10 ᠰᠠᠷ᠎ᠠ ᠶᠢᠨ16 ᠤ ᠡᠳᠦᠷ᠂ ᠳᠤᠮᠳᠠᠳᠤ ᠤᠯᠤᠰᠤᠨ ᠡᠪ ᠬᠠᠮᠲᠤ ᠨᠠᠮᠤᠨ ᠲᠥᠪ ᠬᠣᠷᠢᠶᠠᠶᠢᠨ ᠶᠡᠷᠦᠩᠬᠡᠢ ᠱᠦᠵᠢ᠂ ᠤᠯᠤᠰᠤᠨ ᠲᠡᠷᠢᠭᠦᠯᠡᠭᠴᠢ᠂ ᠲᠥᠪᠤᠨ ᠴᠡᠷᠢᠭᠤᠨ ᠶᠠᠪᠤᠳᠠᠯᠤᠨ ᠬᠣᠷᠢᠶᠠᠶᠢᠨ ᠲᠡᠷᠢᠭᠦᠯᠡᠭᠴᠢ ᠰᠢ ᠵᠢᠨ ᠫᠢᠩ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠣᠲᠠ ᠳᠤ ᠰᠢᠨᠵᠢᠯᠡᠨ ᠪᠠᠢᠴᠠᠭᠠᠬᠤ ᠳᠠᠭᠠᠨ ᠂ ᠪᠣᠬᠢᠷᠲᠤᠯ ᠥᠬᠡᠢ ᠬᠥᠭᠵᠢᠯᠲᠡ ᠪᠣᠯ ᠴᠢᠨᠠᠷ ᠰᠠᠢᠲᠠᠢ ᠬᠥᠭᠵᠢᠯᠲᠡ ᠶᠢᠨ ᠪᠠᠢᠪᠠᠰᠤ ᠵᠣᠬᠢᠬᠤ ᠤᠳᠬ᠎ᠠ ᠠᠭᠤᠯᠭ᠎ᠠ ᠮᠥᠨ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠲᠤᠯ ᠢ ᠪᠠᠭᠠᠰᠬᠠᠬᠤ᠂ ᠨᠣᠭᠣᠭᠠᠷᠠᠭᠤᠯᠤᠯᠲᠠ ᠶᠢ ᠥᠷᠭᠡᠳᠬᠡᠬᠦ᠂ ᠥᠰᠥᠯᠲᠡ ᠶᠢ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠢ ᠬᠥᠭᠵᠢᠭᠦᠯᠬᠦ ᠵᠠᠮ ᠢᠶᠠᠷ ᠡᠷᠡᠰ ᠭᠤᠢᠪᠢᠰᠢ ᠥᠬᠡᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠤᠰ ᠰᠦᠯᠵᠢᠶ᠎ᠡ ᠡᠨᠡ ᠡᠳᠦᠷᠠᠴᠠ ᠡᠬᠢᠯᠡᠨ 《ᠴᠢᠨᠠᠷ ᠰᠠᠢᠲᠠᠢ ᠬᠥᠭᠵᠢᠯᠲᠡᠪᠠ ᠥᠨᠳᠥᠷ ᠲᠦᠪᠱᠢᠨ ᠪᠦᠬᠦᠢ ᠬᠠᠮᠠᠭᠠᠯᠠᠯᠲᠠᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢᠶᠢ ᠤᠷᠢᠳᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭᠵᠢᠭᠦᠯᠬᠦ ᠵᠠᠮᠢᠶᠠᠷ ᠡᠷᠡᠰ ᠭᠤᠢᠪᠢᠱᠢ ᠦᠭᠡᠢ ᠵᠠᠮᠨᠠᠶ᠎ᠠ》 ᠭᠡᠬᠦ ᠭᠣᠣᠯ ᠰᠡᠳᠦᠪᠲᠦ ᠲᠤᠰᠬᠠᠢ ᠮᠡᠳᠡᠭᠡᠯᠡᠯ ᠭᠠᠷᠭᠠᠪᠠ᠃