2022-05-15 20:30:57
— ᠥᠪᠥᠷ ᠮᠣᠩᠭᠣᠯ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ ᠪᠡᠢᠬᠤ ᠲᠤᠬᠠᠢ ᠱᠢᠷᠢᠰ ᠮᠡᠳᠡᠭᠡᠯᠡᠯ(ᠬᠣᠶᠠᠷ)
4 ᠰᠠᠷ᠎ᠠ᠎ᠶ᠋ᠢᠨ 8 ᠤ᠋ ᠡᠳᠦᠷ᠂ ᠬᠥᠬᠡᠬᠣᠲᠠ᠎ᠶ᠋ᠢᠨ ᠱᠢᠨ᠎ᠡ ᠬᠤᠳᠠ ᠲᠣᠭᠣᠷᠢᠭ᠎ᠤᠨ ᠠᠷᠠᠳ᠎ᠤᠨ ᠱᠢᠭᠦᠬᠦ᠌ ᠬᠣᠷᠢᠶᠠᠨ᠎ᠤ ᠬᠤᠷᠠᠯ᠎ᠤᠨ ᠭᠡᠷ᠎ᠲᠦ ᠬᠦᠷ ᠬᠥᠭ᠌ᠵᠢᠶᠡᠨ᠎ᠢᠶᠡᠷ ᠪᠢᠯᠬᠠᠨ᠎ᠠ᠃《ᠠᠵᠤ ᠠᠬᠤᠢᠯᠠᠯ᠎ᠢ ᠲᠤᠰᠠᠯᠠᠵᠤ ᠬᠦᠴᠢᠷᠳᠡᠯ᠎ᠢ ᠱᠢᠢᠳᠪᠦᠷᠢᠯᠡᠬᠦ᠌ ᠲᠣᠭᠣᠷᠢᠭ ᠱᠢᠷᠡᠭᠡᠨ᠎ᠦ ᠬᠤᠷᠠᠯ》 ᠤ᠋ᠨ ᠫᠠᠢᠰᠠ ᠰᠡᠬᠦᠬᠦ᠌ ᠶᠣᠰᠣᠯᠠᠯ ᠵᠢᠴᠢ ᠠᠩᠬᠠᠳᠤᠭᠠᠷ ᠬᠤᠭᠤᠴᠠᠭᠠᠨ᠎ᠤ ᠭᠡᠷ ᠭᠠᠵᠠᠷ᠎ᠤᠨ ᠬᠦᠷᠦᠩᠭᠡ᠎ᠶ᠋ᠢᠨ ᠠᠵᠤ ᠠᠬᠤᠢᠯᠠᠯ᠎ᠤᠨ ᠲᠤᠰᠭᠠᠢ ᠰᠡᠳᠦᠪᠲᠦ ᠲᠣᠭᠣᠷᠢᠭ ᠱᠢᠷᠡᠭᠡᠨ᠎ᠦ ᠬᠤᠷᠠᠯ ᠡᠨᠳᠡ ᠬᠤᠷᠠᠯᠳᠤᠪᠠ᠃
ᠡᠨᠡ ᠤᠳᠠᠭ᠎ᠠ᠎ᠶ᠋ᠢᠨ ᠬᠤᠷᠠᠯ ᠨᠢ ᠱᠢᠭᠦᠬᠦ᠌ ᠬᠣᠷᠢᠶ᠎ᠠ ᠪᠣᠯᠤᠨ ᠵᠠᠬ᠎ᠠ ᠳᠡᠯᠭᠡᠭᠦᠷ᠎ᠦᠨ ᠭᠣᠣᠯ ᠴᠣᠭ᠍ᠴᠠ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢᠳᠦ ᠰᠠᠯᠠᠭ᠎ᠠ ᠮᠥᠴᠢᠷ᠂ ᠮᠥᠩᠭᠥᠨ ᠭᠦᠢᠯᠭᠡᠭᠡᠨ᠎ᠦ ᠪᠠᠢᠭᠤᠯᠤᠮᠵᠢ ᠵᠢᠴᠢ ᠡᠯ᠎ᠡ ᠲᠦᠷᠦᠯ᠎ᠦᠨ ᠠᠵᠤ ᠠᠬᠤᠢᠯᠠᠯ᠎ᠯᠤᠭ᠎ᠠ᠎ᠶ᠋ᠢᠨ ᠶᠠᠷᠢᠯᠴᠠᠭᠠᠨ᠎ᠤ ᠲᠠᠪᠴᠠᠩ᠎ᠢ ᠪᠠᠢᠭᠤᠯᠵᠤ ᠂ ᠠᠵᠤ ᠠᠬᠤᠢᠯᠠᠯ᠎ᠤᠨ ᠪᠣᠳᠠᠲᠠᠢ ᠬᠦᠴᠢᠷᠳᠡᠯ᠎ᠢ ᠦᠨᠡᠨ ᠬᠦ᠌ ᠱᠢᠢᠳᠪᠦᠷᠢᠯᠡᠵᠦ᠍ ᠥᠭ᠌ᠴᠡᠢ᠃
《 ᠬᠠᠤᠯᠢ ᠴᠠᠭᠠᠵᠠ᠎ᠶ᠋ᠢᠨ ᠦᠢᠯᠡᠴᠢᠯᠡᠭᠡ ᠶᠠᠭ ᠴᠠᠭ᠎ᠤᠨ ᠬᠤᠷ᠎ᠠ ᠮᠡᠲᠦ ᠂ ᠪᠢᠳᠡᠨ᠎ᠳᠦ ᠢᠲᠡᠭᠡᠯ ᠵᠣᠷᠢᠭ ᠣᠯᠭᠣᠪᠠ!》ᠬᠤᠷᠠᠯ ᠲᠡᠭᠦᠰᠦᠭ᠌ᠰᠡᠨ᠎ᠦ ᠳᠠᠷᠠᠭ᠎ᠠ᠂ ᠥᠪᠥᠷ ᠮᠣᠩᠭᠣᠯ᠎ᠤᠨ ᠷᠦᠩ ᠱᠢᠩ ᠬᠡᠷ ᠭᠠᠵᠠᠷ ᠤ᠋ᠨ ᠬᠥᠷᠥᠩᠭᠡ᠎ᠶ᠋ᠢᠨ ᠨᠡᠭᠡᠭᠡᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠠᠤᠯᠢ᠎ᠪᠠᠷ ᠲᠣᠭ᠍ᠲᠠᠭᠠᠭ᠍ᠰᠠᠨ ᠲᠥᠯᠥᠭᠡᠯᠡᠭ᠌ᠴᠢ ᠯᠢ ᠱᠢᠩ ᠳ᠋ᠧᠦ ᠴᠤᠬ ᠵᠢᠪᠬᠤᠭ᠎ᠠ ᠳᠠᠢ ᠶᠠᠷᠢᠨ᠎ᠠ᠃ ᠡᠭᠦᠨ᠎ᠡᠴᠡ ᠡᠮᠦᠨ᠎ᠡ᠂ ᠲᠡᠷᠡ ᠲᠦᠷᠦᠯ ᠵᠦᠢᠯ᠎ᠤᠨ ᠨᠤᠷᠠᠭᠠᠵᠤ ᠨᠡᠭᠦᠯᠭᠡᠬᠦ᠌᠂ ᠭᠠᠷ ᠭᠦᠢᠴᠡᠳᠭᠡᠯ ᠬᠢᠬᠦ᠌᠂ ᠪᠡᠯᠡ ᠮᠥᠩᠭᠥ᠌ ᠳᠤᠲᠠᠭ᠍ᠳᠠᠬᠤ ᠵᠡᠷᠭᠡ ᠺᠣᠮᠫᠠᠨᠢ᠎ᠳᠤᠨᠢ ᠲᠣᠬᠢᠶᠠᠯᠳᠤᠭ᠍ᠰᠠᠨ ᠠᠰᠠᠭᠤᠳᠠᠯ᠎ᠳᠠᠭᠠᠨ ᠶᠡᠬᠡ ᠰᠠᠨᠠᠭ᠎ᠠ ᠪᠤᠯᠵᠦ ᠪᠠᠢᠪᠠ᠂ ᠡᠨᠡ ᠬᠦ᠌《ᠲᠣᠭᠣᠷᠢᠭ ᠱᠢᠷᠡᠭᠡᠨ ᠤ᠋ ᠬᠤᠷᠠᠯ》 ᠨᠢ ᠲᠡᠭᠦᠨ᠎ᠦ ᠢᠲᠡᠭᠡᠯ᠎ᠢ ᠶᠡᠬᠡᠪᠡᠷ ᠨᠡᠮᠡᠭ᠌ᠳᠡᠭᠦᠯᠦᠭᠰᠡᠨ ᠪᠠᠢᠨ᠎ᠠ᠃
ᠡᠨᠡ ᠪᠣᠯ ᠪᠦᠬᠦ᠌ ᠣᠷᠣᠨ᠎ᠤ ᠱᠢᠭᠦᠬᠦ᠌ ᠬᠣᠷᠢᠶ᠎ᠠ ᠢ᠋ᠢᠨ ᠲᠣᠭ᠍ᠲᠠᠭᠤᠨ᠂ ᠡᠷᠬᠡ ᠲᠡᠭ᠌ᠰᠢ᠂ ᠢᠯᠡ ᠲᠣᠳᠣ᠂ ᠵᠢᠱ᠌ᠢᠵᠦ᠍ ᠪᠣᠯᠬᠤᠢᠴᠠ ᠬᠠᠤᠯᠢᠵᠢᠬ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠴᠢᠷᠮᠠᠢᠨ ᠪᠤᠢ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠢᠳᠡᠪᠬᠢᠲᠡᠢ ᠦᠢᠯᠡᠴᠢᠯᠡᠭᠰᠡᠨ ᠤ᠋ ᠬᠤᠷᠢᠶᠠᠩᠭᠤᠢ ᠳᠦᠷᠰᠦ ᠪᠣᠯᠤᠨ᠎ᠠ᠃
ᠠᠵᠤ ᠠᠬᠤᠢᠯᠠᠯ᠎ᠤᠨ ᠬᠠᠤᠯᠢᠵᠢᠯ ᠤ᠋ᠨ ᠬᠡᠷᠡᠭ᠌ᠴᠡᠭᠡ᠎ᠶ᠋ᠢ ᠭᠦᠨᠵᠡᠭᠡᠢ ᠣᠢᠯᠠᠭᠠᠵᠤ᠂ ᠴᠡᠭᠲᠸ᠋ ᠬᠠᠷᠠᠭᠠᠯᠵᠠᠬᠰᠠᠨ ᠬᠠᠤᠯᠢᠵᠢᠯ ᠤ᠋ᠨ ᠦᠢᠯᠡᠴᠢᠯᠡᠭᠡ᠎ᠶ᠋ᠢ ᠬᠡᠷᠡᠭ᠌ᠵᠢᠭᠦᠯᠪᠡ᠃ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠬᠠᠤᠯᠢ ᠴᠠᠭᠠᠵᠠ᠎ᠶ᠋ᠢᠨ ᠠᠶᠤᠯ ᠲᠦᠭ᠌ᠰᠢᠭᠦᠷᠢ᠎ᠶ᠋ᠢ ᠡᠵᠡᠮᠳᠡᠬᠦ᠌ ᠪᠣᠭᠣᠮᠲᠠ᠎ᠶ᠋ᠢ ᠡᠮᠦᠨᠡᠱᠢᠯᠡᠭᠦᠯᠵᠦ᠍᠂《ᠬᠡᠷᠡᠭ᠎ᠦᠨ ᠳᠠᠷᠠᠭ᠎ᠠ ᠡᠷᠬᠡ᠎ᠪᠡᠨ ᠬᠠᠮᠠᠭᠠᠯᠠᠬᠤ》ᠪᠠᠢᠬᠰᠠᠨ ᠡᠴᠡ《 ᠤᠷᠢᠳᠴᠢᠯᠠᠨ ᠰᠡᠷᠭᠡᠢᠯᠡᠬᠦ᠌》 ᠦᠨᠳᠦᠰᠦᠨ ᠬᠤᠪᠢᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ᠂ ᠪᠥᠬᠥ᠌ ᠣᠷᠣᠨ᠎ᠤ ᠡᠯ᠎ᠡ ᠱᠠᠲᠤᠨ᠎ᠤ ᠱᠢᠭᠦᠬᠦ᠌ ᠬᠣᠷᠢᠶ᠎ᠠ ᠬᠣᠢᠨ᠎ᠠ ᠬᠣᠢᠨ᠎ᠠ ᠡᠴᠡ᠎ᠪᠠᠨ ᠠᠵᠤ ᠠᠬᠤᠢᠯᠠᠯ᠎ᠳᠤ ᠬᠦᠷᠴᠦ᠍᠂ ᠪᠠᠢᠴᠠᠭᠠᠨ ᠰᠤᠳᠤᠯᠤᠯᠲᠠ ᠬᠢᠵᠦ᠍᠂ ᠢᠲᠡᠭᠡᠯ ᠵᠣᠷᠢᠭ᠎ᠢᠶᠠᠨ ᠬᠥᠪᠴᠢᠯᠡᠨ᠂ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠬᠠᠤᠯᠢ ᠴᠠᠭᠠᠵᠠ᠎ᠶ᠋ᠢᠨ ᠦᠶ᠋ᠯᠡᠴᠢᠯᠡᠭᠡ᠎ᠶ᠋ᠢ《ᠮᠡᠳᠡᠷᠡᠯ᠎ᠦᠨ ᠦᠵᠦᠭᠦᠷ》ᠬᠦᠷᠲᠡᠯ᠎ᠡ ᠤᠷᠲᠤᠳᠭᠠᠪᠠ᠃
《ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠵᠠᠷᠭᠤ᠎ᠶ᠋ᠢᠨ〈ᠰᠠᠭᠠᠳ ᠦᠭᠡᠢ ᠱᠢᠭᠤᠳ ᠨᠡᠪᠲᠡᠷᠡᠬᠦ᠌ ᠲᠡᠷᠭᠡ〉 ᠵᠢ ᠨᠡᠪᠲᠡᠷᠡᠭᠦᠯᠬᠦ᠌ ᠲᠤᠬᠠᠢ ᠬᠡᠷᠡᠭ᠌ᠵᠢᠭᠦᠯᠬᠦ᠌ ᠠᠷᠭ᠎ᠠ ᠬᠡᠮᠵᠢᠶ᠎ᠡ》 ᠵᠢ ᠬᠡᠷᠡᠭ᠌ᠵᠢᠭᠦᠯᠵᠦ᠍᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠵᠠᠷᠭᠤ᠎ᠶ᠋ᠢᠨ ᠲᠦᠷᠭᠡᠨ ᠵᠠᠮ᠎ᠳᠤ ᠣᠷᠣᠬᠤ᠎ᠶ᠋ᠢ ᠠᠬᠢᠭᠤᠯᠵᠤ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ᠎ᠦᠨ ᠵᠠᠷᠭᠤ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ; 《ᠳᠤᠮᠳᠠ ᠵᠢᠵᠢᠭ ᠪᠢᠴᠢᠯ ᠠᠵᠤ ᠠᠬᠤᠢᠯᠠᠯ᠎ᠳᠤ ᠬᠠᠤᠯᠢ ᠶᠣᠰᠣᠭᠠᠷ ᠵᠠᠷᠭᠤ᠎ᠶ᠋ᠢᠨ ᠵᠠᠷᠤᠳᠠᠯ᠎ᠢ ᠬᠣᠢᠱᠢᠯᠠᠭᠤᠯᠤᠨ ᠲᠤᠱᠢᠶᠠᠬᠤ᠂ ᠬᠦᠩᠭᠡᠷᠡᠭᠦᠯᠦᠨ ᠲᠤᠱᠢᠶᠠᠬᠤ ᠬᠠᠤᠯᠢᠵᠢᠯ ᠤ᠋ᠨ ᠠᠪᠤᠷᠠᠨ ᠲᠤᠰᠠᠯᠠᠯᠲᠠ ᠬᠠᠩᠭᠠᠬᠤ ᠲᠤᠬᠠᠢ ᠵᠢᠯᠣᠭᠣᠳᠭᠤ ᠰᠠᠨᠠᠯ》 ᠢ᠋ ᠡᠬᠢᠯᠡᠨ ᠬᠡᠷᠡᠭ᠌ᠵᠢᠭᠦᠯᠵᠦ᠍᠂ ᠬᠦᠴᠢᠷᠳᠡᠯᠲᠡᠶ ᠠᠵᠤ ᠠᠬᠤᠢᠯᠠᠯ᠎ᠳᠤ ᠵᠠᠷᠭᠤ᠎ᠶ᠋ᠢᠨ ᠵᠠᠷᠤᠳᠠᠯ᠎ᠢ ᠬᠣᠢᠱᠢᠯᠠᠭᠤᠯᠤᠨ ᠲᠤᠱᠢᠶᠠᠬᠤ᠂ ᠬᠥᠩᠭᠡᠷᠡᠭᠦᠯᠦᠨ ᠲᠤᠱᠢᠶᠠᠬᠤ ᠠᠷᠭ᠎ᠠ ᠬᠡᠮᠵᠢᠶ᠎ᠡ᠎ᠶ᠋ᠢ ᠡᠬᠢᠯᠡᠨ ᠬᠡᠷᠡᠭ᠌ᠵᠢᠭᠦᠯᠪᠡ ᠁ ᠪᠦᠬᠦ᠌ ᠣᠷᠣᠨ᠎ᠤ ᠱᠢᠭᠦᠬᠦ᠌ ᠬᠣᠷᠢᠶ᠎ᠠ ᠨᠠᠷᠢᠯᠢᠭ ᠣᠨᠣᠴᠠᠲᠠᠢ ᠬᠦᠴᠦᠯᠡᠵᠦ᠍᠂ ᠵᠠᠷᠭᠤ᠎ᠶ᠋ᠢᠨ ᠦᠢᠯᠡᠴᠢᠯᠡᠭᠡ᠎ᠶ᠋ᠢ ᠳᠡᠭᠡᠭ᠌ᠰᠢᠯᠡᠭᠦᠯᠬᠦ᠌ ᠠᠯᠢ ᠤᠯᠠᠨ 《ᠨᠢᠷᠤᠭᠤ ᠲᠤᠯᠭᠠᠭᠤᠷᠢ》ᠵᠢ ᠪᠠᠢᠭᠤᠯᠪᠠ᠃
《ᠦᠨᠡᠬᠡᠷ ᠬᠤᠷᠳᠤᠨ ᠪᠠᠢᠨ᠎ᠠ!》ᠡᠨᠡ ᠪᠣᠯ ᠥᠪᠥᠷ ᠮᠣᠩᠭᠣᠯ᠎ᠤᠨ ᠺᠦᠨ ᠶᠠ ᠬᠠᠤᠯᠢᠴᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠬᠠᠤᠯᠢᠴᠢ ᠱᠢᠶᠤᠤ ᠭᠦᠸᠧ ᠱᠧᠩ ᠤ᠋ᠨ ᠱᠢᠭᠦᠬᠦ᠌ ᠬᠣᠷᠢᠶᠠᠨ᠎ᠤ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠦᠶ᠋ᠯᠡᠴᠢᠯᠡᠭᠡ᠎ᠶ᠋ᠢ ᠬᠡᠷᠡᠭ᠌ᠯᠡᠭ᠌ᠰᠡᠨᠦ ᠳᠠᠷᠠᠭᠠᠬᠢ ᠬᠠᠮᠤᠭ᠎ᠤᠨ ᠱᠢᠭᠤᠳ ᠲᠥᠷᠥᠭ᠌ᠳᠡᠯ ᠪᠣᠯᠤᠨ᠎ᠠ᠃
ᠥᠪᠡᠷ᠎ᠦᠨ ᠬᠢᠨᠢ ᠣᠷᠣᠯᠠᠨ ᠬᠦᠢᠴᠡᠳᠬᠡᠵᠦ ᠪᠠᠢᠭ᠎ᠠ ᠬᠡᠷᠡᠭ ᠤ᠋ᠨ ᠣᠯᠠᠩᠬᠢ ᠨᠢ ᠴᠥᠮ ᠮᠥᠩᠭᠥᠨ ᠭᠦᠢᠯᠭᠡᠭᠡᠨ᠎ᠦ ᠵᠢᠭᠡᠯᠡᠯᠭᠡ᠎ᠶ᠋ᠢᠨ ᠬᠡᠷᠡᠭ ᠪᠣᠯᠬᠣᠷ᠂ ᠱᠢᠶᠤᠤ ᠭᠦᠸᠸ ᠱᠧᠩ ᠵᠠᠷᠢᠮ᠎ᠳᠠᠭᠠᠨ ᠱᠢᠭᠦᠬᠦ᠌ ᠬᠣᠷᠢᠶᠠᠨ᠎ᠳᠤ ᠢᠷᠡᠵᠦ᠍ ᠨᠢᠭᠡ ᠯᠡ ᠤᠳᠠᠭ᠎ᠠ ᠳ᠋ᠤ ᠤᠯᠠᠨ ᠬᠡᠷᠡᠭ᠎ᠢ ᠬᠡᠷᠡᠭ ᠪᠣᠯᠭᠠᠨ ᠳᠠᠩᠰᠠᠯᠠᠳᠠᠭ᠂ ᠤᠳᠤ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠦᠢᠯᠡᠴᠢᠯᠡᠭᠡ᠎ᠲᠡᠶ ᠪᠣᠯᠤᠭ᠍ᠰᠠᠨ ᠨᠢ ᠲᠡᠭᠦᠨ᠎ᠳᠤ ᠲᠤᠩ ᠴᠸ᠋ ᠲᠦᠭᠦᠮ ᠦᠵᠡᠭᠦᠯᠦᠭᠰᠡᠨ ᠪᠠᠢᠨ᠎ᠠ᠃《ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠨᠢ ᠶᠠᠷᠱᠢᠭ ᠲᠦᠪᠡᠭᠲᠡᠢ ᠬᠦᠰᠦᠨᠦᠭ᠌ᠲᠦ ᠲᠠᠭ᠍ᠯᠠᠬᠤ ᠶᠠᠪᠤᠴᠠ᠎ᠶ᠋ᠢ ᠦᠭᠡᠢᠰᠬᠡᠵᠦ᠂ ᠲᠠᠩᠰᠠ ᠡᠪᠬᠡᠮᠡᠯ᠎ᠢ ᠱᠢᠷᠪᠢᠭᠡᠳ ᠰᠦᠯᠵᠢᠶᠡᠨ ᠳ᠋ᠤ ᠳᠠᠮᠵᠢᠭᠤᠯᠪᠠᠯ ᠪᠣᠯᠴᠢᠬᠠᠬᠤ ᠪᠤᠯᠵᠠᠢ᠂ ᠬᠡᠷᠪᠡ ᠵᠠᠰᠠᠪᠤᠷᠢ ᠣᠷᠣᠭᠤᠯᠬᠤ ᠪᠤᠶᠤ ᠮᠠᠲ᠋ᠧᠷᠢᠶᠠᠯ ᠨᠥᠬᠥᠪᠥᠷᠢᠯᠡᠬᠦ᠌ ᠴᠢᠬᠤᠯᠠᠲᠠᠶ ᠪᠣᠯ ᠱᠢᠰᠲ᠋ᠧᠮ᠎ᠡᠴᠡ ᠱᠢᠭᠤᠳ ᠰᠠᠨᠠᠭᠤᠯᠲᠠᠭ᠂ ᠬᠡᠷᠡᠭ ᠱᠢᠶ᠋ᠳᠪᠦᠷᠢᠯᠡᠬᠦ᠌ ᠦᠷ᠎ᠡ ᠪᠦᠲᠦᠮᠵᠢ᠎ᠶ᠋ᠢ ᠶᠡᠬᠡᠪᠡᠷ ᠳᠡᠭᠡᠭ᠌ᠰᠢᠯᠡᠭᠦᠯᠵᠠᠢ》 ᠭᠡᠵᠦ᠍ ᠲᠡᠷᠡ ᠬᠡᠯᠡᠪᠡ᠃
ᠪᠥᠬᠥ᠌ ᠣᠷᠣᠨ᠎ᠤ ᠱᠢᠭᠦᠬᠦ᠌ ᠬᠣᠷᠢᠶ᠎ᠠ ᠵᠠᠷᠭᠤ᠎ᠶ᠋ᠢᠨ ᠬᠡᠷᠡᠭ ᠶᠠᠪᠤᠳᠠᠯ᠎ᠢ《ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌》 ᠶ᠋ᠢ ᠢᠳᠡᠪᠬᠢᠲᠡᠶ ᠠᠬᠢᠭᠤᠯᠵᠤ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠵᠠᠭᠤᠷᠠᠯᠳᠤᠭᠠᠨ᠎ᠤ ᠲᠤᠬᠠᠶ᠎ᠶ᠋ᠢᠨ ᠬᠥᠮᠦᠨ᠎ᠢ ᠬᠥᠲᠥᠯᠥᠨ ᠵᠢᠯᠣᠭᠣᠳᠴᠤ᠌ ᠬᠠᠪᠰᠤᠷᠴᠤ᠌ ᠪᠠᠢᠭᠠᠳ ᠤᠷᠢᠳ ᠢ᠋ᠢᠡᠷ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ᠂ ᠣᠷᠣᠨ ᠪᠦᠰᠡ ᠠᠯᠤᠰᠯᠠᠨ ᠬᠡᠷᠡᠭ ᠪᠣᠯᠭᠠᠨ ᠳᠠᠩᠰᠠᠯᠠᠬᠤ᠂ ᠰᠦᠯᠵᠢᠶᠡᠨ ᠳᠡᠭᠡᠷ᠎ᠡ ᠡᠶᠡᠳᠡᠭᠦᠯᠬᠦ᠌᠂ ᠰᠦᠯᠵᠢᠶᠡᠨ ᠳᠡᠭᠡᠷ᠎ᠡ ᠰᠦᠶ᠋ᠳᠭᠡᠯ ᠪᠤᠴᠠᠭᠠᠬᠤ᠂ ᠰᠦᠯᠵᠢᠶᠡᠨ ᠳᠡᠭᠡᠷ᠎ᠡ ᠬᠦᠷᠭᠡᠬᠦ᠌ ᠵᠡᠷᠭᠡ ᠣᠶᠤᠨᠴᠢᠯᠠᠭ᠍ᠰᠠᠨ ᠲᠠᠪᠴᠠᠩ᠎ᠢ ᠰᠣᠩᠭᠣᠭᠤᠯᠵᠤ᠂ ᠣᠳᠣᠬᠠᠨ᠎ᠳᠤ᠂ ᠪᠥᠬᠥ᠌ ᠣᠷᠣᠨ᠎ᠤ 24 ᠱᠢᠭᠦᠬᠦ᠌ ᠬᠣᠷᠢᠶ᠎ᠠ ᠨᠢᠭᠡᠨᠲᠡ 24 ᠴᠠᠭ᠎ᠤᠨ ᠥᠪᠡᠰᠦᠪᠡᠨ ᠵᠠᠷᠭᠤᠯᠳᠤᠬᠤ ᠦᠶ᠋ᠯᠡᠴᠢᠯᠡᠭᠡ᠎ᠶ᠋ᠢ ᠨᠡᠪᠲᠡᠷᠡᠭᠦᠯᠪᠡ᠃
《ᠬᠡᠷᠡᠭ ᠪᠣᠯᠭᠠᠨ ᠨᠢ ᠨᠢᠭᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠮᠥᠨ᠃》
ᠣᠢᠷ᠎ᠠ᠎ᠳᠤ᠂ ᠪᠤᠭᠤᠲᠤ ᠬᠣᠲᠠ᠎ᠶ᠋ᠢᠨ ᠨᠢᠭᠡᠨ ᠳᠠᠮᠫᠤᠷᠠᠵᠤ ᠳᠠᠬᠢᠨ ᠴᠡᠭ᠌ᠴᠡᠯᠡᠭ᠌ᠰᠡᠨ ᠬᠡᠷᠡᠭ᠎ᠢ ᠤᠷᠤᠭ᠍ᠰᠢᠲᠠᠶ ᠱᠢᠭᠦᠵᠦ᠍ ᠳᠠᠭᠤᠰᠭᠠᠬᠤ᠎ᠶ᠋ᠢ ᠳᠠᠭᠠᠯᠳᠤᠨ᠂ ᠪᠤᠭᠤᠲᠤ᠎ᠶ᠋ᠢᠨ ᠵᠢᠶᠠᠨ ᠬᠥᠩ (ᠪᠦᠯᠦᠭ᠌ᠯᠡᠯ)ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ ᠤᠷᠤᠭ᠍ᠰᠢᠲᠠᠶ᠎ᠪᠠᠷ ᠵᠠᠬ᠎ᠠ ᠳᠡᠯᠭᠡᠭᠦᠷ᠎ᠲᠦ ᠪᠤᠴᠠᠵᠦ᠂ ᠰᠢᠨ᠎ᠡ 《ᠠᠮᠢᠵᠢᠷᠠᠯ》 ᠳᠠᠢ ᠪᠤᠯᠪᠠ᠃
ᠪᠤᠭᠤᠲᠤ ᠬᠣᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶᠠᠨ᠎ᠤ ᠢᠷᠭᠡᠨ᠎ᠦ ᠬᠡᠷᠡᠭ᠎ᠦᠨ ᠬᠣᠶᠠᠳᠤᠭᠠᠷ ᠲᠢᠩᠬᠢᠮ᠎ᠦᠨ ᠳᠡᠳ᠋ ᠳᠠᠷᠤᠭ᠎ᠠ ᠸᠧᠶ ᠱᠢᠶᠤᠤ ᠶᠠᠨ ᠤ᠋ ᠲᠠᠨᠢᠯᠴᠠᠭᠤᠯᠤᠬᠰᠠᠨ ᠢ᠋ ᠦᠨᠳᠦᠰᠦᠯᠡᠪᠡᠯ᠂ ᠲᠣᠰ ᠬᠡᠷᠡᠭ᠎ᠦᠨ ᠪᠠᠭ᠍ᠲᠠᠭᠠᠮᠵᠢ ᠨᠢ ᠨᠡᠯᠢᠶᠡᠳ ᠶᠡᠬᠡ ᠂ ᠬᠡᠷᠡᠭ᠎ᠦᠨ ᠪᠠᠢᠳᠠᠯ ᠨᠢ ᠪᠤᠳᠤᠯᠢᠶᠠᠨᠲᠠᠶ᠃ ᠪᠠᠷᠢᠯᠭ᠎ᠠ᠎ᠶ᠋ᠢᠨ ᠪᠦᠯᠦᠭ᠌ᠯᠡᠯ᠎ᠡᠴᠡ ᠭᠠᠳᠠᠨ᠎ᠠ ᠂ ᠪᠠᠰᠠ ᠲᠡᠭᠦᠨ᠎ᠦ ᠳᠤᠤᠷᠠᠬᠢ 11 ᠬᠤᠪᠢᠶᠠᠷᠢ ᠺᠣᠮᠫᠠᠨᠢ ᠬᠠᠮᠲᠤ ᠲᠠᠮᠫᠤᠷᠠᠬᠰᠠᠨ ᠪᠠᠢᠨ᠎ᠠ᠃
ᠲᠤᠰ ᠠᠵᠤ ᠠᠬᠤᠢᠯᠠᠯ ᠪᠣᠯ ᠲᠤᠰ ᠭᠠᠵᠠᠷ᠎ᠤᠨ ᠪᠠᠷᠢᠯᠭ᠎ᠠ᠎ᠶ᠋ᠢᠨ ᠠᠵᠤ ᠠᠬᠤᠢᠯᠠᠯ᠎ᠤᠨ ᠳᠣᠲᠣᠷᠠᠬᠢ ᠬᠢᠷᠢ ᠬᠡᠮ᠎ᠦᠨ ᠲᠥᠷᠥᠯ ᠵᠦᠢᠯ᠎ᠢᠶᠡᠷ ᠬᠠᠮᠤᠭ᠎ᠤᠨ ᠪᠦᠷᠢᠨ᠂ ᠬᠢᠷᠢ ᠬᠡᠮ᠎ᠦᠨ ᠳᠡᠰ᠎ᠢᠶᠠᠷ ᠬᠠᠮᠤᠭ᠎ᠤᠨ ᠥᠨᠳᠥᠷ ᠪᠠᠷᠢᠯᠭ᠎ᠠ᠎ᠶ᠋ᠢᠨ ᠠᠵᠤ ᠠᠬᠤᠢᠯᠠᠯ ᠪᠣᠯᠬᠤ ᠤᠴᠢᠷᠡᠴᠨ ᠳᠠᠮᠫᠤᠷᠠᠯ᠎ᠢ ᠢᠯᠭᠠᠷᠠᠭᠤᠯᠤᠨ ᠪᠣᠳᠣᠬᠤ ᠳᠠᠷᠠᠭᠠᠯᠠᠯ᠎ᠳᠤ ᠤᠷᠤᠭ᠍ᠰᠠᠨ᠎ᠤ ᠳᠠᠷᠠᠭ᠎ᠠ ᠂ ᠱᠢᠭᠦᠬᠦ᠌ ᠬᠣᠷᠢᠶ᠎ᠠ ᠲᠤᠰ ᠠᠵᠤ ᠠᠬᠤᠢᠯᠠᠯ᠎ᠢ ᠬᠡᠷᠬᠢᠨ 《 ᠠᠪᠤᠷᠠᠬᠤ 》 ᠲᠤᠬᠠᠶ ᠢᠮᠠᠭ᠍ᠲᠠ ᠪᠣᠳᠣᠯᠬᠢᠯᠠᠭ᠍ᠰᠠᠭᠠᠷ ᠢᠷᠡᠵᠡᠶ᠃ ᠶᠡᠷᠦᠩᠬᠡᠢᠯᠡᠨ ᠪᠣᠳᠣᠯᠬᠢᠯᠠᠭ᠍ᠰᠠᠨᠤ ᠡᠴᠦᠰ ᠲᠸ᠋ ᠂ ᠱᠢᠭᠦᠬᠦ᠌ ᠬᠤᠷᠢᠶ᠎ᠠ ᠡᠴᠨ ᠳᠠᠮᠫᠤᠷᠠᠯ᠎ᠢ ᠢᠯᠭᠠᠷᠠᠭᠤᠯᠤᠨ ᠪᠤᠳᠤᠬᠤ᠎ᠶ᠋ᠢ ᠳᠠᠮᠫᠤᠷᠠᠯ᠎ᠢ ᠲᠠᠬᠢᠨ ᠴᠡᠭ᠌ᠴᠡᠯᠡᠬᠦ᠌ ᠪᠣᠯᠭᠠᠨ ᠬᠤᠪᠢᠷᠠᠭᠤᠯᠬᠤ᠎ᠪᠠᠷ ᠲᠣᠭ᠍ᠲᠠᠭᠠᠵᠤ ᠂ ᠠᠵᠤ ᠠᠬᠤᠢᠯᠠᠯ᠎ᠤᠨ ᠠᠮᠢᠵᠢᠷᠠᠯ᠎ᠤᠨ ᠬᠦᠴᠦᠨ᠎ᠢ ᠲᠠᠬᠢᠨ ᠪᠠᠳᠠᠷᠠᠭᠤᠯᠪᠠ᠃
ᠨᠢᠭᠡ ᠬᠡᠷᠡᠭ᠎ᠦᠨ ᠵᠢᠱ᠌ᠢᠶ᠎ᠡ ᠨᠢᠭᠡ ᠪᠠᠭ᠍ᠴᠠ ᠪᠢᠴᠢᠭ ᠮᠠᠲ᠋ᠧᠷᠢᠶᠠᠯᠡᠴᠨ ᠳᠡᠭᠡᠷ᠎ᠡ᠃ ᠨᠡᠢᠲᠡᠯᠢᠭ ᠬᠡᠷᠡᠭ᠎ᠢ ᠱᠢᠢᠳᠪᠦᠷᠢᠯᠡᠬᠦ᠌᠎ᠪᠡᠷ ᠲᠠᠮᠵᠢᠨ ᠂ ᠪᠦᠬᠦ᠌ ᠣᠷᠣᠨ᠎ᠤ ᠱᠢᠭᠦᠬᠦ᠌ ᠬᠤᠷᠢᠶ᠎ᠠ ᠬᠠᠤᠯᠢᠵᠢᠯ᠎ᠤᠨ ᠦᠩ ᠱᠢᠮᠡᠯᠢᠭ ᠬᠥᠷᠥᠰᠥ᠍ ᠱᠢᠷᠣᠢ᠎ᠶ᠋ᠢ ᠱᠢᠮᠡᠵᠢᠭᠦᠯᠵᠦ᠍ ᠂ ᠠᠵᠤ ᠠᠬᠤᠢᠯᠠᠯᠲᠠᠳ ᠢᠯᠠᠩᠭᠤᠶ᠎ᠠ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠳ᠎ᠲᠤ ᠦᠨᠡᠨ ᠪᠠᠢᠳᠠᠯ᠎ᠢ ᠲᠠᠨᠢᠭᠤᠯᠵᠤ ᠂ ᠪᠣᠳᠠᠲᠤ ᠠᠱᠢᠭ ᠬᠦᠷᠳᠡᠬᠡᠪᠡ᠃
ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠨᠢ ᠶᠠᠮᠠᠷ ᠵᠡᠷᠭᠡ ᠪᠣᠶ᠂ ᠵᠠᠬ᠎ᠠ ᠳᠡᠯᠭᠡᠭᠦᠷ᠎ᠦᠨ ᠪᠡᠶᠡᠴᠢ ᠴᠣᠭ᠍ᠴᠠ᠎ᠶ᠋ᠢᠨ ᠲᠥᠷᠥᠭ᠌ᠳᠡᠯ ᠬᠠᠮᠤᠭ᠎ᠤᠨ ᠱᠢᠭᠤᠳ ᠱᠢᠯᠤᠭᠤᠨ ᠪᠠᠢᠳᠠᠬ᠃ ᠬᠡᠷᠡᠭ᠎ᠲᠦ ᠬᠣᠯᠪᠣᠭ᠍ᠳᠠᠭ᠍ᠰᠠᠨ ᠠᠵᠤ ᠠᠬᠤᠢᠯᠠᠯ᠎ᠤᠨ ᠲᠤᠬᠠᠶ ᠂ ᠮᠠᠨ᠎ᠤ ᠣᠷᠣᠨ᠎ᠤ ᠱᠢᠭᠦᠬᠦ᠌ ᠬᠣᠷᠢᠶ᠎ᠠ ᠨᠢᠭᠡ ᠱᠢᠭᠦᠨ ᠲᠠᠰᠤᠯᠤᠯᠲᠠ ᠪᠡᠷ ᠲᠠᠭᠤᠰᠬᠠᠬᠤ ᠪᠤᠯᠤᠨ ᠨᠢᠬᠡ ᠬᠡᠷᠡᠭᠵᠢᠬᠦᠯᠦᠬᠡᠳ ᠲᠠᠭᠤᠰᠬᠠᠬᠤ ᠵᠢ ᠲᠠᠶᠠᠬᠳᠠᠵᠤ᠂ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ᠎ᠶ᠋ᠢ ᠨᠢᠭᠤᠷᠲᠠᠨ ᠰᠣᠨᠣᠰᠴᠤ᠌ ᠂ ᠰᠠᠢᠨ ᠰᠠᠨᠠᠭ᠎ᠠ᠎ᠲᠠᠶ ᠂ ᠪᠣᠯᠪᠠᠰᠤᠨ᠎ᠢᠶᠠᠷ ᠬᠠᠤᠯᠢ ᠶᠠᠪᠤᠭᠤᠯᠬᠤ ᠣᠢᠯᠠᠭᠠᠭ᠍ᠳᠠᠬᠤᠨ᠎ᠢ ᠪᠠᠷᠢᠮᠲᠠᠯᠠᠵᠤ ᠂ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠣᠯᠠᠨ ᠡᠱᠢᠲᠦ ᠲᠣᠭ᠍ᠲᠠᠴᠠ᠎ᠶ᠋ᠢ ᠬᠡᠷᠡᠭ᠌ᠯᠡᠵᠦ᠍ ᠂ ᠬᠠᠤᠯᠢ ᠴᠠᠭᠠᠵᠠ᠎ᠶ᠋ᠢᠨ ᠦᠷ᠎ᠡ ᠪᠦᠲᠦᠮᠵᠢ ᠬᠢᠭᠡᠳ ᠨᠡᠢᠭᠡᠮ᠎ᠦᠨ ᠦᠷ᠎ᠡ ᠪᠦᠲᠦᠮᠵᠢ ᠂ ᠠᠵᠤ ᠠᠬᠤᠶ᠎ᠶ᠋ᠢᠨ ᠦᠷ᠎ᠡ ᠪᠦᠲᠦᠮᠵᠢ᠎ᠶ᠋ᠢᠨ ᠡᠶ᠎ᠡ ᠵᠣᠬᠢᠴᠠᠩᠭᠤᠶ ᠨᠢᠭᠡᠳᠦᠯ᠎ᠢ ᠪᠡᠶᠡᠯᠡᠭᠦᠯᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠬᠢᠭᠡᠳ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ ᠂ ᠬᠠᠤᠯᠢ ᠴᠠᠭᠠᠵᠠ᠎ᠶ᠋ᠢᠨ ᠲᠢᠩᠬᠢᠮ ᠵᠡᠷᠭᠡ ᠨᠠᠶ᠋ᠮᠠᠨ ᠨᠢᠭᠡᠴᠢ ᠬᠠᠮᠲᠤᠷᠠᠨ 《 ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠣᠯᠠᠨ ᠡᠱᠢᠵᠢᠭᠦᠯᠦᠨ ᠱᠢᠶ᠋ᠳᠪᠦᠷᠢᠯᠡᠬᠦ᠌ ᠲᠣᠭ᠍ᠲᠠᠴᠠ᠎ᠶ᠋ᠢᠨ ᠰᠠᠨᠠᠭᠤᠯᠤᠮᠵᠢ 》 ᠳ᠋ᠤ ᠭᠠᠷᠤᠨ ᠥᠰᠥᠭ ᠵᠢᠷᠤᠵᠤ ᠂ ᠵᠣᠯᠭᠠᠭᠤᠯᠤᠯᠲᠠ᠎ᠨᠢ ᠤᠷᠤᠭ᠍ᠰᠢᠲᠠᠶ᠂ ᠵᠣᠬᠢᠴᠠᠭᠤᠯᠭ᠎ᠠ᠎ᠨᠢ ᠡᠮᠬᠢ ᠵᠢᠷᠤᠮ᠎ᠲᠠᠶ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠣᠯᠠᠨ ᠡᠱᠢᠵᠢᠭᠦᠯᠦᠨ ᠱᠢᠶ᠋ᠳᠪᠦᠷᠢᠯᠡᠬᠦ᠌ ᠲᠣᠭ᠍ᠲᠠᠴᠠ᠎ᠶ᠋ᠢ ᠤᠯᠠᠮ ᠴᠢᠨᠠᠬᠰᠢᠳᠠ ᠲᠡᠭᠦᠯᠳᠡᠷᠵᠢᠭᠦᠯᠪᠡ᠃
ᠬᠦᠢᠴᠡᠳᠬᠡᠬᠦ ᠪᠣᠯ ᠲᠥᠪ ᠭᠣᠣᠯᠴᠢ ᠱᠢᠳᠤᠷᠭᠤ ᠶᠣᠰᠣᠨ᠎ᠤ ᠬᠠᠮᠤᠭ ᠤ᠋ᠨ ᠡᠴᠦᠰ᠎ᠦᠨ ᠰᠡᠷᠭᠡᠢᠯᠡᠯᠲᠡ᠎ᠶ᠋ᠢᠨ ᠱᠤᠭᠤᠮ᠎ᠤᠨ ᠬᠠᠮᠤᠭ᠎ᠤᠨ ᠡᠴᠦᠰ᠎ᠦᠨ ᠭᠣᠭ᠍ᠴᠣᠭ᠎ᠠ ᠮᠥᠨ᠃ ᠡᠨᠡ ᠵᠢᠯ᠎ᠡᠴᠡ ᠨᠠᠭᠠᠰᠢ᠂ ᠪᠥᠬᠥ᠌ ᠣᠷᠣᠨ᠎ᠤ ᠱᠢᠭᠦᠬᠦ᠌ ᠬᠣᠷᠢᠶ᠎ᠠ ᠨᠡᠢᠲᠡ 2 ᠵᠢᠯ᠎ᠡᠴᠡ ᠳᠡᠭᠡᠭ᠌ᠰᠢ ᠣᠷᠳᠣ ᠬᠤᠭᠤᠴᠠᠭ᠎ᠠ᠎ᠪᠠᠷ ᠬᠦᠢᠴᠡᠳᠬᠡᠵᠦ ᠳᠠᠭᠤᠰᠭᠠᠭᠠᠳᠤᠶ ᠠᠵᠤ ᠠᠬᠤᠢᠯᠠᠯ᠎ᠳᠤ ᠬᠣᠯᠪᠣᠭ᠍ᠳᠠᠭ᠍ᠰᠠᠨ 147 ᠬᠤᠪᠢ ᠭᠦᠶ᠋ᠴᠡᠳᠭᠡᠬᠦ᠌ ᠬᠡᠷᠡᠭ᠎ᠢ ᠭᠦᠶ᠋ᠴᠡᠳᠭᠡᠨ ᠳᠠᠭᠤᠰᠭᠠᠵᠤ ᠂ 5 . 74 ᠳ᠋ᠦᠩᠱᠢᠭᠤᠷ ᠲᠥᠭᠥᠷᠢᠭ᠎ᠢ ᠪᠣᠳᠠᠲᠠᠶ ᠭᠦᠶ᠋ᠴᠡᠳᠭᠡᠪᠡ᠃ ᠮᠥᠩᠭᠥᠨ ᠭᠦᠢᠯᠭᠡᠭᠡᠨ᠎ᠳᠦ ᠬᠣᠯᠪᠣᠭ᠍ᠳᠠᠭ᠍ᠰᠠᠨ ᠬᠡᠷᠡᠭ᠎ᠢ ᠲᠥᠪᠯᠡᠷᠡᠭᠦᠯᠦᠨ ᠭᠦᠢᠴᠡᠳᠭᠡᠬᠦ᠌ ᠠᠵᠢᠯᠯᠠᠭ᠎ᠠ᠎ᠶ᠋ᠢ ᠥᠷᠨᠢᠭᠦᠯᠵᠦ᠍᠂ ᠮᠥᠩᠭᠥᠨ ᠭᠦᠢᠯᠭᠡᠭᠡᠨ᠎ᠳᠦ ᠬᠣᠯᠪᠣᠭ᠍ᠳᠠᠭ᠍ᠰᠠᠨ ᠬᠡᠷᠡᠭ᠎ᠢ ᠨᠡᠢ᠌ᠲᠡ 2481 ᠬᠤᠪᠢ ᠭᠦᠢᠴᠡᠳᠭᠡᠨ ᠳᠠᠭᠤᠰᠭᠠᠵᠤ ᠂ ᠭᠦᠢᠴᠡᠳᠭᠡᠬᠦ᠌᠎ᠶ᠋ᠢ 11 ᠳ᠋ᠦᠩᠱᠢᠭᠤᠷ ᠲᠥᠭᠥᠷᠢᠭ ᠪᠣᠳᠠᠲᠠᠢᠵᠢᠭᠤᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶᠠᠨ᠎ᠤ ᠵᠠᠷᠭᠤ᠎ᠶ᠋ᠢᠨ ᠵᠠᠷᠤᠳᠠᠯ᠎ᠢ ᠭᠦᠢᠴᠡᠳᠭᠡᠬᠦ᠌ ᠬᠡᠷᠡᠭ᠎ᠢ ᠱᠢᠭᠦᠬᠦ᠌ ᠳᠠᠩᠰᠠᠯᠠᠬᠤ ᠭᠦᠢᠴᠡᠳᠭᠡᠬᠦ᠌᠎ᠶ᠋ᠢ ᠵᠣᠯᠭᠠᠯᠴᠠᠭᠤᠯᠬᠤ ᠠᠵᠢᠯ᠎ᠤᠨ ᠲᠤᠬᠠᠢ ᠲᠦᠷ ᠬᠡᠷᠡᠭ᠌ᠵᠢᠭᠦᠯᠬᠦ᠌ ᠠᠷᠭ᠎ᠠ 》 ᠶ᠋ᠢ ᠳᠠᠷᠤᠮᠠᠯᠯᠠᠨ ᠲᠠᠷᠬᠠᠭᠠᠪᠠ᠃
《 ᠣᠳᠣᠬᠠᠨ᠎ᠳᠤ ᠵᠠᠰᠠᠬᠤ 》 ᠬᠡᠷᠡᠭ᠌ᠲᠡᠢ ᠮᠥᠷᠲᠡᠭᠡᠨ ᠨᠡᠩ ᠴᠤ᠌ 《 ᠤᠷᠳᠤ ᠬᠤᠭᠤᠴᠠᠭ᠎ᠠ᠎ᠪᠠᠷ ᠪᠠᠢᠭᠤᠯᠬᠤ 》 ᠬᠡᠷᠡᠭ᠌ᠲᠡᠢ᠃ ᠪᠦᠬᠦ᠌ ᠣᠷᠣᠨ᠎ᠤ ᠱᠢᠭᠦᠬᠦ᠌ ᠬᠣᠷᠢᠶ᠎ᠠ ᠳᠤᠲᠠᠭᠤᠳᠠᠯ᠎ᠢ ᠨᠥᠬᠥᠪᠥᠷᠢᠯᠡᠨ ᠂ ᠪᠠᠭᠤᠷᠠᠢ ᠲᠠᠯ᠎ᠠ᠎ᠪᠠᠨ ᠬᠦᠴᠦᠷᠬᠡᠭ᠌ᠵᠢᠭᠦᠯᠵᠦ᠍᠂ ᠠᠯᠳᠠᠰᠢ ᠭᠠᠷᠬᠤ᠎ᠶ᠋ᠢ ᠬᠣᠷᠢᠭ᠍ᠯᠠᠨ ᠂ 《 ᠪᠠᠢᠴᠠᠭᠠᠨ ᠥᠭᠡᠷᠡᠴᠢᠯᠡᠬᠦ᠌ ᠵᠠᠰᠠᠨ ᠪᠠᠢᠭᠤᠯᠬᠤ 》 ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ ᠂ ᠡᠯ᠎ᠡ ᠲᠥᠷᠥᠯ᠎ᠦᠨ ᠳᠦᠷᠢᠮ ᠲᠣᠭ᠍ᠲᠠᠴᠠ᠎ᠶ᠋ᠢ 41 ᠱᠢᠨ᠎ᠡ᠎ᠪᠡᠷ ᠪᠠᠢᠭᠤᠯᠪᠠ᠃ 《ᠲᠦᠷᠢᠮ᠎ᠦᠨ ᠠᠮᠢᠵᠢᠷᠠᠯ᠎ᠤᠨ ᠬᠦᠴᠦᠨ ᠨᠢ ᠬᠡᠷᠡᠭ᠌ᠵᠢᠭᠦᠯᠬᠦ᠌᠎ᠳᠦ ᠪᠤᠢ ᠂ ᠵᠠᠯᠭᠠᠭᠠᠳ ᠂ ᠪᠢᠳᠡ ᠪᠥᠬᠥ᠌ ᠣᠷᠣᠨ᠎ᠤ ᠱᠢᠭᠦᠬᠦ᠌ ᠬᠣᠷᠢᠶ᠎ᠠ᠎ᠶ᠋ᠢ ᠵᠢᠯᠣᠭᠣᠳᠤᠨ ᠰᠤᠷᠤᠯᠴᠠᠬᠤ ᠂ ᠪᠣᠯᠪᠠᠰᠤᠷᠠᠭᠤᠯᠬᠤ ᠂ ᠬᠢᠨᠠᠨ ᠵᠢᠯᠣᠭᠣᠳᠭᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠂ ᠡᠯ᠎ᠡ ᠵᠦᠶ᠋ᠯ᠎ᠦᠨ ᠲᠦᠷᠢᠮ ᠲᠣᠭ᠍ᠲᠠᠴᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ ᠂ ᠲᠡᠭᠦᠨ᠎ᠢ ᠬᠠᠤᠯᠢ ᠶᠠᠪᠤᠭᠤᠯᠬᠤ ᠦᠶ᠋ᠯᠡᠳᠦᠯᠭᠡ᠎ᠳᠦ ᠵᠢᠩᠬᠢᠨᠢ᠎ᠪᠡᠷ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶᠠᠨ᠎ᠤ ᠰᠤᠳᠤᠯᠬᠤ ᠲᠠᠰᠤᠭ᠎ᠤᠨ ᠡᠷᠬᠢᠯᠡᠭ᠌ᠴᠢ ᠬᠤᠸᠠᠩ ᠵᠢᠶᠠᠨ ᠬᠤᠸᠠ ᠬᠡᠯᠡᠪᠡ᠃
ᠱᠢᠲᠠᠷ᠎ᠠ ᠲᠠᠯᠪᠢᠬᠤ᠎ᠳᠤ ᠶᠡᠬᠡ ᠬᠠᠨᠳᠤᠰᠢ᠎ᠶ᠋ᠢ ᠠᠵᠢᠭ᠍ᠯᠠᠵᠤ ᠂ ᠪᠦᠬᠦ᠌ ᠲᠠᠯ᠎ᠠ᠎ᠶ᠋ᠢ ᠪᠣᠳᠣᠯᠬᠢᠯᠠᠬᠤ ᠴᠢᠬᠤᠯᠠᠳᠠᠢ ᠪᠢᠯᠡ᠃ ᠢᠷᠡᠭᠡᠳᠦᠢ᠎ᠳᠦ ᠬᠠᠨᠳᠤᠵᠤ ᠂ ᠪᠦᠬᠦ᠌ ᠣᠷᠣᠨ᠎ᠤ ᠱᠢᠭᠦᠬᠦ᠌ ᠬᠤᠷᠢᠶ᠎ᠠ ᠨᠡᠩ ᠲᠣᠭ᠍ᠲᠠᠭᠤᠨ ᠡᠷᠬᠡ ᠲᠡᠭ᠌ᠰᠢ ᠢᠯᠡ ᠲᠣᠳᠣ ᠂ ᠵᠢᠱ᠌ᠢᠵᠦ᠍ ᠪᠣᠯᠬᠤᠢᠴᠠ ᠬᠠᠤᠯᠢᠵᠢᠬ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠴᠢᠷᠮᠠᠢᠨ ᠪᠤᠢ ᠪᠣᠯᠭᠠᠬᠤ ᠢᠲᠡᠭᠡᠯ ᠵᠣᠷᠢᠭ᠎ᠢ ᠪᠠᠲᠤ ᠪᠡᠬᠢ ᠪᠤᠢ ᠪᠣᠯᠭᠠᠬᠤ᠎ᠶ᠋ᠢᠨ ᠬᠠᠮᠲᠤ ᠲᠠᠰᠤᠷᠠᠯᠲᠠ ᠦᠭᠡᠢ ᠬᠠᠢᠨ ᠰᠦᠪᠡᠭ᠌ᠴᠢᠯᠡᠬᠦ᠌ ᠪᠠ ᠦᠢᠯᠡᠳᠦᠯᠭᠡᠵᠢᠭᠦᠯᠬᠦ᠌᠎ᠪᠡᠷ ᠳᠠᠮᠵᠢᠭᠤᠯᠤᠨ ᠂ ᠬᠠᠤᠯᠢᠵᠢᠬ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠳᠤᠮᠳᠠ ᠬᠠᠤᠯᠢ ᠶᠠᠪᠤᠭᠤᠯᠬᠤ ᠱᠢᠨ᠎ᠡ ᠵᠢᠳᠬᠦᠯ ᠴᠢᠷᠮᠠᠢᠯᠭ᠎ᠠ ᠭᠠᠷᠭᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃