2022-06-11 20:11:19
— 《ᠳᠩ ᠪᠡᠯᠡ ᠣᠷᠣᠭᠤᠯᠤᠯᠲᠠ》 ᠪᠠᠷ 25.8 ᠲᠦᠮᠡᠨ ᠬᠡᠷᠡᠭ᠌ᠯᠡᠭ᠌ᠴᠢ ᠳ᠋ᠦ᠍ ᠴᠠᠬᠢᠯᠭᠠᠨ ᠤᠷᠤᠭᠤᠯᠤᠨ ᠦᠭᠴᠦ᠂ ᠬᠡᠷᠡᠭ᠌ᠯᠡᠭ᠌ᠴᠢ ᠳ᠋ᠦ 11.22 ᠳ᠋ᠦᠩᠱᠢᠭᠤᠷ ᠲᠥᠭᠥᠷᠢᠭ ᠠᠷᠪᠢᠯᠠᠨ ᠦᠭᠴᠠᠢ;
— 288.7 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠵᠤ᠂ 2278 ᠵᠦᠶ᠋ᠯ ᠤ᠋ᠨ ᠭᠤᠤᠯ ᠪᠠᠷᠢᠯᠭᠠ᠂ ᠲᠦᠭᠡᠭᠡᠬᠦ᠌ ᠲᠤᠤᠷᠤᠨ ᠢᠨᠵᠧᠨᠧᠷᠢᠩ ᠢ᠋ ᠪᠦᠳᠦᠬᠡᠨ ᠪᠠᠢᠭᠤᠯᠤᠨ ᠳᠠᠭᠤᠰᠭᠠᠵᠤ ᠠᠱᠢᠭ᠍ᠯᠠᠯᠲᠠᠳᠤ ᠣᠷᠣᠭᠤᠯᠪᠠ;
— 10 ᠲᠦᠮᠡᠨ ᠡᠷᠦᠬᠡ ᠰᠠᠭᠤᠭᠠᠯᠢ ᠠᠷᠠᠳ ᠲᠦ᠍ ᠴᠠᠬᠢᠯᠭᠠᠨ ᠲᠤᠯᠠᠭᠠᠯᠠᠭᠠ ᠤᠷᠤᠭᠤᠯᠬᠤ《ᠳᠡᠭ ᠪᠠᠯᠠ ᠣᠷᠣᠭᠤᠯᠤᠯᠲᠠ》 ᠵᠢᠨ ᠲᠥᠷᠥ ᠵᠢᠨ ᠪᠣᠳᠣᠯᠭᠠ ᠵᠢᠨ ᠬᠠᠷᠠᠭᠠᠯᠵᠠᠯ ᠢ᠋ ᠭᠥᠷᠳᠡᠭᠡᠵᠦ᠍᠂ ᠨᠡᠭᠦᠷᠡᠰᠦᠲᠥ᠋ᠷᠥᠭ᠌ᠴᠢ ᠵᠢᠨ ᠳᠠᠪᠬᠤᠷ ᠢᠰᠦᠯ ᠤ᠋ᠨ ᠭᠠᠳᠠᠭ᠍ᠰᠢᠯᠠᠭᠤᠯᠤᠯᠲᠠ ᠵᠢ 57 ᠲᠦᠮᠡᠨ ᠲᠣᠨ ᠪᠠᠭᠠᠰᠭᠠᠪᠠ;
᠁
ᠣᠢᠷᠠ ᠵᠢᠨ ᠵᠢᠯ ᠤ᠋ᠨ ᠲᠤᠷᠰᠢ᠂ ᠮᠠᠨ ᠤ᠋ ᠤᠷᠤᠨ ᠴᠠᠬᠢᠯᠭᠠᠨ ᠬᠡᠷᠡᠭᠯᠡᠬᠦ ᠬᠤᠳᠠᠯᠳᠤᠭᠠ ᠡᠷᠬᠢᠯᠡᠬᠦ ᠤᠷᠴᠢᠨ ᠨᠦᠬᠦᠴᠡᠯ ᠢ᠋ ᠰᠢᠯᠢᠳᠡᠭᠵᠢᠬᠦᠯᠬᠦ ᠵᠢ ᠪᠥᠬᠥ ᠤᠷᠤᠨ ᠤ᠋ ᠠᠵᠤ ᠠᠬᠤᠢ ᠵᠢᠨ ᠬᠦᠭᠵᠢᠯᠳᠡ ᠵᠢᠴᠢ ᠠᠷᠠᠳᠤᠨ ᠠᠮᠢᠳᠤᠷᠠᠯ ᠢ᠋ ᠪᠠᠳᠤᠯᠠᠬᠤ ᠲᠠᠢ ᠨᠢᠬᠳᠠ ᠬᠤᠯᠪᠤᠬᠳᠠᠭᠤᠯᠤᠨ ᠴᠢᠩᠭᠠ ᠠᠳᠬᠤᠵᠤ᠂ ᠴᠠᠬᠢᠯᠭᠠᠨ ᠬᠦᠴᠦᠨ ᠤ᠋ ᠦᠢᠯᠡᠴᠢᠯᠡᠭᠡᠨ ᠤ᠋ ᠲᠦᠪᠰᠢᠨ ᠢ᠋ ᠳᠡᠭᠡᠭᠰᠢᠯᠡᠬᠦᠯᠵᠤ᠂ ᠴᠠᠬᠢᠯᠭᠠᠨ ᠲᠤᠤᠷ ᠢ᠋ ᠰᠢᠯᠢᠳᠡᠭᠵᠢᠭᠦᠯᠵᠤ᠂ ᠦᠨᠳᠦᠷ ᠪᠦᠲᠦᠮᠵᠢᠳᠡᠢ ᠪᠡᠷ ᠴᠠᠬᠢᠯᠭᠠᠨ ᠤ᠋ ᠠᠵᠢᠯ ᠡᠷᠬᠢᠯᠡᠬᠦ᠂ ᠴᠢᠨᠠᠷ ᠰᠠᠢᠳᠠᠢ ᠦᠢᠯᠡᠴᠢᠯᠡᠬᠦ᠂ ᠴᠢᠨᠠᠷ ᠰᠠᠢᠳᠠᠢ ᠴᠠᠬᠢᠯᠭᠠᠨ ᠬᠡᠷᠡᠭᠯᠡᠬᠦ ᠤᠷᠴᠢᠨ ᠨᠦᠬᠦᠴᠡᠯ ᠢ᠋ ᠪᠦᠬᠦ ᠬᠦᠴᠦᠨ ᠵᠢᠡᠷ ᠵᠢᠠᠨ ᠴᠤᠬᠴᠠᠯᠠᠪᠠ᠃
ᠮᠠᠨ ᠤ᠋ ᠤᠷᠤᠨ ᠴᠠᠬᠢᠯᠭᠠᠨ ᠲᠤᠤᠷᠤᠨ ᠪᠠᠲᠤᠯᠠᠭᠠ ᠵᠢᠨ ᠠᠵᠤ ᠠᠬᠤᠶ ᠨᠡᠢᠭᠡᠮ ᠤ᠋ᠨ ᠬᠥᠭ᠌ᠵᠢᠯᠲᠡ ᠳ᠋ᠦ᠍ ᠦᠶ᠋ᠯᠡᠴᠢᠯᠡᠬᠦ᠌ ᠴᠢᠬᠤᠯᠠ ᠶᠡᠬᠡ ᠦᠶ᠋ᠯᠡᠳᠦᠯ ᠢ᠋ ᠭᠦᠶ᠋ᠴᠡᠳ ᠪᠠᠳᠠᠷᠠᠭᠤᠯᠵᠤ᠂ ᠥᠪᠥᠷ ᠮᠣᠩᠭᠣᠯᠤᠨ ᠪᠠᠷᠠᠭᠤᠨ ᠬᠡᠰᠡᠭ ᠤ᠋ᠨ ᠴᠠᠬᠢᠯᠭᠠᠨ ᠲᠤᠤᠷᠤᠨ《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠥᠪᠵᠢᠭᠦᠯᠭᠡ ᠵᠢ ᠯᠠᠪᠳᠠᠭᠤᠨ ᠪᠠᠲᠤᠲᠠᠶ ᠥᠷᠨᠢᠭᠦᠯᠵᠦ᠍᠂ ᠴᠠᠬᠢᠯᠭᠠᠨ ᠲᠤᠤᠷᠤᠨ ᠨᠠᠢᠳᠠᠪᠤᠷᠢᠲᠠᠶ ᠴᠠᠬᠢᠯᠭᠠᠨ ᠬᠠᠩᠭᠠᠬᠤ ᠴᠢᠳᠠᠪᠤᠷᠢ ᠵᠢᠴᠢ ᠠᠮᠤᠷ ᠲᠦᠪᠱᠢᠨᠦ ᠪᠠᠲᠤᠯᠠᠭᠠ ᠵᠢᠨ ᠲᠦᠪᠱᠢᠨ ᠢ᠋ ᠪᠥᠬᠥ᠌ ᠬᠦᠴᠦᠨ ᠵᠢᠡᠷᠢᠶᠡᠨ ᠳᠡᠭᠡᠭ᠌ᠰᠢᠯᠡᠭᠦᠯᠪᠡ᠃
ᠤᠢᠷᠠ ᠵᠢᠨ ᠭᠤᠷᠪᠠᠨ ᠵᠢᠯ ᠳ᠋ᠦ᠂ ᠥᠪᠥᠷ ᠮᠣᠩᠭᠣᠯᠤᠨ ᠴᠠᠬᠢᠯᠭᠠᠨ ᠬᠦᠴᠦᠨᠦ ᠪᠦᠯᠦᠭ᠌ᠯᠡᠯᠤᠨ ᠬᠢᠨ ᠬᠥᠬᠡᠬᠣᠲᠠ᠂ ᠪᠤᠭᠤᠲᠤ ᠵᠡᠷᠭᠡ ᠭᠠᠵᠠᠷ ᠣᠷᠣᠨ ᠤ᠋ 421 ᠬᠠᠭᠤᠴᠢᠨ ᠰᠠᠭᠤᠭᠠᠯᠢ ᠲᠣᠭᠣᠷᠢᠭᠤᠨ ᠴᠠᠬᠢᠯᠭᠠᠨ ᠬᠠᠩᠭᠠᠬᠤ ᠲᠦᠬᠦᠬᠡᠷᠦᠮᠵᠢ ᠵᠢ ᠲᠠᠰ ᠳᠡᠪᠱᠢᠭᠦᠯᠦᠨ ᠥᠭᠡᠷᠡᠴᠢᠯᠡᠬᠦ᠌ ᠢᠨᠵᠧᠨᠧᠷᠢᠩ ᠢ᠋ ᠠᠮᠵᠢᠯᠲᠠᠲᠠᠶ ᠪᠡᠶᠡᠯᠡᠭᠦᠯᠵᠦ᠍᠂ ᠴᠢᠬᠤᠯᠠ ᠳᠠᠭᠠᠭᠠᠴᠠ ᠵᠢᠨ ᠪᠦᠰᠡ ᠪᠠ ᠠᠷᠠᠳᠤᠨ ᠦᠨᠳᠦᠰᠦᠨ ᠠᠮᠢᠳᠤᠷᠠᠯᠤᠨ ᠴᠠᠬᠢᠯᠭᠠᠨ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭᠠ ᠵᠢ ᠬᠦᠢᠴᠡᠳ ᠬᠠᠩᠭᠠᠪᠠ᠃
ᠴᠠᠬᠢᠯᠭᠠᠨ ᠲᠦᠭᠡᠭᠡᠬᠦ᠌ ᠲᠤᠤᠷ ᠪᠠ ᠬᠥᠳᠡᠭᠡ ᠲᠣᠰᠭᠣᠨ ᠤ᠋ ᠴᠠᠬᠢᠯᠭᠠᠨ ᠲᠤᠤᠷᠤᠨ ᠲᠠᠰ ᠳᠡᠪᠱᠢᠭᠦᠯᠬᠦ᠌ ᠥᠭᠡᠷᠡᠴᠢᠯᠡᠯᠲᠡ ᠵᠢ ᠦᠷᠭᠦᠯᠵᠢᠯᠡᠨ ᠴᠢᠩᠭᠠᠳᠭᠠᠵᠤ᠂ ᠭᠤᠷᠪᠠᠨ ᠵᠢᠯ ᠤ᠋ᠨ ᠲᠤᠷᠰᠢ᠂ ᠴᠠᠬᠢᠯᠭᠠᠨ ᠬᠡᠷᠡᠭ᠌ᠯᠡᠬᠦ᠌ ᠳᠠᠭᠠᠭᠠᠴᠠ ᠲᠥᠪᠯᠡᠷᠡᠭ᠌ᠰᠡᠨ ᠣᠷᠣᠨ ᠪᠦᠰᠡ ᠵᠢᠨ 10 ᠺᠢᠯᠦᠸᠤᠯᠲᠤᠨ ᠱᠤᠭᠤᠮᠤᠨ ᠳᠤᠮᠳᠠᠴᠢ ᠣᠷᠳᠣ ᠵᠢ ᠨᠡᠢᠲᠡ 0.57 ᠺᠢᠯᠣᠮᠧᠲ᠋ᠷ ᠪᠣᠭᠣᠨᠢᠰᠭᠠᠵᠤ᠂ ᠴᠠᠬᠢᠯᠭᠠᠨ ᠲᠦᠭᠡᠭᠡᠬᠦ᠌ ᠲᠤᠤᠷᠤᠨ ᠠᠦ᠋ᠲ᠋ᠣᠴᠢᠯᠠᠭ᠍ᠰᠠᠨ ᠪᠦᠷᠬᠦᠴᠡ ᠵᠢ 92% ᠪᠣᠯᠲᠠᠯᠠ ᠳᠡᠭᠡᠭ᠌ᠰᠢᠯᠡᠭᠦᠯᠵᠦ᠍᠂ ᠴᠠᠬᠢᠯᠭᠠᠨ ᠬᠠᠩᠭᠠᠬᠤ ᠨᠠᠢᠳᠠᠪᠤᠷᠢᠲᠤ ᠴᠢᠨᠠᠷ ᠢ᠋ ᠶᠡᠬᠡᠪᠡᠷ ᠳᠡᠭᠡᠭ᠌ᠰᠢᠯᠡᠭᠦᠯᠵᠤ᠂ ᠴᠠᠬᠢᠯᠭᠠᠨ ᠲᠤᠤᠷᠤᠨ ᠬᠡᠮ ᠰᠣᠭᠣᠭ ᠢ᠋ ᠤᠷᠢᠳᠴᠢᠯᠠᠨ ᠵᠠᠰᠠᠬᠤ ᠦᠷᠡ ᠪᠦᠲᠦᠮᠵᠢ ᠵᠢ ᠦᠨᠡᠨ ᠬᠦ᠌ ᠳᠡᠭᠡᠭ᠌ᠰᠢᠯᠡᠭᠦᠯᠪᠡ᠃ ᠨᠢᠳᠤᠨᠤᠨ ᠤ᠋ ᠵᠢᠯ ᠤ᠋ᠨ ᠰᠡᠬᠦᠯᠴᠢ ᠪᠣᠯᠲᠠᠯᠠ᠂ ᠥᠪᠥᠷ ᠮᠣᠩᠭᠣᠯᠤᠨ ᠪᠠᠷᠠᠭᠤᠨ ᠬᠡᠰᠡᠭ ᠤ᠋ᠨ ᠭᠠᠵᠠᠷ ᠣᠷᠣᠨ ᠤ᠋ ᠬᠣᠲᠠ ᠵᠢᠨ ᠬᠡᠷᠡᠭ᠌ᠯᠡᠭ᠌ᠴᠢᠳ ᠤ᠋ᠨ ᠳᠤᠮᠳᠠᠴᠢ ᠴᠠᠬᠢᠯᠭᠠᠨ ᠵᠣᠭ᠍ᠰᠣᠬᠤ ᠴᠠᠭ 6.09 ᠴᠠᠭ ᠪᠣᠯᠵᠣ᠂ ᠭᠤᠷᠪᠠᠨ ᠵᠢᠯ ᠳ᠋ᠦ᠍ ᠡᠷᠦᠬᠡ ᠳᠤᠮᠳᠠᠴᠢᠪᠠᠷ 2.23 ᠴᠠᠭ ᠪᠠᠭᠠᠰᠤᠬᠰᠠᠨ ᠪᠠᠢᠨᠠ᠃
2018 ᠤᠨ ᠡᠴᠡ ᠨᠠᠭᠠᠰᠢ᠂ ᠥᠪᠥᠷ ᠮᠣᠩᠭᠣᠯᠤᠨ ᠴᠠᠬᠢᠯᠭᠠᠨ ᠬᠦᠴᠦᠨᠦ ᠪᠦᠯᠦᠭ᠌ᠯᠡᠯᠤᠨ ᠬᠢᠨ 《ᠭᠤᠷᠪᠠᠨ ᠳᠡᠭ᠂ ᠭᠤᠷᠪᠠᠨ ᠠᠷᠪᠢᠯᠠᠬᠤ》 ᠠᠷᠭᠠ ᠬᠡᠮᠵᠢᠶᠡ ᠵᠢ ᠢᠳᠡᠪᠬᠢᠲᠡᠶ ᠨᠠᠢᠳᠠᠪᠤᠷᠢᠵᠢᠭᠤᠯᠤᠨ᠂ 《ᠭᠣᠭ᠍ᠴᠣᠭᠠ ᠴᠦᠬᠡᠨ᠂ ᠠᠬᠢᠴᠠ ᠲᠦᠷᠭᠡᠨ᠂ ᠥᠪᠡᠷ ᠤ᠋ᠨ ᠥᠷᠲᠡᠭᠳᠤᠤᠷᠠ᠂ ᠦᠷᠡ ᠪᠦᠲᠦᠮᠵᠢ ᠥᠨᠳᠥᠷ᠂ ᠦᠶ᠋ᠯᠡᠴᠢᠯᠡᠭᠡᠰᠠᠢᠨ》 ᠴᠠᠬᠢᠯᠭᠠᠨ ᠤ᠋ ᠠᠵᠢᠯ ᠡᠷᠬᠢᠯᠡᠬᠦ ᠵᠠᠭ᠍ᠪᠤᠷ ᠢ᠋ ᠴᠢᠷᠮᠠᠢᠨ ᠪᠠᠢᠭᠤᠯᠵᠠᠢ᠃ ᠴᠠᠬᠢᠯᠭᠠᠨ ᠡᠷᠬᠢᠯᠡᠬᠦ᠌ ᠥᠪᠡᠷ ᠤ᠋ᠨ ᠥᠷᠲᠡᠭ ᠢ᠋ ᠪᠠᠭᠤᠷᠠᠭᠤᠯᠬᠤ ᠲᠠᠯᠠᠪᠠᠷ᠂ ᠥᠪᠥᠷ ᠮᠣᠩᠭᠣᠯᠤᠨ ᠪᠠᠷᠠᠭᠤᠨ ᠬᠡᠰᠡᠭ ᠤ᠋ᠨ ᠭᠠᠵᠠᠷ ᠣᠷᠣᠨ ᠤ᠋ ᠪᠦᠬᠦ᠌ ᠣᠷᠣᠨ ᠪᠦᠰᠡ ᠵᠢᠨ ᠳᠣᠲᠣᠷᠠᠬᠢ 160 ᠺᠢᠯᠦᠸᠠᠲ ᠵᠢᠴᠢ ᠲᠡᠭᠦᠨᠡᠴᠡ ᠳᠣᠷᠣᠭ᠍ᠰᠢᠬᠢ ᠪᠠᠭᠠ ᠵᠢᠵᠢᠭ ᠠᠵᠤ ᠠᠬᠤᠢᠯᠠᠯ ᠪᠣᠯᠤᠨ ᠡᠯᠡ ᠲᠥᠷᠥᠯ ᠤ᠋ᠨ ᠳᠣᠣᠷᠠ ᠬᠦᠴᠦᠳᠡᠯᠲᠤ ᠬᠡᠷᠡᠭ᠌ᠯᠡᠭ᠌ᠴᠢ ᠳ᠋ᠦ᠍ ᠴᠥᠮ ᠰᠦᠢᠳᠭᠡᠯ ᠬᠤᠷᠢᠶᠠᠬᠤ ᠦᠭᠡᠶᠪᠡᠷ ᠴᠠᠬᠢᠯᠭᠠᠨ ᠤᠷᠤᠭᠤᠯᠤᠨ ᠦᠭᠬᠦ ᠲᠥᠷᠥ ᠵᠢᠨ ᠪᠣᠳᠣᠯᠭᠠ ᠵᠢᠨ ᠬᠠᠷᠠᠭᠠᠯᠵᠠᠯ ᠬᠦᠷᠲᠡᠭᠡᠵᠠᠢ᠃
ᠬᠢᠵᠢᠭ ᠤ᠋ᠨ ᠬᠤᠭᠤᠴᠠᠭᠠᠨᠳᠤ᠂ ᠦᠪᠤᠷ ᠮᠤᠡᠭᠭᠤᠯᠤᠨ ᠴᠠᠬᠢᠯᠭᠠᠨ ᠬᠦᠴᠦᠨᠦ ᠪᠦᠯᠦᠭ᠌ᠯᠡᠯᠤᠨ ᠬᠢᠨ ᠦᠷᠭᠦᠯᠵᠢᠯᠡᠨ ᠪᠠᠭᠠ ᠵᠢᠵᠢᠭ ᠠᠵᠤ ᠠᠬᠤᠢᠯᠠᠯ ᠰᠦᠶ᠋ᠳᠭᠡᠯ ᠵᠢᠡᠨ ᠬᠤᠢᠰᠢᠯᠠᠭᠤᠯᠤᠨ ᠲᠤᠱᠢᠶᠠᠵᠦ ᠪᠤᠯᠬᠤ ᠵᠡᠷᠭᠡ 10 ᠵᠦᠶ᠋ᠯ ᠤ᠋ᠨ ᠬᠠᠲᠠᠭᠤ ᠴᠢᠩᠭᠠ ᠠᠷᠭᠠ ᠬᠡᠮᠵᠢᠶᠡ ᠠᠪᠴᠤ᠌᠂ ᠠᠵᠤ ᠠᠬᠤᠢᠯᠠᠯᠤᠨ ᠠᠵᠢᠯᠢᠶᠠᠨ ᠰᠡᠷᠭᠦᠭᠡᠵᠦ᠍ ᠦᠶ᠋ᠯᠡᠳᠪᠦᠷᠢᠯᠡᠯᠢᠶᠡᠨ ᠰᠡᠷᠭᠦᠭᠡᠬᠦ᠌ ᠪᠠ ᠠᠵᠤ ᠠᠬᠤᠶ ᠨᠡᠢᠭᠡᠮ ᠤ᠋ᠨ ᠡᠷᠡᠭᠦᠯᠢᠶᠡᠷ ᠦᠷᠭᠦᠯᠵᠢᠯᠡᠨ ᠬᠥᠭ᠌ᠵᠢᠬᠦ᠌ ᠳ᠋ᠦ᠍ ᠠᠬᠢᠭᠤᠯᠬᠤ ᠦᠢᠯᠡᠳᠤᠯ ᠦᠵᠡᠬᠦᠯᠵᠠᠢ᠃
ᠦᠶ᠋ᠯᠡᠴᠢᠯᠡᠭᠡᠨᠦ ᠠᠷᠭᠠ ᠪᠠᠷᠢᠯ ᠢ᠋ ᠱᠢᠯᠢᠳᠡᠭ᠌ᠵᠢᠭᠦᠯᠦᠨ ᠲᠠᠰ ᠳᠡᠪᠱᠢᠭᠦᠯᠵᠦ᠍᠂ ᠣᠯᠠᠨ ᠲᠦᠮᠡᠨᠦ ᠬᠠᠨᠤᠮᠵᠢ ᠵᠢᠨ ᠬᠡᠮᠵᠢᠶᠡ ᠵᠢ ᠳᠡᠭᠡᠭ᠌ᠰᠢᠯᠡᠭᠦᠯᠬᠦ᠌ ᠲᠠᠯᠠᠪᠠᠷ ᠬᠦᠴᠦᠯᠡᠵᠠᠢ᠃ ᠥᠪᠥᠷ ᠮᠣᠩᠭᠣᠯᠤᠨ ᠴᠠᠬᠢᠯᠭᠠᠨ ᠬᠦᠴᠦᠨᠦ ᠪᠦᠯᠦᠭ᠌ᠯᠡᠯᠤᠨ ᠬᠢᠨ ᠦᠶ᠋ᠯᠡᠴᠢᠯᠡᠭᠡᠪᠡᠷ ᠤᠷᠢᠲᠠᠯ ᠪᠣᠯᠭᠠᠬᠤ ᠵᠢ ᠪᠠᠷᠢᠮᠲᠠᠯᠠᠵᠤ᠂ 《ᠢᠨᠲ᠋ᠧᠷ ᠰᠦᠯᠵᠢᠶᠡ +》 ᠡᠵᠡᠩᠨᠡᠨ ᠪᠣᠷᠣᠯᠠᠭᠤᠯᠬᠤ ᠦᠶ᠋ᠯᠡᠴᠢᠯᠡᠭᠡ ᠵᠢ ᠪᠥᠬᠥ᠌ ᠲᠠᠯᠠᠪᠠᠷ ᠭᠦᠨᠵᠡᠭᠡᠢᠷᠡᠭᠦᠯᠦᠨ᠂ 《ᠲᠤᠬᠠᠢᠯᠠᠭ᠍ᠰᠠᠨ ᠠᠵᠢᠯ ᠢ᠋ ᠰᠦᠯᠵᠢᠶᠡᠨ ᠳᠡᠭᠡᠷᠡ ᠭᠤᠶᠤᠴᠢᠯᠠᠬᠤ᠂ ᠮᠡᠳᠡᠭᠡ ᠵᠠᠩᠭᠢ ᠵᠢ ᠰᠦᠯᠵᠢᠶᠡᠨ ᠳᠡᠭᠡᠷᠡ ᠱᠢᠯᠵᠢᠭᠦᠯᠬᠦ᠌᠂ ᠠᠬᠢᠴᠠ ᠵᠢ ᠰᠦᠯᠵᠢᠶᠡᠨ ᠳᠡᠭᠡᠷᠡ ᠪᠠᠢᠴᠠᠭᠠᠨ ᠯᠠᠪᠯᠠᠬᠤ᠂ ᠦᠶ᠋ᠯᠡᠴᠢᠯᠡᠭᠡ ᠵᠢ ᠰᠦᠯᠵᠢᠶᠡᠨ ᠳᠡᠭᠡᠷᠡ ᠦᠨᠡᠯᠡᠬᠦ᠌》 ᠪᠥᠬᠥ᠌ ᠲᠤᠬᠠᠢᠯᠠᠭ᠍ᠰᠠᠨ ᠠᠵᠢᠯᠤᠨ ᠰᠦᠯᠵᠢᠶᠡᠨ ᠳᠡᠭᠡᠷᠡᠬᠢ ᠦᠶ᠋ᠯᠡᠴᠢᠯᠡᠭᠡ ᠵᠢ ᠪᠡᠶᠡᠯᠡᠭᠦᠯᠵᠥ᠂ ᠬᠡᠷᠡᠭ᠌ᠯᠡᠭ᠌ᠴᠢᠳᠤᠨ ᠰᠦᠯᠵᠢᠶᠡᠨ ᠳᠡᠭᠡᠷᠡ ᠮᠡᠳᠡᠭᠦᠯᠵᠦ᠍ ᠤᠭ᠍ᠰᠠᠷᠠᠬᠤ ᠨᠣᠷᠮᠠ ᠵᠢ 83.47% ᠳ᠋ᠤ ᠬᠦᠷᠭᠡᠪᠠ᠃
ᠥᠪᠥᠷ ᠮᠣᠩᠭᠣᠯᠤᠨ ᠴᠠᠬᠢᠯᠭᠠᠨ ᠬᠦᠴᠦᠨᠦ ᠪᠦᠯᠦᠭ᠌ᠯᠡᠯᠤᠨ ᠬᠢᠨ ᠤᠯᠤᠰᠤᠨ ᠡᠨᠧᠷᠭᠢ ᠵᠢᠨ ᠠᠵᠤ ᠠᠬᠤᠶ ᠵᠢᠨ ᠵᠢᠱ᠌ᠢᠶᠡ ᠦᠵᠡᠭᠦᠯᠬᠦ᠌ ᠣᠷᠣᠨ ᠢ᠋ ᠪᠥᠲᠥᠭᠡᠨ ᠪᠠᠢᠭᠤᠯᠬᠤ ᠵᠢᠨ ᠲᠣᠭᠣᠷᠢᠨᠳᠤ᠂ 《ᠬᠣᠶᠠᠷ ᠢ᠋ ᠤᠷᠢᠳ ᠵᠢᠡᠷ ᠬᠢᠬᠦ᠌》 《ᠬᠣᠶᠠᠷ ᠢ᠋ ᠳᠠᠪᠠᠭᠤᠯᠬᠤ》 ᠪᠠᠢᠯᠳᠤᠬᠤ ᠪᠣᠳᠣᠯᠭᠠ ᠵᠢᠨ ᠬᠠᠷᠠᠯᠲᠠ ᠵᠢ ᠪᠡᠶᠡᠯᠡᠭᠦᠯᠬᠦ᠌ᠪᠡᠷ ᠴᠢᠷᠮᠠᠢᠵᠤ᠂ ᠪᠣᠬᠢᠷᠲᠤᠯ ᠥᠬᠡᠶ ᠣᠶᠤᠨᠴᠢ ᠴᠠᠬᠢᠯᠭᠠᠨ ᠲᠤᠤᠷᠤᠨ ᠦᠵᠦ ᠲᠥᠯᠥᠪᠯᠡᠭᠡ ᠵᠢ ᠴᠢᠩᠭᠠᠳᠭᠠᠨ᠂ ᠱᠢᠨᠡ ᠬᠡᠯᠪᠡᠷᠢ ᠵᠢᠨ ᠴᠠᠬᠢᠯᠭᠠᠨ ᠬᠦᠴᠦᠨᠦ ᠱᠢᠰᠲ᠋ᠧᠮ ᠢ᠋ ᠪᠥᠬᠥ᠌ ᠬᠦᠴᠦᠨᠢᠶᠡᠷᠢᠶᠡᠨ ᠴᠣᠭ᠍ᠴᠠᠯᠠᠵᠤ᠂ ᠪᠣᠬᠢᠷᠲᠤᠯ ᠥᠬᠡᠶ ᠴᠠᠬᠢᠯᠭᠠᠨ ᠢ᠋ ᠪᠠᠬᠳᠠᠭᠠᠨ ᠱᠢᠩᠭᠡᠭᠡᠬᠦ᠌ ᠵᠢ ᠱᠢᠯᠢᠳᠡᠭ᠌ᠵᠢᠭᠦᠯᠦᠨ ᠲᠠᠰ ᠳᠡᠪᠱᠢᠭᠦᠯᠵᠦ᠍᠂ 《ᠬᠤᠤᠰ ᠨᠡᠭᠦᠷᠡᠰᠦᠲᠥ᠋ᠷᠥᠭ᠌ᠴᠢ》ᠵᠢᠨ ᠲᠠᠯᠠ ᠪᠡᠷ ᠬᠤᠰᠢᠭᠤᠴᠢᠯᠠᠵᠤ᠂ ᠠᠷᠠᠳ ᠤᠯᠠᠨ ᠪᠠ ᠠᠵᠤ ᠠᠬᠤᠢᠯᠠᠯ ᠳ᠋ᠦ ᠨᠡᠩ ᠰᠠᠢᠨ ᠴᠠᠬᠢᠯᠭᠠᠨ ᠭᠡᠷᠡᠭᠯᠡᠬᠦ ᠤᠷᠴᠢᠨ ᠨᠦᠬᠦᠴᠡᠯ ᠪᠦᠷᠢᠯᠳᠦᠭᠦᠯᠵᠤ᠂ ᠠᠵᠤ ᠠᠬᠤᠢ ᠨᠡᠢᠭᠡᠮᠤᠨ ᠴᠢᠨᠠᠷ ᠰᠠᠢᠳᠠᠢ ᠬᠦᠭᠵᠢᠯᠳᠡ ᠳ᠋ᠦ ᠬᠦᠴᠦᠨ ᠨᠡᠮᠡᠷᠢᠯᠡᠵᠤ ᠪᠠᠢᠨᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃