠦᠶ᠋ᠯ᠎ᠤᠨ ᠬᠡᠷᠡᠭᠯᠡᠭᠡ᠎ᠵᠢ ᠵᠠᠯᠭᠠᠪᠠ᠃ ᠮᠦᠨ ᠨᠡᠢᠭᠡᠮ᠎ᠦᠨ ᠳᠠᠭᠠᠳᠭᠠᠯ᠎ᠤᠨ ᠰᠦᠶ᠋ᠳᠭᠡᠯ᠎ᠲᠤᠱᠢᠶᠠᠬᠤ᠂ ᠨᠡᠢᠲᠡ᠎ᠶ᠋ᠢᠨ ᠬᠤᠷᠠᠮᠳᠤᠭᠤᠯᠭ᠎ᠠ ᠶ᠋ᠢᠨ ᠮᠥᠩᠭᠥ ᠭᠠᠷᠭᠠᠨ ᠠᠪᠬᠤ ᠵᠡᠷᠭᠡ ᠥᠨᠳᠥᠷ ᠳᠠᠪᠲᠠᠮᠵᠢᠲᠤ ᠦᠶ᠋ᠯᠡᠴᠢᠯᠡᠭᠡ᠎ᠶ᠋ᠢ ᠭᠠᠷ ᠤᠳᠠᠰᠤ ᠪᠠᠷ ᠭᠦᠢᠴᠡᠳᠬᠡᠬᠦ᠎ᠵᠢ ᠪᠡᠶᠡᠯᠡᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面