2022-05-15 20:06:06
《ᠮᠠᠨᠤ ᠤᠷᠤᠨ ᠬᠤᠳᠠᠯᠳᠤᠭ᠎ᠠ ᠡᠷᠬᠢᠯᠡᠬᠦ ᠤᠷᠴᠢᠨ ᠨᠦᠭᠦᠴᠡᠯᠢ ᠰᠢᠯᠢᠳᠡᠭᠵᠢᠭᠦᠯᠬᠦ ᠲᠦᠷᠦᠵᠢᠨ ᠪᠤᠳᠤᠯᠭᠠᠵᠢ ᠤᠯᠠᠷᠢᠯᠵᠢᠡᠷ ᠬᠢᠨᠠᠨ ᠰᠢᠯᠭᠠᠵᠤ ᠦᠨᠡᠯᠡᠬᠦ ᠦᠯᠢᠭᠡᠷ ᠵᠢᠱ᠌ᠢᠶᠡᠵᠢ ᠡᠭᠦᠳᠴᠦ᠂ ᠥᠪᠡᠷᠲᠡᠭᠡᠨ ᠵᠠᠰᠠᠬᠤ ᠣᠷᠣᠨᠤ᠋ ᠵᠠᠰᠠᠭᠤ᠋ᠨ ᠣᠷᠳᠣᠨ ᠤ᠋ ᠨᠡᠢᠲᠡᠯᠡᠭ᠌ᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯᠢ ᠱᠢᠯᠢᠳᠡᠭ᠌ᠵᠢᠭᠦᠯᠬᠦ᠌ 3.0 ᠲᠥᠰᠦᠯᠢ ᠨᠠᠢᠳᠠᠪᠤᠷᠢᠵᠢᠭᠤᠯᠤᠨ ᠪᠣᠳᠠᠲᠠᠢᠵᠢᠭᠤᠯᠬᠤ ᠶ᠋ᠢ ᠪᠦᠲᠦᠮᠵᠢᠲᠡᠶ ᠠᠬᠢᠭᠤᠯᠵᠤ ᠪᠠᠢᠨ᠎ᠠ》 ᠭᠡᠵᠦ ᠥᠪᠡᠷᠲᠡᠭᠡᠨ ᠵᠠᠰᠠᠬᠤ ᠣᠷᠣᠨ ᠤ᠋ ᠬᠥᠭ᠌ᠵᠢᠭᠦᠯᠦᠯᠲᠡ ᠥᠭᠡᠷᠡᠴᠢᠯᠡᠯᠲᠡ ᠶ᠋ᠢᠨ ᠵᠥᠪᠯᠡᠯ ᠤ᠋ᠨ ᠳᠡᠳ᠋ ᠡᠷᠬᠢᠯᠡᠭᠴᠢ ᠯᠢᠦ ᠸᠸᠨ ᠢᠦᠢ ᠦᠪᠡᠷᠲᠡᠭᠡᠨ ᠵᠠᠰᠠᠬᠤ ᠤᠷᠤᠨ ᠤ᠋ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠰᠢᠯᠢᠳᠡᠭᠵᠢᠭᠦᠯᠬᠦ ᠰᠤᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ ᠲᠠᠨᠢᠯᠴᠠᠭᠤᠯᠤᠬᠰᠠᠨ ᠶᠤᠮ ᠃
ᠦᠪᠡᠷᠳᠡᠬᠡᠨ ᠵᠠᠰᠠᠬᠤ ᠤᠷᠤᠨ ᠡᠴᠡ ᠠᠢᠮᠠᠭ ᠬᠣᠲᠠ᠂ ᠰᠠᠯᠠᠭ᠎ᠠ ᠮᠥᠴᠢᠷ ᠤ᠋ᠨ 3.0 ᠲᠥᠰᠦᠯ ᠢ᠋ ᠨᠠᠢᠳᠠᠪᠤᠷᠢᠵᠢᠭᠤᠯᠬᠤ ᠡᠭᠦᠷᠭᠡ ᠶ᠋ᠢᠨ ᠡᠬᠡ ᠲᠠᠩᠰᠠ ᠪᠠ ᠲᠣᠬᠢᠷᠠᠭᠤᠯᠤᠯᠲᠠ ᠶ᠋ᠢᠨ ᠲᠣᠭ᠍ᠲᠠᠴᠠ ᠶ᠋ᠢ ᠪᠠᠢᠭᠤᠯᠤᠨ᠂ ᠭᠤᠷᠪᠠᠳᠠᠬᠢ ᠡᠲᠡᠭᠡᠳ ᠤ᠋ᠨ ᠲᠤᠰᠭᠠᠶ ᠪᠠᠢᠭᠤᠯᠤᠮᠵᠢᠲᠠᠶ ᠬᠠᠮᠲᠤᠪᠠᠷ《ᠤᠯᠠᠷᠢᠯ ᠶ᠋ᠢᠡᠷ ᠬᠢᠨᠠᠨ ᠰᠢᠯᠭᠠᠵᠤ ᠦᠨᠡᠯᠡᠬᠦ ᠶᠡᠷᠦᠩᠬᠡᠶ ᠲᠦᠷᠢᠮ(ᠲᠦᠷ ᠬᠡᠷᠡᠭ᠌ᠵᠢᠭᠦᠯᠬᠦ᠌)》 ᠢ᠋ ᠰᠤᠳᠤᠯᠤᠨ ᠲᠣᠭ᠍ᠲᠠᠭᠠᠵᠤ ᠂ 3.0 ᠲᠥᠰᠦᠯᠳᠦ ᠲᠣᠭ᠍ᠲᠠᠭᠠᠭ᠍ᠰᠠᠨ 181 ᠵᠦᠢᠯ ᠤ᠋ᠨ ᠪᠣᠳᠠᠲᠠᠶ ᠡᠭᠦᠷᠭᠡ ᠶ᠋ᠢ ᠭᠦᠢᠴᠡᠳᠭᠡᠬᠦ ᠪᠤᠳᠤᠯᠢᠶᠠᠨᠲᠤ ᠬᠡᠮᠵᠢᠶ᠎ᠡ ᠶᠣᠰᠣᠭᠠᠷ《ᠪᠠᠷᠢᠨ ᠬᠡᠷᠡᠭ᠌ᠵᠢᠭᠦᠯᠵᠦ᠍ ᠪᠠᠷᠢᠨ ᠦᠭᠡᠷᠡᠴᠢᠯᠡᠬᠦ ᠬᠡᠯᠪᠡᠷᠢ ᠂ ᠶᠡᠷᠦᠩᠬᠡᠢᠯᠡᠨ ᠬᠠᠮᠵᠢᠯᠴᠠᠬᠤ ᠬᠡᠯᠪᠡᠷᠢ ᠂ ᠥᠭᠡᠷᠡᠴᠢᠯᠡᠯᠲᠡ ᠬᠢᠵᠦ᠍ ᠱᠢᠨ᠎ᠡ ᠶ᠋ᠢ ᠡᠭᠦᠳᠬᠦ᠌ ᠬᠡᠯᠪᠡᠷᠢ 》ᠵᠡᠷᠭᠡ ᠭᠤᠷᠪᠠᠨ ᠲᠦᠷᠦᠯᠳᠦ ᠬᠤᠪᠢᠶᠠᠵᠠᠢ᠃ ᠡᠭᠦᠨᠦ ᠬᠠᠮᠲᠤ ᠬᠢᠨᠠᠨ ᠱᠢᠯᠭᠠᠵᠤ ᠦᠨᠡᠯᠡᠬᠦ᠌ ᠠᠵᠢᠯ᠎ᠤ᠋ᠨ ᠡᠲᠡᠭᠡᠳ ᠂ ᠠᠭᠤᠯᠭ᠎ᠠ ᠂ ᠠᠷᠭ᠎ᠠ ᠪᠠ ᠦᠷ᠎ᠡ ᠳ᠋ᠦᠩ ᠤ᠋ᠨ ᠬᠡᠷᠡᠭ᠌ᠯᠡᠯᠲᠡ ᠵᠡᠷᠭᠡ ᠶ᠋ᠢ ᠲᠤᠳᠤᠷᠬᠠᠢᠯᠠᠵᠤ᠂ ᠬᠥᠳᠡᠯᠦᠩᠭᠦᠶᠪᠡᠷ ᠬᠢᠨᠠᠨ ᠱᠢᠨᠵᠢᠬᠦ᠌ ᠂ ᠰᠣᠯᠪᠢᠴᠠᠭᠤᠯᠤᠨ ᠬᠠᠷᠭᠤᠭᠤᠯᠤᠨ ᠪᠠᠢᠴᠠᠭᠠᠬᠤ᠂ ᠲᠤᠰᠭᠠᠶ ᠮᠡᠷᠭᠡᠵᠢᠯᠲᠡᠨ ᠰᠤᠳᠤᠯᠤᠨ ᠮᠠᠭᠠᠳᠯᠠᠬᠤ ᠵᠡᠷᠭᠡ ᠠᠷᠭ᠎ᠠ ᠬᠡᠯᠪᠡᠷᠢ ᠪᠡᠷ ᠲᠠᠮᠵᠢᠨ ᠡᠭᠦᠷᠭᠡ ᠨᠢᠭᠡᠪᠦᠷᠢ ᠶ᠋ᠢᠨ ᠠᠬᠢᠭᠤᠯᠤᠭ᠍ᠰᠠᠨ ᠪᠠᠢᠳᠠᠯᠳᠤ ᠲᠣᠭ᠍ᠲᠠᠮᠠᠯ ᠬᠤᠭᠤᠴᠠᠭᠠᠲᠠᠶᠪᠠᠷ ᠶᠡᠷᠦᠩᠬᠡᠢᠯᠡᠭ᠌ᠰᠡᠨ ᠦᠨᠡᠯᠡᠯᠲᠡ ᠬᠢᠵᠦ ᠪᠠᠢᠨ᠎ᠠ᠃ ᠮᠠᠨ ᠤ᠋ ᠤᠷᠤᠨ ᠲᠤᠰᠭᠠᠶ ᠮᠡᠷᠭᠡᠵᠢᠯᠲᠡᠨᠦ ᠣᠶᠤᠨ ᠤ᠋ ᠬᠥᠮᠥᠷᠭᠡ ᠪᠠ ᠮᠡᠳᠡᠭᠡ ᠵᠠᠩᠭᠢ ᠶ᠋ᠢᠨ ᠲᠠᠪᠴᠠᠩ ᠤ᠋ᠨ ᠦᠶ᠋ᠯᠡᠳᠦᠯ ᠢ᠋ ᠭᠦᠶ᠋ᠴᠡᠳ ᠪᠠᠳᠠᠷᠠᠭᠤᠯᠤᠨ᠂ ᠲᠣᠭ᠎ᠠ ᠪᠠᠷᠢᠮᠲᠠ ᠶ᠋ᠢᠨ ᠮᠠᠲ᠋ᠧᠷᠢᠶᠠᠯ ᠢ᠋ ᠴᠠᠭ ᠲᠤᠬᠠᠶᠳᠤᠨᠢ ᠴᠤᠭ᠍ᠯᠠᠭᠤᠯᠵᠤ᠂ 4 ᠰᠠᠷ᠎ᠠ ᠶ᠋ᠢᠨ ᠳᠤᠮᠳᠠᠴᠢᠪᠠᠷ ᠨᠢᠭᠡᠳᠦᠭᠡᠷ ᠤᠯᠠᠷᠢᠯ ᠤ᠋ᠨ ᠬᠢᠨᠠᠨ ᠰᠢᠯᠭᠠᠵᠤ ᠦᠨᠡᠯᠡᠬᠦ᠌ ᠠᠵᠢᠯ ᠢ᠋ ᠪᠡᠶᠡᠯᠡᠭᠦᠯᠪᠡ᠃
ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠶᠡᠬᠡ ᠬᠤᠷᠠᠯ ᠬᠤᠷᠠᠯᠳᠤᠭ᠍ᠰᠠᠨᠠᠴᠠ ᠨᠠᠭᠠᠰᠢ ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤ᠋ᠨᠬᠢᠨ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠰᠠᠨᠠᠭᠠᠴᠢᠯᠠᠭᠠᠲᠤ ᠴᠢᠨᠠᠷ᠂ ᠤᠬᠠᠮᠰᠠᠷᠲᠤ ᠴᠢᠨᠠᠷ ᠶ᠋ᠢᠡᠨ ᠢᠯᠡᠳᠲᠡ ᠴᠢᠡᠭᠭᠠᠳᠬᠠᠨ᠂ 3.0 ᠲᠥᠰᠦᠯ ᠤ᠋ᠨ ᠬᠠᠷᠠᠯᠲᠠ ᠡᠭᠦᠷᠭᠡ ᠶ᠋ᠢᠨ ᠲᠣᠭᠣᠷᠢᠨᠳᠤ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ ᠶ᠋ᠢ ᠨᠠᠷᠢᠨ ᠬᠢᠨᠠᠮᠠᠭᠠᠶ ᠲᠣᠭ᠍ᠲᠠᠭᠠᠵᠤ ᠂ ᠨᠠᠢᠳᠠᠪᠤᠷᠢᠵᠢᠭᠤᠯᠤᠯᠲᠠ ᠶ᠋ᠢ ᠴᠠᠭ ᠲᠤᠬᠠᠢᠳᠤᠨᠢ ᠪᠥᠬᠥ᠌ ᠬᠦᠴᠦᠨ ᠶ᠋ᠢᠡᠷ ᠠᠬᠢᠭᠤᠯᠤᠭᠠᠳ ᠠᠩᠬ᠎ᠠ ᠠᠯᠬᠤᠮ ᠤ᠋ᠨ ᠦᠷ᠎ᠡ ᠪᠦᠲᠦᠮᠵᠢ ᠣᠯᠵᠤ ᠂ ᠠᠢᠮᠠᠭ ᠬᠣᠲᠠ ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠤ᠋ᠨ ᠪᠠᠢᠭᠤᠯᠤᠯᠲᠠ ᠶ᠋ᠢᠨ ᠲᠦᠪᠱᠢᠨ ᠱᠢᠯᠢᠳᠡᠭ᠌ᠵᠢᠨ ᠳᠡᠭᠡᠭ᠌ᠰᠢᠯᠡᠵᠦ᠍ ᠂ ᠡᠯ᠎ᠡ ᠰᠠᠯᠠᠭ᠎ᠠ ᠮᠥᠴᠢᠷ ᠤ᠋ᠨ ᠲᠤᠬᠠᠢᠯᠠᠭ᠍ᠰᠠᠨ ᠠᠵᠢᠯ ᠤ᠋ᠨ ᠵᠢᠯᠣᠭᠣᠳᠣᠯᠭ᠎ᠠ ᠪᠠ ᠠᠬᠢᠭᠤᠯᠬᠤ ᠦᠷ᠎ᠡ ᠪᠦᠲᠦᠮᠵᠢ ᠠᠩᠬ᠎ᠠ ᠠᠯᠬᠤᠮ ᠢᠯᠡᠷᠡᠪᠡ᠃ ᠨᠢᠭᠡᠳᠦᠭᠡᠷ ᠤᠯᠠᠷᠢᠯᠳᠤ ᠠᠢᠮᠠᠭ ᠬᠣᠲᠠ ᠶ᠋ᠢᠨ 318 ᠠᠰᠠᠭᠤᠳᠠᠯ ᠂ ᠲᠢᠩᠬᠢᠮ ᠲᠣᠪᠴᠢᠶ᠎ᠠ ᠶ᠋ᠢᠨ 40 ᠠᠰᠠᠭᠤᠳᠠᠯ ᠢ᠋ ᠡᠮᠬᠢᠯᠡᠨ ᠲᠢᠭᠯᠡᠭᠰᠡᠨ ᠪᠠᠢᠨ᠎ᠠ᠃
ᠲᠠᠷᠠᠭᠠᠴᠢ ᠶ᠋ᠢᠨ ᠠᠯᠬᠤᠮᠳᠤ ᠂ ᠮᠠᠨ ᠤ᠋ ᠤᠷᠤᠨ ᠨᠢᠭᠡᠳᠦᠭᠡᠷ ᠤᠯᠠᠷᠢᠯ ᠤ᠋ᠨ ᠬᠢᠨᠠᠨ ᠰᠢᠯᠭᠠᠵᠤ ᠦᠨᠡᠯᠡᠬᠦ᠌ ᠠᠵᠢᠯ ᠢ᠋ ᠨᠠᠷᠢᠨ ᠬᠢᠨᠠᠮᠠᠭᠠᠶ ᠳ᠋ᠦᠩᠨᠡᠭ᠌ᠰᠡᠨ ᠰᠠᠭᠤᠷᠢᠨ ᠳᠡᠭᠡᠷ᠎ᠡ ᠂ 3.0 ᠲᠥᠰᠦᠯ ᠤ᠋ᠨ《ᠤᠯᠠᠷᠢᠯ ᠶ᠋ᠢᠡᠷ ᠬᠢᠨᠠᠨ ᠰᠢᠯᠭᠠᠵᠤ ᠦᠨᠡᠯᠡᠬᠦ ᠶᠡᠷᠦᠩᠬᠡᠶ ᠲᠦᠷᠢᠮ 》 ᠤ᠋ᠨ ᠵᠢᠩᠬᠢᠨᠢ ᠬᠡᠪᠯᠡᠯ ᠢ᠋ ᠨᠡᠢᠲᠡᠯᠡᠨ᠎ᠡ᠃ 3.0 ᠲᠥᠰᠦᠯ ᠢ᠋ ᠨᠠᠢᠳᠠᠪᠤᠷᠢᠵᠢᠭᠤᠯᠤᠭ᠍ᠰᠠᠨ ᠪᠠᠢᠳᠠᠯ ᠢ᠋ ᠮᠥᠷᠳᠡᠵᠤ ᠱᠢᠮᠳᠠᠭᠤᠯᠤᠨ ᠵᠢᠯᠣᠭᠣᠳᠭᠤᠵᠢ ᠤᠯᠠᠮ ᠨᠢᠭᠡ ᠠᠯᠬᠤᠮ ᠴᠢᠩᠭᠠᠳᠭᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃