ᠠᠵᠤ ᠠᠬᠤᠢ > ᠴᠢᠨᠠᠷ ᠰᠠᠢᠲᠠᠢ ᠬᠥᠭᠵᠢᠯᠲᠡ᠎ᠶ᠋ᠢ ᠠᠬᠢᠭᠤᠯᠤᠶ᠎ᠠ

2022-05-05 09:31:04

ᠵᠣᠬᠢᠶᠠᠭ᠍ᠴᠢ᠄ ᠡᠷᠳᠡᠨᠢᠬᠤᠸᠠᠷ ᠣᠩᠱᠢᠭ᠍ᠰᠠᠨ ᠣᠳᠠᠭ᠎ᠠ᠄ 3

ᠪᠦᠬᠦ ᠣᠷᠣᠨ ᠤ᠋ ᠠᠵᠤ ᠦᠶ᠋ᠯᠡᠳᠪᠦᠷᠢ ᠶ᠋ᠢᠨ ᠠᠵᠤ ᠠᠬᠤᠶ ᠶ᠋ᠢᠨ ᠴᠢᠨᠠᠷ ᠰᠠᠢᠲᠠᠶ ᠬᠦᠭᠵᠢᠯᠳᠡ ᠶ᠋ᠢᠨ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠬᠤ ᠶ᠋ᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ᠋ ᠠᠵᠤ ᠦᠢᠯᠡᠳᠪᠤᠷᠢ ᠪᠠ ᠮᠡᠳᠡᠭᠡ ᠵᠠᠩᠬᠢᠴᠢᠯᠠᠯᠳᠠ ᠶ᠋ᠢᠨ ᠲᠢᠩᠬᠢᠮ 《ᠦᠶ᠋ᠯᠡᠳᠬᠦ᠌ ᠦᠶ᠋ᠯᠡᠰ ᠦ᠋ᠨ ᠳᠡᠭᠡᠳᠦ ᠳᠡᠰᠵᠢᠭᠰᠡᠨ ᠤᠶᠤᠨᠴᠢᠯᠠᠭᠰᠠᠨ ᠪᠣᠬᠢᠷᠲᠤᠯ ᠥᠬᠡᠶ ᠬᠥᠭ᠌ᠵᠢᠯᠳᠠ ᠶ᠋ᠢ ᠠᠬᠢᠭᠤᠯᠬᠤ ᠲᠤᠬᠠᠶ ᠥᠪᠥᠷ ᠮᠣᠩᠭᠣᠯ ᠤ᠋ᠨ ᠦᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠰᠠᠨᠠᠯ》 ᠢ᠋ ᠦᠨᠳᠦᠰᠦᠯᠡᠨ᠂ ᠤᠢᠷ᠎ᠠ ᠳ᠋ᠤ 《ᠥᠪᠥᠷ ᠮᠣᠩᠭᠣᠯ ᠤ᠋ᠨ ᠦᠪᠡᠷᠲᠡᠭᠡᠨ ᠵᠠᠰᠠᠬᠤ ᠣᠷᠣᠨ ᠤ᠋ ᠠᠵᠤ ᠦᠶ᠋ᠯᠡᠳᠪᠦᠷᠢ ᠶ᠋ᠢᠨ ᠠᠵᠤ ᠠᠬᠤᠢᠯᠠᠯ ᠤ᠋ᠨ〈ᠡᠭᠦᠯᠡᠨ ᠲᠠᠪᠴᠠᠩ ᠳ᠋ᠤ ᠭᠠᠷᠬᠤ〉 ᠠᠵᠢᠯ ᠤ᠋ᠨ ᠲᠥᠰᠦᠯ (2022 — 2025 ᠤᠨ)》 ᠢ᠋ ᠲᠣᠭ᠍ᠲᠠᠭᠠᠪᠠ᠃

ᠲᠦᠰᠦᠯ ᠳ᠋ᠤ᠂ ᠰᠢ ᠵᠢᠨ ᠫᠢᠩ ᠦ᠋ᠨ ᠳᠤᠮᠳᠠᠳᠤ ᠤᠯᠤᠰ ᠤ᠋ᠨ ᠣᠨᠴᠠᠯᠢᠭ ᠲᠠᠶ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠡᠷ ᠶᠡᠷᠦᠩᠬᠡᠢᠯᠡᠨ ᠵᠢᠯᠣᠭᠣᠳᠣᠭᠤᠯᠵᠤ᠂《ᠵᠠᠰᠠᠭ ᠤ᠋ᠨ ᠣᠷᠳᠣᠨ ᠡᠴᠡ ᠠᠬᠢᠭᠤᠯᠬᠤ᠂ ᠠᠵᠤ ᠠᠬᠤᠢᠯᠠᠯ ᠶ᠋ᠢᠡᠷ ᠭᠤᠤᠯ ᠪᠣᠯᠭᠠᠬᠤ᠂ ᠨᠢᠭᠡᠳᠦᠯᠲᠡᠶ ᠲᠥᠯᠥᠪᠵᠢᠭᠦᠯᠬᠦ᠌᠂ ᠭᠤᠤᠯᠳᠠᠯᠭ᠎ᠠ ᠶ᠋ᠢ ᠳᠣᠪᠣᠢᠯᠭᠠᠬᠤ᠂ ᠠᠵᠢᠯ ᠲᠥᠷᠥᠯ ᠬᠤᠪᠢᠶᠠᠨ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌》ᠵᠠᠷᠴᠢᠮ ᠢ᠋ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ᠋ ᠦᠪᠡᠷᠮᠢᠴᠡ ᠤᠨᠴᠠᠯᠢᠭ ᠲᠠᠢ ᠳᠠᠪᠠᠭᠤᠯᠢᠭᠳᠤ ᠠᠵᠢᠯ ᠲᠥᠷᠥᠯ ᠶ᠋ᠢᠡᠷ ᠭᠠᠷᠳᠠᠴᠠ ᠪᠣᠯᠭᠠᠵᠤ᠂《ᠲᠣᠮᠣ ᠬᠡᠯᠪᠡᠷᠢ ᠶ᠋ᠢᠨ ᠳᠠᠭᠠᠭᠤᠯᠤᠭᠴᠢ ᠠᠵᠤ ᠠᠬᠤᠢᠯᠠᠯ ᠶ᠋ᠢᠡᠷ ᠬᠥᠲᠥᠯᠥᠨ ᠳᠠᠭᠠᠭᠤᠯᠬᠤ᠂ ᠳᠤᠮᠳᠠ ᠪᠠᠭ᠎ᠠ ᠠᠵᠤ ᠠᠬᠤᠢᠯᠠᠯ ᠠᠭᠤᠰᠤᠯᠴᠠᠨ ᠨᠡᠪᠳᠡᠷᠡᠯᠴᠡᠬᠦ》ᠪᠡᠷ ᠬᠥᠭ᠌ᠵᠢᠯᠲᠡ ᠶ᠋ᠢᠨ ᠬᠠᠷᠠᠯᠲᠠ ᠪᠣᠯᠭᠠᠨ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠡᠭᠦᠯᠴᠢ ᠪᠣᠯᠬᠤ ᠳ᠋ᠤ ᠲᠠᠪᠴᠠᠩ ᠡᠴᠡ ᠬᠦᠳᠡᠯᠭᠡᠬᠦ ᠡᠨᠧᠷᠬᠢ ᠣᠯᠭᠣᠬᠤ᠂ ᠠᠵᠢᠯ ᠲᠥᠷᠥᠯ ᠦ᠋ᠨ ᠳᠠᠭᠠᠭᠤᠯᠤᠭᠴᠢ ᠠᠵᠤ ᠠᠬᠤᠢᠯᠠᠯ ᠬᠥᠲᠥᠯᠥᠨ ᠳᠠᠭᠠᠭᠤᠯᠬᠤ᠂ ᠳᠤᠮᠳᠠ ᠪᠠᠭ᠎ᠠ ᠠᠵᠤ ᠠᠬᠤᠢᠯᠠᠯ ᠬᠠᠮᠵᠢᠯᠴᠠᠨ ᠢᠵᠢ ᠪᠦᠷᠢᠳᠦᠭᠰᠡᠨ ᠥᠪᠡᠷᠲᠡᠭᠡᠨ ᠵᠠᠰᠠᠬᠤ ᠣᠷᠣᠨ ᠤ᠋ ᠠᠵᠤ ᠦᠶ᠋ᠯᠡᠳᠪᠦᠷᠢ ᠶ᠋ᠢᠨ ᠠᠵᠤ ᠠᠬᠤᠢ ᠶ᠋ᠢᠨ《ᠡᠭᠦᠯᠡᠨ ᠲᠠᠪᠴᠠᠩ ᠳ᠋ᠤ ᠭᠠᠷᠬᠤ》ᠴᠢᠨᠠᠷ ᠰᠠᠢᠲᠠᠶ ᠬᠥᠭ᠌ᠵᠢᠯᠲᠡ ᠶ᠋ᠢ ᠦᠨᠳᠦᠰᠦᠨ ᠳ᠋ᠡᠭᠡᠨ ᠪᠦᠷᠢᠯᠳᠦᠭᠦᠯᠦᠨ᠎ᠡ᠃ 2025 ᠣᠨ ᠪᠣᠯᠬᠤ ᠳ᠋ᠤ᠂ ᠡᠭᠦᠯᠡᠨ ᠲᠠᠪᠴᠠᠩ ᠳ᠋ᠤ ᠭᠠᠷᠤᠭᠰᠠᠨ ᠠᠵᠤ ᠦᠶ᠋ᠯᠡᠳᠪᠦᠷᠢ ᠶ᠋ᠢᠨ ᠠᠵᠤ ᠠᠬᠤᠢᠯᠠᠯ ᠢ᠋ 2.6 ᠲᠦᠮᠡ ᠶ᠋ᠢ ᠳᠠᠪᠠᠭᠤᠯᠵᠤ᠂ 20 ᠡᠴᠡ ᠳᠡᠭᠡᠭᠰᠢ ᠬᠡᠪ ᠳᠠᠭᠤᠷᠢᠶᠠᠯ ᠤ᠋ᠨ ᠠᠵᠤ ᠠᠬᠤᠢᠯᠠᠯ᠂ 50 ᠡᠴᠡ ᠳᠡᠭᠡᠭᠰᠢ ᠡᠭᠦᠯᠡᠨ ᠦᠶ᠋ᠯᠡᠴᠢᠯᠡᠭᠡᠨ ᠤ᠋ ᠬᠤᠳᠠᠯᠳᠤᠭᠠᠴᠢᠨ ᠢ᠋ ᠪᠤᠢ ᠪᠤᠯᠭᠠᠨ ᠬᠥᠭ᠌ᠵᠢᠭᠦᠯᠦᠨ᠎ᠡ ᠭᠡᠵᠦ ᠳᠤᠷᠠᠳᠪᠠ᠃

ᠲᠦᠰᠦᠯ ᠳ᠋ᠤ ᠬᠤᠶᠠᠷ ᠲᠠᠯ᠎ᠠ ᠶ᠋ᠢᠨ ᠭᠣᠣᠯᠳᠠᠯᠭ᠎ᠠ ᠲᠠᠶ ᠡᠭᠦᠷᠭᠡ ᠶ᠋ᠢ ᠳᠤᠷᠠᠳᠴᠠᠢ᠃ ᠨᠢᠭᠡ ᠨᠢ᠂ ᠠᠵᠤ ᠠᠬᠤᠢᠯᠠᠯ ᠤ᠋ᠨ ᠵᠠᠩᠭᠢᠯᠠᠭ᠎ᠠ ᠶ᠋ᠢᠨ ᠲᠤᠬᠠᠢᠯᠠᠭ᠍ᠰᠠᠨ ᠠᠵᠢᠯ ᠤ᠋ᠨ《ᠡᠭᠦᠯᠡᠨ ᠲᠠᠪᠴᠠᠩ ᠳ᠋ᠤ ᠭᠠᠷᠬᠤ》 ᠶ᠋ᠢ ᠠᠬᠢᠭᠤᠯᠵᠤ᠂ ᠦᠢᠯᠡᠳᠪᠦᠷᠢᠯᠡᠯ ᠢ᠋ ᠬᠠᠮᠢᠶᠠᠷᠤᠨ ᠡᠵᠡᠮᠳᠡᠵᠦ᠍ ᠬᠠᠮᠵᠢᠯᠴᠠᠬᠤ ᠴᠢᠳᠠᠪᠤᠷᠢ ᠶ᠋ᠢ ᠴᠢᠩᠭᠠᠳᠬᠠᠨ᠂ ᠲᠡᠷᠢᠭᠦᠨ ᠤ᠋ ᠦᠢᠯᠡᠳᠬᠦ᠌ ᠴᠢᠳᠠᠪᠤᠷᠢ ᠪᠠ ᠡᠵᠡᠩᠨᠡᠯᠲᠡ ᠬᠠᠮᠢᠶᠠᠷᠤᠯᠲᠠ ᠶ᠋ᠢᠨ ᠲᠦᠪᠰᠢᠨ ᠢ᠋ ᠳᠡᠭᠡᠭ᠌ᠰᠢᠯᠡᠭᠦᠯᠦᠨ᠎ᠡ; ᠨᠦᠭᠦᠭᠡ ᠨᠢ᠂ ᠦᠶ᠋ᠯᠡᠳᠪᠦᠷᠢᠯᠡᠯ ᠦ᠋ᠨ ᠲᠥᠬᠥᠭᠡᠷᠦᠮᠵᠢ ᠶ᠋ᠢᠨ《ᠡᠭᠦᠯᠡᠨ ᠲᠠᠪᠴᠠᠩ ᠳ᠋ᠤ ᠭᠠᠷᠬᠤ》 ᠶ᠋ᠢ ᠠᠬᠢᠭᠤᠯᠤᠨ᠂ ᠤᠨᠴᠠᠭᠠᠢ ᠬᠦᠷᠢᠶ᠎ᠡ ᠴᠠᠷᠠᠭ᠎ᠠ ᠶ᠋ᠢᠨ ᠬᠡᠷᠡᠭ᠌ᠯᠡᠭᠡᠨ ᠤ᠋ ᠲᠠᠯᠠᠪᠤᠷ ᠢ᠋ ᠪᠦᠲᠦᠭᠡᠨ ᠪᠠᠢᠭᠤᠯᠵᠤ᠂ ᠲᠥᠬᠥᠭᠡᠷᠦᠮᠵᠢ ᠶ᠋ᠢᠨ ᠠᠵᠢᠯᠯᠠᠬᠤ ᠦᠷ᠎ᠡ ᠪᠦᠲᠦᠮᠵᠢ ᠪᠠ ᠨᠠᠢᠳᠠᠪᠤᠷᠢᠳᠤ ᠴᠢᠨᠠᠷ ᠢ᠋ ᠳᠡᠭᠡᠭ᠌ᠰᠢᠯᠡᠭᠦᠯᠵᠦ᠍᠂ ᠡᠬᠢ ᠪᠠᠶᠠᠯᠢᠭ ᠡᠨᠧᠷᠭᠢ ᠶ᠋ᠢᠨ ᠬᠣᠷᠣᠭ᠍ᠳᠠᠭᠤᠯᠤᠯ ᠪᠠ ᠰᠡᠯᠪᠢᠨ ᠵᠠᠰᠠᠬᠤ ᠥᠪᠡᠷ ᠦ᠋ᠨ ᠥᠷᠲᠡᠭ ᠢ᠋ ᠪᠠᠭᠤᠷᠠᠭᠤᠯᠤᠨ᠎ᠠ᠃ ᠲᠦᠰᠦᠯ ᠳ᠋ᠤ ᠪᠠᠰᠠ 2025 ᠣᠨ ᠪᠣᠯᠬᠤ ᠳ᠋ᠤ ᠠᠢᠮᠠᠭ ᠬᠣᠲᠠ ᠨᠢᠭᠡᠪᠦᠷᠢ ᠶ᠋ᠢᠨ ᠡᠭᠦᠯᠡᠨ ᠲᠠᠪᠴᠠᠩ ᠳ᠋ᠤ ᠭᠠᠷᠤᠭᠰᠠᠨ ᠠᠵᠤ ᠠᠬᠤᠢᠯᠠᠯ ᠢ᠋ ᠨᠠᠭᠠᠳᠤ ᠵᠠᠬ᠎ᠠ᠎ᠳᠠᠭᠠᠨ 3000 ᠳ᠋ᠤ ᠬᠦᠷᠭᠡᠬᠦ ᠪᠡᠷ ᠴᠢᠷᠮᠠᠢᠨ᠎ᠠ ᠭᠡᠵᠦ ᠳᠤᠷᠠᠳᠴᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面