ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-06-01 10:02:41

ᠵᠣᠬᠢᠶᠠᠭ᠍ᠴᠢ᠄ ᠯᠤᠨᠳᠤᠨᠬᠤᠸᠠᠷ ᠣᠩᠱᠢᠭ᠍ᠰᠠᠨ ᠣᠳᠠᠭ᠎ᠠ᠄ 3

ᠤᠢ᠍ᠢᠷ᠎ᠠ᠎ᠶ᠋ᠢᠨ ᠵᠢᠯ᠎ᠡᠴᠨ ᠦᠦᠱᠢᠨ ᠬᠣᠱᠢᠭᠤᠨ᠎ᠤ ᠬᠢᠨ ᠲᠠᠷᠢᠶᠠᠯᠠᠩ᠎ᠤᠨ ᠪᠦᠲᠦᠭᠡᠭ᠌ᠳᠡᠬᠦᠨ᠎ᠦ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠭᠦᠢᠯᠭᠡᠭᠡᠨ᠎ᠦ ᠣᠳᠣᠬᠢᠴᠢᠯᠠᠯᠲᠠ᠎ᠪᠠᠷ ᠬᠠᠷᠠᠯᠲᠠ ᠪᠣᠯᠭᠠᠨ᠂ 《ᠰᠦᠯᠵᠢᠢ᠎ᠡ +》 ᠵᠢ ᠠᠱᠢᠭ᠍ᠯᠠᠵᠤ᠂ ᠤᠯᠠᠮᠵᠢᠯᠠᠯᠲᠤ ᠠᠵᠤ ᠠᠬᠤᠢᠯᠠᠯ᠎ᠤᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌᠎ᠶ᠋ᠢ ᠠᠬᠢᠭᠤᠯᠵᠤ᠂ 《ᠬᠤᠳᠠ ᠬᠥᠳᠡᠭᠡ᠎ᠶ᠋ᠢ ᠬᠣᠯᠪᠣᠬᠤ᠂ ᠬᠣᠣᠰ ᠴᠢᠭ᠌ᠯᠡᠯ᠎ᠢᠶᠡᠷ ᠭᠦᠢᠯᠭᠡᠭᠡᠬᠦ᠂ ᠲᠠᠪᠴᠠᠩ᠎ᠢ ᠬᠠᠮᠲᠤ ᠪᠠᠷ ᠬᠡᠷᠡᠭ᠌ᠯᠡᠬᠦ᠂ ᠠᠭᠤᠰᠤᠯᠴᠠᠨ ᠨᠢᠭᠡ ᠴᠤᠬ᠍ᠴᠠᠵᠢᠭᠤᠯᠬᠤ》 ᠬᠤᠳᠠ ᠬᠥᠳᠡᠭᠡ᠎ᠶ᠋ᠢᠨ ᠤᠳᠤ ᠦᠶ᠎ᠡ᠎ᠶ᠋ᠢᠨ ᠭᠦᠢᠯᠭᠡᠭᠡᠨ᠎ᠦ ᠦᠢᠯᠡᠴᠢᠯᠡᠭᠡᠨ᠎ᠦ ᠱᠢᠰᠲᠸᠮ᠎ᠢ ᠪᠠᠢᠭᠤᠯᠪᠠ᠃

ᠦᠦᠱᠢᠨ ᠬᠣᠱᠢᠭᠤᠨ᠎ᠤ ᠡᠯᠧᠺᠲ᠋ᠷᠣᠨ ᠬᠤᠳᠠᠯᠳᠤᠭᠠᠨ᠎ᠤ ᠪᠠᠷᠠᠭᠠᠨ᠎ᠤ ᠭᠦᠢᠯᠭᠡᠭᠡ᠎ᠶ᠋ᠢᠨ ᠬᠤᠪᠢᠶᠠᠷᠢᠯᠠᠯᠲᠠ᠎ᠶ᠋ᠢᠨ ᠲᠥᠪ᠎ᠲᠦ᠍᠂ ᠠᠦ᠋ᠲ᠋ᠣᠴᠢᠯᠠᠭ᠍ᠰᠠᠨ ᠤᠶᠤᠨᠲᠤ ᠢᠯᠭᠠᠯᠲᠠ᠎ᠶ᠋ᠢᠨ ᠲᠥᠬᠥᠭᠡᠷᠦᠮᠵᠢ ᠥᠨᠳᠥᠷ ᠪᠦᠲᠦᠮᠵᠢᠲᠡᠢ᠎ᠪᠡᠷ ᠠᠵᠢᠯᠯᠠᠵᠤ ᠪᠠᠢ᠌ᠯ᠎ᠠ᠃ ᠡᠨᠡ ᠬᠦ᠌ ᠲᠥᠬᠥᠭᠡᠷᠦᠮᠵᠢ ᠨᠢ ᠳᠠᠮᠵᠢᠭᠤᠯᠬᠤ ᠪᠦᠰᠡ᠂ ᠪᠣᠭᠣᠳᠠᠯ᠎ᠤᠨ ᠲᠠᠪᠴᠠᠩ᠂ ᠢᠯᠭᠠᠬᠤ ᠵᠢᠵᠢᠭ ᠮᠠᠱᠢᠨ᠂ ᠬᠦᠨᠳᠦ᠍᠎ᠶ᠋ᠢ ᠬᠡᠮᠵᠢᠬᠦ᠌ ᠱᠢᠰᠲ᠋ᠧᠮ ᠵᠡᠷᠭᠡ ᠲᠣᠨᠣᠭ᠍ᠯᠠᠯ᠎ᠢᠶᠠᠷ ᠪᠦᠷᠢᠯᠳᠦᠵᠦ᠍᠂ ᠬᠥᠮᠦᠨ᠎ᠦ ᠬᠦᠴᠦ᠍᠎ᠪᠡᠷ ᠪᠣᠭᠣᠳᠠᠯ ᠬᠠᠩᠭᠠᠬᠤ᠎ᠪᠠᠷ ᠳᠠᠮᠵᠢᠭᠤᠯᠤᠨ ᠪᠣᠭᠣᠳᠠᠯ᠎ᠤᠨ ᠲᠠᠪᠴᠠᠩ ᠳᠡᠭᠡᠷ᠎ᠡ ᠲᠠᠯᠪᠢᠵᠤ᠂ ᠤᠶᠤᠨᠲᠤ ᠺᠣᠳ᠋ ᠤᠩᠱᠢᠬᠤ ᠲᠥᠬᠥᠭᠡᠷᠦᠮᠵᠢ᠎ᠪᠡᠷ ᠳᠠᠮᠵᠢᠭᠤᠯᠤᠨ ᠠᠦ᠋ᠲ᠋ᠣ᠋ ᠱᠢᠷᠪᠢᠯᠲᠡ᠎ᠪᠡᠷ ᠪᠣᠭᠣᠳᠠᠯ᠎ᠤᠨ ᠵᠣᠷᠢᠭ᠍ᠰᠠᠨ ᠭᠠᠵᠠᠷ᠎ᠢ ᠣᠯᠵᠤ᠂ ᠬᠠᠷᠠᠭᠠᠯᠵᠠᠭ᠍ᠰᠠᠨ ᠢᠯᠭᠠᠬᠤ ᠵᠠᠮ᠎ᠤᠨ ᠠᠭᠤᠯᠵᠠᠷ᠎ᠲᠤ ᠭᠦᠷᠭᠡᠳᠡᠭ᠃

ᠦᠦᠱᠢᠨ ᠬᠣᠱᠢᠭᠤ ᠤᠳᠤ ᠭᠠᠯᠠᠭᠤᠳᠤ᠎ᠶ᠋ᠢᠨ ᠲᠣᠭᠣᠷᠢᠭ᠎ᠲᠤ ᠡᠯᠧᠺᠲ᠋ᠷᠣᠨ ᠬᠤᠳᠠᠯᠳᠤᠭᠠᠨ᠎ᠤ ᠪᠠᠷᠠᠭᠠᠨ᠎ᠤ ᠭᠦᠢᠯᠭᠡᠭᠡᠨ᠎ᠦ ᠬᠤᠪᠢᠶᠠᠷᠢ ᠲᠥᠪ᠎ᠢ ᠪᠠᠢᠭᠤᠯᠵᠤ᠂ ᠠᠦ᠋ᠲ᠋ᠣᠴᠢᠯᠠᠭ᠍ᠰᠠᠨ ᠣᠶᠤᠨᠴᠢ ᠢᠯᠭᠠᠯᠲᠠ᠎ᠶ᠋ᠢᠨ ᠲᠥᠬᠥᠭᠡᠷᠦᠮᠵᠢ᠎ᠲᠡᠶ ᠪᠣᠯᠤᠭ᠍ᠰᠠᠨ᠎ᠤ ᠳᠠᠷᠠᠭ᠎ᠠ᠂ ᠡᠯ᠎ᠡ ᠲᠦᠷᠭᠡᠨ ᠬᠦᠷᠭᠡᠯᠲᠡ᠎ᠶ᠋ᠢᠨ ᠱᠢᠰᠲ᠋ᠧᠮ᠎ᠲᠡᠶ ᠵᠣᠯᠭᠠᠭᠤᠯᠵᠤ᠂ ᠡᠳᠦᠷ ᠪᠦᠷᠢ ᠦᠦᠱᠢᠨ ᠬᠣᠱᠢᠭᠤᠨ᠎ᠳᠤ ᠬᠥᠷᠬᠥ᠌ ᠲᠦᠷᠭᠡᠨ ᠬᠦᠷᠭᠡᠯᠲᠡ᠎ᠶ᠋ᠢ ᠤᠶᠤᠨᠴᠢᠯᠠᠭ᠍ᠰᠠᠨ᠂ ᠨᠠᠷᠢᠯᠢᠭ ᠣᠨᠣᠪᠴᠢᠲᠠᠶ ᠱᠢᠶ᠋ᠳᠪᠦᠷᠢᠯᠡᠵᠦ᠍ ᠪᠣᠯᠤᠨ᠎ᠠ᠂ ᠡᠨᠡ ᠨᠢ ᠲᠦᠷᠭᠡᠨ ᠬᠦᠷᠭᠡᠯᠲᠡ᠎ᠶ᠋ᠢᠨ ᠠᠵᠢᠯ᠎ᠤᠨ ᠪᠤᠷᠤᠭᠤᠳᠠᠬᠤ ᠨᠣᠷᠮ᠎ᠠ᠎ᠶ᠋ᠢ ᠪᠠᠭᠤᠷᠠᠭᠤᠯᠤᠭ᠍ᠰᠠᠨ᠎ᠢᠶᠠᠷ ᠪᠠᠷᠠᠬᠤ ᠥᠬᠡᠶ᠂ ᠲᠦᠷᠭᠡᠨ ᠬᠦᠷᠭᠡᠯᠲᠡ᠎ᠶ᠋ᠢᠨ ᠠᠵᠢᠯ᠎ᠤᠨ ᠦᠷ᠎ᠡ ᠪᠦᠲᠦᠮᠵᠢ᠎ᠶ᠋ᠢ ᠴᠦ᠍ ᠳᠡᠭᠡᠭ᠌ᠰᠢᠯᠡᠭᠦᠯᠵᠦ᠍᠂ ᠬᠣᠱᠢᠭᠤ᠎ᠡᠴᠨ ᠲᠣᠰᠭᠣᠨ᠎ᠳᠤ ᠬᠦᠷᠲᠡᠯ᠎ᠡ 36 ᠴᠠᠭ᠎ᠤᠨ ᠳᠣᠲᠣᠷ᠎ᠠ ᠭᠦᠷᠭᠡᠵᠤ᠂ ᠪᠠᠷᠠᠭᠠᠨ᠎ᠤ ᠭᠦᠶ᠋ᠯᠭᠡᠭᠡᠨ᠎ᠦ ᠦᠷ᠎ᠡ ᠪᠦᠲᠦᠮᠵᠢ᠎ᠶ᠋ᠢ ᠲᠡᠭᠡᠭᠰᠢᠯᠡᠬᠦᠯᠪᠡ᠃

ᠵᠢᠯ᠎ᠤᠨ ᠡᠬᠢᠨ᠎ᠡᠴᠨ ᠨᠠᠭᠠᠰᠢ᠂ ᠦᠦᠱᠢᠨ ᠬᠣᠱᠢᠭᠤᠨ᠎ᠤ ᠬᠢᠨ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠤᠨ ᠬᠥᠭ᠌ᠵᠢᠯᠲᠡ᠎ᠶ᠋ᠢ ᠠᠵᠤ ᠠᠬᠤᠢ᠎ᠶ᠋ᠢᠨ ᠬᠡᠯᠪᠡᠷᠢ ᠪᠡᠨ ᠬᠤᠪᠢᠷᠠᠭᠤᠯᠬᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠴᠢᠬᠤᠯᠠ ᠬᠥᠳᠡᠯᠭᠡᠭᠦᠷ ᠪᠣᠯᠭᠠᠵᠤ᠂ ᠤᠯᠤᠰ᠎ᠤᠨ ᠳᠡᠰ᠎ᠤᠨ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠢ ᠬᠥᠳᠡᠭᠡ ᠲᠣᠰᠭᠣᠨ᠎ᠳᠤ ᠣᠷᠣᠭᠤᠯᠬᠤ ᠶᠡᠷᠦᠩᠬᠡᠢᠯᠡᠭ᠌ᠰᠡᠨ ᠵᠢᠱ᠌ᠢᠶ᠎ᠡ ᠦᠵᠡᠭᠦᠯᠬᠦ᠌ ᠱᠢᠶᠠᠨ᠎ᠤ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢᠨ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠤᠨ ᠣᠯᠠᠨ ᠨᠡᠢᠲᠡ᠎ᠶ᠋ᠢᠨ ᠦᠢᠯᠡᠴᠢᠯᠡᠭᠡ᠎ᠪᠡᠷ ᠬᠥᠳᠡᠯᠭᠡᠭᠦᠷ ᠪᠣᠯᠭᠠᠵᠤ᠂ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠤᠨ ᠣᠯᠠᠨ ᠨᠡᠢᠲᠡ᠎ᠶ᠋ᠢᠨ ᠦᠢᠯᠡᠴᠢᠯᠡᠭᠡ᠂ ᠭᠤᠷᠪᠠᠨ ᠳᠡᠰ᠎ᠤᠨ ᠪᠠᠷᠠᠭᠠᠨ᠎ᠤ ᠭᠦᠢᠯᠭᠡᠭᠡᠨ᠎ᠦ ᠲᠣᠬᠢᠷᠠᠭᠤᠯᠤᠨ ᠬᠦᠷᠭᠡᠬᠦ᠌ ᠦᠢᠯᠡᠴᠢᠯᠡᠭᠡ᠂ ᠣᠳᠣ ᠦᠶ᠎ᠡ᠎ᠶ᠋ᠢᠨ ᠭᠦᠢᠯᠭᠡᠭᠡᠨ᠎ᠦ ᠦᠢᠯᠡᠴᠢᠯᠡᠭᠡ ᠪᠠ ᠡᠯᠧᠺᠲ᠋ᠷᠣᠨ ᠬᠤᠳᠠᠯᠳᠤᠭᠠᠨ᠎ᠤ ᠴᠢᠳᠠᠪᠤᠷᠢᠲᠠᠨ᠎ᠤ ᠪᠣᠯᠪᠠᠰᠤᠷᠠᠭᠤᠯᠤᠯ᠎ᠤᠨ 《ᠳᠥᠷᠪᠡᠨ ᠶᠡᠬᠡ ᠱᠢᠰᠲ᠋ᠧᠮ》 ᠢ᠋ ᠲᠦᠷᠭᠡᠪᠴᠢᠯᠡᠨ ᠪᠠᠢᠭᠤᠯᠵᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠥᠭ᠌ᠵᠢᠯᠲᠡ᠎ᠶ᠋ᠢᠨ ᠠᠷᠭ᠎ᠠ ᠵᠠᠮ᠎ᠢ ᠰᠠᠭᠠᠳ ᠥᠬᠡᠶ ᠨᠡᠪᠲᠡᠷᠡᠭᠦᠯᠵᠦ᠍᠂ ᠴᠢᠨᠠᠷ ᠰᠠᠢᠲᠠᠶ ᠲᠠᠸᠠᠷ ᠪᠠ ᠮᠡᠳᠡᠭᠡ ᠵᠠᠩᠭᠢ᠎ᠶ᠋ᠢ ᠬᠥᠳᠡᠭᠡ ᠲᠣᠰᠭᠣᠨ᠎ᠳᠤ ᠲᠦᠷᠭᠡᠨ ᠬᠦᠷᠭᠡᠵᠦ᠍᠂ ᠳᠠᠬᠢᠨ ᠴᠢᠨᠠᠷ ᠰᠠᠢᠲᠠᠶ ᠲᠠᠷᠢᠶᠠᠯᠠᠩ᠎ᠤᠨ ᠪᠦᠲᠦᠭᠡᠭ᠌ᠳᠡᠬᠦᠨ ᠪᠠ ᠮᠡᠳᠡᠭᠡ ᠵᠠᠩᠭᠢ᠎ᠶ᠋ᠢ ᠬᠣᠲᠠ᠎ᠳᠤ ᠬᠦᠷᠭᠡᠵᠦ᠍᠂ ᠡᠬᠢ ᠪᠠᠶᠠᠯᠢᠭ᠎ᠢ ᠪᠦᠲᠦᠮᠵᠢᠲᠡᠶ᠎ᠪᠡᠷ ᠡᠮᠬᠢᠯᠡᠨ ᠨᠡᠢᠯᠡᠭᠦᠯᠵᠦ᠍᠂ ᠬᠣᠲᠠ ᠪᠠ ᠬᠥᠳᠡᠭᠡ ᠲᠣᠰᠭᠣᠨ᠎ᠤ ᠬᠣᠭᠣᠷᠣᠨᠳᠣᠬᠢ 《ᠲᠦᠷᠭᠡᠨ ᠳᠠᠪᠬᠢᠬᠤ ᠵᠠᠰᠠᠮᠠᠯ ᠵᠠᠮ》 ᠢ᠋ ᠪᠠᠢᠭᠤᠯᠤᠨ᠂ ᠦᠦᠱᠢᠨ ᠬᠣᠱᠢᠭᠤᠨ᠎ᠤ ᠬᠥᠳᠡᠭᠡ ᠲᠣᠰᠭᠣᠨ᠎ᠤ ᠡᠯᠧᠺᠲ᠋ᠷᠣᠨ ᠬᠤᠳᠠᠯᠳᠤᠭᠠᠨ᠎ᠤ ᠡᠨᠧᠷᠭᠢ᠎ᠶ᠋ᠢ ᠬᠥᠭ᠌ᠵᠢᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠵᠠᠭ᠍ᠪᠤᠷ᠎ᠢ ᠨᠡᠭᠡᠭᠡᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面