ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-05-17 09:16:16

ᠵᠣᠬᠢᠶᠠᠭ᠍ᠴᠢ᠄ ​ ᠼᠠᠢ ᠬᠤᠡᠭ ᠣᠩᠱᠢᠭ᠍ᠰᠠᠨ ᠣᠳᠠᠭ᠎ᠠ᠄ 3

《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠶ᠋ᠢᠨ ᠲᠥᠯᠥᠭᠡ ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠦᠷᠭᠦᠯᠵᠢᠯᠡᠨ ᠢᠲᠡᠭᠡᠮᠵᠢ᠎ᠶ᠋ᠢᠨ ᠰᠡᠷᠭᠦᠭᠡᠯᠲᠡ᠎ᠶ᠋ᠢᠨ ᠶᠠᠪᠤᠴᠠ᠎ᠶ᠋ᠢ ᠳᠥᠭᠥᠮᠴᠢᠯᠡᠵᠦ᠍ ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠢᠲᠡᠭᠡᠮᠵᠢ᠎ᠶ᠋ᠢᠨ ᠰᠡᠷᠭᠦᠭᠡᠯᠲᠡ᠎ᠶ᠋ᠢ ᠪᠥᠬᠥ᠌ ᠶᠠᠪᠤᠴᠠ᠎ᠳᠤ ᠰᠦᠯᠵᠢᠶᠡᠨ ᠳᠡᠭᠡᠷ᠎ᠡ ᠭᠦᠶ᠋ᠴᠡᠳᠭᠡᠬᠦ᠌᠎ᠶ᠋ᠢ ᠪᠡᠶᠡᠯᠡᠭᠦᠯᠪᠡ᠃ ᠬᠡᠪ᠎ᠦᠨ ᠪᠤᠰᠤ ᠡᠵᠡᠩᠨᠡᠯᠲᠡ᠎ᠶ᠋ᠢᠨ ᠨᠡᠷᠡᠰ᠎ᠦᠨ ᠵᠢᠭ᠍ᠰᠠᠭᠠᠯᠲᠠ ᠂ ᠬᠦᠨᠳᠦ ᠨᠣᠴᠢᠲᠠᠶ ᠬᠠᠤᠯᠢ᠎ᠠᠴᠠ ᠵᠥᠷᠢᠴᠡᠵᠦ᠍ ᠢᠲᠡᠭᠡᠯ ᠠᠯᠳᠠᠭ᠍ᠰᠠᠨ ᠨᠡᠷᠡᠰ᠎ᠦᠨ ᠵᠢᠭ᠍ᠰᠠᠭᠠᠯᠲᠠ᠎ᠳᠤ ᠤᠷᠤᠬᠰᠡᠨ ᠵᠢᠴᠢ ᠵᠠᠰᠠᠭ ᠵᠠᠬᠢᠷᠭᠠᠨ᠎ᠤ ᠱᠢᠢᠳᠭᠡᠯ ᠲᠣᠷᠭᠠᠭᠤᠯᠢ᠎ᠪᠠᠷ ᠨᠡᠢᠲᠡ᠎ᠳᠦ ᠵᠠᠷᠯᠠᠭ᠍ᠰᠠᠨ ᠠᠵᠤ ᠠᠬᠤᠢᠯᠠᠯ᠎ᠨᠢ᠂ ᠬᠠᠤᠯᠢ᠎ᠪᠠᠷ ᠲᠣᠭ᠍ᠲᠠᠭᠠᠭ᠍ᠰᠠᠨ ᠡᠭᠦᠷᠭᠡ᠎ᠪᠡᠨ ᠭᠦᠶ᠋ᠴᠡᠳᠭᠡᠭ᠌ᠰᠡᠨ᠎ᠦ ᠳᠠᠷᠠᠭ᠎ᠠ᠂ ᠰᠦᠯᠵᠢᠶ᠎ᠡ᠎ᠪᠡᠷ ᠢᠲᠡᠭᠡᠮᠵᠢ᠎ᠪᠡᠨ ᠰᠡᠷᠭᠦᠭᠡᠬᠦ᠌᠎ᠵᠢ ᠭᠤᠶᠤᠴᠢᠯᠠᠵᠤ ᠪᠣᠯᠤᠨ᠎ᠠ᠃ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠲᠣᠭ᠍ᠲᠠᠭ᠍ᠰᠠᠨ ᠬᠤᠭᠤᠴᠠᠭ᠎ᠠ᠎ᠶ᠋ᠢᠨ ᠳᠣᠲᠣᠷ᠎ᠠ ᠢᠲᠡᠭᠡᠮᠵᠢ᠎ᠪᠡᠨ ᠰᠡᠷᠭᠦᠭᠡᠬᠦ᠌ ᠨᠥᠬᠥᠴᠡᠯ᠎ᠳᠦ ᠨᠡᠢᠴᠡᠭ᠌ᠰᠡᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠢᠲᠡᠭᠡᠮᠵᠢ᠎ᠶ᠋ᠢ᠎ᠰᠡᠷᠭᠦᠭᠡᠵᠦ᠍ ᠥᠭ᠌ᠭᠦᠨ᠎ᠡ》ᠭᠡᠵᠦ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠬᠣᠶᠠᠳᠤᠭᠠᠷ ᠳᠡᠰ᠎ᠤᠨ ᠲᠣᠭᠣᠷᠢᠨ ᠪᠠᠢᠴᠠᠭᠠᠭ᠍ᠴᠢ ᠹᠧᠩ ᠶᠧ ᠶᠠᠷᠢᠨ᠎ᠠ᠃

ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠨᠢᠭᠡᠳᠦᠯᠲᠡᠶ ᠪᠠᠷᠢᠮᠵᠢᠶ᠎ᠠ ᠶᠣᠰᠣᠭᠠᠷ᠂ ᠠᠵᠤ ᠠᠬᠤᠢᠯᠠᠯ᠎ᠤᠨ ᠪᠦᠷᠢᠳᠬᠡᠨ ᠲᠡᠮᠲᠡᠭᠯᠡᠭᠰᠡᠨ ᠲᠠᠡᠭᠰᠠᠯᠠᠯ ᠂ ᠵᠠᠰᠠᠭ ᠵᠠᠬᠢᠷᠭᠠᠨ᠎ᠤ ᠵᠥᠪᠱᠢᠶᠡᠷᠡᠯ᠂ ᠲᠠᠸᠠᠷ᠎ᠤᠨ ᠲᠡᠮᠳᠡᠭ᠎ᠦᠨ ᠳᠠᠩᠰᠠᠯᠠᠯ ᠵᠡᠷᠭᠡ ᠮᠡᠳᠡᠭᠡ ᠵᠠᠩᠭᠢ᠎ᠶ᠋ᠢ ᠪᠦᠬᠦᠨ᠎ᠢ ᠠᠵᠤ ᠠᠬᠤᠢᠯᠠᠯ᠎ᠤᠨ ᠨᠡᠷ᠎ᠡ ᠳᠤᠤᠷ᠎ᠠ ᠲᠡᠮᠲᠡᠭᠯᠡᠨ᠂ ᠢᠯᠡ ᠨᠡᠢᠲᠡᠯᠡᠬᠦ᠌ ᠱᠢᠰᠲ᠋ᠧᠮ᠎ᠢᠶᠡᠷ ᠳᠠᠮᠵᠢᠭᠤᠯᠤᠨ ᠨᠡᠢᠭᠡᠮ᠎ᠳᠦ ᠢᠯᠡ ᠨᠡᠢᠲᠡᠯᠡᠵᠦ᠍᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠡᠯ᠎ᠡ ᠲᠤᠬᠠᠢᠯᠠᠭ᠍ᠰᠠᠨ ᠠᠵᠢᠯ᠎ᠤᠨ ᠱᠤᠭᠤᠮ᠎ᠢ ᠪᠥᠬᠥ᠌ ᠲᠠᠯ᠎ᠠ᠎ᠪᠠᠷ ᠬᠠᠮᠤᠷᠤᠭ᠍ᠰᠠᠨ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠮᠡᠳᠡᠭᠡ ᠵᠠᠩᠭᠢ᠎ᠶ᠋ᠢ ᠢᠯᠡ ᠨᠡᠢᠲᠡᠯᠡᠬᠦ᠌ 《 ᠪᠥᠬᠥ᠌ ᠤᠯᠤᠰ᠎ᠲᠤ ᠨᠢᠭᠡ ᠰᠦᠯᠵᠢᠶ᠎ᠡ 》 ᠎ᠵᠢ ᠪᠣᠶ ᠪᠣᠯᠭᠠᠬᠤ᠎ᠶ᠋ᠢᠨ ᠬᠠᠮᠲᠤ ᠂ ᠴᠤᠭ᠍ᠯᠠᠭᠤᠯᠤᠭ᠍ᠰᠠᠨ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠮᠡᠳᠡᠭᠡ ᠵᠠᠩᠭᠢ᠎ᠶ᠋ᠢ 《ᠢᠲᠡᠭᠡᠮᠵᠢᠲᠦ ᠳᠤᠮᠳᠠᠳᠤ ᠤᠯᠤᠰ 》 ᠪᠠ 《 ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠎ᠵᠢᠨ ᠱᠢᠰᠲ᠋ᠧᠮ᠎ᠳᠦ ᠴᠠᠭ ᠲᠤᠬᠠᠶ᠎ᠳᠤᠨᠢ ᠢᠵᠢᠯᠢ ᠠᠯᠬᠤᠮ᠎ᠢᠶᠠᠷ ᠬᠦᠷᠭᠡᠵᠦ ᠪᠠᠢᠨ᠎ᠠ᠃

ᠡᠭᠦᠨ᠎ᠡᠴᠡ ᠭᠠᠳᠠᠨ᠎ᠠ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠳ ᠤᠯᠤᠰ᠎ᠤᠨ ᠠᠵᠤ ᠠᠬᠤᠢᠯᠠᠯ᠎ᠤᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠢᠯᠡ ᠨᠡᠢᠲᠡᠯᠡᠬᠦ᠌ ᠱᠢᠰᠲ᠋ᠧᠮ(ᠥᠪᠥᠷ ᠮᠣᠩᠭᠣᠯ) ᠎ᠤ᠋ᠨ ᠰᠠᠯᠠᠭ᠎ᠠ ᠮᠥᠴᠢᠷ᠎ᠦᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ᠎ᠢ ᠨᠡᠪᠲᠡᠷᠡᠭᠦᠯᠦᠨ᠂ ᠲᠣᠰ ᠲᠠᠪᠴᠠᠩ᠎ᠳᠤ ᠲᠦᠱᠢᠭ᠌ᠯᠡᠨ᠂ ᠪᠥᠬᠥ᠌ ᠣᠷᠣᠨ᠎ᠤ ᠪᠣᠶ ᠪᠥᠬᠥᠶ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠬᠦᠷᠢᠶ᠎ᠡ ᠴᠠᠷᠠᠭ᠎ᠠ᠎ᠶ᠋ᠢᠨ ᠬᠠᠮᠢᠶ᠎ᠠ ᠪᠥᠬᠥᠶ ᠰᠠᠯᠠᠭ᠎ᠠ ᠮᠥᠴᠢᠷ᠎ᠦᠳ ᠴᠥᠮ 《ᠬᠣᠶᠠᠷ᠎ᠢ ᠰᠤᠭᠤᠴᠢᠵᠤ᠂ ᠨᠢᠭᠡ᠎ᠶ᠋ᠢ ᠢᠯᠡ ᠪᠣᠯᠭᠠᠬᠤ》 ᠬᠢᠨᠠᠯᠲᠠ ᠬᠠᠮᠢᠶᠠᠷᠤᠯᠲᠠ ᠪᠠ ᠠᠵᠤ ᠠᠬᠤᠢᠯᠠᠯ᠎ᠳᠤ ᠬᠣᠯᠪᠣᠭ᠍ᠳᠠᠬᠤ《ᠬᠣᠶᠠᠷ᠎ᠢ ᠢᠯᠡ ᠨᠡᠢᠲᠡᠯᠡᠬᠦ᠌》ᠲᠣᠭ᠎ᠠ ᠪᠠᠷᠢᠮᠲᠠ᠎ᠶ᠋ᠢ ᠴᠤᠭ᠍ᠯᠠᠭᠤᠯᠤᠨ ᠨᠡᠢᠯᠡᠭᠦᠯᠬᠦ᠌ ᠠᠵᠢᠯ᠎ᠢ ᠥᠷᠨᠢᠭᠦᠯᠵᠦ᠍ ᠂ ᠨᠢᠭᠡ ᠰᠦᠯᠵᠢᠶ᠎ᠡ᠎ᠪᠡᠷ ᠠᠵᠢᠯᠯᠠᠬᠤ᠎ᠶ᠋ᠢ ᠪᠡᠶᠡᠯᠡᠭᠦᠯᠦᠨ᠎ᠡ᠃ ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ 77 ᠰᠠᠯᠠᠭ᠎ᠠ ᠮᠥᠴᠢᠷ ᠪᠠ ᠪᠠᠢᠭᠤᠯᠤᠮᠵᠢ᠎ᠶ᠋ᠢ ᠬᠠᠮᠤᠷᠴᠤ᠌᠂ ᠬᠡᠷᠡᠭᠯᠡᠵᠦ ᠪᠠᠢᠭ᠎ᠠ ᠨᠢᠭᠡᠴᠢ 5504᠂ ᠬᠡᠷᠡᠭ᠌ᠯᠡᠭ᠌ᠴᠢ 17056 ᠪᠠᠢᠵᠤ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢ 38.8 ᠲᠦᠮᠡᠨ ᠡᠷᠦᠬᠡ ᠪᠠᠢᠴᠠᠭᠠᠵᠤ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠵᠠᠰᠠᠭ ᠵᠠᠬᠢᠷᠭᠠᠨ᠎ᠤ ᠵᠥᠪᠱᠢᠶᠡᠷᠡᠯ᠎ᠦᠨ ᠮᠡᠳᠡᠭᠡ ᠵᠠᠩᠭᠢ᠎ᠶ᠋ᠢ 122.5 ᠲᠦᠮᠡᠨ ᠵᠤᠷᠪᠤᠰ᠂ ᠰᠤᠭᠤᠴᠢᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠡ ᠵᠠᠩᠭᠢ᠎ᠶ᠋ᠢ 41.9 ᠲᠦᠮᠡᠨ ᠵᠤᠷᠪᠤᠰ ᠴᠤᠭ᠍ᠯᠠᠭᠤᠯᠵᠠᠶ᠃

ᠳᠠᠷᠠᠭᠠᠴᠢ᠎ᠵᠢᠨ ᠠᠯᠬᠤᠮ᠎ᠳᠦ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠰᠠᠯᠠᠭ᠎ᠠ ᠮᠥᠴᠢᠷ ᠰᠤᠨᠳᠠᠯᠠᠨ ᠬᠠᠮᠲᠤᠷᠠᠨ ᠬᠢᠨᠠᠨ ᠬᠠᠮᠢᠶᠠᠷᠬᠤ᠎ᠶ᠋ᠢ ᠦᠷᠭᠦᠯᠵᠢᠯᠡᠨ ᠠᠬᠢᠭᠤᠯᠤᠨ᠂ ᠨᠢᠭᠡ ᠴᠣᠭ᠍ᠴᠠᠵᠢᠭᠤᠯᠤᠭ᠍ᠰᠠᠨ ᠰᠦᠯᠵᠢᠶᠡᠨ ᠳᠡᠭᠡᠷᠡᠬᠢ ᠬᠢᠨᠠᠯᠲᠠ ᠬᠠᠮᠢᠶᠠᠷᠤᠯᠲᠠ᠎ᠶ᠋ᠢᠨ ᠲᠠᠪᠴᠠᠩ᠎ᠢ ᠲᠦᠷᠭᠡᠳᠭᠡᠨ ᠪᠠᠢᠭᠤᠯᠵᠤ ᠂ ᠢᠲᠡᠭᠡᠮᠵᠢ᠎ᠶ᠋ᠢᠨ ᠬᠢᠨᠠᠯᠲᠠ ᠬᠠᠮᠢᠶᠠᠷᠤᠯᠲᠠ ᠪᠠ ᠣᠶᠤᠨᠴᠢ ᠬᠢᠨᠠᠯᠲᠠ ᠬᠠᠮᠢᠶᠠᠷᠤᠯᠲᠠ᠎ᠶ᠋ᠢ ᠲᠣᠪᠣᠢᠮ᠎ᠠ ᠰᠠᠢᠲᠤᠷ ᠠᠳᠬᠤᠨ᠂ ᠠᠵᠤ ᠠᠬᠤᠢᠯᠠᠯ᠎ᠤᠨ ᠢᠲᠡᠭᠡᠮᠵᠢ᠎ᠶ᠋ᠢᠨ ᠲᠦᠭ᠌ᠰᠢᠭᠦᠷᠢ᠎ᠶ᠋ᠢ ᠲᠥᠷᠥᠯ ᠬᠤᠪᠢᠶᠠᠬᠤ ᠭᠦᠶ᠋ᠴᠡᠳᠭᠡᠯ ᠲᠣᠭ᠎ᠠ᠎ᠶ᠋ᠢᠨ ᠱᠢᠰᠲ᠋ᠧᠮ᠎ᠢ᠎ᠱᠢᠨᠵᠢᠯᠡᠬᠦ᠌ ᠤᠬᠠᠭᠠᠨᠴᠢ᠎ᠪᠠᠷ ᠪᠠᠢᠭᠤᠯᠤᠨ᠎ᠠ᠃ ᠠᠵᠤ ᠠᠬᠤᠢᠯᠠᠯ᠎ᠤᠨ ᠢᠲᠡᠭᠡᠮᠵᠢ᠎ᠶ᠋ᠢᠨ ᠲᠦᠭ᠌ᠰᠢᠭᠦᠷᠢ᠎ᠶ᠋ᠢ ᠲᠥᠷᠥᠯ ᠬᠤᠪᠢᠶᠠᠭ᠍ᠰᠠᠨ ᠦᠷ᠎ᠡ ᠳ᠋ᠦᠩ᠎ᠢ ᠠᠰᠢᠭᠯᠠᠨ᠂ ᠬᠢᠨᠠᠯᠲᠠ ᠬᠠᠮᠢᠶᠠᠷᠤᠯᠲᠠ᠎ᠶ᠋ᠢᠨ ᠡᠬᠢ ᠪᠠᠶᠠᠯᠢᠭ᠎ᠢ ᠱᠢᠨᠵᠢᠯᠡᠬᠦ᠌ ᠤᠬᠠᠭᠠᠨᠴᠢ᠎ᠪᠠᠷ ᠳᠣᠭᠢᠷᠠᠭᠤᠯᠵᠤ᠂ ᠠᠵᠤ ᠠᠬᠤᠢᠯᠠᠯ᠎ᠤᠨ ᠢᠲᠡᠭᠡᠮᠵᠢ᠎ᠶ᠋ᠢᠨ ᠲᠦᠭ᠌ᠰᠢᠭᠦᠷᠢ᠎ᠶ᠋ᠢ ᠲᠥᠷᠥᠯ ᠬᠤᠪᠢᠶᠠᠨ ᠬᠠᠮᠢᠶᠠᠷᠬᠤ ᠲᠣᠭ᠍ᠲᠠᠴᠠ᠎ᠶ᠋ᠢ ᠪᠠᠢᠭᠤᠯᠬᠤ᠎ᠶ᠋ᠢᠨ ᠬᠠᠮᠲᠤ ᠦᠷᠭᠦᠯᠵᠢᠯᠡᠨ ᠰᠢᠯᠢᠳᠡᠭᠵᠢᠭᠦᠯᠦᠨ᠂ ᠢᠲᠡᠭᠡᠮᠵᠢ᠎ᠶ᠋ᠢᠨ ᠬᠢᠨᠠᠯᠲᠠ ᠬᠠᠮᠢᠶᠠᠷᠤᠯᠲᠠ᠎ᠪᠠᠷ ᠰᠠᠭᠤᠷᠢ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面