ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-06-01 10:05:20

ᠵᠣᠬᠢᠶᠠᠭ᠍ᠴᠢ᠄ ᠲᠡᠭᠦᠰᠪᠢᠯᠢᠭ ᠣᠩᠱᠢᠭ᠍ᠰᠠᠨ ᠣᠳᠠᠭ᠎ᠠ᠄ 3

ᠡᠮᠤᠨᠡᠬᠡᠨ᠂ ᠰᠤᠷᠪᠤᠯᠵᠢᠯᠠᠬᠴᠢ ᠳ᠋ᠸᠩᠺᠸᠤ ᠰᠢᠶᠠᠨ᠎ᠤ ᠡᠯᠧᠺᠲ᠋ᠷᠣᠨ ᠬᠤᠳᠠᠯᠳᠤᠭᠠᠨ᠎ᠤ ᠠᠵᠤ ᠦᠢᠯᠡᠰ᠎ᠦᠨ ᠬᠦᠷᠢᠶᠡᠯᠡᠩ ᠲᠣᠭᠣᠷᠢᠭ᠎ᠲᠤ ᠬᠦᠷᠬᠦ᠎ᠳᠦ᠂ ᠰᠦᠯᠵᠢᠶᠡᠨ᠎ᠦ ᠬᠥᠮᠥᠷᠭᠡ᠎ᠶᠢᠨ ᠲᠥᠪ᠎ᠲᠦ ᠪᠦᠬᠦ ᠤᠯᠤᠰ᠎ᠤᠨ ᠡᠯ᠎ᠡ ᠭᠠᠵᠠᠷ᠎ᠲᠤ ᠭᠤᠪᠢᠭᠤᠯᠬᠤ᠎ᠪᠠᠷ ᠪᠠᠢᠭ᠎ᠠ ᠳ᠋ᠸᠩᠺᠸᠤ ᠵᠢᠨ ᠲᠠᠷᠢᠶᠠᠯᠠᠩ᠎ᠤᠨ ᠣᠨᠴᠠ ᠭᠠᠷᠤᠯᠲᠠ ᠳᠦᠭᠦᠷᠴᠦ᠂ ᠠᠵᠢᠯᠴᠢᠳ ᠦᠢᠯᠡᠳᠪᠦᠷᠢᠯᠡᠯ᠎ᠤᠨ ᠱᠤᠭᠤᠮ᠎ᠲᠡᠭᠡᠷ᠎ᠡ ᠴᠠᠭ ᠨᠡᠮᠡᠨ ᠠᠵᠢᠯᠯᠠᠵᠤ᠂ ᠲᠠᠸᠠᠷ᠎ᠢᠶᠠᠨ ᠢᠯᠭᠠᠨ ᠰᠠᠯᠭᠠᠵᠤ᠂ ᠰᠠᠪᠠᠯᠠᠵᠤ ᠪᠣᠭᠣᠳᠠᠯᠯᠠᠭᠠᠳ ᠶᠠᠭᠠᠷᠠᠯᠳᠤᠵᠤ ᠪᠠᠢᠯ᠎ᠠ᠃

ᠠᠵᠤ ᠠᠬᠤᠶ᠎ᠶᠢᠨ ᠬᠡᠯᠪᠡᠷᠢ᠎ᠵᠢ ᠬᠤᠪᠢᠷᠠᠭᠤᠯᠤᠨ ᠲᠠᠰ ᠳᠡᠪᠰᠢᠬᠦ᠎ᠶᠢ ᠠᠬᠢᠭᠤᠯᠬᠤ᠎ᠶᠢᠨ ᠲᠥᠯᠥᠭᠡ᠂ ᠳ᠋ᠸᠩᠺᠸᠤ ᠰᠢᠶᠠᠨ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠢ ᠶᠡᠬᠡ᠎ᠪᠡᠷ ᠬᠥᠭᠵᠢᠭᠦᠯᠵᠦ᠂ 《ᠢᠨᠲ᠋ᠸᠷ ᠰᠦᠯᠵᠢᠶ᠎ᠡ +》 ᠪᠠᠷ ᠭᠠᠷᠳᠠᠴᠠ ᠪᠣᠯᠭᠠᠨ᠂ ᠢᠨᠲ᠋ᠸᠷ ᠰᠦᠯᠵᠢᠶ᠎ᠡ ᠬᠢᠭᠡᠳ ᠤᠯᠠᠮᠵᠢᠯᠠᠯᠲᠤ ᠠᠵᠤ ᠦᠢᠯᠡᠰ᠂ ᠣᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ᠎ᠦ ᠠᠭᠤᠰᠤᠯᠴᠠᠯ᠎ᠢ ᠲᠦᠷᠭᠡᠳᠬᠡᠵᠦ᠂ ᠡᠯᠧᠺᠲ᠋ᠷᠣᠨ ᠬᠤᠳᠠᠯᠳᠤᠭᠠᠨ᠎ᠤ ᠲᠥᠷᠥ᠎ᠶᠢᠨ ᠪᠣᠳᠣᠯᠭ᠎ᠠ᠎ᠶᠢ ᠨᠡᠢᠲᠡᠯᠡᠬᠦ᠂ ᠡᠯᠧᠺᠲ᠋ᠷᠣᠨ ᠬᠤᠳᠠᠯᠳᠤᠭᠠᠨ᠎ᠤ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠶᠢ ᠴᠢᠩᠭᠠᠳᠬᠠᠬᠤ᠂ ᠴᠢᠳᠠᠪᠤᠷᠢᠲᠠᠨ᠎ᠤ ᠪᠣᠯᠪᠠᠰᠤᠷᠠᠯ᠎ᠤᠨ ᠲᠠᠯ᠎ᠠ ᠪᠡᠷ ᠰᠢᠨ᠎ᠡ᠎ᠶᠢ ᠡᠭᠦᠳᠬᠦ ᠵᠡᠷᠭᠡ ᠠᠷᠭ᠎ᠠ ᠬᠡᠮᠵᠢᠶ᠎ᠡ᠎ᠵᠢ ᠰᠠᠢᠳᠤᠷ ᠤᠶᠠᠯᠳᠤᠭᠤᠯᠤᠨ᠂ ᠠᠵᠤ ᠠᠬᠤᠶ᠎ᠶᠢᠨ ᠨᠡᠮᠡᠭᠳᠡᠯ᠎ᠦᠨ 《ᠰᠢᠨ᠎ᠡ ᠬᠥᠳᠡᠯᠭᠡᠭᠦᠷ》 ᠎ᠢ᠋ ᠪᠤᠢᠵᠢᠭᠤᠯᠵᠠᠢ᠃

《ᠣᠢᠷ᠎ᠠ᠎ᠶᠢᠨ ᠵᠢᠯ᠎ᠡᠴᠡ ᠨᠠᠭᠠᠰᠢ᠂ ᠪᠢᠳᠡ ᠡᠯᠧᠺᠲ᠋ᠷᠣᠨ ᠬᠤᠳᠠᠯᠳᠤᠭᠠᠨ᠎ᠤ ᠬᠥᠭᠵᠢᠯᠲᠡ᠎ᠶᠢᠨ ᠬᠠᠨᠳᠤᠰᠢ᠎ᠶᠢ ᠳᠠᠭᠠᠵᠤ᠂ ᠡᠯᠧᠺᠲ᠋ᠷᠣᠨ ᠬᠤᠳᠠᠯᠳᠤᠭᠠᠨ᠎ᠤ ᠠᠵᠤ ᠦᠢᠯᠡᠰ᠎ᠦᠨ ᠬᠦᠷᠢᠶᠡᠯᠡᠩ ᠲᠣᠭᠣᠷᠢᠭ᠎ᠲᠤ ᠰᠢᠭᠤᠳ ᠨᠡᠪᠲᠡᠷᠡᠭᠦᠯᠭᠡ ᠪᠡᠷ ᠲᠠᠮᠵᠢᠭᠤᠯᠤᠨ ᠪᠠᠷᠠᠭ᠎ᠠ ᠲᠠᠸᠡᠷ ᠵᠢᠡᠨ ᠪᠤᠷᠤᠯᠠᠭᠤᠯᠬᠤ᠎ᠶᠢ ᠰᠠᠨᠠᠭᠠᠴᠢᠯᠠᠵᠠᠢ᠂ ᠬᠦᠷᠢᠶᠡᠯᠡᠩ ᠲᠣᠭᠣᠷᠢᠭ᠎ᠲᠤ ᠡᠷᠭᠢᠯᠡᠭᠰᠡᠨ ᠠᠷᠪᠠᠨ ᠬᠡᠳᠦᠨ ᠲᠠᠯᠠᠪᠤᠷ ᠦᠨ᠎ᠡ ᠲᠦᠯᠦᠪᠦᠷᠢ ᠥᠬᠡᠶ ᠪᠣᠯᠪᠠᠰᠤᠷᠠᠯ᠎ᠢᠶᠠᠷ ᠳᠡᠮᠵᠢᠨ᠂ ᠣᠲᠣ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠬᠢᠵᠦ ᠪᠠᠢᠭ᠎ᠠ ᠨᠡᠪᠲᠡᠷᠡᠭᠦᠯᠦᠭᠴᠢ ᠨᠢᠭᠡᠨᠲᠡ 100 ᠭᠠᠷᠤᠶ ᠬᠦᠮᠦᠨ ᠪᠣᠯᠵᠣ᠂ ᠨᠡᠯᠢᠶᠡᠳ ᠲᠥᠯᠥᠭᠡᠯᠡᠬᠦ ᠴᠢᠨᠠᠷᠲᠠᠶ᠎ᠨᠢ ᠱᠦᠨ ᠮᠠ ᠬᠠᠩᠭᠠᠯᠭ᠎ᠠ᠎ᠶᠢᠨ ᠬᠡᠯᠬᠢᠶ᠎ᠡ ᠪᠣᠯᠤᠨ᠎ᠠ᠂ ᠬᠣᠶᠠᠷ ᠤᠳᠠᠭ᠎ᠠ ᠲᠣᠮᠣ ᠬᠡᠯᠪᠡᠷᠢ᠎ᠶᠢᠨ ᠰᠢᠭᠤᠳ ᠨᠡᠪᠲᠡᠷᠡᠭᠦᠯᠭᠡ ᠬᠢᠭᠡᠳ ᠨᠢᠭᠡ ᠤᠳᠠᠭ᠎ᠠ ᠨᠢ 18 ᠲᠦᠮᠡᠨ ᠬᠤᠪᠢ ᠵᠠᠬᠢᠶᠠᠯᠠᠭ᠎ᠠ ᠲᠤᠭᠲᠠᠵᠤ᠂ ᠪᠡᠰᠡ ᠨᠢᠭᠡ ᠤᠳᠠᠭ᠎ᠠ ᠨᠢ 25 ᠲᠦᠮᠡᠨ ᠬᠤᠪᠢ ᠵᠠᠬᠢᠶᠠᠯᠠᠭ᠎ᠠ ᠲᠤᠭᠲᠠᠵᠠᠢ᠃ ᠬᠦᠷᠢᠶᠡᠯᠡᠩ ᠲᠣᠭᠣᠷᠢᠭ᠎ᠤᠨ ᠡᠳᠦᠷ᠎ᠦᠨ ᠭᠤᠪᠢᠭᠤᠯᠭ᠎ᠠ 2 ᠲᠦᠮᠡ ᠭᠠᠷᠤᠶ ᠬᠤᠪᠢ᠎ᠳᠤ ᠬᠦᠷᠴᠦ᠂ ᠪᠣᠷᠣᠯᠠᠭᠤᠯᠭ᠎ᠠ 8 ᠮᠢᠩᠭ᠎ᠠ ᠭᠠᠷᠤᠶ ᠲᠦᠮᠡᠨ ᠲᠥᠭᠥᠷᠢᠭ᠎ᠲᠦ ᠬᠦᠷᠴᠡᠶ》 ᠭᠡᠵᠦ ᠳ᠋ᠸᠩᠺᠸᠤ ᠰᠢᠶᠠᠨ᠎ᠤ ᠠᠷᠠᠯᠵᠢᠶ᠎ᠠ ᠬᠤᠳᠠᠯᠳᠤᠭᠠᠨ᠎ᠤ ᠲᠥᠪ᠎ᠦᠨ ᠡᠯᠧᠺᠲ᠋ᠷᠣᠨ ᠬᠤᠳᠠᠯᠳᠤᠭᠠᠨ᠎ᠤ ᠠᠯᠪᠠᠨ ᠭᠡᠷ᠎ᠦᠨ ᠡᠷᠬᠢᠯᠡᠭᠴᠢ᠂ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠤᠨ ᠨᠡᠢᠭᠡᠮᠯᠢᠭ᠎ᠦᠨ ᠳᠠᠷᠤᠭ᠎ᠠ ᠲᠤᠤ ᠹᠠ ᠭᠦᠸᠧ ᠬᠡᠯᠡᠨ᠎ᠡ᠃

ᠣᠢᠯᠠᠭᠠᠭᠰᠠᠨ᠎ᠢᠶᠠᠷ᠂ ᠳ᠋ᠸᠩᠺᠸᠤ ᠰᠢᠶᠠᠨ᠎ᠤ ᠡᠯᠧᠺᠲ᠋ᠷᠣᠨ ᠬᠤᠳᠠᠯᠳᠤᠭᠠᠨ᠎ᠤ ᠠᠵᠤ ᠦᠢᠯᠡᠰ᠎ᠦᠨ ᠬᠦᠷᠢᠶᠡᠯᠡᠩ ᠲᠣᠭᠣᠷᠢᠭ 《1 ᠠᠯᠪᠠᠨ᠎ᠤ ᠰᠦᠯᠵᠢᠶ᠎ᠡ + N ᠣᠨᠴᠠᠯᠢᠭᠲᠦ ᠲᠠᠪᠴᠠᠩ + N ᠬᠤᠳᠠᠯᠳᠤᠭᠠᠴᠢᠨ᠎ᠤ ᠲᠠᠪᠴᠠᠩ》 ᠤ᠋ᠨ ᠵᠠᠭᠪᠤᠷ᠎ᠢᠶᠠᠷ ᠡᠵᠡᠩᠨᠡᠵᠦ᠂ ᠰᠦᠯᠵᠢᠶᠡᠨ ᠳᠡᠭᠡᠷᠡᠬᠢ ᠠᠷᠠᠯᠵᠢᠶ᠎ᠠ ᠵᠢᠴᠢ ᠦᠢᠯᠡᠴᠢᠯᠡᠭᠡᠨ᠎ᠦ ᠠᠵᠢᠯᠯᠠᠭ᠎ᠠ᠎ᠪᠠᠷ ᠳᠠᠮᠵᠢᠭᠤᠯᠤᠨ᠂ ᠰᠦᠯᠵᠢᠶᠡᠨ ᠭᠠᠳᠠᠨᠠᠬᠢ ᠠᠵᠤ ᠦᠢᠯᠡᠰ ᠵᠢᠴᠢ ᠬᠠᠩᠭᠠᠯᠭ᠎ᠠ᠎ᠶᠢᠨ ᠬᠡᠯᠬᠢᠶ᠎ᠡ᠎ᠶᠢ ᠡᠮᠬᠢᠯᠡᠨ ᠨᠡᠢᠳᠭᠡᠵᠦ᠂ ᠡᠯᠧᠺᠲ᠋ᠷᠣᠨ ᠬᠤᠳᠠᠯᠳᠤᠭᠠᠨ᠎ᠤ ᠦᠢᠯᠡᠴᠢᠯᠡᠭᠡ ᠵᠢᠨ ᠠᠷᠭ᠎ᠠ ᠵᠠᠮ᠎ᠢ ᠲᠠᠰᠤᠷᠠᠯᠲᠠ ᠥᠬᠡᠶ ᠥᠷᠭᠡᠳᠬᠡᠨ᠂ ᠡᠯᠧᠺᠲ᠋ᠷᠣᠨ ᠬᠤᠳᠠᠯᠳᠤᠭᠠᠨ᠎ᠤ ᠬᠥᠭᠵᠢᠯᠲᠡ᠎ᠶᠢᠨ ᠵᠠᠭᠪᠤᠷ᠎ᠲᠤ ᠰᠢᠨ᠎ᠡ᠎ᠶᠢ ᠡᠭᠦᠳᠴᠦ᠂ ᠡᠯᠧᠺᠲ᠋ᠷᠣᠨ ᠬᠤᠳᠠᠯᠳᠤᠭᠠᠨ᠎ᠤ ᠠᠷᠠᠯᠵᠢᠶ᠎ᠠ 2017 ᠣᠨ᠎ᠳᠤ 4800 ᠲᠦᠮᠡᠨ ᠲᠥᠭᠥᠷᠢᠭ ᠪᠠᠢᠭᠰᠠᠨ᠎ᠠᠴᠠ᠎ᠪᠠᠨ ᠣᠲᠣ 2.6 ᠳ᠋ᠦᠩᠰᠢᠭᠤᠷ ᠲᠥᠭᠥᠷᠢᠭ ᠲᠦ᠍ ᠬᠦᠷᠴᠦ᠂ ᠲᠦᠷᠭᠡᠨ ᠬᠥᠭᠵᠢᠯᠲᠡ ᠵᠢ ᠪᠡᠶᠡᠯᠡᠭᠦᠯᠦᠭᠰᠡᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面