2022-06-04 20:59:11
— ᠥᠪᠥᠷ ᠮᠣᠩᠭᠣᠯ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠰᠢᠯᠢᠳᠡᠭᠵᠢᠬᠦᠯᠵᠤ ᠪᠠᠢᠬᠤ ᠲᠤᠬᠠᠢ ᠱᠢᠷᠢᠰ ᠮᠡᠳᠡᠭᠡᠯᠡᠯ (ᠳᠥᠷᠪᠡ)
ᠬᠠᠤᠯᠢᠵᠢᠯ ᠪᠤᠯ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠪᠦᠷᠢᠯᠳᠤᠬᠦᠯᠬᠦ ᠴᠢᠬᠤᠯᠠ ᠨᠦᠬᠦᠴᠡᠯ ᠪᠤᠯᠬᠤ ᠪᠦᠭᠡᠳ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠤ᠋ᠨ ᠭᠣᠣᠯ ᠡᠯᠧᠮᠧᠨ᠋ᠲ ᠪᠤᠯᠬᠤ ᠶᠤᠮ᠃ ᠪᠥᠬᠥ᠌ ᠣᠷᠣᠨ ᠤ᠋ ᠬᠠᠤᠯᠢ ᠴᠠᠭᠠᠵᠠ ᠢ᠋ᠢᠨ ᠵᠠᠰᠠᠭ ᠵᠠᠬᠢᠷᠭᠠᠨ ᠤ᠋ ᠱᠢᠰᠲ᠋ᠧᠮ ᠤ᠋ᠨ ᠬᠢᠨ ᠡᠭᠦᠷᠭᠡ ᠴᠢᠳᠠᠪᠬᠢ ᠲᠤᠱᠢᠶᠠᠯ ᠬᠠᠷᠢᠭᠤᠴᠠᠯᠭ᠎ᠠ ᠲᠠᠢᠪᠠᠨ ᠨᠢᠭ᠍ᠲᠠ ᠤᠶᠠᠯᠳᠤᠭᠤᠯᠤᠨ ᠪᠣᠳᠠᠲᠠᠶ ᠠᠷᠭ᠎ᠠ ᠬᠡᠮᠵᠢᠶ᠎ᠡ ᠠᠪᠴᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠠᠵᠢᠯ ᠢ᠋ ᠪᠣᠳᠠᠲᠠᠶ ᠨᠠᠷᠢᠯᠢᠭ ᠨᠠᠢᠳᠠᠪᠤᠷᠢᠵᠢᠭᠤᠯᠬᠤ ᠢ᠋ᠢ ᠠᠬᠢᠭᠤᠯᠪᠠ᠃
《ᠬᠠᠤᠯᠢ ᠴᠠᠭᠠᠵᠠ ᠢ᠋ᠢᠨ ᠦᠶ᠋ᠯᠡᠴᠢᠯᠡᠭᠡ ᠢ᠋ᠢ ᠰᠢᠯᠢᠳᠡᠭᠵᠢᠬᠦᠯᠵᠤ ᠬᠤᠳᠠᠯᠳᠤᠭ᠎ᠠ ᠢ᠋ᠢ ᠬᠦᠭᠵᠢᠬᠦᠯᠬᠦ》᠂ 《ᠵᠠᠰᠠᠭ ᠵᠠᠬᠢᠷᠭᠠᠨ ᠤ᠋ ᠬᠠᠤᠯᠢ ᠬᠡᠷᠡᠭ᠌ᠵᠢᠭᠦᠯᠦᠯᠲᠡ ᠢ᠋ᠢ ᠵᠢᠷᠤᠮᠵᠢᠭᠤᠯᠵᠤ ᠬᠤᠳᠠᠯᠳᠤᠭᠠᠢ᠋ᠢ ᠬᠠᠮᠠᠭᠠᠯᠠᠬᠤ》᠂ 《ᠬᠠᠤᠯᠢ ᠶᠣᠰᠣᠭᠠᠷ ᠣᠷᠣᠨ ᠢ᠋ᠢᠡᠨ ᠵᠠᠰᠠᠬᠤ ᠢ᠋ᠢ ᠨᠢᠭᠡᠳᠦᠯᠲᠡᠶ ᠲᠦᠯᠦᠪᠵᠢᠬᠦᠯᠵᠤ ᠬᠤᠳᠠᠯᠳᠤᠭ᠎ᠠ ᠢ᠋ᠢ ᠲᠤᠭᠳᠠᠪᠤᠷᠢᠵᠢᠭᠤᠯᠬᠤ》 ᠭᠤᠷᠪᠠᠨ ᠶᠡᠬᠡ ᠢᠨᠵᠧᠨᠧᠷᠢᠩ ᠢ᠋ ᠬᠡᠷᠡᠭ᠌ᠵᠢᠭᠦᠯᠵᠦ᠍᠂ ᠬᠠᠤᠯᠢᠵᠢᠯ ᠤ᠋ᠨ 《ᠦᠨᠳᠦᠰᠦ ᠢ᠋ᠢ ᠪᠡᠬᠢᠵᠢᠭᠦᠯᠬᠦ᠌ ᠂ ᠵᠢᠱ᠌ᠢᠯᠲᠡ ᠢ᠋ᠢ ᠲᠣᠭ᠍ᠲᠠᠪᠤᠷᠢᠵᠢᠭᠤᠯᠬᠤ᠂ ᠠᠯᠤᠰ ᠬᠡᠲᠦ᠍ ᠳ᠋ᠤ ᠠᠱᠢᠭ᠍ᠲᠠᠶ ᠪᠠᠢᠯᠭᠠᠬᠤ》ᠪᠠᠲᠤᠯᠠᠭ᠎ᠠ ᠢ᠋ᠢᠨ ᠦᠶ᠋ᠯᠡᠳᠦᠯ ᠢ᠋ ᠭᠦᠶ᠋ᠴᠡᠳ ᠪᠠᠳᠠᠷᠠᠭᠤᠯᠪᠠ ; ᠦᠨᠡᠨᠴᠢ ᠢᠲᠡᠭᠡᠮᠵᠢᠲᠡᠢ ᠵᠠᠰᠠᠭ ᠤ᠋ᠨ ᠣᠷᠳᠣᠨ ᠤ᠋ ᠪᠠᠢᠭᠤᠯᠤᠯᠲᠠ ᠢ᠋ᠢ ᠭᠦᠨᠵᠡᠭᠡᠢᠷᠡᠭᠦᠯᠵᠦ᠍᠂ ᠠᠵᠤ ᠠᠬᠤᠢᠯᠠᠯᠳᠤ ᠪᠠᠢᠩᠭᠤ ᠢ᠋ᠢᠨ ᠴᠢᠨᠠᠷᠲᠠᠢ 《ᠬᠠᠤᠯᠢᠵᠢᠯ ᠤ᠋ᠨ ᠪᠠᠢᠴᠠᠭᠠᠯᠲᠠ》 ᠦᠷᠨᠢᠬᠦᠯᠵᠤ᠂ ᠠᠵᠤ ᠠᠬᠤᠢᠯᠠᠯᠳᠤ ᠲᠤᠯᠭᠠᠷᠠᠵᠤ ᠪᠠᠢᠭ᠎ᠠ ᠬᠦᠴᠢᠷ ᠲᠦᠪᠡᠭ ᠲᠠᠢ ᠠᠰᠠᠭᠤᠳᠠᠯ ᠳ᠋ᠤ ᠴᠢᠭ᠌ᠯᠡᠭᠦᠯᠦᠨ᠂ ᠦᠨᠳᠦᠰᠦᠨ ᠡᠴᠡ ᠨᠢ ᠵᠠᠰᠠᠵᠤ᠂ ᠬᠠᠷᠠᠯᠲᠠ ᠲᠠᠢ ᠪᠡᠷ ᠬᠦᠴᠦᠯᠡᠪᠠ᠃
ᠬᠥᠬᠡᠬᠣᠲᠠ ᠢ᠋ᠢᠨ ᠬᠣᠩ ᠱᠧᠩ ᠠᠵᠤ ᠦᠢᠯᠡᠳᠪᠦᠷᠢ ᠢ᠋ᠢᠨ ᠬᠦᠷᠢᠶᠡᠯᠡᠩ ᠲᠣᠭᠣᠷᠢᠭᠲᠤ ᠪᠠᠢᠷᠢᠯᠠᠭ᠎ᠠ ᠬᠣᠩ ᠳ᠋ᠸ ᠰᠤᠷᠭᠠᠨ ᠬᠥᠮᠦᠵᠢᠯ ᠤ᠋ᠨ ᠬᠦᠷᠢᠶᠡᠯᠡᠩ ᠤ᠋ᠨ ᠪᠦᠳᠦᠭᠡᠨ ᠪᠠᠢᠭᠤᠯᠤᠯᠲᠠ ᠢ᠋ᠢᠨ ᠲᠦᠷᠦᠯ ᠵᠦᠢᠯ ᠤ᠋ᠨ ᠪᠠᠷᠢᠯᠭ᠎ᠠ ᠢ᠋ᠢᠨ ᠠᠵᠢᠯ ᠶᠠᠭ ᠶᠠᠭᠠᠷᠠᠯᠲᠠᠢ ᠶᠠᠪᠤᠭ᠍ᠳᠠᠵᠤ᠂ ᠠᠮᠤᠷ ᠢ᠋ ᠬᠠᠮᠠᠭᠠᠯᠠᠭ᠍ᠴᠢ ᠸᠠᠩ ᠵᠧᠩ ᠬᠤᠸᠠ ᠠᠮᠤᠷ ᠲᠦᠪᠱᠢᠨ ᠤ᠋ ᠵᠦᠢᠯᠡᠰ ᠲᠦ᠍ ᠨᠠᠷᠢᠨ ᠬᠢᠨᠠᠮᠠᠭᠠᠢ ᠪᠠᠢᠴᠠᠭᠠᠯᠳᠠ ᠬᠢᠨ᠎ᠠ᠃ ᠦᠨᠭᠬᠡᠷᠡᠭᠰᠡᠨ ᠳ᠋ᠤ ᠲᠡᠭᠡᠭᠡᠪᠦᠷᠢ ᠢ᠋ᠢᠨ ᠲᠡᠷᠭᠡ ᠪᠠᠷᠢᠯᠭ᠎ᠠ ᠵᠢᠨ ᠭᠠᠵᠠᠷ ᠡᠴᠡ ᠰᠢᠭᠤᠳ ᠯᠠ ᠭᠠᠷᠴᠤ ᠵᠠᠭᠡᠯᠢᠵᠢᠨ ᠵᠠᠮᠵᠢᠡᠷ ᠲᠤᠭᠤᠰᠤ ᠲᠠᠳᠠᠭᠤᠯᠤᠨ ᠲᠠᠪᠬᠢᠬᠤᠵᠢ ᠬᠠᠷᠠᠭᠰᠠᠨ ᠬᠣᠲᠠ ᠢ᠋ᠢᠨ ᠬᠠᠮᠢᠶᠠᠷᠤᠯᠲᠠ ᠢ᠋ᠢᠨ ᠠᠵᠢᠯᠲᠠᠨ ᠲᠠᠷᠤᠢᠬᠠᠨ ᠠᠵᠤ ᠠᠬᠤᠢᠯᠠᠯᠤᠨ ᠬᠠᠷᠢᠭᠤᠴᠠᠯᠭᠠᠳᠠᠨᠳᠤ ᠠᠰᠠᠭᠤᠳᠠᠯᠢ ᠲᠤᠰᠬᠠᠵᠤ ᠲᠤᠭᠳᠠᠭᠠᠯ ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠᠪᠠᠨ ᠵᠠᠯᠠᠷᠠᠭᠤᠯᠬᠤ ᠬᠡᠷᠡᠭ᠌ᠲᠡᠶ ᠬᠡᠵᠤ ᠱᠠᠭᠠᠷᠳᠠᠵᠡᠢ᠃
ᠲᠤᠭᠳᠠᠭᠠᠯᠠᠴᠠᠵᠥᠷᠢᠴᠡᠭ᠌ᠰᠡᠨᠦᠶ᠋ᠯᠡ ᠠᠵᠢᠯᠯᠠᠭ᠎ᠠ ᠨᠢ ᠬᠦᠨᠭᠬᠡᠨ᠂ ᠴᠠᠭ ᠲᠤᠬᠠᠶ ᠳᠤᠨᠢ ᠴᠡᠭ᠌ᠴᠡᠯᠡᠨ ᠰᠠᠢᠵᠢᠷᠠᠭᠤᠯᠤᠭᠰᠠᠨ ᠡᠴᠡ ᠬᠣᠲᠠ ᠢ᠋ᠢᠨ ᠬᠠᠮᠢᠶᠠᠷᠤᠯᠲᠠ ᠢ᠋ᠢᠨ ᠠᠵᠢᠯᠲᠠᠨ 《ᠬᠣᠲᠠ ᠢ᠋ᠢᠨ ᠬᠠᠮᠢᠶᠠᠷᠤᠯᠲᠠ ᠢ᠋ᠢᠨ ᠬᠦᠷᠢᠶᠡᠨᠳᠡᠬᠢ ᠬᠠᠤᠯᠢ ᠲᠣᠭ᠍ᠲᠠᠭᠠᠯᠠᠴᠠ ᠵᠥᠷᠢᠴᠡᠭ᠌ᠰᠡᠨ ᠬᠦᠨᠭᠬᠡᠨ ᠠᠵᠢᠯᠯᠠᠭ᠎ᠠ ᠢ᠋ᠢ ᠲᠤᠷᠭᠠᠭᠤᠯᠢ ᠡᠴᠡ ᠭᠡᠯᠳᠦᠷᠢᠭᠦᠯᠬᠦ᠌ ᠨᠠᠷᠢᠨ ᠲᠠᠨᠭᠰᠠ》 ᠢ᠋ᠢᠨ ᠲᠣᠭ᠍ᠲᠠᠭᠠᠯ ᠢ᠋ ᠦᠨᠳᠦᠰᠦᠯᠡᠨ᠂ ᠠᠵᠤ ᠠᠬᠤᠢᠯᠠᠯᠳᠤ 《ᠵᠠᠰᠠᠭ ᠵᠠᠬᠢᠷᠭᠠᠨ ᠤ᠋ ᠲᠤᠷᠭᠠᠭᠤᠯᠢ ᠦᠭᠬᠦ ᠦᠬᠡᠢ ᠲᠣᠭ᠍ᠲᠠᠭᠠᠯ ᠤ᠋ᠨ ᠪᠢᠴᠢᠭ》 ᠢ᠋ ᠪᠠᠭᠤᠯᠭᠠᠪᠠ᠃ ᠨᠢᠬᠡ ᠬᠠᠭᠤᠳᠠᠰᠤ ᠲᠤᠷᠭᠠᠭᠤᠯᠢ ᠦᠭᠬᠦ ᠦᠬᠡᠢ ᠨᠠᠷᠢᠨ ᠲᠠᠨᠭᠰᠠ ᠨᠢ ᠠᠵᠤ ᠠᠬᠤᠢᠯᠠᠯᠳᠤ ᠬᠢᠨᠠᠯᠲᠠ ᠬᠠᠮᠢᠶᠠᠷᠤᠯᠲᠠ ᠢ᠋ᠢᠨ ᠰᠠᠯᠠᠭ᠎ᠠ ᠮᠥᠴᠢᠷ ᠤ᠋ᠨ ᠦᠨᠡᠨ ᠪᠤᠳᠠᠳᠠᠢ ᠬᠠᠤᠯᠢ ᠬᠡᠷᠡᠭᠵᠢᠬᠦᠯᠤᠯᠳᠠ ᠢ᠋ᠢ ᠦᠨᠡᠨ ᠬᠦ᠌ ᠮᠡᠳᠡᠷᠡᠭᠦᠯᠪᠡ᠃ 《ᠡᠢᠮᠦᠷᠬᠦᠤ ᠲᠤᠷᠭᠠᠭᠤᠯᠢ ᠥᠭ᠌ᠬᠦ ᠠᠷᠭ᠎ᠠ ᠬᠡᠯᠪᠡᠷᠢ ᠨᠢ ᠬᠥᠮᠦᠰ ᠢ᠋ ᠪᠢᠱᠢᠷᠡᠭᠦᠯᠵᠦ᠍᠂ ᠰᠠᠢᠨ ᠲᠥᠷᠥ ᠢ᠋ᠢᠨ ᠪᠣᠳᠣᠯᠭ᠎ᠠ ᠨᠢ ᠪᠢᠳᠡᠨ ᠤ᠋ ᠡᠷᠴᠢ ᠵᠣᠷᠢᠭ ᠢ᠋ ᠨᠡᠨᠭ᠌ ᠬᠦᠪᠴᠢᠯᠡᠯᠠ᠃ ᠤᠳᠤ ᠺᠣᠮᠫᠠᠨᠢ ᠲᠤᠰᠭᠠᠢᠯᠠᠨ ᠬᠥᠮᠦᠨ ᠲᠤᠬᠢᠷᠠᠭᠤᠯᠵᠤ ᠡᠨᠡ ᠠᠵᠢᠯ ᠢ᠋ ᠰᠠᠢᠳᠤᠷ ᠠᠳᠭᠤᠵᠤ ᠪᠠᠢᠨ᠎ᠠ》 ᠭᠡᠵᠦ᠍ ᠸᠠᠩ ᠵᠧᠩ ᠬᠤᠸᠠ ᠪᠠᠶᠠᠷᠳᠠᠢᠬᠠᠨ ᠬᠡᠯᠡᠨ᠎ᠡ᠃
ᠣᠷᠴᠢᠨ ᠲᠣᠭᠣᠷᠢᠨ ᠲᠠᠭᠠᠯᠠᠮᠵᠢᠳᠠᠢ᠂ ᠠᠭᠤᠷ ᠠᠮᠢᠰᠬᠤᠯ ᠴᠡᠪᠡᠷ ᠪᠠᠢᠪᠠᠯ ᠵᠠᠬ᠎ᠠ ᠳᠡᠯᠭᠡᠭᠦᠷ ᠤ᠋ᠨ ᠭᠣᠣᠯ ᠴᠣᠭ᠍ᠴᠠ ᠰᠠᠶᠢ ᠠᠮᠢᠵᠢᠷᠠᠯ ᠤ᠋ᠨ ᠬᠦᠴᠦᠨᠲᠡᠶ ᠪᠤᠯᠵᠤ ᠴᠢᠳᠠᠨ᠎ᠠ᠃ ᠥᠪᠡᠷᠲᠡᠭᠡᠨ ᠵᠠᠰᠠᠬᠤ ᠣᠷᠣᠨ ᠤ᠋ ᠬᠠᠤᠯᠢ ᠴᠠᠭᠠᠵᠠ ᠢ᠋ᠢᠨ ᠲᠢᠩᠬᠢᠮ ᠤ᠋ᠨ ᠬᠢᠨ ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨ ᠢ᠋ ᠨᠠᠩ ᠰᠠᠢᠲᠤᠷ ᠪᠠᠳᠠᠷᠠᠭᠤᠯᠬᠤᠳᠤ ᠰᠠᠭᠤᠷᠢᠯᠠᠨ᠂ ᠬᠠᠤᠯᠢ ᠴᠠᠭᠠᠵᠠ ᠢ᠋ᠢᠨ ᠦᠶ᠋ᠯᠡᠴᠢᠯᠡᠭᠡᠨ ᠤ᠋ 《ᠬᠠᠮ ᠠᠷᠭ᠎ᠠ ᠬᠡᠮᠵᠢᠶ᠎ᠡ》 ᠢ᠋ᠢ ᠠᠪᠴᠤ᠂ ᠦᠶ᠋ᠯᠡᠴᠢᠯᠡᠭᠡ ᠪᠠᠲᠤᠯᠠᠭ᠎ᠠ ᠢ᠋ᠢ ᠱᠢᠯᠢᠳᠡᠭ᠌ᠵᠢᠭᠦᠯᠬᠦ᠌ ᠬᠠᠤᠯᠢᠵᠢᠭ᠍ᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠤ᠋ᠨ ᠭᠤᠴᠢᠨ ᠵᠤᠷᠪᠤᠰ ᠠᠷᠭ᠎ᠠ ᠬᠡᠮᠵᠢᠶ᠎ᠡ ᠢ᠋ᠢ ᠠᠪᠴᠤ᠂ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠢ᠋ᠢᠨ ᠬᠠᠤᠯᠢ ᠬᠡᠷᠡᠭ᠌ᠵᠢᠭᠦᠯᠬᠦ᠌ ᠠᠵᠢᠯᠳᠤ ᠣᠷᠣᠱᠢᠵᠤ ᠪᠠᠢᠭ᠎ᠠ ᠠᠰᠠᠭᠤᠳᠠᠯ ᠢ᠋ ᠭᠦᠨᠵᠡᠭᠡᠶ ᠡᠷᠢᠵᠦ᠍᠂ ᠠᠵᠤ ᠠᠬᠤᠢᠯᠠᠯ ᠤ᠋ᠨ ᠬᠥᠭ᠌ᠵᠢᠯᠲᠡ ᠢ᠋ᠢᠨ ᠰᠠᠢᠨ ᠣᠷᠴᠢᠨ ᠨᠥᠬᠥᠴᠡᠯ ᠢ᠋ ᠴᠢᠷᠮᠠᠢᠨ ᠪᠣᠶ ᠪᠣᠯᠭᠠᠪᠠ᠃
— ᠠᠵᠤ ᠠᠬᠤᠢᠯᠠᠯᠳᠤ ᠬᠣᠯᠪᠣᠭ᠍ᠳᠠᠭ᠍ᠰᠠᠨ ᠮᠡᠳᠡᠯᠭᠡ ᠢ᠋ᠢᠨ ᠦᠮᠴᠢᠯᠡᠯ ᠤ᠋ᠨ ᠡᠷᠬᠡ ᠢ᠋ᠢᠨ ᠬᠦᠷᠢᠶᠡᠨ ᠳ᠋ᠡᠬᠢ ᠰᠦᠯᠵᠢᠶᠡᠨ ᠳᠡᠭᠡᠷ᠎ᠡ ᠡᠯᠧᠺᠲ᠋ᠷᠣᠨ ᠢ᠋ᠢᠡᠷ ᠦᠨᠡᠮᠯᠡᠯ ᠬᠠᠳᠠᠭᠠᠯᠠᠬᠤ ᠲᠤᠬᠠᠢᠯᠠᠭ᠍ᠰᠠᠨ ᠠᠵᠢᠯ ᠢ᠋ ᠨᠡᠪᠲᠡᠷᠡᠭᠦᠯᠵᠦ᠍᠂ ᠲᠤᠬᠠᠢ ᠢ᠋ᠢᠨ ᠬᠥᠮᠦᠨ ᠤ᠋ ᠬᠡᠵᠢᠶ᠎ᠡ ᠬᠠᠮᠢᠭ᠎ᠠ ᠴᠤ᠌ ᠭᠡᠰᠡᠨ ᠦᠨᠡᠮᠯᠡᠯ ᠠᠪᠬᠤ ᠬᠡᠷᠡᠭ᠌ᠴᠡᠭᠡ ᠱᠠᠭᠠᠷᠳᠠᠯᠭ᠎ᠠ ᠢ᠋ᠢ ᠬᠠᠨᠭᠭᠠᠪᠠ᠃
— 《ᠥᠪᠥᠷ ᠮᠣᠩᠭᠣᠯ ᠤ᠋ᠨ ᠠᠵᠤ ᠠᠬᠤᠢᠯᠠᠯ ᠤ᠋ᠨ ᠨᠡᠪᠳᠡᠷᠡᠯᠴᠡᠬᠡ》ᠲᠠᠪᠴᠠᠩ ᠢ᠋ ᠰᠦᠯᠵᠢᠶᠡᠨ ᠲᠡᠭᠡᠷ᠎ᠠ ᠠᠵᠢᠯᠯᠠᠭᠤᠯᠵᠤ᠂ ᠠᠵᠤ ᠠᠬᠤᠢᠯᠠᠯ ᠤ᠋ᠨ ᠬᠦᠰᠡᠯ ᠱᠠᠭᠠᠷᠳᠠᠯᠭ᠎ᠠ ᠢ᠋ᠢ ᠣᠢᠯᠠᠭᠠᠵᠤ᠂ ᠠᠵᠤ ᠠᠬᠤᠢᠯᠠᠯ ᠤ᠋ᠨ ᠬᠥᠭ᠌ᠵᠢᠯᠲᠡ ᠢ᠋ᠢᠨ ᠬᠦᠴᠢᠷ ᠠᠰᠠᠭᠤᠳᠠᠯ ᠢ᠋ ᠰᠢᠢᠳᠪᠤᠷᠢᠯᠡᠪᠡ᠃
— ᠬᠠᠤᠯᠢ ᠴᠠᠭᠠᠵᠠ ᠢ᠋ᠢᠨ ᠮᠡᠳᠡᠯᠭᠡ ᠵᠢ ᠲᠦᠭᠡᠮᠡᠯᠵᠢᠭᠦᠯᠬᠦ᠌ ᠯᠧᠺᠲ᠋ᠣᠷ ᠤ᠋ᠨ ᠪᠦᠯᠬᠦᠮ ᠢ᠋ ᠵᠣᠬᠢᠶᠠᠨ ᠪᠠᠢᠭᠤᠯᠵᠤ᠂ ᠠᠵᠤ ᠠᠬᠤᠢᠯᠠᠯ ᠢ᠋ ᠬᠠᠪᠰᠤᠷᠤᠨ ᠬᠠᠤᠯᠢᠵᠢᠯ ᠤ᠋ᠨ ᠤᠬᠠᠭᠤᠯᠭ᠎ᠠ ᠢ᠋ᠢᠨ ᠲᠥᠯᠥᠪᠯᠡᠭᠡ ᠲᠣᠭ᠍ᠲᠠᠭᠠᠵᠤ᠂ ᠠᠵᠤ ᠠᠬᠤᠢᠯᠠᠯ ᠤ᠋ᠨ ᠬᠥᠭ᠌ᠵᠢᠯᠲᠡ ᠢ᠋ᠢ ᠳᠡᠮᠵᠢᠬᠦ᠌ ᠴᠢᠭ᠌ᠯᠡᠯᠲᠡ ᠲᠦᠷᠦ᠍ ᠢ᠋ᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭ᠍ᠲᠠᠭᠠᠯ ᠤ᠋ᠨ ᠮᠡᠳᠡᠯᠭᠡ ᠲᠦᠭᠡᠮᠡᠯᠵᠢᠭᠦᠯᠬᠦ᠌ ᠠᠵᠢᠯᠯᠠᠭ᠎ᠠ ᠢ᠋ᠢ ᠦᠷᠨᠢᠬᠦᠯᠪᠡ᠃
᠁
ᠸᠧᠶ ᠠᠪᠠᠬᠠᠶ ᠣᠷᠳᠣᠰ ᠬᠣᠲᠠᠳᠤ ᠨᠢᠭᠡ ᠢᠵᠢ ᠣᠷᠣᠨ ᠰᠠᠭᠤᠴᠠ ᠲᠠᠢ᠂ ᠣᠢᠷᠠᠳᠤ ᠬᠡᠷ ᠬᠥᠷᠥᠩᠭᠡ ᠢ᠋ᠢᠨ ᠦᠨᠡᠮᠯᠡᠯ ᠠᠪᠬᠤ ᠴᠢᠬᠤᠯᠠᠲᠠᠶ ᠪᠤᠯᠤᠭᠰᠠᠨ ᠪᠤᠯᠪᠠᠴᠤ ᠬᠢᠵᠢᠭᠡᠴᠡ ᠪᠣᠯᠵᠣ ᠬᠠᠷᠢᠬᠤᠳᠤ ᠳᠥᠭᠥᠮ ᠦᠭᠡᠢ᠂ ᠠᠷᠭ᠎ᠠ ᠪᠤᠰᠤ ᠡᠵᠢᠳᠡᠭᠡᠨ ᠨᠠᠢᠳᠠᠵᠤ ᠬᠦᠢᠴᠡᠳᠭᠡᠬᠦᠯᠪᠠ᠂ ᠭᠡᠪᠡᠴᠦ᠍ ᠡᠷᠬᠡ ᠣᠯᠭᠣᠭ᠍ᠰᠠᠨ ᠨᠠᠢᠳᠠᠯᠭ᠎ᠠ ᠢ᠋ᠢᠨ ᠪᠢᠴᠢᠭ ᠭᠠᠷᠭᠠᠵᠤ ᠠᠯᠪᠠᠨ ᠭᠡᠷᠡᠴᠢᠯᠡᠭᠡ ᠬᠢᠯᠭᠡᠬᠦ᠌ ᠴᠢᠬᠤᠯᠠᠲᠠᠶ ᠪᠠᠢᠵᠠᠢ᠃ ᠲᠤᠬᠠᠶ ᠢ᠋ᠢᠨ ᠦᠶ᠎ᠡ ᠳ᠋ᠤ ᠡᠵᠢ ᠨᠢ ᠡᠯᠧᠺᠲ᠋ᠷᠣᠨ ᠠᠯᠪᠠᠨ ᠭᠡᠷᠡᠴᠢᠯᠡᠭᠡ ᠢ᠋ᠢᠨ ᠪᠢᠴᠢᠭ ᠭᠠᠷᠭᠠᠵᠤ᠂ ᠬᠡᠷ ᠬᠥᠷᠥᠩᠭᠡ ᠢ᠋ᠢᠨ ᠦᠨᠡᠮᠯᠡᠯ ᠢ᠋ᠢᠡᠨ ᠠᠪᠤᠭᠰᠠᠨ ᠨᠢ ᠲᠡᠬᠦᠨ ᠤ᠋ ᠰᠠᠨᠠᠭᠠᠨ ᠡᠴᠡ ᠭᠠᠳᠠᠭᠤᠷ ᠪᠠᠢᠯ᠎ᠠ᠃
ᠡᠯᠧᠺᠲ᠋ᠷᠣᠨ ᠠᠯᠪᠠᠨ ᠭᠡᠷᠡᠴᠢᠯᠡᠭᠡ ᠢ᠋ᠢᠨ ᠪᠢᠴᠢᠭ ᠨᠢ ᠠᠯᠪᠠᠨ ᠭᠡᠷᠡᠴᠢᠯᠡᠭᠡ ᠬᠢᠯᠭᠡᠬᠦ᠌ ᠳ᠋ᠤ 《ᠣᠯᠠᠨ ᠤᠳᠠᠭ᠎ᠠ ᠭᠦᠶᠦᠬᠦ᠌ 》 ᠠᠰᠠᠭᠤᠳᠠᠯᠠᠴᠠ ᠵᠠᠢᠯᠠᠰᠭᠢᠵᠦ᠍᠂ ᠣᠯᠠᠨ ᠲᠦᠮᠡᠨ ᠤ᠋ ᠠᠵᠢᠯ ᠶᠠᠪᠤᠳᠠᠯ ᠭᠦᠶ᠋ᠴᠡᠳᠭᠡᠬᠦ᠌ ᠥᠪᠡᠷ ᠤ᠋ᠨ ᠥᠷᠲᠡᠭ ᠢ᠋ ᠦᠨᠡᠨ ᠬᠦ᠌ ᠪᠠᠭᠤᠷᠠᠭᠤᠯᠵᠡᠢ᠃ ᠣᠲᠣ ᠪᠣᠯᠲᠠᠯ᠎ᠠ ᠂ ᠪᠥᠬᠥ᠌ ᠣᠷᠣᠨ ᠤ᠋ ᠡᠯ᠎ᠡ ᠠᠯᠪᠠᠨ ᠭᠡᠷᠡᠴᠢᠯᠡᠭᠡ ᠢ᠋ᠢᠨ ᠪᠠᠢᠭᠤᠯᠤᠮᠵᠢ ᠨᠢᠭᠡᠨᠲᠡ 20432 ᠬᠤᠪᠢ ᠡᠯᠧᠺᠲ᠋ᠷᠣᠨ ᠠᠯᠪᠠᠨ ᠭᠡᠷᠡᠴᠢᠯᠡᠭᠡ ᠢ᠋ᠢᠨ ᠪᠢᠴᠢᠭ ᠭᠠᠷᠭᠠᠵᠡᠢ᠃
ᠪᠦᠬᠦ᠌ ᠣᠷᠣᠨ ᠤ᠋ ᠤᠯᠤᠰ ᠲᠦᠷᠦ᠍ ᠬᠠᠤᠯᠢ ᠴᠠᠭᠠᠵᠠ ᠢ᠋ᠢᠨ ᠪᠠᠢᠭᠤᠯᠭ᠎ᠠ ᠢ᠋ᠢᠨ 《ᠨᠠᠮ ᠤ᠋ᠨ ᠬᠣᠷᠢᠳᠤᠭᠠᠷ ᠶᠡᠬᠡ ᠬᠤᠷᠠᠯ ᠢ᠋ ᠤᠭ᠍ᠲᠤᠵᠤ᠂ ᠬᠠᠤᠯᠢᠵᠢᠬ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠢ᠋ ᠱᠢᠯᠢᠳᠡᠭ᠌ᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ ᠳ᠋ᠤ ᠦᠢᠯᠡᠴᠢᠯᠡᠬᠦ᠌ ᠢ᠋ᠢ ᠪᠠᠲᠤᠯᠠᠬᠤ》 ᠶᠡᠬᠡ ᠶᠠᠷᠢᠯᠴᠠᠭ᠎ᠠ ᠢ᠋ᠢᠨ ᠠᠵᠢᠯᠯᠠᠭ᠎ᠠ ᠵᠢ ᠥᠷᠨᠢᠭᠦᠯᠦᠭ᠌ᠰᠡᠨᠡᠴᠡ ᠨᠠᠭᠠᠰᠢ᠂ ᠬᠠᠤᠯᠢ ᠴᠠᠭᠠᠵᠠ ᠢ᠋ᠢᠨ ᠵᠠᠰᠠᠭ ᠵᠠᠬᠢᠷᠭᠠᠨ ᠤ᠋ ᠱᠢᠰᠲ᠋ᠧᠮ ᠤ᠋ᠨ ᠬᠢᠨ ᠠᠷᠠᠳ ᠤ᠋ᠨ ᠡᠵᠡᠩᠨᠡᠯᠲᠡ ᠢ᠋ᠢᠨ ᠠᠵᠤ ᠠᠬᠤᠢᠯᠠᠯᠳᠤ 5000 ᠭᠠᠷᠤᠢ ᠤᠳᠠᠭ᠎ᠠ 《ᠬᠠᠤᠯᠢᠵᠢᠯ ᠤ᠋ᠨ ᠪᠠᠢᠴᠠᠭᠠᠯᠲᠠ》 ᠥᠷᠨᠢᠭᠦᠯᠵᠦ᠍᠂ ᠠᠷᠠᠳ ᠤ᠋ᠨ ᠡᠵᠡᠩᠨᠡᠯᠲᠡ ᠢ᠋ᠢᠨ ᠠᠵᠤ ᠠᠬᠤᠢᠯᠠᠯᠤ᠋ᠨ 4000 ᠭᠠᠷᠤᠢ ᠡᠷᠦᠬᠡ ᠳ᠋ᠤ ᠦᠢᠯᠡᠴᠢᠯᠡᠵᠦ᠍᠂ 1900 ᠭᠠᠷᠤᠢ ᠵᠦᠢᠯ ᠤ᠋ᠨ ᠬᠠᠤᠯᠢ ᠴᠠᠭᠠᠵᠠ ᠢ᠋ᠢᠨ ᠠᠶᠤᠯ ᠲᠦᠭ᠌ᠰᠢᠭᠦᠷᠢ ᠢ᠋ᠢ ᠵᠢᠭ᠍ᠰᠠᠭᠠᠨ ᠪᠠᠢᠴᠠᠭᠠᠵᠤ᠂ ᠠᠷᠠᠳ ᠤ᠋ᠨ ᠡᠵᠡᠩᠨᠡᠯᠲᠡ ᠢ᠋ᠢᠨ ᠠᠵᠤ ᠠᠬᠤᠢᠯᠠᠯ ᠢ᠋ ᠬᠠᠪᠰᠤᠷᠤᠨ 200 ᠭᠠᠷᠤᠢ ᠬᠠᠤᠯᠢ ᠢ᠋ᠢᠨ ᠶᠠᠪᠤᠳᠠᠯ ᠤ᠋ᠨ ᠴᠢᠳᠠᠪᠤᠷᠢᠲᠠᠨ ᠢ᠋ ᠬᠥᠮᠦᠵᠢᠭᠦᠯᠪᠡ᠃
ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠪᠤᠯ ᠲᠠᠭᠤᠰᠤᠰᠢ ᠦᠬᠡᠢ ᠶᠤᠮ᠃ 《ᠪᠢᠳᠡ ᠲᠤᠷᠭᠠᠭᠤᠯᠢ ᠡᠴᠡ ᠬᠡᠯᠲᠦᠷᠢᠭᠦᠯᠬᠦ᠌ ᠨᠠᠷᠢᠨ ᠲᠠᠩᠰᠠ ᠢ᠋ᠢ ᠬᠡᠷᠡᠭ᠌ᠯᠡᠬᠦ᠌ ᠬᠦᠷᠢᠶ᠎ᠡ ᠬᠡᠪᠴᠢᠶ᠎ᠠ ᠢ᠋ᠢ ᠥᠷᠭᠡᠳᠭᠡᠵᠦ᠍᠂ ᠵᠠᠰᠠᠭ ᠵᠠᠬᠢᠷᠭᠠᠨ ᠤ᠋ ᠬᠠᠤᠯᠢ ᠬᠡᠷᠡᠭ᠌ᠵᠢᠭᠦᠯᠬᠦ᠌ ᠠᠵᠢᠯᠯᠠᠭ᠎ᠠ ᠢ᠋ᠢ ᠵᠢᠷᠤᠮᠵᠢᠭᠤᠯᠵᠤ᠂ ᠣᠯᠠᠨ ᠨᠡᠢᠲᠡ ᠢ᠋ᠢᠨ ᠬᠠᠤᠯᠢ ᠴᠠᠭᠠᠵᠠ ᠢ᠋ᠢᠨ ᠦᠶ᠋ᠯᠡᠴᠢᠯᠡᠭᠡᠨ ᠤ᠋ ᠬᠡᠪᠴᠢᠶ᠎ᠡ ᠢ᠋ᠢ ᠲᠠᠰᠤᠷᠠᠯᠲᠠ ᠥᠬᠡᠶ ᠥᠷᠭᠡᠳᠭᠡᠵᠦ᠍᠂ ᠨᠠᠩ ᠣᠯᠠᠨ ᠠᠵᠤ ᠠᠬᠤᠢᠯᠠᠯᠳᠤ ᠦᠨᠡᠨ ᠪᠣᠳᠠᠲᠠᠶ ᠠᠱᠢᠭ ᠬᠦᠷᠲᠡᠭᠡᠨ᠎ᠡ》 ᠬᠡᠵᠤ ᠱᠢᠨ᠎ᠡ ᠬᠣᠲᠠ ᠲᠣᠭᠣᠷᠢᠭ ᠤ᠋ᠨ ᠬᠠᠤᠯᠢ ᠴᠠᠭᠠᠵᠠ ᠢ᠋ᠢᠨ ᠲᠣᠪᠴᠢᠶ᠎ᠠ ᠢ᠋ᠢᠨ ᠬᠠᠷᠢᠭᠤᠴᠠᠯᠭᠠᠳᠠᠨ ᠲᠠᠨᠢᠯᠴᠠᠭᠤᠯᠵᠤ ᠭᠠᠷᠤᠯ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃