ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-05-24 09:12:10

ᠵᠣᠬᠢᠶᠠᠭ᠍ᠴᠢ᠄ ᠭᠦᠸᠧ ᠵᠢᠶᠦ᠋ᠨ ᠯᠧᠦ ᠬᠤᠤ ᠵᠢᠶᠠ ᠯᠢ ᠣᠩᠱᠢᠭ᠍ᠰᠠᠨ ᠣᠳᠠᠭ᠎ᠠ᠄ 3

《ᠣᠢᠷ᠎ᠠ᠎ᠳᠤ ᠺᠣᠮᠫᠠᠨᠢ ᠶᠠᠮᠠᠷ ᠵᠡᠷᠭᠡ ᠪᠣᠶ᠂ ᠦᠯᠡᠳᠡᠭ᠌ᠳᠡᠯ ᠠᠰᠠᠭᠤᠳᠠᠯ᠎ᠢ ᠱᠢᠶ᠋ᠳᠪᠦᠷᠢᠯᠡᠵᠦ᠍ ᠪᠠᠷᠠᠭ᠍ᠰᠠᠨ ᠦᠦ᠂ ᠪᠠᠰᠠ ᠶᠠᠮᠠᠷ ᠬᠡᠷᠡᠭ᠌ᠴᠡᠭᠡ᠎ᠱᠠᠭᠠᠷᠳᠠᠯᠭ᠎ᠠ ᠲᠡᠶ ᠪᠣᠶ?》 ᠡᠮᠤᠨᠡᠬᠡᠨ᠂ ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠤᠨ ᠠᠷᠠᠳ᠎ᠤᠨ ᠪᠠᠢᠴᠠᠭᠠᠬᠤ ᠬᠣᠷᠢᠶᠠᠨ᠎ᠤ ᠪᠠᠢᠴᠠᠭᠠᠬᠤ ᠲᠤᠱᠢᠶᠠᠯᠲᠠᠨ ᠵᠢᠶᠠ ᡁᠢ ᠱᠢᠩ᠂ ᠶᠦᠨ ᠴᠢᠶᠠᠨ ᠠᠵᠤ ᠠᠬᠤᠢᠯᠠᠯ᠎ᠢᠶᠠᠷ ᠬᠠᠷᠢᠭᠤ ᠰᠤᠷᠪᠤᠯᠵᠢᠯᠠᠬᠤ᠎ᠳᠠᠭᠠᠨ ᠠᠯᠢ ᠣᠯᠠᠨ ᠵᠦᠢᠯ᠎ᠢ ᠬᠠᠯᠠᠮᠵᠢᠯᠠᠨ ᠠᠰᠠᠭᠤᠬᠰᠠᠨ ᠨᠢ ᠠᠵᠤ ᠠᠬᠤᠢᠯᠠᠯ᠎ᠤᠨ ᠬᠠᠷᠢᠭᠤᠴᠠᠯᠭᠠᠲᠠᠨ ᠯᠢᠦ ᠠᠪᠤᠭᠠᠶ ᠳ᠋ᠤ ᠮᠠᠰᠢ ᠬᠠᠯᠠᠭᠤᠨ ᠲᠤᠳᠤᠨᠤ ᠰᠠᠨᠠᠭᠳᠠᠵᠠᠢ᠃

ᠯᠢᠦ ᠠᠪᠤᠭᠠᠢ ᠨᠢᠭᠡᠨ ᠭᠡᠷ ᠭᠠᠵᠠᠷ᠎ᠤᠨ ᠭᠦᠷᠦᠨᠭ᠌ᠭᠡ᠎ᠶ᠋ᠢᠨ ᠺᠣᠮᠫᠠᠨᠢ ᠡᠵᠡᠩᠨᠡᠵᠦ᠍ ᠪᠠᠢᠲᠠᠬ᠂ ᠭᠡᠷ᠎ᠡ᠎ᠶᠢᠨ ᠮᠡᠭᠡᠯᠡᠯ᠎ᠤᠨ ᠬᠡᠷᠡᠭ᠎ᠲᠤ ᠬᠤᠯᠪᠤᠬᠳᠠᠨ ᠰᠡᠵᠢᠭ᠌ᠯᠡᠭᠳᠡᠵᠦ᠂ ᠲᠡᠬᠦᠨ᠎ᠢ ᠪᠠᠷᠢᠪᠴᠢᠯᠠᠬᠤ ᠭᠤᠶᠤᠴᠢᠯᠠᠯ ᠲᠡᠪᠰᠢᠬᠦᠯᠦᠭᠰᠡᠨ ᠪᠠᠢᠵᠠᠢ᠃ ᠱᠢᠨ᠎ᠡ ᠬᠤᠳᠠ ᠲᠣᠭᠣᠷᠢᠭ᠎ᠤᠨ ᠠᠷᠠᠳ᠎ᠤᠨ ᠪᠠᠢᠴᠠᠭᠠᠬᠤ ᠬᠣᠷᠢᠶ᠎ᠠ ᠭᠤᠶᠤᠴᠢᠯᠠᠯ᠎ᠢ ᠬᠦᠯᠢᠶᠡᠨ ᠠᠪᠤᠭ᠍ᠰᠠᠨ᠎ᠤ ᠲᠠᠷᠠᠭ᠎ᠠ᠂ ᠭᠠᠷᠳᠠᠨ ᠱᠢᠢᠳᠪᠦᠷᠢᠯᠡᠬᠦ᠌ ᠪᠠᠢᠴᠠᠭᠠᠬᠤ ᠲᠤᠱᠢᠶᠠᠯᠲᠠᠨ ᠶᠡᠬᠡ ᠬᠡᠮᠵᠢᠶᠡᠨ᠎ᠦ ᠭᠡᠷᠡᠴᠢ ᠪᠠᠷᠢᠮᠲᠠ᠎ᠶ᠋ᠢᠨ ᠮᠠᠲ᠋ᠧᠷᠢᠶᠠᠯ᠎ᠢ ᠬᠢᠨᠠᠨ ᠪᠠᠢᠴᠠᠭᠠᠵᠤ᠂ ᠶᠠᠯ᠎ᠠ ᠬᠢᠭ᠌ᠰᠡᠨ ᠰᠡᠵᠢᠭ᠌ᠯᠡᠯᠲᠡᠢ ᠬᠥᠮᠦᠨ᠎ᠡᠴᠡ ᠱᠢᠭᠦᠨ ᠠᠰᠠᠭᠤᠵᠤ᠂ ᠬᠣᠯᠪᠣᠭ᠍ᠳᠠᠯ ᠪᠦᠬᠦᠢ ᠭᠡᠷᠡᠴᠢᠯᠡᠭ᠌ᠴᠢ᠎ᠡᠴᠡ ᠯᠠᠪᠯᠠᠨ ᠠᠰᠠᠭᠤᠵᠤ᠂ ᠪᠠᠢᠴᠠᠭᠠᠬᠤ ᠺᠣᠮᠢᠰ᠎ᠢᠶᠠᠷ ᠬᠢᠨᠠᠨ ᠶᠠᠷᠢᠯᠴᠠᠭᠤᠯᠤᠭᠠᠳ᠂ ᠯᠢᠦ ᠠᠪᠤᠭᠠᠢ᠎ᠶ᠋ᠢᠨ ᠦᠢᠯᠡ ᠠᠵᠢᠯᠯᠠᠭ᠎ᠠ ᠨᠢ ᠭᠡᠷ᠎ᠡ᠎ᠪᠡᠷ ᠮᠡᠬᠡᠯᠡᠭ᠌ᠰᠡᠨ ᠶᠠᠯ᠎ᠠ ᠪᠤᠯᠵᠤ ᠪᠦᠷᠢᠯᠳᠦᠬᠦ᠌ ᠦᠭᠡᠢ ᠭᠡᠵᠦ᠍ ᠦᠵᠡᠭᠡᠳ᠂ ᠪᠠᠷᠢᠪᠴᠢᠯᠠᠬᠤ᠎ᠶ᠋ᠢ ᠦᠯᠦ᠍ ᠵᠥᠪᠱᠢᠶᠡᠷᠡᠬᠦ᠌ ᠲᠣᠭ᠍ᠲᠠᠭᠠᠯ ᠭᠠᠷᠭᠠᠭ᠍ᠰᠠᠨ ᠪᠥᠭᠡᠳ ᠬᠡᠷᠡᠭ᠎ᠢ ᠬᠦᠴᠦᠨ ᠦᠭᠡᠢ ᠪᠣᠯᠭᠠᠬᠤ᠎ᠳᠤ ᠬᠢᠨᠠᠯᠲᠠ ᠲᠠᠯᠪᠢᠵᠤ ᠱᠠᠯᠠᠪᠳᠠᠭᠤᠯᠪᠠ᠃

ᠬᠡᠷᠡᠭ᠎ᠢ ᠳᠠᠭᠤᠰᠭᠠᠬᠤ᠎ᠪᠠᠷ ᠪᠠᠷᠠᠬᠤ ᠦᠭᠡᠢ᠂ ᠪᠠᠰᠠ ᠬᠡᠷᠡᠭ ᠤᠴᠢᠷ᠎ᠢ ᠱᠢᠶ᠋ᠳᠪᠦᠷᠢᠯᠡᠳᠡᠭ᠃ ᠲᠤᠰ ᠬᠣᠷᠢᠶ᠎ᠠ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠢ ᠵᠣᠬᠢᠴᠠᠭᠤᠯᠤᠨ ᠠᠵᠤ ᠠᠬᠤᠢᠯᠠᠯ᠎ᠢ ᠬᠠᠪᠰᠤᠷᠤᠨ ᠵᠢᠭᠡᠯᠡᠯᠭᠡ ᠠᠪᠴᠤ᠌᠂ ᠠᠵᠤ ᠠᠬᠤᠢᠯᠠᠯ᠎ᠤᠨ ᠡᠵᠡᠩᠨᠡᠯᠲᠡ᠎ᠶ᠋ᠢ ᠰᠡᠷᠭᠦᠭᠡᠵᠦ᠍᠂ ᠣᠯᠠᠨ ᠲᠦᠮᠡᠨ᠎ᠦ ᠵᠠᠭᠠᠯᠳᠤᠯᠭ᠎ᠠ᠎ᠶ᠋ᠢ ᠵᠣᠭ᠍ᠰᠣᠭᠠᠪᠠ᠃ ᠡᠭᠦᠨ᠎ᠦ ᠬᠠᠮᠲᠤ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠠᠵᠤ ᠠᠬᠤᠢᠯᠠᠯ᠎ᠢ ᠬᠥᠲᠥᠯᠦᠨ ᠵᠢᠯᠣᠭᠣᠳᠪᠠ᠃ 《〈ᠪᠠᠢᠴᠠᠭᠠᠬᠤ ᠬᠤᠷᠢᠶᠠᠨ᠎ᠤ ᠬᠠᠢᠷ᠎ᠠ ᠬᠠᠯᠠᠮᠵᠢ〉ᠰᠡᠳᠭᠢᠯ᠎ᠢ ᠳᠤᠯᠠᠭᠠᠴᠠᠭᠤᠯᠤᠨ᠎ᠠ᠃ ᠣᠳᠣ ᠺᠣᠮᠫᠠᠨᠢ ᠵᠠᠮ᠎ᠳᠠᠭᠠᠨ ᠣᠷᠣᠪᠠ᠂ ᠡᠭᠦᠨ᠎ᠡᠴᠡ ᠰᠡᠭᠦᠯᠡᠷ ᠪᠢ ᠯᠠᠪᠲᠠᠶ ᠡᠵᠡᠩᠨᠡᠯᠲᠡ ᠪᠡᠨ ᠳᠦᠷᠢᠮᠵᠢᠭᠦᠯᠦᠨ᠎ᠡ》 ᠭᠡᠵᠦ ᠯᠢᠦ ᠠᠪᠤᠭᠠᠶ ᠲᠠᠯᠠᠷᠬᠠᠨ ᠬᠡᠯᠡᠪᠡ᠃ ᠬᠡᠷᠡᠭ ᠪᠤᠯᠭᠠᠨ ᠨᠢ ᠴᠥᠮ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠱᠢᠯᠭᠠᠭᠤᠷ ᠮᠥᠨ᠃ ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠡᠷᠡᠭᠦᠯ᠎ᠢᠶᠡᠷ ᠬᠥᠭ᠌ᠵᠢᠬᠦ᠌᠎ᠳᠦ ᠦᠢᠯᠡᠴᠢᠯᠡᠬᠦ᠌᠎ᠶ᠋ᠢ ᠵᠠᠢᠯᠠᠭᠤᠯᠵᠤ ᠪᠣᠯᠤᠰᠢ ᠦᠭᠡᠢ ᠤᠯᠤᠰ ᠲᠦᠷᠦ᠍᠎ᠶ᠋ᠢᠨ ᠬᠠᠷᠢᠭᠤᠴᠠᠯᠭ᠎ᠠ ᠪᠣᠯᠭᠠᠵᠤ᠂ ᠬᠠᠤᠯᠢᠵᠢᠯ᠎ᠤᠨ ᠰᠡᠳᠭᠢᠬᠦᠢ᠂ ᠬᠠᠤᠯᠢᠵᠢᠯ᠎ᠤᠨ ᠠᠷᠭ᠎ᠠ ᠬᠡᠯᠪᠡᠷᠢ ᠪᠣᠯᠤᠨ ᠪᠠᠢᠴᠠᠭᠠᠬᠤ ᠠᠵᠢᠯ᠎ᠤᠨ ᠤᠶᠤᠨ ᠤᠬᠠᠭᠠᠨ᠎ᠢᠶᠠᠷ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ ᠪᠦᠷᠢ᠎ᠶ᠋ᠢ ᠰᠠᠢᠲᠤᠷ ᠱᠢᠢᠳᠪᠦᠷᠢᠯᠡᠵᠦ᠍᠂ ᠠᠵᠤ ᠠᠬᠤᠢᠯᠠᠯᠲᠠᠨ᠎ᠳᠤ ᠲᠥᠪ ᠭᠣᠣᠯᠴᠢ ᠱᠢᠳᠤᠷᠭᠤ ᠶᠣᠰᠣ ᠪᠣᠯᠤᠨ ᠬᠠᠢᠷ᠎ᠠ ᠬᠠᠯᠠᠮᠵᠢ᠎ᠶ᠋ᠢ ᠮᠡᠳᠡᠷᠡᠭᠦᠯᠪᠡ᠃

《ᠪᠠᠢᠴᠠᠭᠠᠬᠤ ᠪᠠᠢᠭᠤᠯᠭ᠎ᠠ᠎ᠠᠴᠠ ᠦᠯᠦ᠍ ᠵᠠᠭᠠᠯᠳᠤᠬᠤ ᠲᠣᠭ᠍ᠲᠠᠭᠠᠯ ᠭᠠᠷᠭᠠᠵᠤ᠂ ᠨᠠᠮᠠᠶ᠋ᠢ ᠠᠵᠤ ᠠᠬᠤᠢᠯᠠᠯ᠎ᠲᠠᠶ ᠮᠠᠨᠢ 〈ᠲᠠᠬᠢᠨ ᠠᠮᠢᠯᠠᠭᠤᠯᠤᠭ᠍ᠰᠠᠨ〉 ᠳ᠋ᠤ ᠲᠠᠯᠠᠷᠬᠠᠵᠤ ᠪᠠᠢᠨ᠎ᠠ》᠃ ᠣᠢᠷ᠎ᠠ᠎ᠳᠤ ᠬᠤᠤᠯᠢᠨ ᠭᠤᠤᠯ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ ᠨᠢᠭᠡᠨ ᠠᠵᠤ ᠠᠬᠤᠢᠯᠠᠯ ᠲᠠᠢ ᠬᠣᠯᠪᠣᠭ᠍ᠳᠠᠭ᠍ᠰᠠᠨ ᠬᠡᠷᠡᠭ᠎ᠢ ᠱᠢᠶ᠋ᠳᠪᠦᠷᠢᠯᠡᠭ᠌ᠰᠡᠨ ᠪᠠᠢᠳᠠᠯ᠎ᠢᠶᠡᠨ ᠮᠥᠷᠳᠡᠨ ᠰᠤᠷᠪᠤᠯᠵᠢᠯᠠᠬᠤ ᠦᠶ᠎ᠡ᠎ᠳᠦ᠂ ᠠᠵᠤ ᠠᠬᠤᠢᠯᠠᠯ᠎ᠤᠨ ᠬᠠᠷᠢᠭᠤᠴᠠᠯᠭᠠᠲᠠᠨ ᠯᠢ ᠠᠪᠤᠭᠠᠶ ᠲᠠᠰᠤᠷᠠᠯᠲᠠ ᠥᠬᠡᠶ ᠲᠠᠯᠠᠷᠬᠠᠯ᠎ᠤᠨ ᠰᠡᠳᠬᠢᠯ᠎ᠢᠶᠡᠨ ᠢᠨᠭᠭᠢᠵᠦ ᠢᠯᠡᠳᠭᠡᠵᠦ ᠪᠠᠢᠯ᠎ᠠ᠃ ᠯᠢ ᠠᠪᠤᠭᠠᠶ ᠪᠤᠰᠤᠳ ᠬᠦᠮᠦᠨ᠎ᠳᠤ ᠬᠤᠳᠠᠯ᠎ᠢᠶᠠᠷ ᠪᠠᠷᠢᠮᠲᠠ ᠪᠢᠴᠢᠵᠦ᠍ ᠥᠭ᠌ᠭᠦᠭ᠌ᠰᠡᠨ ᠶᠠᠯ᠎ᠠ ᠬᠢᠭ᠌ᠰᠡᠨ ᠪᠣᠯᠪᠠᠴᠤ᠌ ᠲᠡᠷᠡ ᠪᠡᠶ᠎ᠡ᠎ᠪᠡᠨ ᠲᠤᠱᠢᠶᠠᠵᠦ᠂ ᠶᠠᠯ᠎ᠠ᠎ᠪᠠᠨ ᠮᠡᠳᠡᠷᠡᠵᠦ᠍ ᠱᠢᠢᠳᠭᠡᠯ ᠬᠦᠯᠢᠶᠡᠭ᠌ᠰᠡᠨ ᠵᠡᠷᠭᠡ ᠦᠶ᠋ᠯᠡ ᠪᠠᠢᠳᠠᠯ᠎ᠲᠠᠶ ᠪᠥᠭᠡᠳ ᠤᠯᠤᠰ ᠲᠸ᠋ ᠭᠠᠢᠯᠢ ᠲᠠᠲᠠᠪᠤᠷᠢ᠎ᠶ᠋ᠢᠨ ᠬᠣᠬᠢᠷᠠᠯ᠎ᠢ ᠪᠣᠶ ᠪᠣᠯᠭᠠᠭ᠍ᠰᠠᠨ ᠥᠬᠡᠶ᠂ ᠨᠡᠢᠭᠡᠮ᠎ᠦᠨ ᠬᠤᠤᠷ ᠬᠥᠨᠥᠭᠡᠯᠲᠦ ᠴᠢᠨᠠᠷ᠎ᠢᠶᠠᠷ ᠪᠠᠭ᠎ᠠ᠂ ᠶᠠᠯ᠎ᠠ ᠬᠢᠭ᠌ᠰᠡᠨ ᠦᠶ᠋ᠯᠡ ᠪᠠᠢᠳᠠᠯ ᠨᠢ ᠬᠥᠩᠭᠡᠪᠲᠦᠷ ᠪᠣᠯᠬᠣᠷ ᠢᠯᠡ᠎ᠪᠡᠷ ᠭᠡᠷᠡᠴᠢᠯᠡᠯᠳᠡ ᠰᠣᠨᠣᠰᠭᠤ ᠬᠤᠷᠠᠯ ᠬᠤᠷᠠᠯᠳᠤᠭᠤᠯᠤᠭ᠍ᠰᠠᠨ᠎ᠤ ᠳᠠᠷᠠᠭ᠎ᠠ᠂ ᠬᠤᠤᠯᠢᠨ ᠭᠤᠤᠯ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ ᠲᠡᠭᠦᠨ ᠳ᠋ᠤ ᠬᠠᠷᠢᠴᠠᠩᠭᠤᠶ᠎ᠪᠠᠷ ᠥᠯᠥ᠍ ᠵᠠᠭᠠᠯᠳᠤᠬᠤ ᠲᠣᠭ᠍ᠲᠠᠭᠠᠯ ᠭᠠᠷᠭᠠᠪᠠ᠃

ᠡᠳᠦᠭᠡ ᠴᠥᠭᠡᠨ ᠪᠠᠷᠢᠪᠴᠢᠯᠠᠵᠤ ᠪᠣᠯᠭᠣᠮᠵᠢᠲᠠᠢ ᠵᠠᠭᠠᠯᠳᠤᠬᠤ ᠪᠣᠯᠭᠣᠮᠵᠢᠲᠠᠢ ᠬᠣᠷᠢᠬᠤ ᠡᠷᠡᠭᠦᠦ᠍᠎ᠶ᠋ᠢᠨ ᠬᠡᠷᠡᠭ᠎ᠦᠨ ᠬᠠᠤᠯᠢ ᠪᠠᠷᠢᠬᠤ ᠲᠦᠷᠦ᠍᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠵᠤ᠂ ᠴᠥᠭᠡᠨ ᠪᠤᠰᠤ ᠠᠵᠤ ᠠᠬᠤᠢᠯᠠᠯ ᠪᠠ ᠠᠵᠤ ᠠᠬᠤᠢᠯᠠᠯᠲᠠᠨ᠎ᠳᠤ ᠬᠠᠤᠯᠢ ᠪᠠᠷᠢᠬᠤ ᠰᠠᠢ᠌ᠨ ᠰᠠᠨᠠᠭ᠎ᠠ᠎ᠶ᠋ᠢ ᠮᠡᠳᠡᠷᠡᠭᠦᠯᠪᠡ᠃ 2021 ᠣᠨ᠎ᠠᠴᠠ ᠨᠠᠭᠠᠰᠢ᠂ ᠪᠥᠬᠥ᠌ ᠣᠷᠣᠨ᠎ᠤ ᠪᠠᠢᠴᠠᠭᠠᠬᠤ ᠪᠠᠢᠭᠤᠯᠭ᠎ᠠ᠎ᠨᠤᠭᠤᠳ ᠠᠵᠤ ᠠᠬᠤᠢᠯᠠᠯ᠎ᠤᠨ ᠬᠠᠷᠢᠭᠤᠴᠠᠯᠭᠠᠲᠠᠨ ᠪᠠ ᠵᠠᠩᠭᠢᠯᠠᠭ᠎ᠠ᠎ᠶ᠋ᠢᠨ ᠬᠠᠮᠢᠶᠠᠷᠤᠯᠲᠠ᠂ ᠭᠤᠤᠯᠯᠠᠭ᠍ᠴᠢ ᠮᠡᠷᠭᠡᠵᠢᠯ᠎ᠦᠨ ᠠᠵᠢᠯᠲᠠᠨ᠎ᠤ ᠶᠠᠯᠠᠲᠤ ᠬᠡᠷᠡᠭ᠎ᠲᠦ ᠬᠣᠯᠪᠣᠭ᠍ᠳᠠᠭ᠍ᠰᠠᠨ ᠬᠡᠷᠡᠭ᠎ᠲᠦ ᠬᠠᠤᠯᠢ ᠶᠣᠰᠣᠭᠠᠷ ᠬᠢᠨᠠᠭᠤᠷ ᠪᠣᠯᠭᠣᠮᠵᠢᠲᠠᠶ᠎ᠪᠠᠷ ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠡ ᠠᠪᠴᠤ᠌᠂ 1138 ᠬᠥᠮᠦᠨ᠎ᠢ ᠪᠠᠷᠢᠪᠴᠢᠯᠠᠭᠰᠠᠨ ᠥᠬᠡᠶ ᠵᠠᠭᠠᠯᠳᠤᠬᠰᠠᠨ ᠥᠬᠡᠶ᠂ ᠬᠡᠷᠡᠭ ᠱᠢᠶ᠋ᠳᠪᠦᠷᠢᠯᠡᠬᠦ᠌᠎ᠶ᠋ᠢᠨ ᠠᠵᠤ ᠠᠬᠤᠢᠯᠠᠯ᠎ᠳᠤ ᠦᠵᠡᠭᠦᠯᠬᠦ᠌ ᠠᠱᠢᠭ ᠥᠬᠡᠶ ᠨᠥᠯᠥᠭᠡ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠪᠠ᠃

《ᠲᠠ᠎ᠨᠠᠷ ᠮᠠᠨ᠎ᠤ ᠡᠵᠡᠩᠨᠡᠯᠲᠡ ᠬᠠᠮᠢᠶᠠᠷᠤᠯᠲᠠ᠎ᠶ᠋ᠢᠨ ᠳᠤᠮᠳᠠ ᠣᠷᠣᠱᠢᠵᠤ ᠪᠠᠢᠭ᠎ᠠ ᠠᠰᠠᠭᠤᠳᠠᠯ᠎ᠢ ᠣᠨᠣᠪᠴᠢᠲᠠᠶ ᠣᠯᠵᠠᠢ᠂ ᠪᠢᠳᠡ ᠴᠡᠭ᠌ᠴᠡᠯᠡᠨ ᠰᠠᠢᠵᠢᠷᠠᠭᠤᠯᠬᠤ ᠠᠵᠢᠯ᠎ᠳᠤ ᠯᠠᠪᠲᠠᠶ ᠪᠥᠬᠥ᠌ ᠬᠦᠴᠦᠨ᠎ᠢᠶᠡᠷ᠎ᠢᠶᠡᠨ ᠬᠠᠮᠵᠢᠯᠴᠠᠨ᠎ᠠ᠃》 ᠨᠢᠭᠡ ᠠᠵᠤ ᠠᠬᠤᠢᠯᠠᠯ᠎ᠤᠨ ᠳᠡᠭᠡᠳᠦ ᠲᠤᠱᠢᠶᠠᠯᠲᠠᠨ ᠣᠲᠣᠭ᠎ᠤᠨ ᠡᠮᠦᠨᠡᠲᠦ ᠬᠣᠱᠢᠭᠤᠨ᠎ᠤ ᠠᠷᠠᠳ᠎ᠤᠨ ᠪᠠᠢᠴᠠᠭᠠᠬᠤ ᠬᠣᠷᠢᠶᠠᠨ᠎ᠤ ᠬᠦᠷᠭᠡᠭ᠌ᠰᠡᠨ《ᠠᠵᠤ ᠠᠬᠤᠢᠯᠠᠯ᠎ᠤᠨ ᠲᠣᠭ᠍ᠲᠠᠭᠠᠯ᠎ᠳᠤ ᠨᠡᠢᠴᠡᠭ᠌ᠰᠡᠨ ᠪᠠᠢᠴᠠᠭᠠᠬᠤ ᠬᠤᠷᠢᠶᠠᠨ᠎ᠤ ᠰᠠᠨᠠᠯ᠎ᠤᠨ ᠪᠢᠴᠢᠭ》 ᠎ᠢ᠋ ᠣᠯᠤᠭ᠍ᠰᠠᠨ᠎ᠤ ᠳᠠᠷᠠᠭ᠎ᠠ ᠢᠩᠬᠢᠵᠦ ᠢᠯᠡᠷᠬᠡᠢᠯᠡᠵᠡᠢ᠃

ᠨᠢᠭᠡ ᠬᠡᠷᠡᠭ᠎ᠢ ᠱᠢᠢᠳᠪᠦᠷᠢᠯᠡᠬᠦ᠌᠎ᠳᠡᠭᠡᠨ ᠨᠢᠭᠡ ᠪᠦᠯᠦᠭ ᠠᠵᠤ ᠠᠬᠤᠢᠯᠠᠯ᠎ᠢ ᠲᠡᠳᠬᠦᠨ ᠲᠡᠮᠵᠢᠵᠦ᠍᠂ ᠨᠢᠭᠡ ᠠᠵᠢᠯ ᠲᠦᠷᠦᠯ᠎ᠢ ᠵᠢᠷᠤᠮᠵᠢᠭᠤᠯᠪᠠ᠃ ᠡᠨᠡ ᠵᠢᠯ᠂ ᠮᠠᠨ᠎ᠤ ᠣᠷᠣᠨ᠎ᠤ ᠪᠠᠢᠴᠠᠭᠠᠬᠤ ᠪᠠᠢᠭᠤᠯᠭ᠎ᠠ ᠬᠡᠷᠡᠭ᠎ᠲᠦ ᠬᠣᠯᠪᠣᠭ᠍ᠳᠠᠭ᠍ᠰᠠᠨ ᠠᠵᠤ ᠠᠬᠤᠢᠯᠠᠯ᠎ᠤᠨ ᠲᠣᠭ᠍ᠲᠠᠭᠠᠯ᠎ᠳᠤ ᠨᠡᠢᠴᠡᠬᠦ᠌ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠥᠷᠨᠢᠭᠦᠯᠵᠦ᠍᠂ ᠬᠡᠷᠡᠭ᠎ᠲᠦ ᠬᠣᠯᠪᠣᠭ᠍ᠳᠠᠭ᠍ᠰᠠᠨ ᠠᠵᠤ ᠠᠬᠤᠢᠯᠠᠯ᠎ᠤᠨ ᠲᠣᠭ᠍ᠲᠠᠭᠠᠯ᠎ᠳᠤ ᠨᠡᠢᠴᠡᠬᠦ᠌ ᠠᠮᠠᠯᠠᠯᠲᠠ ᠬᠢᠬᠦ᠌᠎ᠶ᠋ᠢ ᠱᠠᠯᠠᠪᠳᠠᠭᠤᠯᠤᠨ ᠱᠠᠭᠠᠷᠳᠠᠵᠤ᠂ ᠭᠤᠷᠪᠠᠳᠠᠬᠢ ᠡᠲᠡᠭᠡᠳ᠎ᠦᠨ ᠪᠠᠢᠭᠤᠯᠤᠮᠵᠢ᠎ᠶ᠋ᠢ ᠤᠷᠢᠵᠤ ᠦᠨᠡᠯᠡᠨ ᠵᠢᠱ᠌ᠢᠵᠦ᠍ ᠱᠢᠯᠭᠠᠨ ᠠᠪᠴᠤ᠌᠂ ᠠᠵᠤ ᠠᠬᠤᠢᠯᠠᠯ᠎ᠤᠨ ᠢᠳᠡᠪᠬᠢᠲᠡᠢ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠵᠤ᠂ ᠠᠯᠳᠠᠰᠢ ᠭᠠᠷᠬᠤ᠎ᠶ᠋ᠢ ᠬᠣᠷᠢᠭ᠍ᠯᠠᠵᠤ᠂ ᠲᠣᠭ᠍ᠲᠠᠭᠠᠯ᠎ᠳᠤ ᠨᠡᠢᠴᠡᠭᠦᠯᠦᠨ ᠬᠠᠤᠯᠢ᠎ᠶ᠋ᠢ ᠰᠠᠬᠢᠵᠤ ᠡᠵᠡᠩᠨᠡᠬᠦ᠌᠎ᠶ᠋ᠢ ᠠᠬᠢᠭᠤᠯᠪᠠ᠃

ᠠᠵᠤ ᠠᠬᠤᠢᠯᠠᠯ ᠥᠷᠢᠰᠦᠯᠳᠦᠬᠡᠨ ᠡᠴᠡ ᠠᠶᠤᠬᠤ ᠦᠭᠡᠢ᠂ ᠬᠠᠷᠢᠨ ᠲᠦᠪ ᠪᠤᠰᠦ ᠥᠷᠢᠰᠦᠯᠳᠦᠬᠡᠨ ᠡᠴᠡ ᠠᠶᠤᠲᠠᠭ᠃ ᠠᠵᠤ ᠠᠬᠤᠢᠯᠠᠯ ᠪᠠ ᠠᠵᠤ ᠠᠬᠤᠢᠯᠠᠯᠲᠠᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ᠎ᠳᠤ ᠮᠠᠨ᠎ᠤ ᠣᠷᠣᠨ᠎ᠤ ᠪᠠᠢᠴᠠᠭᠠᠬᠤ ᠪᠠᠢᠭᠤᠯᠭ᠎ᠠ᠎ᠶ᠋ᠢᠨ ᠣᠪᠣᠷ ᠢᠯᠡ ᠲᠣᠳᠣ ᠶᠤᠮ᠄ ᠬᠠᠮᠠᠭᠠᠯᠠᠬᠤ ᠪᠠ ᠴᠣᠬᠢᠯᠲᠠ ᠥᠭ᠌ᠬᠦ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠵᠠᠬ᠎ᠠ ᠳᠡᠯᠭᠡᠭᠦᠷ᠎ᠦᠨ ᠠᠵᠤ ᠠᠬᠤᠶ᠎ᠶ᠋ᠢᠨ ᠡᠮᠬᠢ ᠵᠢᠷᠤᠮ᠎ᠢ ᠡᠪᠳᠡᠭ᠌ᠰᠡᠨ ᠬᠠᠤᠯᠢ ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭ᠌ᠴᠦ᠂ ᠠᠵᠤ ᠠᠬᠤᠢᠯᠠᠯ᠎ᠤᠨ ᠰᠠᠨᠠᠭ᠎ᠠ ᠠᠮᠤᠷ ᠡᠵᠡᠩᠨᠡᠵᠦ᠍᠂ ᠨᠢᠭᠡ ᠰᠡᠳᠭᠢᠯ᠎ᠢᠶᠡᠷ ᠱᠢᠨ᠎ᠡ᠎ᠶ᠋ᠢ ᠡᠭᠦᠳᠬᠦ᠌᠎ᠶ᠋ᠢ ᠪᠠᠲᠤᠯᠠᠪᠠ᠃ ᠡᠨᠡ ᠵᠢᠯ᠎ᠦᠨ 1 ᠡᠴᠡ 3 ᠰᠠᠷ᠎ᠠ ᠪᠣᠯᠲᠠᠯ᠎ᠠ᠂ ᠪᠥᠬᠥ᠌ ᠣᠷᠣᠨ᠎ᠤ ᠪᠠᠢᠴᠠᠭᠠᠬᠤ ᠪᠠᠢᠭᠤᠯᠭ᠎ᠠ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠳᠦ ᠬᠠᠯᠳᠠᠭ᠍ᠰᠠᠨ ᠶᠠᠯ᠎ᠠ ᠬᠢᠭ᠌ᠰᠡᠨ ᠢ᠋ᠢᠡᠷ ᠰᠡᠵᠢᠭᠯᠡᠭᠲᠡᠭᠰᠡᠨ 6 ᠬᠥᠮᠦᠨ᠎ᠢ ᠪᠠᠷᠢᠪᠴᠢᠯᠠᠬᠤ᠎ᠶ᠋ᠢ ᠵᠥᠪᠱᠢᠶᠡᠷᠡᠵᠦ᠍᠂ ᠠᠳᠠᠯᠢ ᠬᠤᠭᠤᠴᠠᠭᠠᠨ᠎ᠤ᠎ᠬᠢ᠎ᠡᠴᠡ 50% ᠎ᠪᠠᠷ ᠳᠡᠭᠡᠭ᠌ᠰᠢᠯᠡᠵᠡᠶ; 26 ᠬᠥᠮᠦᠨ᠎ᠢ ᠵᠠᠭᠠᠯᠳᠤᠵᠤ᠂ ᠠᠳᠠᠯᠢ ᠬᠤᠭᠤᠴᠠᠭᠠᠨ᠎ᠤ ᠬᠢ᠎ᠡᠴᠡ 136.36% ᠪᠡᠷ ᠨᠡᠮᠡᠭ᠌ᠳᠡᠪᠡ᠃

ᠨᠢᠭᠡ ᠤᠳᠠᠭᠠᠨ᠎ᠤ ᠲᠥᠪ ᠭᠣᠣᠯᠴᠢ ᠪᠤᠰᠤ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠠᠵᠢᠯᠯᠠᠭ᠎ᠠ ᠨᠢ ᠨᠢᠭᠡ ᠠᠵᠤ ᠠᠬᠤᠢᠯᠠᠯ᠎ᠢ 《ᠮᠥᠬᠥᠯ᠎ᠦᠨ ᠠᠶᠤᠯ》 ᠎ᠳ᠋ᠤ ᠤᠴᠠᠷᠠᠭᠤᠯᠵᠤ ᠮᠡᠳᠡᠨ᠎ᠡ᠃ ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ ᠠᠵᠤ ᠠᠬᠤᠢᠯᠠᠯ ᠲᠠᠢ ᠬᠣᠯᠪᠣᠭ᠍ᠳᠠᠭ᠍ᠰᠠᠨ ᠬᠡᠷᠡᠭ᠎ᠦᠨ ᠪᠦᠬᠦ᠌ ᠶᠠᠪᠤᠴᠠ᠎ᠳᠤ ᠬᠢᠨᠠᠯᠲᠠ ᠲᠠᠯᠪᠢᠬᠤ᠎ᠪᠠᠨ ᠴᠢᠩᠭᠠᠳᠭᠠᠵᠤ᠂ ᠳᠣᠲᠣᠭᠠᠳᠤ᠎ᠶ᠋ᠢ ᠬᠠᠮᠠᠭᠠᠯᠠᠬᠤ ᠬᠠᠤᠯᠢ ᠬᠡᠷᠡᠭ᠌ᠵᠢᠭᠦᠯᠵᠦ᠍ ᠬᠡᠷᠡᠭ ᠱᠢᠢᠳᠪᠦᠷᠢᠯᠡᠬᠦ᠌ ᠲᠥᠪ᠂ ᠬᠠᠤᠯᠢ ᠲᠦᠷᠢᠮ᠎ᠦᠨ ᠰᠠᠯᠠᠭ᠎ᠠ ᠮᠥᠴᠢᠷ᠎ᠦᠨ ᠪᠠᠢᠴᠠᠭᠠᠬᠤ ᠲᠠᠰᠤᠭ᠎ᠤᠨ ᠡᠭᠦᠷᠭᠡ ᠴᠢᠳᠠᠪᠬᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠵᠤ ᠠᠬᠤᠢᠯᠠᠯ᠎ᠤᠨ ᠡᠷᠬᠡ ᠠᠱᠢᠭ᠎ᠲᠤ ᠬᠠᠯᠳᠠᠭ᠍ᠰᠠᠨ ᠠᠰᠠᠭᠤᠳᠠᠯ᠎ᠢ ᠴᠢᠩᠭ᠎ᠠ ᠠᠩᠬᠠᠷᠴᠤ᠌᠂ ᠴᠠᠭ ᠲᠤᠬᠠᠢ᠎ᠳᠤᠨᠢ ᠢᠯᠡᠷᠡᠭᠦᠯᠦᠨ ᠵᠠᠯᠠᠷᠠᠭᠤᠯᠵᠤ᠂ ᠤᠷᠢᠳᠴᠢᠯᠠᠨ ᠰᠡᠷᠭᠡᠢᠯᠡᠪᠡ᠃ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠶᠠᠯᠠᠲᠤ ᠬᠡᠷᠡᠭ᠎ᠢ ᠬᠢᠨᠠᠨ ᠪᠠᠢᠴᠠᠭᠠᠵᠤ ᠪᠠᠷᠢᠪᠴᠢᠯᠠᠬᠤ᠂ ᠬᠢᠨᠠᠨ ᠪᠠᠢᠴᠠᠭᠠᠵᠤ ᠵᠠᠭᠠᠯᠳᠤᠬᠤ ᠶᠠᠰᠤ ᠴᠢᠨᠠᠷ᠎ᠢ ᠦᠨᠡᠯᠡᠨ ᠪᠠᠢᠴᠠᠭᠠᠬᠤ ᠲᠦᠷᠢᠮ᠎ᠢ ᠪᠠᠢᠭᠤᠯᠵᠤ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ᠎ᠢ ᠪᠠᠷᠢᠪᠴᠢᠯᠠᠨ ᠵᠠᠭᠠᠯᠳᠤᠬᠤ ᠶᠠᠰᠤ ᠴᠢᠨᠠᠷ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠪᠡ᠃

ᠡᠯ᠎ᠡ ᠱᠠᠲᠤᠨ᠎ᠤ ᠪᠠᠢᠴᠠᠭᠠᠬᠤ ᠪᠠᠢᠭᠤᠯᠭ᠎ᠠ᠎ᠨᠤᠭᠤᠳ《ᠶᠡᠬᠡ ᠶᠠᠷᠢᠯᠴᠠᠭ᠎ᠠ》 ᠎ᠶ᠋ᠢᠨ ᠠᠵᠢᠯᠯᠠᠭ᠎ᠠ᠎ᠪᠠᠷ ᠲᠣᠬᠢᠶᠠᠯ ᠪᠣᠯᠭᠠᠵᠤ᠂ 《ᠱᠢᠯᠢᠳᠡᠭ》 ᠢ᠋ ᠬᠥᠭᠡᠭᠡᠴᠡᠯᠳᠦᠬᠦ᠌ ᠵᠠᠮ᠎ᠢᠶᠠᠷ ᠤᠷᠢᠳᠴᠢᠯᠠᠨ ᠦᠢᠯᠡᠴᠢᠯᠡᠵᠦ᠍᠂ ᠰᠠᠨᠠᠭᠠᠴᠢᠯᠠᠭ᠎ᠠ ᠡᠴᠡ᠎ᠪᠠᠨ ᠠᠵᠢᠯ ᠬᠢᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠡᠭᠦᠳᠡ᠎ᠪᠡᠨ ᠶᠡᠭᠡ ᠨᠡᠭᠡᠭᠡᠨ ᠰᠠᠨᠠᠯ ᠬᠤᠷᠢᠶᠠᠵᠤ᠂ ᠠᠵᠤ ᠠᠬᠤᠢᠯᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠣᠢᠯᠠᠭᠠᠵᠤ᠂ ᠭᠤᠷᠪᠠᠨ ᠱᠠᠲᠤᠨ᠎ᠤ ᠪᠠᠢᠴᠠᠭᠠᠬᠤ ᠬᠣᠷᠢᠶ᠎ᠠ᠎ᠶ᠋ᠢᠨ ᠲᠦᠭᠡᠮᠡᠯ ᠴᠢᠨᠠᠷᠲᠠᠶ᠂ ᠨᠡᠢᠲᠡᠯᠢᠭ ᠴᠢᠨᠠᠷᠲᠠᠶ᠂ ᠲᠣᠪᠣᠢᠮ᠎ᠠ ᠴᠢᠨᠠᠷᠲᠠᠶ ᠠᠰᠠᠭᠤᠳᠠᠯ ᠪᠠ ᠰᠠᠨᠠᠭᠤᠯᠭ᠎ᠠ ᠵᠢ 23 ᠵᠦᠶ᠋ᠯ᠎ᠳᠤ ᠡᠮᠬᠢᠯᠡᠨ ᠬᠤᠷᠢᠶᠠᠩᠭᠤᠢᠯᠠᠵᠤ᠂ 60 ᠵᠦᠶ᠋ᠯ᠎ᠦᠨ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠵᠤ᠂ ᠳᠡᠭᠡᠷ᠎ᠡ᠎ᠡᠴᠡ ᠳᠣᠷᠣᠭ᠍ᠰᠢ ᠪᠥᠬᠥ᠌ ᠲᠠᠯ᠎ᠠ᠎ᠪᠠᠷ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠵᠤ᠂ ᠳᠡᠭᠡᠷ᠎ᠡ ᠳᠤᠤᠷ᠎ᠡ ᠱᠠᠲᠤ ᠨᠢᠭᠡ ᠴᠤᠬᠴᠠᠵᠢᠵᠤ ᠬᠦᠰᠡᠯ ᠱᠠᠭᠠᠷᠳᠠᠯᠭ᠎ᠠ᠎ᠳᠤ ᠬᠠᠷᠢᠭᠤᠯᠲᠠ ᠥᠭ᠌ᠪᠡ᠃

ᠨᠠᠶ᠋ᠮᠠᠨ ᠬᠣᠱᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠨᠢ ᠪᠠᠢᠴᠠᠭᠠᠬᠤ ᠬᠣᠷᠢᠶ᠎ᠠ ᠪᠠ ᠠᠵᠤ ᠠᠬᠤᠢᠯᠠᠯ᠎ᠤᠨ ᠬᠠᠷᠢᠯᠴᠠᠬᠤ ᠠᠯᠪᠠᠨ ᠬᠡᠷ᠂ 12309 ᠪᠠᠢᠴᠠᠭᠠᠬᠤ ᠦᠶ᠋ᠯᠡᠴᠢᠯᠡᠭᠡᠨ᠎ᠦ ᠬᠠᠯᠠᠮᠰᠢᠯ ᠤᠲᠠᠰᠤ ᠵᠢᠴᠢ ᠠᠵᠤ ᠠᠬᠤᠢᠯᠠᠯ᠎ᠤᠨ ᠪᠠᠢᠴᠠᠭᠠᠬᠤ ᠬᠠᠷᠢᠯᠴᠠᠬᠴᠢ ᠢ᠋ᠢᠨ ᠲᠦᠷᠢᠮ᠎ᠢ ᠪᠠᠢᠭᠤᠯᠬᠤ᠎ᠪᠠᠷ ᠳᠠᠮᠵᠢᠭᠤᠯᠤᠨ᠂ ᠠᠵᠤ ᠠᠬᠤᠢᠯᠠᠯ᠎ᠤᠨ ᠬᠠᠤᠯᠢ ᠴᠠᠭᠠᠵᠠ᠎ᠶ᠋ᠢᠨ ᠵᠥᠪᠯᠡᠯᠭᠡ ᠪᠠ ᠬᠠᠤᠯᠢ ᠴᠠᠭᠠᠵᠠ᠎ᠶ᠋ᠢᠨ ᠠᠪᠤᠷᠠᠨ ᠲᠤᠰᠠᠯᠠᠬᠤ ᠠᠷᠭ᠎ᠠ ᠵᠠᠮ᠎ᠢ ᠱᠢᠯᠤᠭᠤᠳᠭᠠᠪᠠ᠃

ᠬᠥᠨᠳᠡᠯᠡᠨ ᠲᠣᠭᠣᠷᠢᠭ᠎ᠤᠨ ᠠᠷᠠᠳ᠎ᠤᠨ ᠪᠠᠢᠴᠠᠭᠠᠬᠤ ᠬᠣᠷᠢᠶ᠎ᠠ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ᠎ᠲᠤ《ᠰᠠᠭᠠᠳ ᠦᠭᠡᠢ ᠨᠡᠪᠲᠡᠷᠡᠬᠦ᠌ ᠵᠠᠮ》 ᠭᠠᠷᠭᠠᠵᠦ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠦᠢᠯᠡᠴᠢᠯᠡᠭᠡᠨ᠎ᠦ ᠠᠵᠢᠯ᠎ᠤᠨ ᠪᠠᠢᠷᠢ ᠭᠠᠷᠭᠠᠵᠤ᠂ ᠲᠤᠰᠭᠠᠢ ᠬᠥᠮᠦᠨ ᠲᠣᠭ᠍ᠲᠠᠭᠠᠨ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠠᠤᠯᠢ ᠴᠠᠭᠠᠵᠠ᠎ᠶ᠋ᠢᠨ ᠯᠠᠪᠯᠠᠭ᠎ᠠ᠎ᠶ᠋ᠢ ᠬᠦᠯᠢᠶᠠᠨ ᠠᠪᠴᠤ᠌᠂ ᠲᠤᠰ ᠡᠳᠦᠷ᠎ᠲᠦᠨᠢ ᠳᠠᠮᠵᠢᠭᠤᠯᠵᠤ᠂ ᠲᠤᠰ ᠡᠳᠦᠷ᠎ᠲᠦᠨᠢ ᠬᠦᠷᠭᠡᠬᠦ᠌᠎ᠶ᠋ᠢ ᠪᠡᠶᠡᠯᠡᠭᠦᠯᠪᠡ᠃

᠁

ᠪᠥᠬᠥ᠌ ᠣᠷᠣᠨ᠎ᠤ ᠪᠠᠢᠴᠠᠭᠠᠬᠤ ᠪᠠᠢᠭᠤᠯᠭ᠎ᠠ᠎ᠶ᠋ᠢᠨ᠎ᠬᠢᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠨ ᠪᠠᠲᠤᠯᠠᠬᠤ 15 ᠵᠦᠶ᠋ᠯ᠎ᠦᠨ ᠠᠷᠭ᠎ᠠ ᠬᠡᠮᠵᠢᠶ᠎ᠡ ᠪᠣᠯᠤᠨ ᠬᠠᠤᠯᠢᠵᠢᠭ᠍ᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ 20 ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠠᠵᠤ ᠠᠬᠤᠢᠯᠠᠯ ᠎ᠤᠨ ᠠᠳᠠᠯᠢ ᠪᠤᠰᠤ ᠬᠠᠤᠯᠢ ᠴᠠᠭᠠᠵᠠ᠎ᠶ᠋ᠢᠨ ᠬᠡᠷᠡᠭ᠌ᠴᠡᠭᠡ᠎ᠶ᠋ᠢ ᠦᠨᠳᠦᠰᠦᠯᠡᠨ᠂ 《ᠬᠠᠤᠯᠢᠵᠢᠯ᠎ᠤᠨ ᠪᠡᠶ᠎ᠡ᠎ᠶ᠋ᠢᠨ ᠪᠠᠢᠴᠠᠭᠠᠯᠲᠠ》᠎ᠶ᠋ᠢ ᠲᠣᠭ᠍ᠲᠠᠭᠠᠵᠤ᠂ ᠬᠠᠤᠯᠢ ᠲᠦᠭᠡᠮᠡᠯᠵᠢᠭᠦᠯᠬᠦ᠌ ᠬᠢᠴᠢᠶᠡᠯ ᠲᠣᠬᠢᠷᠠᠭᠤᠯᠪᠠ᠃

《ᠱᠢᠯᠢᠳᠡᠭ》 ᠲᠸ᠋ ᠬᠢᠵᠠᠭᠠᠷ ᠦᠭᠡᠢ᠂ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭ᠌ᠲᠡᠢ᠃ ᠪᠥᠬᠥ᠌ ᠣᠷᠣᠨ᠎ᠤ ᠪᠠᠢᠴᠠᠭᠠᠬᠤ ᠪᠠᠢᠭᠤᠯᠭ᠎ᠠ᠎ᠨᠤᠭᠤᠳ ᠦᠵᠡᠯ ᠰᠠᠨᠠᠭ᠎ᠠ᠎ᠪᠠᠨ ᠴᠢᠨᠠᠬᠰᠢᠲᠠ ᠴᠢᠯᠥᠭᠡᠯᠡᠨ᠂ ᠣᠢᠯᠠᠭᠠᠭ᠍ᠳᠠᠬᠤᠨ᠎ᠢᠶᠠᠨ ᠱᠢᠨᠡᠳᠭᠡᠵᠦ᠍᠂ ᠪᠣᠳᠠᠲᠠᠶ ᠠᠷᠭ᠎ᠠ ᠬᠡᠮᠵᠢᠶ᠎ᠡ ᠰᠦᠪᠡᠭ᠌ᠴᠢᠯᠡᠵᠦ᠍᠂ ᠬᠠᠤᠯᠢ ᠴᠠᠭᠠᠵᠠ᠎ᠶ᠋ᠢᠨ ᠬᠢᠨᠠᠯᠲᠠ᠎ᠶ᠋ᠢᠨ ᠴᠢᠨᠠᠷ ᠴᠢᠨᠰᠠᠭ᠎ᠠ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠳᠤ ᠲᠠᠰᠤᠷᠠᠯᠲᠠ ᠥᠬᠡᠶ ᠬᠦᠴᠦᠨ ᠣᠯᠭᠣᠵᠤ᠂ ᠥᠪᠥᠷ ᠮᠣᠩᠭᠣᠯ᠎ᠢ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ《ᠱᠢᠮᠡᠳᠦ ᠬᠥᠷᠥᠰᠥ᠍》᠂ ᠪᠠᠯᠠ ᠣᠷᠣᠭᠤᠯᠵᠤ ᠦᠶ᠋ᠯᠡᠰ ᠬᠥᠭ᠌ᠵᠢᠭᠦᠯᠬᠦ᠌ 《ᠬᠠᠨᠤᠮᠵᠢᠳᠠᠢ ᠤᠷᠤᠨ》 ᠪᠣᠯᠭᠠᠨ ᠪᠥᠲᠥᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面