2022-05-23 09:59:07
ᠤᠢᠷ᠎ᠠ᠎ᠳᠦ ᠬᠤᠷᠠᠯᠳᠤᠭᠤᠯᠤᠭᠰᠠᠨ 《ᠦᠪᠡᠷᠲᠡᠭᠡᠨ ᠵᠠᠰᠠᠬᠤ ᠤᠷᠤᠨ᠎ᠤ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ᠎ᠢ ᠰᠢᠯᠢᠳᠡᠭᠵᠢᠭᠦᠯᠬᠦ》 ᠰᠤᠨᠢᠨ ᠮᠡᠳᠡᠭᠡ ᠨᠡᠢᠲᠡᠯᠡᠬᠦ ᠬᠤᠷᠠᠯ ᠡᠴᠡ ᠤᠢᠯᠠᠭᠠᠭᠰᠠᠨ᠎ᠵᠢᠡᠷ᠂ ᠬᠥᠬᠡᠬᠣᠲᠠᠬᠢᠵᠢᠭᠦᠨ ᠣᠷᠴᠢᠨ ᠨᠥᠬᠥᠴᠡᠯ ᠳᠤᠤᠷᠠᠬᠢ ᠠᠵᠤ ᠠᠬᠤᠢᠯᠠᠯ ᠪᠠ ᠣᠯᠠᠨ ᠲᠦᠮᠡᠨ᠎ᠦ ᠠᠵᠢᠯ ᠶᠠᠪᠤᠳᠠᠯ ᠭᠦᠶ᠋ᠴᠡᠳᠭᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠬᠤ᠎ᠶ᠋ᠢᠨ ᠲᠥᠯᠥᠭᠡ᠂ ᠰᠦᠯᠵᠢᠶᠡᠨ ᠳᠡᠭᠡᠷᠡᠬᠢ ᠪᠠ ᠲᠤᠬᠠᠢ᠎ᠵᠢᠨ ᠲᠠᠯᠠᠪᠠᠢ᠎ᠵᠢ ᠨᠢᠭᠡ ᠴᠣᠭ᠍ᠴᠠᠵᠢᠭᠤᠯᠤᠭ᠍ᠰᠠᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠠᠡᠭᠭᠠᠨ᠂ ᠰᠦᠯᠵᠢᠶᠡᠨ ᠳᠡᠭᠡᠷ᠎ᠡ 〈ᠡᠭᠦᠳᠡ᠎ᠪᠡᠨ ᠬᠠᠭᠠᠬᠤ ᠥᠬᠡᠶ〉᠂ ᠲᠤᠬᠠᠢ᠎ᠵᠢᠨ ᠲᠠᠯᠠᠪᠠᠢ᠎ᠵᠢᠨ〈ᠲᠠᠩᠰᠠ ᠡᠪᠬᠡᠮᠡᠯ᠎ᠢ ᠲᠠᠰᠤᠯᠳᠠᠭᠤᠯᠬᠤ ᠦᠭᠡᠢ〉 ᠪᠠᠢᠬᠤ᠎ᠵᠢ ᠦᠨᠡᠨ ᠬᠦ᠌ ᠪᠡᠶᠡᠯᠡᠭᠦᠯᠵᠦ᠍᠂ ᠠᠵᠤ ᠠᠬᠤᠢᠯᠠᠯ ᠪᠠ ᠣᠯᠠᠨ ᠲᠦᠮᠡᠨ ᠠᠵᠢᠯ ᠶᠠᠪᠤᠳᠠᠯ ᠭᠦᠶ᠋ᠴᠡᠳᠭᠡᠬᠦ᠌᠎ᠳᠦ ᠵᠣᠪᠠᠬᠤ ᠵᠦᠶ᠋ᠯ ᠥᠬᠡᠶ ᠪᠤᠯᠭᠠᠭᠰᠠᠨ ᠪᠠᠢᠨ᠎ᠠ᠃
ᠰᠦᠯᠵᠢᠶᠡᠨ ᠳᠡᠭᠡᠷ᠎ᠡ 《ᠡᠭᠦᠳᠡ᠎ᠪᠡᠨ ᠬᠠᠭᠠᠬᠤ ᠥᠬᠡᠶ》᠂ 《ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌》 ᠵᠢ ᠨᠠᠩ ᠥᠨᠳᠥᠷ ᠪᠦᠲᠦᠮᠵᠢᠲᠡᠶ ᠪᠣᠯᠭᠠᠪᠠ᠃ ᠡᠭᠦᠨ᠎ᠳᠦ᠂ ᠠᠵᠤ ᠠᠬᠤᠢᠯᠠᠯ ᠪᠠ ᠣᠯᠠᠨ ᠲᠦᠮᠡᠨ 《ᠮᠥᠩᠬᠡ ᠰᠤᠪᠠᠭ》 APP ᠵᠢ ᠤᠭ᠍ᠰᠠᠷᠠᠪᠠᠯ᠂ ᠭᠠᠷ ᠤᠳᠠᠰᠤᠨ ᠳᠡᠭᠡᠷ᠎ᠡ᠎ᠪᠡᠨ ᠵᠠᠮ ᠬᠠᠷᠢᠯᠴᠠᠭᠠᠨ᠎ᠤ ᠬᠠᠮᠢᠶᠠᠷᠤᠯᠲᠠ᠂ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠂ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢ ᠲᠤᠱᠢᠶᠠᠨ ᠬᠠᠳᠠᠭᠠᠯᠠᠭᠤᠯᠬᠤ ᠪᠠ ᠭᠠᠷᠭᠠᠨ ᠠᠪᠬᠤ ᠵᠡᠷᠭᠡ 412 ᠵᠦᠶ᠋ᠯᠡᠰ᠎ᠢ ᠭᠦᠶ᠋ᠴᠡᠳᠭᠡᠵᠦ᠍ ᠪᠣᠯᠤᠨ᠎ᠠ; 《ᠬᠥᠬᠡᠬᠣᠲᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠰᠦᠯᠵᠢᠶ᠎ᠡ》 ᠳ᠋ᠦ ᠭᠠᠷᠴᠤ᠌᠂ ᠠᠵᠤ ᠠᠬᠤᠢᠯᠠᠯ ᠪᠤᠰᠬᠠᠬᠤ᠂ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌᠂ ᠱᠢᠯᠭᠠᠯᠲᠠ ᠪᠤᠯᠪᠠᠰᠤᠷᠠᠯ ᠵᠡᠷᠭᠡ ᠵᠦᠶ᠋ᠯᠡᠰ᠎ᠢ ᠬᠠᠢᠪᠠᠯ ᠳᠠᠷᠤᠶ ᠬᠠᠷᠠᠭᠠᠯᠵᠠᠭᠰᠠᠨ ᠠᠵᠢᠯ ᠶᠠᠪᠤᠳᠠᠯ ᠭᠦᠶ᠋ᠴᠡᠳᠭᠡᠬᠦ᠌ ᠵᠦᠭ᠌ᠯᠡᠭᠦᠷ ᠪᠠ ᠶᠠᠪᠤᠴᠠ᠎ᠵᠢ ᠤᠢᠯᠠᠭᠠᠨ᠂ ᠬᠠᠮᠢᠶ᠎ᠠ ᠪᠥᠬᠥᠶ ᠰᠠᠨᠠᠭᠤᠯᠤᠮᠵᠢ᠎ᠶ᠋ᠢᠨ ᠮᠡᠳᠡᠭᠡ ᠵᠠᠩᠭᠢ᠎ᠶ᠋ᠢ ᠦᠨᠳᠦᠰᠦᠯᠡᠨ ᠠᠭᠤᠯᠭ᠎ᠠ᠎ᠶ᠋ᠢ ᠲᠠᠭ᠍ᠯᠠᠨ ᠪᠢᠴᠢᠵᠦ᠍᠂ ᠬᠠᠷᠠᠭᠠᠯᠵᠠᠭᠰᠠᠨ ᠡᠯᠧᠺᠲ᠋ᠷᠣᠨ ᠮᠠᠲ᠋ᠧᠷᠢᠶᠠᠯ᠎ᠢᠶᠠᠨ ᠲᠤᠰᠢᠶᠠᠨ᠂ ᠬᠢᠨᠠᠨ ᠰᠢᠯᠭᠠᠭᠤᠯᠵᠤ ᠪᠣᠯᠤᠨ᠎ᠠ᠃ ᠣᠳᠣᠬᠠᠨ᠎ᠳᠤ ᠬᠥᠬᠡᠬᠣᠲᠠ ᠪᠥᠬᠥ᠌ ᠣᠷᠣᠨ᠎ᠤ ᠨᠢᠭᠡ ᠴᠣᠭ᠍ᠴᠠᠵᠢᠭᠤᠯᠤᠭ᠍ᠰᠠᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠠᠪᠴᠠᠩ ᠳᠡᠭᠡᠷ᠎ᠡ ᠨᠡᠢᠲᠡ 1269 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ ᠨᠡᠢᠲᠡᠯᠡᠵᠦ᠍᠂ 528 ᠵᠦᠶ᠋ᠯᠡᠰ᠎ᠢ 《ᠪᠥᠬᠥ᠌ ᠶᠠᠪᠤᠴᠠ᠎ᠳᠤ ᠰᠦᠯᠵᠢᠶ᠎ᠡ᠎ᠪᠡᠷ ᠭᠦᠶ᠋ᠴᠡᠳᠭᠡᠬᠦ᠌》 ᠵᠢ ᠪᠡᠶᠡᠯᠡᠭᠦᠯᠪᠡ; ᠰᠦᠯᠵᠢᠶᠡᠨ ᠳᠡᠭᠡᠷ᠎ᠡ ᠬᠠᠮᠢᠶ᠎ᠠ ᠪᠥᠬᠥᠶ ᠲᠤᠬᠠᠢᠯᠠᠭ᠍ᠰᠠᠨ ᠠᠵᠢᠯ᠎ᠢ ᠭᠦᠶ᠋ᠴᠡᠳᠭᠡᠵᠦ᠍ ᠳᠠᠭᠤᠰᠤᠭ᠍ᠰᠠᠨ᠎ᠤ ᠳᠠᠷᠠᠭ᠎ᠠ᠂ ᠰᠦᠶ᠋ᠳᠭᠡᠯ ᠬᠤᠷᠢᠶᠠᠬᠤ ᠥᠬᠡᠶ᠎ᠪᠡᠷ ᠱᠢᠤᠳᠠᠨ᠎ᠢᠶᠠᠷ ᠢᠯᠡᠭᠡᠬᠦ᠎ᠶ᠋ᠢ ᠰᠣᠩᠭᠣᠵᠤ ᠭᠡᠷ ᠲᠡᠭᠡᠨ ᠬᠦᠷᠭᠡᠬᠦᠯᠵᠦ ᠪᠤᠯᠤᠨ᠎ᠠ᠃ ᠡᠨᠡ ᠨᠢ ᠠᠵᠤ ᠠᠬᠤᠢᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠭᠦᠶ᠋ᠴᠡᠳᠭᠡᠬᠦ᠌ ᠴᠠᠭ᠎ᠢ ᠦᠨᠡᠨ ᠬᠦ᠌ ᠠᠷᠪᠢᠯᠠᠬᠤ᠎ᠵᠢᠨ ᠬᠠᠮᠲᠤ ᠠᠵᠢᠯ ᠶᠠᠪᠤᠳᠠᠯ ᠭᠦᠶ᠋ᠴᠡᠳᠭᠡᠬᠦ᠌ ᠥᠪᠡᠷ᠎ᠦᠨ ᠥᠷᠲᠡᠭ᠎ᠢ ᠪᠠᠭᠤᠷᠠᠭᠤᠯᠤᠭᠰᠠᠨ ᠪᠠᠢᠨ᠎ᠠ; 2022 ᠣᠨ᠎ᠳᠤ ᠬᠥᠬᠡᠬᠣᠲᠠ᠎ᠶ᠋ᠢᠨ ᠬᠢᠨ 《ᠨᠢᠭᠡ ᠬᠣᠲᠠ᠎ᠳᠤ ᠨᠡᠢᠳᠡᠮ ᠭᠦᠶ᠋ᠴᠡᠳᠭᠡᠬᠦ᠌》 100 ᠵᠦᠶ᠋ᠯ᠎ᠦᠨ ᠬᠠᠷᠠᠯᠲᠠ᠎ᠶ᠋ᠢ ᠲᠣᠭ᠍ᠲᠠᠭᠠᠵᠤ᠂ 《ᠡᠭᠦᠯᠡᠨ ᠠᠭᠤᠯᠵᠠᠯᠲᠠ》 ᠬᠢᠨᠠᠨ ᠪᠠᠢᠴᠠᠭᠠᠯᠲᠠ᠎ᠪᠠᠷ ᠳᠠᠮᠵᠢᠭᠤᠯᠤᠨ᠂ 《ᠤᠨᠳᠤᠤ ᠭᠠᠵᠠᠷ᠎ᠲᠤ ᠭᠥᠯᠢᠶᠡᠨ ᠠᠪᠴᠤ᠌ ᠱᠢᠶ᠋ᠳᠪᠦᠷᠢᠯᠡᠬᠦ᠌᠂ ᠵᠥᠷᠢᠶ᠎ᠡ ᠥᠬᠡᠶ ᠭᠦᠶ᠋ᠴᠡᠳᠭᠡᠬᠦ᠌》 ᠵᠢ ᠪᠡᠶᠡᠯᠡᠭᠦᠯᠦᠨ᠎ᠡ; ᠣᠳᠣᠬᠠᠨ᠎ᠳᠤ ᠬᠦᠬᠡᠬᠤᠲᠠ᠎ᠵᠢᠨ ᠦᠶ᠋ᠯᠡᠳᠪᠦᠷᠢᠯᠡᠯ ᠠᠮᠢᠳᠤᠷᠠᠯ᠎ᠯᠤᠭ᠎ᠠ ᠨᠢᠭ᠍ᠲᠠ ᠬᠣᠯᠪᠣᠭ᠎ᠠ᠎ᠲᠠᠶ ᠨᠡᠢᠭᠡᠮ᠎ᠦᠨ ᠪᠠᠲᠤᠯᠠᠭ᠎ᠠ᠂ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ 145 ᠵᠦᠶ᠋ᠯᠡᠰ᠎ᠢ 《ᠮᠤᠵᠢ ᠰᠤᠨᠳᠠᠯᠠᠨ ᠨᠡᠢᠳᠡᠮ ᠭᠦᠶ᠋ᠴᠡᠳᠭᠡᠬᠦ᠌》 ᠵᠢ ᠪᠡᠶᠡᠯᠡᠭᠦᠯᠵᠦ᠍᠂ ᠴᠠᠭ ᠪᠠ ᠣᠷᠣᠨ ᠵᠠᠶ᠎ᠶ᠋ᠢᠨ ᠬᠢᠵᠠᠭᠠᠷᠯᠠᠯ᠎ᠢ ᠡᠪᠳᠡᠨ᠂ ᠤᠨᠳᠤᠤ ᠭᠠᠵᠠᠷ᠎ᠲᠤ ᠠᠵᠢᠯ ᠶᠠᠪᠤᠳᠠᠯ ᠭᠦᠶ᠋ᠴᠡᠳᠭᠡᠬᠦ᠌᠎ᠳᠦ ᠲᠥᠬᠥᠮ ᠦᠵᠡᠭᠦᠯᠪᠡ᠃
ᠲᠤᠬᠠᠢ᠎ᠵᠢᠨ ᠲᠠᠯᠠᠪᠠᠢ᠎ᠳᠦ ᠠᠵᠢᠯ ᠶᠠᠪᠤᠳᠠᠯ ᠭᠦᠢᠴᠡᠳᠭᠡᠬᠦ 《ᠲᠠᠩᠰᠠ ᠡᠪᠬᠡᠮᠡᠯ᠎ᠢ ᠲᠠᠰᠤᠯᠳᠠᠭᠤᠯᠬᠤ ᠦᠭᠡᠢ》 ᠪᠠᠢᠵᠤ᠂ ᠤᠷᠢᠳᠴᠢᠯᠠᠨ ᠪᠤᠯᠵᠠᠵᠤ ᠬᠠᠪᠰᠤᠷᠤᠨ ᠭᠦᠶ᠋ᠴᠡᠳᠭᠡᠬᠦ᠌ ᠦᠢᠯᠡᠴᠢᠯᠡᠭᠡ ᠠᠵᠤ ᠠᠬᠤᠢᠯᠠᠯ ᠪᠠ ᠠᠷᠠᠳ ᠲᠦᠮᠡᠨ᠎ᠳᠦ ᠳᠦᠭᠦᠮ ᠦᠵᠡᠭᠦᠯᠵᠦ ᠪᠠᠢᠨ᠎ᠠ᠃ ᠡᠭᠦᠨ᠎ᠳᠦ᠂ ᠦᠨᠡᠨ ᠬᠦ᠌ ᠲᠤᠬᠠᠢ᠎ᠵᠢᠨ ᠲᠠᠯᠠᠪᠠᠢ᠎ᠳᠦ ᠬᠦᠷᠴᠦ ᠭᠦᠶ᠋ᠴᠡᠳᠭᠡᠬᠦ᠌ ᠴᠢᠬᠤᠯᠠᠲᠠᠶ ᠪᠠᠢᠪᠠᠯ 《ᠬᠥᠬᠡᠬᠣᠲᠠ᠎ᠶ᠋ᠢᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ ᠪᠠ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ 》 ᠵᠢᠨ ᠠᠯᠪᠠᠨ ᠰᠦᠯᠵᠢᠶ᠎ᠡ ᠪᠠ 《ᠬᠥᠬᠡᠬᠣᠲᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ》 ᠵᠢᠨ ᠵᠢᠷᠭᠢᠶ᠎ᠡ᠎ᠵᠢᠨ ᠤᠯᠠᠨ ᠨᠡᠢᠲᠡ᠎ᠵᠢᠨ ᠲᠠᠪᠴᠠᠡᠭ᠎ᠢᠶᠡᠷ ᠳᠠᠮᠵᠢᠭᠤᠯᠤᠨ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ᠂ ᠣᠷᠭᠢᠯ᠎ᠤᠨ ᠬᠤᠭᠤᠴᠠᠭ᠎ᠠ᠎ᠶ᠋ᠢ ᠵᠥᠷᠢᠭᠦᠯᠦᠨ ᠭᠦᠶ᠋ᠴᠡᠳᠭᠡᠵᠦ᠍ ᠪᠣᠯᠤᠨ᠎ᠠ᠃ ᠪᠠᠰᠠ 0471 — 5332000᠂ 533211 ᠪᠡᠷ ᠳᠠᠮᠵᠢᠨ ᠤᠲᠠᠰᠤ᠎ᠪᠠᠷ ᠠᠰᠠᠭᠤᠨ ᠯᠠᠪᠯᠠᠵᠤ ᠪᠣᠯᠤᠨ᠎ᠠ; ᠦᠪᠡᠰᠦᠪᠡᠨ ᠭᠦᠢᠴᠡᠳᠭᠡᠶ᠎ᠡ ᠭᠡᠪᠡᠯ ᠪᠡᠶ᠎ᠡ᠎ᠶ᠋ᠢᠨ ᠦᠨᠡᠮᠯᠡᠯ᠎ᠢᠶᠡᠨ ᠠᠪᠴᠤ᠌ ᠬᠦᠬᠡᠬᠤᠲᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠠᠰᠠᠷ᠎ᠤᠨ ᠬᠣᠢᠲᠤ ᠲᠠᠯ᠎ᠠ᠎ᠶ᠋ᠢᠨ ᠨᠢᠭᠡᠳᠦᠭᠡᠷ ᠳᠠᠪᠬᠤᠷᠯᠢᠭ᠎ᠤᠨ 《24 ᠴᠠᠭ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠬᠡᠲᠦ ᠳᠡᠯᠭᠡᠭᠦᠷ》 ᠲᠦ᠍ ᠬᠦᠷᠴᠦ᠂ ᠵᠢᠯᠣᠭᠣᠴᠢ᠎ᠶ᠋ᠢᠨ ᠦᠨᠡᠮᠯᠡᠯ᠎ᠢᠶᠡᠨ ᠨᠥᠬᠥᠨ ᠰᠣᠯᠢᠬᠤ᠂ ᠵᠠᠮ ᠬᠠᠷᠢᠯᠴᠠᠭᠠᠨ᠎ᠤ ᠲᠦᠷᠢᠮ᠎ᠢ ᠵᠦᠷᠢᠴᠡᠭᠰᠡᠨᠠᠰᠠᠭᠤᠳᠠᠯ ᠵᠢᠡᠨ ᠱᠢᠶ᠋ᠳᠪᠦᠷᠢᠯᠡᠬᠦ᠌᠂ ᠪᠡᠶ᠎ᠡ᠎ᠶ᠋ᠢᠨ ᠦᠨᠡᠮᠯᠡᠯ᠎ᠢᠶᠡᠨ ᠨᠦᠬᠦᠵᠦ ᠰᠤᠯᠢᠬᠤ ᠵᠡᠷᠭᠡ ᠬᠠᠮᠢᠶ᠎ᠠ ᠪᠥᠬᠥᠶ ᠲᠤᠬᠠᠢᠯᠠᠭ᠍ᠰᠠᠨ ᠠᠵᠢᠯ᠎ᠢ ᠪᠦᠬᠦᠯᠢ ᠡᠳᠦᠷ ᠵᠢᠡᠷ ᠭᠦᠢᠴᠡᠳᠭᠡᠵᠦ ᠪᠤᠯᠤᠨ᠎ᠠ᠃ ᠡᠭᠦᠨ᠎ᠳᠦ᠂ ᠤᠰᠤ ᠴᠠᠬᠢᠯᠭᠠᠨ ᠱᠢᠲᠠᠮᠠᠬᠠᠶ ᠬᠡᠶ ᠳᠤᠯᠠᠭᠠᠯᠠᠭ᠎ᠠ᠎ᠶ᠋ᠢᠨ ᠰᠦᠶ᠋ᠳᠭᠡᠯ ᠲᠤᠱᠢᠶᠠᠬᠤ ᠵᠡᠷᠭᠡ 122 ᠵᠦᠶ᠋ᠯᠡᠰ᠎ᠤᠨ ᠦᠢᠯᠡᠴᠢᠯᠡᠭᠡ᠎ᠵᠢ ᠬᠠᠮᠤᠷᠴᠤ ᠪᠠᠢᠨ᠎ᠠ; 2022 ᠣᠨ᠎ᠳᠤ᠂ ᠬᠥᠬᠡᠬᠣᠲᠠ᠎ᠶ᠋ᠢᠨ᠎ᠬᠢᠨ ᠪᠠᠯᠠ ᠣᠷᠣᠭᠤᠯᠵᠤ ᠪᠥᠲᠥᠭᠡᠨ ᠪᠠᠢᠭᠤᠯᠬᠤ ᠲᠥᠷᠥᠯ ᠵᠦᠶ᠋ᠯ᠎ᠦᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ᠎ᠦᠨ ᠪᠥᠬᠥ᠌ ᠶᠠᠪᠤᠴᠠ᠎ᠵᠢᠨ 《ᠬᠠᠪᠰᠤᠷᠤᠨ ᠭᠦᠶ᠋ᠴᠡᠳᠭᠡᠵᠦ᠍ ᠣᠷᠣᠯᠠᠨ ᠭᠦᠶ᠋ᠴᠡᠳᠭᠡᠬᠦ᠌》ᠦᠶ᠋ᠯᠡᠴᠢᠯᠡᠭᠡ᠎ᠶ᠋ᠢ ᠬᠡᠷᠡᠭ᠌ᠵᠢᠭᠦᠯᠵᠦ᠍᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠴᠢᠬᠤᠯᠠ ᠶᠡᠬᠡ ᠲᠥᠷᠥᠯ ᠵᠦᠶ᠋ᠯ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠷᠥᠯ ᠵᠦᠢᠯ ᠵᠡᠷᠭᠡ ᠪᠠᠯᠠ ᠣᠷᠣᠭᠤᠯᠵᠤ ᠪᠥᠲᠥᠭᠡᠨ ᠪᠠᠢᠭᠤᠯᠬᠤ ᠲᠥᠷᠥᠯ ᠵᠦᠶ᠋ᠯ᠎ᠳᠦ ᠣᠷᠣᠯᠠᠨ ᠭᠦᠶ᠋ᠴᠡᠳᠭᠡᠵᠦ᠍ ᠬᠠᠪᠰᠤᠷᠤᠨ ᠭᠦᠶ᠋ᠴᠡᠳᠭᠡᠬᠦ᠌ ᠦᠶ᠋ᠯᠡᠴᠢᠯᠡᠭᠡ ᠬᠠᠡᠭᠭᠠᠨ᠂ 《ᠠᠵᠤ ᠠᠬᠤᠢᠯᠠᠯ ᠭᠦᠶᠦᠵᠤ》 ᠪᠠᠢᠭ᠍ᠰᠠᠨ᠎ᠠᠴᠠ 《ᠵᠠᠰᠠᠭ᠎ᠤᠨ ᠣᠷᠳᠣᠨ ᠭᠦᠶᠦᠬᠦ᠌》 ᠪᠣᠯᠭᠠᠨ ᠬᠤᠪᠢᠷᠠᠭᠤᠯᠪᠠ᠃ 4 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠬᠠᠪᠰᠤᠷᠤᠨ ᠭᠦᠶ᠋ᠴᠡᠳᠭᠡᠬᠦ᠌ 100 ᠲᠥᠷᠥᠯ ᠵᠦᠶ᠋ᠯ᠎ᠡᠴᠡ 97 ᠲᠦᠷᠦᠯ ᠵᠦᠢᠯ᠎ᠤᠨ ᠭᠠᠷ ᠭᠦᠶ᠋ᠴᠡᠳᠭᠡᠯ᠎ᠢ ᠪᠦᠬᠦᠨ᠎ᠢ ᠭᠦᠶ᠋ᠴᠡᠳᠭᠡᠵᠦ᠍ ᠳᠠᠭᠤᠰᠭᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃