ᠠᠵᠤ ᠠᠬᠤᠢ > ᠴᠢᠨᠠᠷ ᠰᠠᠢᠲᠠᠢ ᠬᠥᠭᠵᠢᠯᠲᠡ᠎ᠶ᠋ᠢ ᠠᠬᠢᠭᠤᠯᠤᠶ᠎ᠠ

2022-04-04 19:16:43

ᠵᠣᠬᠢᠶᠠᠭ᠍ᠴᠢ᠄ ᠦᠨᠢᠷ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠡᠴᠡ ᠤᠢᠯᠠᠭᠠᠭᠰᠠᠨ ᠢ᠋ᠢᠡᠷ᠂ ᠮᠠᠨ ᠤ᠋ ᠤᠷᠤᠨ ᠵᠠᠮ ᠬᠠᠷᠢᠯᠴᠠᠭ᠎ᠠ ᠲᠡᠭᠡᠭᠡᠪᠦᠷᠢ ᠶ᠋ᠢᠨ ᠠᠵᠢᠯ ᠲᠥᠷᠥᠯ ᠤ᠋ᠨ ᠲᠣᠭ᠍ᠲᠠᠭᠤᠨ ᠬᠦᠭᠵᠢᠯᠳᠡ ᠶ᠋ᠢ ᠲᠡᠷᠢᠭᠦᠨ ᠳ᠋ᠤ ᠲᠠᠯᠪᠢᠵᠤ᠂ ᠲᠣᠭ᠍ᠲᠠᠭᠤᠨ ᠤ᠋ ᠳᠤᠮᠳᠠ ᠤᠷᠤᠭ᠍ᠰᠢᠯᠠᠨ ᠳᠠᠪᠱᠢᠬᠤ ᠶ᠋ᠢ ᠪᠠᠷᠢᠮᠲᠠᠯᠠᠨ᠂ ᠵᠠᠮ ᠬᠠᠷᠢᠯᠴᠠᠭ᠎ᠠ ᠲᠡᠭᠡᠭᠡᠪᠦᠷᠢ ᠶ᠋ᠢᠨ ᠦᠢᠯᠡᠰ ᠲᠡᠬᠢ ᠪᠦᠲᠦᠮᠵᠢᠲᠡᠶ ᠪᠠᠯᠠ ᠣᠷᠣᠭᠤᠯᠤᠯᠲᠠ ᠶ᠋ᠢ ᠢᠳᠡᠪᠬᠢᠲᠡᠶ ᠥᠷᠭᠡᠳᠭᠡᠵᠦ᠍᠂ ᠵᠠᠰᠠᠮᠠᠯ ᠵᠠᠮ ᠤ᠋ᠨ ᠭᠤᠤᠯᠳᠠᠯᠭ᠎ᠠ ᠲᠠᠢ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠢ᠋ᠢ ᠡᠮᠬᠢ ᠵᠢᠷᠤᠮ ᠲᠠᠢ ᠠᠬᠢᠭᠤᠯᠵᠤ ᠪᠠᠢᠨ᠎ᠠ᠃

ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠶ᠋ᠢᠨ ᠲᠢᠩᠬᠢᠮ ᠵᠠᠰᠠᠮᠠᠯ ᠵᠠᠮ ᠤ᠋ᠨ ᠭᠤᠤᠯᠳᠠᠯᠭ᠎ᠠ ᠲᠠᠶ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠶ᠋ᠢ ᠠᠬᠢᠭᠤᠯᠬᠤ ᠠᠵᠢᠯ ᠤ᠋ᠨ ᠲᠤᠰᠭᠠᠶ ᠠᠩᠭᠢ ᠶ᠋ᠢᠨ ᠦᠶ᠋ᠯᠡᠳᠦᠯ ᠢ᠋ ᠭᠦᠶ᠋ᠴᠡᠳ ᠪᠠᠳᠠᠷᠠᠭᠤᠯᠵᠤ᠂ ᠣᠨ ᠤ᠋ ᠬᠠᠷᠠᠯᠲᠠᠳᠤ ᠡᠬᠦᠷᠬᠡ ᠳ᠋ᠤ ᠠᠩᠬᠠᠷᠤᠯ ᠵᠢᠡᠨ ᠲᠥᠪᠯᠡᠷᠡᠭᠦᠯᠤᠨ᠂ ᠡᠯ᠎ᠡ ᠠᠢᠮᠠᠭ ᠬᠣᠲᠠ ᠶ᠋ᠢᠨ ᠵᠠᠮ ᠬᠠᠷᠢᠯᠴᠠᠭ᠎ᠠ ᠲᠡᠭᠡᠭᠡᠪᠦᠷᠢ ᠶ᠋ᠢᠨ ᠲᠣᠪᠴᠢᠶ᠎ᠠ᠂ ᠥᠪᠥᠷ ᠮᠣᠩᠭᠣᠯ ᠤ᠋ᠨ ᠳᠡᠭᠡᠳᠦ ᠲᠡᠰ ᠤ᠋ᠨ ᠵᠠᠰᠠᠮᠠᠯ ᠵᠠᠮ ᠤ᠋ᠨ ᠪᠦᠳᠦᠭᠡᠨ ᠪᠠᠢᠭᠤᠯᠤᠯᠲᠠ ᠨᠡᠬᠡᠬᠡᠨ ᠬᠦᠭᠵᠢᠭᠦᠯᠤᠯᠳᠠ ᠵᠢᠨ ᠬᠢᠵᠠᠭᠠᠷᠲᠤ ᠺᠣᠮᠫᠠᠨᠢ᠂ ᠥᠪᠥᠷ ᠮᠣᠩᠭᠣᠯ ᠤ᠋ᠨ ᠵᠠᠰᠠᠮᠠᠯ ᠵᠠᠮ ᠤ᠋ᠨ ᠵᠠᠮ ᠬᠠᠷᠢᠯᠴᠠᠭᠠᠨ ᠤ᠋ ᠪᠡᠯᠡ ᠣᠷᠣᠭᠤᠯᠤᠯᠲᠠ ᠬᠥᠭ᠌ᠵᠢᠭᠦᠯᠦᠯᠲᠠ ᠶ᠋ᠢᠨ ᠬᠢᠵᠠᠭᠠᠷᠲᠤ ᠺᠣᠮᠫᠠᠨᠢ ᠲᠠᠢ ᠲᠤᠰ ᠲᠤᠰ ᠠᠵᠢᠯ ᠵᠢᠡᠨ ᠵᠤᠯᠭᠠᠭᠤᠯᠵᠤ᠂ ᠡᠯ᠎ᠡ ᠭᠤᠤᠯᠳᠠᠯᠭ᠎ᠠ ᠲᠠᠢ ᠲᠥᠷᠥᠯ ᠵᠦᠢᠯ ᠤ᠋ᠨ ᠪᠦᠬᠦ᠌ ᠵᠢᠯ ᠤ᠋ᠨ ᠪᠦᠲᠦᠭᠡᠨ ᠪᠠᠢᠭᠤᠯᠤᠯᠲᠠ ᠶ᠋ᠢᠨ ᠡᠭᠦᠷᠭᠡ ᠶ᠋ᠢ ᠤᠯᠠᠷᠢᠯ ᠳ᠋ᠤ ᠬᠦᠷᠲᠡᠯ᠎ᠡ ᠬᠤᠪᠢᠶᠠᠷᠢᠯᠠᠭᠠᠳ ᠡᠭᠦᠷᠭᠡ ᠶ᠋ᠢᠨ ᠨᠠᠷᠢᠨ ᠳᠠᠡᠭᠰᠠ ᠢ᠋ᠢ ᠪᠦᠷᠢᠯᠳᠦᠭᠦᠯᠵᠤ ᠂ 2022 ᠣᠨ ᠳ᠋ᠤ ᠬᠡᠷᠡᠭ᠌ᠵᠢᠭᠦᠯᠬᠦ᠌ ᠪᠡᠷ ᠲᠥᠯᠥᠪᠯᠡᠵᠦ᠍ ᠪᠠᠢᠭ᠎ᠠ ᠵᠠᠰᠠᠮᠠᠯ ᠵᠠᠮ ᠤ᠋ᠨ ᠭᠤᠤᠯᠳᠠᠯᠭ᠎ᠠ ᠲᠠᠶ ᠲᠥᠷᠥᠯ ᠵᠦᠶ᠋ᠯ ᠤ᠋ᠨ᠎ᠪᠥᠲᠥᠭᠡᠨ ᠪᠠᠢᠭᠤᠯᠤᠯᠲᠠ ᠵᠢ ᠠᠯᠬᠤᠮ ᠳᠠᠷᠠᠭ᠎ᠠ ᠲᠠᠢ ᠪᠡᠷ ᠠᠬᠢᠭᠤᠯᠵᠤ ᠪᠤᠢ᠃ 3 ᠰᠠᠷ᠎ᠠ ᠶ᠋ᠢᠨ 28 ᠤ᠋ ᠡᠳᠦᠷ ᠪᠣᠯᠲᠠᠯ᠎ᠠ᠂ ᠪᠠᠶᠠᠨᠴᠠᠭᠠᠨ — ᠠᠨ ᠶᠧ ᠬᠥᠷᠬᠥ᠌ ᠲᠦᠷᠭᠡᠨ ᠤ᠋ ᠵᠠᠰᠠᠮᠠᠯ ᠵᠠᠮ᠂ ᠪᠢᠷᠠᠭᠤ — ᠤᠯᠠᠭᠠᠨᠪᠤᠳᠤᠩ ᠬᠥᠷᠬᠥ᠌ ᠲᠦᠷᠭᠡᠨ ᠤ᠋ ᠵᠠᠰᠠᠮᠠᠯ ᠵᠠᠮ ᠵᠡᠷᠭᠡ ᠦᠷᠬᠦᠯᠵᠢᠯᠡᠨ ᠪᠦᠳᠦᠬᠡᠨ ᠪᠠᠢᠭᠤᠯᠵᠤ ᠪᠠᠢᠭ᠎ᠠ ᠵᠠᠰᠠᠮᠠᠯ ᠵᠠᠮ ᠤ᠋ᠨ 52 ᠭᠤᠤᠯᠳᠠᠯᠭ᠎ᠠ ᠲᠠᠶ ᠲᠥᠷᠥᠯ ᠵᠦᠶ᠋ᠯ ᠤ᠋ᠨ ᠠᠵᠢᠯᠴᠢᠨ ᠪᠠ ᠲᠤᠨᠤᠭ ᠲᠦᠬᠦᠬᠡᠷᠦᠮᠵᠢ ᠵᠢ ᠴᠥᠮ ᠪᠠᠷᠢᠯᠭ᠎ᠠ ᠵᠢᠨ ᠠᠬᠤᠢ ᠲᠠᠯᠠᠪᠠᠶ ᠳ᠋ᠤ ᠤᠷᠤᠭᠤᠯᠵᠤ᠂ ᠪᠠᠶᠠᠨᠬᠤᠳᠳᠤᠭ — ᠪᠠᠶᠠᠨᠬᠣᠲᠠ ᠬᠥᠷᠬᠥ᠌ ᠲᠦᠷᠭᠡᠨ ᠤ᠋ ᠵᠠᠰᠠᠮᠠᠯ ᠵᠠᠮ ᠂ ᠤᠯᠤᠰ ᠤ᠋ᠨ ᠵᠠᠰᠠᠮᠠᠯ ᠵᠠᠮ ᠤ᠋ᠨ ᠳᠠᠯᠠᠢᠬᠦᠢ᠍ᠪ — ᠳ᠋ᠦᠩᠹᠸᠩ ᠰᠠᠨᠰᠠᠷ ᠤ᠋ᠨ ᠬᠣᠲᠠ ᠬᠥᠷᠬᠥ᠌ ᠨᠢᠭᠡᠳᠦᠭᠡᠷ ᠳᠡᠰ ᠤ᠋ᠨ ᠵᠠᠰᠠᠮᠠᠯ ᠵᠠᠮ ᠵᠡᠷᠭᠡ 25 ᠭᠤᠤᠯᠳᠠᠯᠭ᠎ᠠ ᠲᠠᠢ ᠲᠥᠷᠥᠯ ᠵᠦᠶ᠋ᠯ ᠨᠢᠭᠡᠨᠲᠡ ᠠᠵᠢᠯ ᠵᠢᠡᠨ ᠰᠡᠷᠭᠦᠭᠡᠵᠤ ᠪᠠᠷᠢᠯᠭ᠎ᠠ ᠪᠠᠨ ᠡᠬᠢᠯᠡᠬᠦᠯᠪᠡ᠃

ᠥᠪᠡᠷᠲᠡᠭᠡᠨ ᠵᠠᠰᠠᠬᠤ ᠣᠷᠣᠨ ᠤ᠋ 2022 ᠣᠨ ᠤ᠋ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ᠂ S43 ᠨᠢᠰᠭᠡᠯ ᠤ᠋ᠨ ᠪᠠᠭᠤᠳᠠᠯ ᠤ᠋ᠨ ᠲᠦᠷᠭᠡᠨ ᠤ᠋ ᠵᠠᠰᠠᠮᠠᠯ ᠵᠠᠮ ᠵᠡᠷᠭᠡ ᠲᠥᠷᠥᠯ ᠵᠦᠶ᠋ᠯ ᠤ᠋ᠨ ᠪᠠᠷᠢᠯᠭ᠎ᠠ ᠵᠢ ᠡᠬᠢᠯᠡᠭᠦᠯᠦᠨ ᠪᠥᠲᠥᠭᠡᠨ ᠪᠠᠢᠭᠤᠯᠬᠤ ᠢ᠋ᠢ ᠠᠬᠢᠭᠤᠯᠵᠤ᠂ 5000 ᠺᠢᠯᠣᠮᠧᠲ᠋ᠷ ᠡᠴᠡ ᠳᠡᠭᠡᠭ᠌ᠰᠢᠬᠢ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ ᠱᠢᠨ᠎ᠡ ᠪᠡᠷ ᠥᠭᠡᠷᠡᠴᠢᠯᠡᠨ ᠪᠠᠢᠭᠤᠯᠵᠤ ᠂ ᠶᠡᠬᠡ ᠬᠢᠩᠭᠠᠨ ᠳᠠᠪᠠᠭ᠎ᠠ ᠶ᠋ᠢᠨ ᠤᠢᠲᠤ ᠣᠷᠣᠨ ᠤ᠋ ᠵᠠᠰᠠᠮᠠᠯ ᠵᠠᠮ ᠪᠠ ᠴᠢᠮᠡᠭᠡ ᠬᠣᠯᠪᠣᠭᠠᠨ ᠤ᠋ ᠲᠤᠤᠷ ᠰᠦᠯᠵᠢᠶ᠎ᠡ ᠶ᠋ᠢᠨ ᠪᠥᠲᠥᠭᠡᠨ ᠪᠠᠢᠭᠤᠯᠤᠯᠲᠠ ᠶ᠋ᠢ ᠴᠢᠩᠭᠠᠳᠬᠠᠨ᠎ᠠ; ᠪᠤᠭᠤᠲᠤ — ᠢᠷᠭᠠᠶ ᠬᠥᠷᠬᠥ᠌ ᠲᠦᠷᠭᠡᠨ ᠤ᠋ ᠲᠡᠮᠦᠷ ᠵᠠᠮ᠂ ᠵᠢᠨᠢᠩ — ᠳ᠋ᠠᠲ᠋ᠦ᠋ᠩ — ᠶᠤᠸᠠᠨ ᠫᠢᠡᠭ ᠬᠥᠷᠬᠥ᠌ ᠲᠦᠷᠭᠡᠨ ᠤ᠋ ᠲᠡᠮᠦᠷ ᠵᠠᠮ ᠂ ᠵᠢᠨᠢᠩ — ᠲᠦᠩᠯᠢᠶᠣᠤ ᠬᠥᠷᠬᠥ᠌ ᠲᠡᠮᠦᠷ ᠵᠠᠮ ᠤ᠋ᠨ ᠴᠠᠬᠢᠯᠭᠠᠨᠵᠢᠭᠤᠯᠤᠯᠲᠠ ᠢ᠋ᠢᠨ ᠢᠨᠵᠧᠨᠧᠷᠢᠩ ᠤ᠋ᠨ ᠪᠦᠳᠦᠬᠡᠨ ᠪᠠᠢᠭᠤᠯᠤᠯᠳᠠ ᠵᠢ ᠲᠦᠷᠬᠡᠳᠬᠡᠵᠤ᠂ ᠶᠡᠷᠦᠩᠬᠡᠢᠯᠡᠭ᠌ᠰᠡᠨ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ ᠤ᠋ ᠲᠤᠤᠷ ᠢ᠋ ᠭᠤᠤᠯᠳᠠᠯᠭ᠎ᠠ ᠲᠠᠶ ᠪᠥᠲᠥᠭᠡᠨ ᠪᠠᠢᠭᠤᠯᠤᠨ᠎ᠠ ᠭᠡᠵᠤ ᠲᠤᠷᠠᠳᠴᠠᠢ᠃

ᠮᠠᠨ ᠤ᠋ ᠤᠷᠤᠨ《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ ᠱᠢᠨ᠎ᠡ ᠪᠡᠷ ᠡᠬᠢᠯᠡᠭᠦᠯᠬᠦ᠌ ᠪᠡᠷ ᠲᠥᠯᠥᠪᠯᠡᠵᠦ᠍ ᠪᠠᠢᠭ᠎ᠠ ᠲᠥᠷᠥᠯ ᠵᠦᠶ᠋ᠯ ᠤ᠋ᠳ ᠤ᠋ᠨ ᠡᠮᠦᠨᠡᠬᠢ ᠬᠤᠭᠤᠴᠠᠭᠠᠨ ᠤ᠋ ᠠᠵᠢᠯ ᠢ᠋ ᠠᠬᠢᠭᠤᠯᠬᠤ ᠴᠠᠭ ᠢ᠋ ᠨᠢᠮᠪᠠᠢ ᠲᠣᠬᠢᠷᠠᠭᠤᠯᠵᠤ᠂ ᠡᠯ᠎ᠡ ᠭᠤᠭᠴᠤᠭᠠᠨ ᠤ᠋ ᠠᠵᠢᠯ ᠢ᠋ ᠪᠡᠶᠡᠯᠡᠭᠦᠯᠬᠦ᠌ ᠴᠠᠭ ᠤ᠋ᠨ ᠬᠢᠵᠠᠭᠠᠷ ᠢ᠋ ᠲᠤᠳᠤᠷᠬᠠᠢ ᠲᠤᠭᠲᠠᠭᠠᠪᠠ᠃ ᠡᠭᠦᠨ ᠳ᠋ᠤ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠶ᠋ᠢᠨ ᠲᠢᠩᠬᠢᠮ ᠡᠴᠡ 《2022 ᠣᠨ ᠤ᠋ ᠪᠥᠬᠥ᠌ ᠣᠷᠣᠨ ᠤ᠋ ᠵᠠᠰᠠᠮᠠᠯ ᠵᠠᠮ ᠤ᠋ᠨ ᠭᠤᠤᠯᠳᠠᠯᠭ᠎ᠠ ᠲᠠᠶ ᠪᠥᠲᠥᠭᠡᠨ ᠪᠠᠢᠭᠤᠯᠤᠯᠲᠠ ᠵᠢᠨ ᠲᠦᠷᠦᠯ ᠵᠤᠢᠯ ᠢ᠋ ᠠᠬᠢᠭᠤᠯᠬᠤ ᠲᠤᠬᠠᠶ ᠮᠡᠳᠡᠭ᠌ᠳᠡᠯ》 ᠢ᠋ ᠳᠠᠷᠤᠮᠠᠯᠯᠠᠨ ᠲᠠᠷᠬᠠᠭᠠᠵᠤ ᠂ ᠡᠭᠦᠷᠭᠡ ᠵᠢ ᠨᠠᠷᠢᠯᠢᠭ ᠬᠤᠪᠢᠶᠠᠷᠢᠯᠠᠬᠤ᠂ ᠠᠵᠢᠯ ᠵᠢᠡᠨ ᠰᠡᠷᠬᠦᠬᠡᠵᠤ ᠪᠠᠷᠢᠯᠭ᠎ᠠ ᠪᠠᠨ ᠡᠬᠢᠯᠡᠭᠦᠯᠬᠦ᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌᠂ ᠶᠠᠰᠤ ᠴᠢᠨᠠᠷ ᠤ᠋ᠨ ᠠᠮᠤᠷ ᠲᠦᠪᠱᠢᠨ ᠢ᠋ ᠵᠢᠭ᠍ᠰᠠᠭᠠᠨ ᠪᠠᠢᠴᠠᠭᠠᠬᠤ ᠵᠡᠷᠭᠡ ᠠᠵᠢᠯ ᠤ᠋ᠳ ᠢ᠋ ᠡᠷᠲᠡᠬᠡᠨ ᠲᠣᠬᠢᠷᠠᠭᠤᠯᠤᠨ ᠪᠠᠢᠷᠢᠯᠠᠭᠤᠯᠵᠤ᠂ ᠡᠯ᠎ᠡ ᠠᠢᠮᠠᠭ ᠬᠣᠲᠠ᠂ ᠬᠠᠮᠢᠶ᠎ᠠ ᠪᠥᠬᠥᠶ ᠪᠥᠲᠥᠭᠡᠨ ᠪᠠᠢᠭᠤᠯᠤᠯᠲᠠ ᠶ᠋ᠢᠨ ᠨᠢᠭᠡᠴᠢ ᠳ᠋ᠤ ᠵᠠᠰᠠᠮᠠᠯ ᠵᠠᠮ ᠤ᠋ᠨ ᠭᠤᠤᠯᠳᠠᠯᠭ᠎ᠠ ᠲᠠᠶ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠶ᠋ᠢ ᠠᠬᠢᠭᠤᠯᠬᠤ ᠲᠤᠰᠭᠠᠶ ᠠᠩᠭᠢ ᠲᠤᠬᠢᠷᠠᠭᠤᠯᠵᠤ ᠂ ᠲᠤᠬᠠᠢ ᠵᠢᠨ ᠭᠠᠵᠠᠷ ᠣᠷᠣᠨ᠂ ᠲᠣᠰ ᠨᠢᠭᠡᠴᠢ ᠶ᠋ᠢᠨ ᠵᠠᠰᠠᠮᠠᠯ ᠵᠠᠮ ᠤ᠋ᠨ ᠭᠤᠤᠯᠳᠠᠯᠭ᠎ᠠ ᠲᠠᠶ ᠲᠥᠷᠥᠯ ᠵᠦᠶ᠋ᠯ ᠤ᠋ᠨ ᠪᠦᠳᠦᠬᠡᠨ ᠪᠠᠢᠭᠤᠯᠤᠯᠳᠠ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面