2022-05-19 09:20:51
ᠵᠠᠰᠠᠭ ᠤ᠋ᠨ ᠣᠷᠳᠣᠨ ᠤ᠋ ᠬᠤᠳᠠᠯᠳᠤᠨ ᠠᠪᠠᠨ᠌ᠥ ᠲᠣᠭᠠᠴᠢᠯᠠᠭ᠍ᠰᠠᠨ ᠳᠠᠪᠴᠠᠩᠤᠨ ᠪᠠᠢᠭᠤᠯᠤᠯᠲᠠ ᠢ᠋ᠢ ᠪᠠᠢᠷᠢᠱᠢᠭᠤᠯᠤᠭᠰᠠᠨ ᠡᠴᠡ 10 ᠬᠤᠪᠢᠶᠠᠷᠢ ᠱᠢᠰᠲ᠋ᠧᠮ 7 ᠰᠠᠭᠤᠷᠢ ᠬᠥᠮᠥᠷᠭᠡ ᠪᠦᠬᠦᠢ ᠵᠠᠰᠠᠭ ᠤ᠋ᠨ ᠣᠷᠳᠣᠨ ᠤ᠋ ᠬᠤᠳᠠᠯᠳᠤᠨ ᠠᠪᠠᠨ᠌ᠥ ᠡᠭᠦᠯᠡᠨ ᠲᠠᠪᠴᠠᠩ ᠢ᠋ ᠪᠠᠢᠭᠤᠯᠤᠭᠰᠠᠨ ᠬᠦᠷᠲᠡᠯ᠎ᠡ᠂ ᠳᠠᠬᠢᠭᠠᠳ ᠪᠦᠬᠦ ᠤᠷᠤᠨᠤ ᠵᠠᠰᠠᠭ ᠤ᠋ᠨ ᠣᠷᠳᠣᠨ ᠤ᠋ ᠬᠤᠳᠠᠯᠳᠤᠨ ᠠᠪᠠᠨ᠌ᠥ ᠠᠵᠢᠯᠯᠠᠭ᠎ᠠ ᠶ᠋ᠢ 《ᠨᠢᠭᠡ ᠰᠦᠯᠵᠢᠶ᠎ᠡ ᠪᠡᠷ ᠭᠦᠢᠴᠡᠳᠭᠡᠬᠦ》 ᠢ᠋ᠢ ᠨᠠᠢᠳᠠᠪᠤᠷᠢᠵᠢᠭᠤᠯᠤᠭᠰᠠᠨ ᠬᠦᠷᠲᠡᠯ᠎ᠡ᠂ ᠬᠤᠶᠠᠷ ᠵᠢᠯ ᠰᠢᠬᠠᠮᠤᠨ ᠬᠤᠭᠤᠴᠠᠭᠠᠨ ᠳ᠋ᠤ᠂ ᠦᠪᠡᠷᠳᠡᠭᠡᠨ ᠵᠠᠰᠠᠬᠤ ᠤᠷᠤᠨ ᠤ᠋ ᠵᠠᠰᠠᠭ ᠤ᠋ᠨ ᠤᠷᠳᠤᠨ ᠤ᠋ ᠬᠤᠳᠠᠯᠳᠤᠨ ᠠᠪᠬᠤ ᠶ᠋ᠢᠨ ᠲᠤᠭᠠᠴᠢᠯᠠᠭᠰᠠᠨ ᠪᠠᠢᠭᠤᠯᠤᠯᠳᠡ ᠰᠢᠨ᠎ᠠ ᠱᠠᠳᠤᠨ ᠳ᠋ᠤ ᠤᠷᠤᠵᠤ᠂ ᠲᠣᠭᠠᠴᠢᠯᠠᠭ᠍ᠰᠠᠨ ᠳᠡᠢᠰᠢ ᠬᠡᠯᠪᠡᠷᠢᠪᠡᠨ ᠬᠤᠪᠢᠷᠠᠭᠤᠯᠬᠤ ᠠᠬᠢᠴᠠ ᠪᠠᠨ ᠲᠦᠷᠭᠡᠳᠭᠡᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯᠢ ᠰᠢᠯᠢᠳᠡᠭᠵᠢᠭᠦᠯᠬᠦ ᠳ᠋ᠤ ᠬᠦᠴᠦᠨ ᠨᠡᠮᠡᠷᠢᠯᠡᠵᠤ ᠪᠠᠢᠨ᠎ᠠ᠃
ᠣᠳᠣᠬᠠᠨ ᠳ᠋ᠤ᠂ ᠥᠪᠡᠷᠲᠡᠭᠡᠨ ᠵᠠᠰᠠᠬᠤ ᠣᠷᠣᠨ ᠤ᠋ ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠡᠭᠦᠯᠡᠨ ᠲᠠᠪᠴᠠᠩᠨᠢ ᠪᠥᠬᠥ᠌ ᠣᠷᠣᠨ ᠤ᠋ 118 ᠭᠠᠵᠠᠷ ᠣᠷᠣᠨ ᠳ᠋ᠤ ᠲᠣᠭ᠎ᠠ ᠪᠠᠷᠢᠮᠲᠠ ᠢ᠋ᠢᠨ ᠲᠥᠷᠥᠯ ᠬᠡᠯᠪᠡᠷᠢ ᠢ᠋ᠢ ᠦᠨᠳᠦᠰᠦᠯᠡᠨ᠂ ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠲᠤᠬᠠᠢᠯᠠᠭ᠍ᠰᠠᠨ ᠠᠵᠢᠯ᠂ ᠬᠤᠳᠠᠯᠳᠤᠨ ᠠᠪᠬᠤ ᠭᠤᠤᠯ ᠴᠣᠭ᠍ᠴᠠ᠂ ᠲᠥᠷᠥᠯ ᠵᠦᠶ᠋ᠯ ᠤ᠋ᠨ ᠠᠷᠠᠯᠵᠢᠶ᠎ᠠ᠂ ᠬᠢᠨᠠᠨ ᠲᠣᠭ᠍ᠲᠠᠭᠠᠬᠤ ᠲᠤᠰᠭᠠᠶ ᠮᠡᠷᠭᠡᠵᠢᠯᠲᠡᠨ᠂ ᠬᠠᠩᠭᠠᠯᠭ᠎ᠠ ᠢ᠋ᠢᠨ ᠬᠤᠳᠠᠯᠳᠤᠭᠠᠴᠢᠨ᠂ ᠣᠷᠣᠯᠠᠨ ᠭᠦᠶ᠋ᠴᠡᠳᠭᠡᠬᠦ᠌ ᠪᠠᠢᠭᠤᠯᠤᠮᠵᠢ ᠢ᠋ᠢᠨ ᠪᠣᠶ ᠪᠤᠯᠤᠭᠰᠠᠨ ᠲᠣᠭ᠎ᠠ ᠪᠠᠷᠢᠮᠲᠠ ᠢ᠋ᠢ ᠲᠥᠷᠥᠯ ᠬᠤᠪᠢᠶᠠᠬᠤ᠂ ᠪᠦᠷᠢᠳᠭᠡᠬᠦ᠌᠂ ᠵᠠᠳᠠᠯᠬᠤ ᠵᠡᠷᠭᠡ ᠠᠵᠢᠯᠢ ᠴᠠᠭ ᠲᠤᠬᠠᠶ ᠳ᠋ᠤᠨᠢ ᠬᠦᠢᠴᠡᠳᠭᠡᠵᠤ᠂ ᠨᠡᠢᠲᠡ 9.65 ᠲᠦᠮᠡᠨ ᠬᠤᠳᠠᠯᠳᠤᠨ ᠠᠪᠬᠤ ᠭᠤᠤᠯ ᠴᠣᠭ᠍ᠴᠠ᠂ 52 ᠲᠦᠮᠡ ᠭᠠᠷᠤᠶ ᠵᠤᠷᠪᠤᠰ ᠠᠯᠪᠠᠨ ᠵᠠᠷ ᠤ᠋ᠨ ᠮᠡᠳᠡᠭᠡ ᠵᠠᠩᠭᠢ᠂ 1310 ᠲᠦᠮᠡ ᠱᠢᠬᠠᠮ ᠵᠤᠷᠪᠤᠰ ᠲᠤᠬᠠᠢᠯᠠᠭ᠍ᠰᠠᠨ ᠠᠵᠢᠯ ᠤ᠋ᠨ ᠲᠣᠭ᠎ᠠ ᠪᠠᠷᠢᠮᠲᠠ ᠲᠠᠢ ᠬᠣᠯᠪᠣᠭ᠍ᠳᠠᠵᠠᠶ᠃ ᠪᠥᠬᠥ᠌ ᠣᠷᠣᠨ ᠤ᠋ ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠲᠤᠬᠠᠢᠯᠠᠭ᠍ᠰᠠᠨ ᠠᠵᠢᠯ ᠤ᠋ᠨ ᠶᠡᠷᠦᠩᠬᠡᠶ ᠪᠠᠢᠳᠠᠯ᠂ ᠲᠥᠷᠥᠯ ᠵᠦᠶ᠋ᠯ ᠤ᠋ᠨ ᠠᠷᠠᠯᠵᠢᠶ᠎ᠠ ᠢ᠋ᠢᠨ ᠶᠠᠪᠤᠴᠠ ᠳ᠋ᠤ ᠵᠠᠳᠠᠯᠤᠯᠲᠠ ᠬᠢᠬᠦ ᠪᠡᠷ ᠳᠠᠮᠵᠢᠨ᠂ ᠪᠥᠬᠥ᠌ ᠣᠷᠣᠨ ᠤ᠋ ᠡᠯ᠎ᠡ ᠱᠠᠲᠤᠨ ᠤ᠋ ᠬᠢᠨᠠᠯᠳᠡ ᠬᠠᠮᠢᠶᠠᠷᠤᠯᠳᠡ ᠢ᠋ᠢᠨ ᠰᠠᠯᠠᠭ᠎ᠠ ᠮᠥᠴᠢᠷᠤᠨ ᠬᠢᠨ ᠲᠤᠬᠠᠢᠯᠠᠭ᠍ᠰᠠᠨ ᠠᠵᠢᠯᠢ ᠭᠦᠶ᠋ᠴᠡᠳᠭᠡᠭ᠌ᠰᠡᠨ ᠪᠠᠢᠳᠠᠯ᠂ ᠬᠤᠳᠠᠯᠳᠤᠨ ᠠᠪᠬᠤ ᠲᠥᠰᠦᠪᠢ ᠬᠡᠷᠡᠭ᠌ᠵᠢᠭᠦᠯᠦᠭ᠌ᠰᠡᠨ ᠪᠠᠢᠳᠠᠯ᠂ ᠮᠡᠳᠡᠭᠡ ᠵᠠᠩᠭᠢ ᠢ᠋ᠢ ᠢᠯᠡ ᠪᠣᠯᠭᠠᠭ᠍ᠰᠠᠨ ᠪᠠᠢᠳᠠᠯᠢ ᠴᠠᠭ ᠲᠤᠬᠠᠶ ᠳ᠋ᠤᠨᠢ ᠡᠵᠡᠮᠱᠢᠵᠦ᠍᠂ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠳ᠋ᠤ ᠨᠠᠢᠳᠠᠪᠤᠷᠢᠲᠠᠶ ᠦᠨᠳᠦᠰᠦ ᠪᠠᠷᠢᠮᠲᠠ ᠬᠠᠨᠭᠭᠠᠭᠰᠠᠨ ᠪᠠᠢᠨ᠎ᠠ᠃
ᠮᠠᠨ ᠤ᠋ ᠤᠷᠤᠨ ᠤ᠋ ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠢ᠋ᠢ ᠬᠢᠨᠠᠨ ᠬᠠᠮᠢᠶᠠᠷᠬᠤ ᠰᠠᠯᠠᠭ᠎ᠠ ᠮᠥᠴᠢᠷᠤᠨ ᠬᠢᠨ ᠲᠤᠭᠠᠴᠢᠯᠠᠭᠰᠠᠨ ᠲᠡᠢᠰᠢ ᠬᠡᠯᠪᠡᠷᠢ ᠪᠠᠨ ᠬᠤᠪᠢᠷᠠᠭᠤᠯᠬᠤ ᠶᠠᠪᠤᠴᠡ ᠳ᠋ᠠᠬᠢ ᠬᠤᠪᠢᠷᠠᠯᠲᠠ ᠳ᠋ᠤ ᠵᠣᠬᠢᠴᠠᠭᠤᠯᠤᠨ᠂ ᠬᠢᠨᠠᠨ ᠬᠠᠮᠢᠶᠠᠷᠬᠤ ᠴᠢᠳᠠᠪᠤᠷᠢᠪᠡᠨ ᠨᠠᠡᠭ ᠳᠡᠭᠡᠭ᠌ᠰᠢᠯᠡᠭᠦᠯᠵᠡᠢ᠃ 2021 ᠣᠨ ᠡᠴᠡ ᠨᠠᠭᠠᠰᠢ᠂ ᠦᠪᠡᠷᠳᠡᠭᠡᠨ ᠵᠠᠰᠠᠬᠤ ᠤᠷᠤᠨ ᠤ᠋ ᠡᠳ᠋ ᠤ᠋ᠨ ᠵᠠᠰᠠᠭ ᠤ᠋ᠨ ᠲᠢᠩᠬᠢᠮ ᠤ᠋ᠨ ᠬᠢᠨ 《ᠢᠨᠲ᠋ᠸᠷ ᠰᠦᠯᠵᠢᠶ᠎ᠡ + ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ》 ᠮᠡᠷᠭᠡᠵᠢᠯ ᠤ᠋ᠨ ᠲᠤᠯᠭᠠᠭᠤᠷᠢᠯᠠᠯ ᠪᠠ ᠠᠷᠭ᠎ᠠ ᠢ᠋ᠢᠨ ᠬᠡᠷᠡᠭ᠌ᠯᠡᠯᠲᠡ ᠢ᠋ᠢ ᠲᠠᠰᠤᠷᠠᠯᠲᠠ ᠥᠬᠡᠶ ᠰᠦᠪᠡᠭ᠌ᠴᠢᠯᠡᠵᠦ᠍᠂ 《ᠬᠡᠷᠡᠭ ᠤ᠋ᠨ ᠡᠮᠦᠨ᠎ᠡ ᠤᠷᠢᠳᠴᠢᠯᠠᠨ ᠰᠡᠷᠡᠮᠵᠢᠯᠡᠭᠦᠯᠬᠦ᠌᠂ ᠬᠡᠷᠡᠭ ᠤ᠋ᠨ ᠳᠤᠮᠳᠠ ᠬᠢᠨᠠᠨ ᠡᠵᠡᠮᠳᠡᠬᠦ᠌᠂ ᠬᠡᠷᠡᠭ ᠤ᠋ᠨ ᠳᠠᠷᠠᠭ᠎ᠠ ᠵᠠᠳᠠᠯᠬᠤ》 ᠲᠣᠭᠠᠴᠢᠯᠠᠭ᠍ᠰᠠᠨ ᠬᠢᠨᠡᠨ ᠬᠠᠮᠢᠶᠠᠷᠬᠤ ᠲᠣᠭ᠍ᠲᠠᠴᠠ ᠢ᠋ᠢ ᠪᠠᠢᠭᠤᠯᠵᠤ᠂ ᠬᠢᠨᠠᠯᠲᠠ ᠬᠠᠮᠢᠶᠠᠷᠤᠯᠲᠠ ᠢ᠋ᠢᠨ ᠰᠠᠯᠠᠭ᠎ᠠ ᠮᠥᠴᠢᠷ ᠤ᠋ᠨ ᠲᠣᠰ ᠪᠡᠶ᠎ᠡ ᠢ᠋ᠢᠨ ᠵᠠᠰᠠᠯᠲᠠ ᠢ᠋ᠢᠨ ᠲᠦᠪᠱᠢᠨᠢ ᠳᠡᠭᠡᠭ᠌ᠰᠢᠯᠡᠭᠦᠯᠵᠠᠢ᠃ ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠡᠭᠦᠯᠡᠨ ᠲᠠᠪᠴᠠᠩ ᠤ᠋ᠨ ᠬᠢᠨᠠᠯᠲᠠ ᠲᠠᠯᠪᠢᠵᠤ ᠤᠷᠢᠳᠴᠢᠯᠠᠨ ᠰᠡᠷᠡᠮᠵᠢᠯᠡᠭᠦᠯᠬᠦ᠌ ᠬᠤᠪᠢᠶᠠᠷᠢ ᠱᠢᠰᠲ᠋ᠧᠮ ᠨᠢ ᠬᠤᠳᠠᠯᠳᠤᠨ ᠠᠪᠬᠤ ᠲᠥᠰᠦᠪ᠂ ᠬᠤᠳᠠᠯᠳᠤᠨ ᠠᠪᠬᠤ ᠵᠠᠷ᠂ ᠬᠤᠳᠠᠯᠳᠤᠨ ᠠᠪᠬᠤ ᠲᠥᠯᠥᠪᠯᠡᠭᠡ᠂ ᠡᠯᠧᠺᠲ᠋ᠷᠣᠨ ᠠᠷᠠᠯᠵᠢᠶ᠎ᠠ᠂ ᠬᠤᠳᠠᠯᠳᠤᠨ ᠠᠪᠬᠤ ᠭᠡᠷ᠎ᠡ ᠵᠡᠷᠭᠡ 7 ᠲᠤᠬᠠᠢᠯᠠᠭ᠍ᠰᠠᠨ ᠠᠵᠢᠯ ᠤ᠋ᠨ ᠭᠣᠭ᠍ᠴᠣᠭᠠ ᠳ᠋ᠤ 68 ᠤᠷᠢᠳᠴᠢᠯᠠᠨ ᠰᠡᠷᠡᠮᠵᠢᠯᠡᠭᠦᠯᠬᠦ᠌ ᠲᠦᠷᠢᠮ ᠲᠤᠭᠳᠠᠭᠠᠵᠤ᠂ ᠡᠯ᠎ᠡ ᠲᠥᠷᠥᠯ ᠤ᠋ᠨ ᠬᠤᠳᠠᠯᠳᠤᠨ ᠠᠪᠬᠤ ᠭᠤᠤᠯ ᠴᠣᠭ᠍ᠴᠠ ᠢ᠋ᠢᠨ ᠬᠤᠳᠠᠯᠳᠤᠨ ᠠᠪᠬᠤ ᠠᠵᠢᠯᠯᠠᠭ᠎ᠠ ᠢ᠋ᠢ 《ᠤᠯᠠᠭᠠᠨ᠂ ᠤᠯᠠᠪᠤᠷ᠂ ᠱᠢᠷᠠ》 ᠭᠤᠷᠪᠠᠨ ᠳᠡᠰᠢ᠋ᠢᠡᠷ ᠤᠷᠢᠳᠴᠢᠯᠡᠨ ᠰᠡᠷᠡᠮᠵᠢᠯᠡᠬᠦᠯᠵᠤ᠂ ᠠᠶᠤᠯ ᠲᠦᠭ᠌ᠰᠢᠭᠦᠷᠢ ᠢ᠋ᠢ ᠡᠭᠦᠰᠭᠦᠡᠴᠡ ᠡᠮᠦᠨ᠎ᠡ ᠬᠢᠵᠠᠭᠠᠷᠯᠠᠵᠠᠢ᠃
2021 ᠣᠨ ᠳ᠋ᠤ᠂ ᠥᠪᠡᠷᠲᠡᠭᠡᠨ ᠵᠠᠰᠠᠬᠤ ᠣᠷᠣᠨ ᠤ᠋ ᠡᠳ᠋ ᠤ᠋ᠨ ᠵᠠᠰᠠᠭ ᠤ᠋ᠨ ᠲᠢᠩᠬᠢᠮ ᠤ᠋ᠨ ᠬᠢᠨ ᠮᠡᠳᠡᠭ᠌ᠳᠡᠯ ᠳᠠᠷᠤᠮᠠᠯᠯᠠᠨ ᠲᠠᠷᠬᠠᠭᠠᠵᠤ᠂ ᠪᠥᠬᠥ᠌ ᠣᠷᠣᠨ ᠤ᠋ ᠬᠤᠳᠠᠯᠳᠤᠨ ᠠᠪᠤᠭ᠍ᠴᠢ᠂ ᠬᠠᠩᠭᠠᠯᠭ᠎ᠠ ᠢ᠋ᠢᠨ ᠬᠤᠳᠠᠯᠳᠤᠭᠠᠴᠢᠨ᠂ ᠣᠷᠣᠯᠠᠨ ᠭᠦᠶ᠋ᠴᠡᠳᠭᠡᠬᠦ᠌ ᠪᠠᠢᠭᠤᠯᠤᠮᠵᠢ᠂ ᠬᠢᠨᠠᠨ ᠲᠣᠭ᠍ᠲᠠᠭᠠᠬᠤ ᠲᠤᠰᠭᠠᠶ ᠮᠡᠷᠭᠡᠵᠢᠯᠲᠡᠨ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠲᠦ᠍ ᠬᠤᠯᠪᠤᠭᠳᠠᠬᠤ 129 ᠵᠦᠶ᠋ᠯ ᠤ᠋ᠨ ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠲᠤᠬᠠᠢᠯᠠᠭ᠍ᠰᠠᠨ ᠠᠵᠢᠯᠳᠦ ᠭᠡᠷᠡᠪᠡᠨ ᠭᠦᠶ᠋ᠴᠡᠳᠭᠡᠵᠦ᠍ ᠱᠢᠯᠭᠠᠨ ᠠᠪᠬᠤ ᠡᠴᠡ ᠠᠪᠤᠭᠠᠳ ᠦᠨᠡᠯᠡᠯᠳᠡ ᠬᠢᠬᠦ ᠬᠦᠷᠳᠡᠯᠡᠬᠢ ᠵᠠᠰᠠᠭ ᠤ᠋ᠨ ᠤᠷᠳᠤᠨ ᠤ᠋ ᠬᠤᠳᠠᠯᠳᠤᠨ ᠠᠪᠬᠤ ᠪᠥᠬᠥ᠌ ᠶᠠᠪᠤᠴᠡ ᠪᠡ ᠬᠤᠳᠠᠯᠳᠤᠨ ᠠᠪᠬᠤ ᠵᠦᠶ᠋ᠯᠡᠰᠢ ᠬᠠᠮᠤᠷᠬᠤ ᠢ᠋ᠢ ᠱᠠᠭᠠᠷᠳᠠᠨ ᠪᠠᠶᠠᠯᠠᠬᠦᠯᠵᠤ᠂ ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠡᠭᠦᠯᠡᠨ ᠲᠠᠪᠴᠠᠩ ᠤᠨ ᠲᠥᠬᠥᠮ ᠦᠵᠡᠭᠦᠯᠬᠦ᠌ ᠬᠡᠮᠵᠢᠶ᠎ᠡ ᠢ᠋ᠢ ᠲᠤᠢᠯ ᠤ᠋ᠨ ᠶᠡᠬᠡ ᠪᠡᠷ ᠳᠡᠭᠡᠭ᠌ᠰᠢᠯᠡᠭᠦᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃