2026-10-22 11:17:09
— ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠡᠷᠬᠢᠯᠡᠭᠴᠢ ᠬᠤᠸᠠᠩ ᠸᠸᠨ ᠴᠤᠸ᠎ᠠ᠎ᠨᠢ ᠰᠤᠷᠪᠤᠯᠵᠢᠯᠠᠭᠰᠠᠨ ᠨᠢ
10 ᠰᠠᠷ᠎ᠠ᠎ᠶᠢᠨ 16 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ᠎ᠳᠠᠭᠠᠨ᠂ 《ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠡᠬᠢ ᠪᠤᠳᠤᠯᠳᠠ ᠵᠢᠨ ᠬᠦᠴᠦᠨ ᠵᠢᠡᠷ ᠲᠤᠯᠭᠠᠭᠤᠷᠢᠯᠠᠬᠤ》 ᠢᠨᠵᠧᠨᠧᠷᠢᠩ᠎ᠢ ᠬᠡᠷᠡᠭᠵᠢᠭᠦᠯᠵᠦ᠂ ᠪᠥᠬᠥ ᠤᠯᠤᠰ᠎ᠤᠨ ᠨᠢᠭᠡ ᠴᠣᠭᠴᠠᠵᠢᠭᠤᠯᠤᠭᠰᠠᠨ ᠪᠤᠳᠤᠯᠳᠠ ᠵᠢᠨ ᠬᠦᠴᠦᠨ᠎ᠦ ᠲᠣᠣᠷ᠎ᠢ ᠪᠠᠶ᠋ᠢᠭᠤᠯᠬᠤ ᠪᠣᠯ ᠨᠠᠮ᠎ᠤᠨ ᠲᠥᠪ ᠬᠣᠷᠢᠶ᠎ᠠ ᠵᠢᠨ ᠨᠢᠭᠡᠨ ᠴᠢᠬᠤᠯᠠ ᠪᠠᠢᠷᠢᠯᠠᠭᠤᠯᠤᠯᠲᠠ ᠪᠣᠯᠣᠨ᠎ᠠ᠃ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠬᠦ᠂ ᠡᠯᠧᠮᠧᠨ᠋ᠲ᠎ᠢᠶᠡᠷ ᠲᠤᠯᠭᠠᠭᠤᠷᠢᠯᠠᠬᠤ᠂ ᠠᠮᠤᠷ ᠲᠦᠪᠰᠢᠨ᠎ᠢ ᠪᠠᠳᠤᠯᠠᠬᠤ ᠵᠢ ᠴᠢᠩᠭᠠᠳᠬᠠᠵᠤ᠂ ᠨᠢᠭᠡᠨᠲᠡ ᠪᠦᠲᠦᠭᠡᠨ ᠪᠠᠢᠭᠤᠯᠤᠭᠰᠠᠨ ᠲᠦᠷᠦᠯ ᠵᠦᠢᠯ᠎ᠦᠨ ᠥᠨᠳᠥᠷ ᠪᠦᠲᠦᠮᠵᠢᠲᠡᠢ ᠠᠵᠢᠯᠯᠠᠬᠤ᠎ᠶᠢ ᠪᠠᠲᠤᠯᠠᠬᠤᠪᠥᠭᠡᠤᠨ ᠬᠣᠢᠰᠢᠳᠠ᠎ᠶᠢᠨ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠲᠣᠭᠲᠠᠭᠰᠠᠨ ᠬᠤᠭᠤᠴᠠᠭᠠᠨ᠎ᠳᠤ ᠪᠡᠶᠡᠯᠡᠭᠦᠯᠬᠦ ᠬᠡᠷᠡᠭᠲᠡᠢ᠃ ᠠᠵᠤ ᠦᠢᠯᠡᠰ᠎ᠦᠨ ᠬᠡᠯᠬᠢᠶ᠎ᠡ᠎ᠶᠢ ᠢᠳᠡᠪᠬᠢᠲᠡᠢ ᠤᠷᠲᠤᠳᠬᠠᠵᠤ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠪᠤᠳᠤᠯᠳᠠ ᠵᠢᠨ ᠬᠦᠴᠦᠨ᠎ᠦ ᠳᠠᠪᠠᠭᠤᠯᠢᠭ᠋᠎ᠢ ᠲᠠᠰᠤᠷᠠᠯᠲᠠ ᠦᠭᠡᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠤᠯᠠᠷᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃ ᠥᠪᠥᠷ ᠮᠣᠩᠭᠣᠯ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠬᠡᠷᠬᠢᠨ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠤᠢ? ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠡᠷᠬᠢᠯᠡᠭᠴᠢ ᠬᠤᠸᠠᠩ ᠸᠸᠨ ᠴᠤᠸ᠎ᠠ᠎ᠨᠢ ᠰᠤᠷᠪᠤᠯᠵᠢᠯᠠᠪᠠ᠃
《ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠪᠣᠯ ᠥᠪᠥᠷ ᠮᠣᠩᠭᠣᠯ᠎ᠤᠨ ᠪᠣᠬᠢᠷᠲᠤᠯ ᠦᠭᠡᠢ ᠪᠤᠳᠤᠯᠳᠠ ᠵᠢᠨ ᠬᠦᠴᠦᠨ᠎ᠦ ᠠᠵᠤ ᠦᠢᠯᠡᠰ᠎ᠲᠦ ᠥᠭᠭᠦᠭᠰᠡᠨ ᠬᠠᠮᠤᠭ᠎ᠤᠨ ᠶᠡᠬᠡ ᠵᠣᠷᠢᠭ᠍ᠵᠢᠭᠤᠯᠤᠯ ᠪᠠᠢᠵᠤ᠂ ᠪᠢᠳᠡᠨ᠎ᠳᠦ ᠤᠷᠤᠭᠰᠢᠯᠠᠬᠤ ᠴᠢᠭᠯᠡᠯ᠎ᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠪᠠ᠃ ᠪᠤᠳᠤᠯᠳᠠ ᠵᠢᠨ ᠬᠦᠴᠦᠨ ᠪᠣᠯ ᠲᠣᠭᠠᠴᠢᠯᠠᠭᠰᠠᠨ ᠴᠠᠭ ᠦᠶ᠎ᠡ᠎ᠶᠢᠨ ᠭᠣᠣᠯᠯᠠᠭ᠍ᠴᠢ ᠦᠢᠯᠡᠳᠪᠦᠷᠢᠯᠡᠯ᠎ᠦᠨ ᠬᠦᠴᠦᠨ ᠮᠥᠨ᠂ ᠥᠪᠥᠷ ᠮᠣᠩᠭᠣᠯ᠎ᠤᠨ ᠰᠢᠨ᠎ᠡ ᠴᠠᠭ ᠦᠶ᠎ᠡ᠎ᠶᠢᠨ ᠬᠡᠯᠪᠡᠷᠢ᠎ᠪᠡᠨ ᠬᠤᠪᠢᠷᠠᠭᠤᠯᠤᠨ ᠬᠥᠭᠵᠢᠬᠦ ᠵᠢᠨ ᠭᠣᠣᠯ ᠨᠡᠮᠡᠭᠳᠡᠯ ᠮᠥᠨ᠂ ᠪᠢᠳᠡ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠪᠤᠳᠤᠯᠳᠠ ᠵᠢᠨ ᠬᠦᠴᠦᠨ᠎ᠦ ᠳᠠᠪᠠᠭᠤᠯᠢᠭ᠋᠎ᠢ ᠲᠠᠰᠤᠷᠠᠯᠲᠠ ᠦᠭᠡᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠤᠯᠠᠷᠢᠭᠤᠯᠤᠨ᠎ᠠ》 ᠭᠡᠵᠤ ᠬᠤᠸᠠᠩ ᠸᠸᠨ ᠴᠤᠸᠠᠨ ᠬᠡᠯᠡᠪᠡ᠃
ᠲᠠᠨᠢᠯᠴᠠᠭᠤᠯᠤᠭᠰᠠᠨ᠎ᠢᠶᠠᠷ᠂ ᠥᠪᠥᠷ ᠮᠣᠩᠭᠣᠯ ᠪᠣᠯ ᠪᠥᠬᠥ ᠤᠯᠤᠰ᠎ᠤᠨ ᠨᠠᠢ᠍ᠮᠠᠨ ᠶᠡᠬᠡ ᠪᠤᠳᠤᠯᠳᠠ ᠵᠢᠨ ᠬᠦᠴᠦᠨ᠎ᠦ ᠬᠦᠢᠰᠦ᠎ᠶᠢᠨ ᠨᠢᠭᠡ ᠪᠠᠢᠵᠤ᠂ ᠬᠣᠷᠢᠨᠭᠡᠷ ᠤ᠋ᠨ ᠲᠤᠭ᠎ᠠ ᠪᠠᠷᠢᠮᠳᠠ᠎ᠶᠢᠨ ᠲᠥᠪ᠎ᠦᠨ ᠪᠦᠯᠦᠭᠵᠢᠯ ᠨᠢ ᠬᠥᠬᠡᠬᠣᠲᠠ᠂ ᠤᠯᠠᠭᠠᠨᠴᠠᠪ ᠬᠣᠲᠠ᠎ᠶᠢᠨ ᠪᠥᠬᠥ ᠣᠷᠣᠨ ᠪᠦᠰᠡ᠎ᠶᠢ ᠬᠠᠮᠤᠷᠴᠤ ᠪᠠᠢᠨ᠎ᠠ᠃ ᠤᠢᠷ᠎ᠠ ᠵᠢᠨ ᠵᠢᠯ ᠳ᠋ᠤ᠂ ᠨᠠᠮ᠎ᠤᠨ ᠲᠥᠪ ᠬᠣᠷᠢᠶ᠎ᠠ ᠵᠢᠨ ᠬᠠᠯᠠᠮᠵᠢᠯᠠᠯ ᠳᠤᠤᠷ᠎ᠠ᠂ ᠥᠪᠥᠷ ᠮᠣᠩᠭᠣᠯ ᠪᠤᠬᠢᠷᠳᠤᠯ ᠦᠭᠡᠢ ᠴᠠᠬᠢᠯᠭᠠᠨ ᠬᠦᠢᠴᠡᠳ᠂ ᠴᠠᠬᠢᠯᠭᠠᠨ᠎ᠤ ᠦᠨ᠎ᠡ ᠳᠤᠤᠷ᠎ᠠ᠂ ᠠᠭᠤᠷ ᠠᠮᠢᠰᠬᠤᠯ ᠰᠡᠷᠢᠭᠦᠨ ᠲᠠᠭᠠᠯᠠᠮᠵᠢᠳᠠᠢ᠂ ᠣᠷᠣᠨ ᠪᠠᠶ᠋ᠢᠷᠢ ᠣᠶ᠋ᠢᠷᠠᠯᠴᠠᠭ᠎ᠠ᠂ ᠬᠸᠤᠯᠤᠬᠢ ᠲᠣᠭᠲᠠᠪᠤᠷᠢᠳᠠᠢ ᠵᠡᠷᠭᠡ ᠬᠠᠷᠢᠴᠠᠭᠤᠯᠤᠭᠰᠠᠨ ᠳᠠᠪᠠᠭᠤᠯᠢᠭ ᠵᠢᠨᠨ ᠬᠦᠢᠴᠡᠳ ᠪᠠᠳᠠᠷᠠᠭᠤᠯᠵᠤ᠂ ᠪᠥᠬᠥ᠌ ᠤᠯᠤᠰ᠎ᠤᠨ ᠨᠢᠭᠡ ᠴᠣᠭᠴᠠᠵᠢᠭᠤᠯᠤᠭᠰᠠᠨ ᠪᠤᠳᠤᠯᠳᠠ ᠵᠢᠨ ᠬᠦᠴᠦᠨ᠎ᠦ ᠲᠤᠤᠷ ᠤ᠋ᠨ ᠥᠪᠥᠷ ᠮᠣᠩᠭᠣᠯ᠎ᠤᠨ ᠵᠠᠩᠭᠢᠯᠠᠭ᠎ᠠ᠎ᠶᠢᠨ ᠴᠡᠭ᠎ᠤᠨ ᠪᠥᠲᠥᠭᠡᠨ ᠪᠠᠶ᠋ᠢᠭᠤᠯᠤᠯᠲᠠ᠎ᠶᠢ ᠨᠢᠭᠡᠳᠦᠯᠲᠡᠶ ᠲᠥᠯᠥᠪᠵᠢᠬᠦᠯᠤᠨ ᠠᠬᠢᠭᠤᠯᠵᠤ᠂ ᠪᠤᠬᠢᠷᠳᠤᠯ ᠦᠭᠡᠢ ᠴᠠᠬᠢᠯᠭᠠᠨ᠂ ᠭᠠᠵᠠᠷ ᠰᠢᠷᠣᠶ᠂ ᠤᠰᠤ ᠬᠡᠷᠡᠭᠯᠡᠬᠦ᠌ ᠵᠡᠷᠭᠡ ᠡᠯᠧᠮᠧᠨ᠋ᠲ᠎ᠦᠨ ᠪᠠᠲᠤᠯᠠᠭ᠎ᠠ ᠵᠢ ᠦᠷᠬᠦᠯᠵᠢᠯᠡᠨ ᠴᠢᠨᠭᠭᠠᠳᠬᠠᠵᠤ᠂ ᠪᠤᠳᠤᠯᠳᠠ ᠵᠢᠨ ᠬᠦᠴᠤᠨ ᠤ᠋ ᠰᠠᠭᠤᠷᠢ ᠲᠥᠬᠥᠭᠡᠷᠦᠮᠵᠢ᠎ᠶᠢᠨ ᠴᠢᠨᠠᠷ ᠰᠠᠶ᠋ᠢᠲᠠᠢ ᠬᠥᠭᠵᠢᠯᠲᠡ᠎ᠶᠢᠨ ᠬᠡᠷᠡᠭᠵᠢᠭᠦᠯᠬᠦ᠌ ᠲᠥᠰᠦᠯ᠂ ᠪᠣᠬᠢᠷᠲᠤᠯ ᠥᠬᠡᠶ ᠪᠤᠳᠤᠯᠳᠠ ᠵᠢᠨ ᠬᠦᠴᠤᠨ ᠤ᠋ ᠠᠵᠤ ᠦᠢᠯᠡᠰ᠎ᠦᠨ ᠬᠥᠭᠵᠢᠯᠲᠡ᠎ᠶᠢ ᠳᠡᠮᠵᠢᠬᠦ᠌ ᠰᠠᠨᠠᠯ᠎ᠤᠳ᠂ ᠪᠤᠳᠤᠯᠳᠠ ᠵᠢᠨ ᠬᠦᠴᠤᠨ ᠪᠤᠯᠤᠨ ᠴᠠᠬᠢᠯᠭᠠᠨ ᠬᠦᠴᠤᠨ ᠤ᠋ ᠬᠠᠮᠵᠢᠯᠴᠠᠭ᠎ᠠ ᠵᠢᠨ ᠡᠭᠦᠷᠭᠡ᠎ᠶᠢ ᠨᠠᠶ᠋ᠢᠳᠠᠪᠤᠷᠢᠵᠢᠭᠤᠯᠬᠤ ᠲᠥᠰᠦᠯ ᠵᠡᠷᠭᠡ ᠲᠥᠷᠥ᠎ᠶᠢᠨ ᠪᠣᠳᠣᠯᠭ᠎ᠠ ᠵᠢ ᠲᠤᠬᠳᠠᠭᠠᠵᠤ᠂《ᠪᠤᠳᠤᠯᠳᠠ ᠵᠢᠨ ᠬᠦᠴᠤᠨ ᠤ᠋ ᠪᠠᠶ᠋ᠢᠭᠤᠯᠤᠯᠲᠠ᠂ ᠪᠤᠳᠤᠯᠳᠠ ᠵᠢᠨ ᠬᠦᠴᠤᠨ ᠪᠤᠯᠤᠨ ᠴᠠᠬᠢᠯᠭᠠᠨ ᠬᠦᠴᠤᠨ ᠤ᠋ ᠬᠠᠮᠵᠢᠯᠴᠠᠭ᠎ᠠ᠂ ᠲᠤᠭ᠎ᠠ ᠪᠠᠷᠢᠮᠳᠠ ᠵᠢᠨ ᠨᠡᠭᠡᠭᠡᠯᠳᠠ᠂ ᠵᠣᠬᠢᠶᠠᠮᠠᠯ ᠣᠶᠤᠨ ᠴᠢᠳᠠᠪᠤᠷᠢ᠎ᠶᠢᠨ ᠬᠡᠷᠡᠭᠯᠡᠯᠲᠡ》 ᠵᠢᠨ ᠨᠡᠪᠳᠡᠷᠡᠯᠴᠡᠭᠰᠡᠨ ᠲᠥᠷᠥ᠎ᠶᠢᠨ ᠪᠣᠳᠣᠯᠭ᠎ᠠ᠎ᠶᠢᠨ ᠰᠢᠰᠲ᠋ᠧᠮ ᠢ᠋ ᠪᠦᠷᠢᠯᠳᠤᠬᠦᠯᠵᠤ᠂ ᠪᠤᠳᠤᠯᠳᠠ ᠵᠢᠨ ᠬᠦᠴᠦᠨ᠎ᠦ ᠠᠵᠤ ᠦᠢᠯᠡᠰ᠎ᠢ᠋ ᠬᠡᠪᠴᠢᠶᠡᠵᠢᠬᠦᠯᠬᠦ᠂ ᠪᠤᠬᠢᠷᠳᠤᠯ ᠦᠭᠡᠢ ᠪᠤᠯᠭᠠᠬᠤ᠂ ᠡᠷᠴᠢᠮᠵᠢᠭᠦᠯᠦᠨ ᠬᠥᠭᠵᠢᠭᠦᠯᠬᠦ ᠵᠢ ᠪᠦᠬᠦ ᠬᠦᠴᠤᠨ ᠵᠢᠡᠷ ᠵᠢᠡᠨ ᠠᠬᠢᠭᠤᠯᠵᠤ᠂ ᠢᠳᠡᠪᠬᠢᠲᠡᠶ ᠦᠷ᠎ᠡ ᠪᠦᠲᠦᠮᠵᠢ ᠣᠯᠪᠠ᠃
ᠬᠡᠪᠴᠢᠶ᠎ᠡ᠎ᠡᠴᠡ ᠠᠪᠴᠤ ᠦᠵᠡᠪᠡᠯ᠂ 2025 ᠣᠨ᠎ᠳᠤ ᠪᠥᠬᠥ᠌ ᠣᠷᠣᠨ᠎ᠤ ᠪᠤᠳᠤᠯᠳᠠ ᠵᠢᠨ ᠬᠦᠴᠦᠨ᠎ᠦ ᠠᠵᠤ ᠦᠢᠯᠡᠰ᠎ᠦᠨ ᠪᠡᠶᠡᠯᠡᠭᠦᠯᠦᠭᠰᠡᠨ ᠡᠵᠡᠩᠨᠡᠯᠲᠡ᠎ᠶᠢᠨ ᠣᠷᠣᠯᠭ᠎ᠠ 577 ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 26.2% ᠵᠢᠡᠷ ᠨᠡᠮᠡᠭᠳᠡᠪᠡ᠃ ᠡᠨᠡ ᠵᠢᠯ᠎ᠦᠨ 8 ᠰᠠᠷ᠎ᠠ ᠪᠣᠯᠲᠠᠯ᠎ᠠ᠂ ᠪᠥᠬᠥ᠌ ᠣᠷᠣᠨ᠎ᠤ ᠪᠤᠳᠤᠯᠳᠠ ᠵᠢᠨ ᠬᠦᠴᠤᠨ ᠤ᠋ ᠶᠡᠷᠦᠩᠬᠡᠶ ᠬᠡᠪᠴᠢᠶ᠎ᠡ 36.3 ᠲᠦᠮᠡᠨ P ᠳ᠋ᠤ ᠬᠦᠷᠴᠦ᠍᠂ ᠡᠭᠦᠨ᠎ᠳᠦ ᠣᠶᠤᠨᠳᠤ ᠪᠤᠳᠤᠯᠳᠠ ᠵᠢᠨ ᠬᠦᠴᠤᠨ 34.2 ᠲᠦᠮᠡᠨ P ᠪᠠᠶ᠋ᠢᠵᠤ᠂ ᠪᠠᠷᠤᠭ ᠪᠥᠬᠥ᠌ ᠤᠯᠤᠰ᠎ᠤᠨ ᠲᠤᠯᠤᠭᠠᠨ᠎ᠤ ᠨᠢᠭᠡ ᠬᠤᠪᠢ᠎ᠶᠢ ᠡᠵᠡᠯᠡᠵᠦ᠍᠂ ᠪᠥᠬᠥ᠌ ᠤᠯᠤᠰ᠎ᠤᠨ ᠨᠢᠭᠡᠳᠦᠭᠡᠷ ᠵᠢᠭᠰᠠᠭᠠᠯ᠎ᠤᠨ ᠡᠩᠨᠡᠭᠡᠨ᠎ᠳᠦ ᠯᠠᠪᠳᠠᠭᠤᠨ ᠵᠢᠡᠷ ᠤᠷᠤᠪᠠ᠃
ᠠᠵᠤ ᠦᠢᠯᠡᠰ᠎ᠦᠨ ᠠᠮᠢ ᠠᠬᠤᠶ᠎ᠡᠴᠡ ᠠᠪᠴᠤ᠌ ᠦᠵᠡᠪᠡᠯ᠂ ᠪᠥᠬᠥ᠌ ᠣᠷᠣᠨ ᠨᠢᠭᠡᠨᠲᠡ ᠲᠤᠭ᠎ᠠ ᠪᠠᠷᠢᠮᠳᠠ ᠵᠢᠨ ᠲᠥᠪ᠎ᠦᠨ 204 ᠲᠥᠷᠥᠯ ᠵᠦᠢᠯ᠎ᠳᠦ ᠭᠡᠷ᠎ᠡ ᠲᠣᠭᠲᠠᠵᠤ᠂ ᠡᠨᠡ ᠵᠢᠯ᠎ᠦᠨ 8 ᠰᠠᠷ᠎ᠠ ᠪᠣᠯᠲᠠᠯ᠎ᠠ᠂ ᠨᠡᠶ᠋ᠢᠲᠡ 986 ᠳ᠋ᠦᠩᠰᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶᠢ ᠪᠡᠶᠡᠯᠡᠭᠦᠯᠵᠦ᠍᠂ ᠪᠥᠬᠥ᠌ ᠤᠯᠤᠰ᠎ᠤᠨ ᠡᠮᠦᠨ᠎ᠡ 10᠎ᠳ᠋ᠤ ᠵᠢᠭᠰᠠᠭᠠᠭᠳᠠᠭᠰᠠᠨ ᠪᠤᠳᠤᠯᠳᠠ ᠵᠢᠨ ᠬᠦᠴᠤᠨ ᠤ᠋ ᠬᠠᠩᠭᠠᠯᠭ᠎ᠠ᠎ᠶᠢᠨ ᠬᠤᠳᠠᠯᠳᠤᠭᠠᠴᠢᠨ᠎ᠤ 9 ᠨᠢ ᠬᠣᠷᠢᠨᠭᠡᠷ᠎ᠤᠨ ᠲᠤᠭ᠎ᠠ ᠪᠠᠷᠢᠮᠳᠠ ᠵᠢᠨ ᠲᠥᠪ᠎ᠦᠨ ᠪᠦᠯᠦᠭᠵᠢᠯ᠎ᠳᠦ ᠨᠤᠳᠤᠬᠰᠢᠵᠤ᠂ ᠬᠤᠸᠠ ᠸᠧᠶ᠂ ᠾᠦᠸᠸ ᠱᠠᠨ ᠶᠢᠨ ᠴᠢᠩ᠂ ᠪᠤᠰᠢᠭᠤ ᠭᠠᠷ ᠵᠡᠷᠭᠡ ᠨᠢᠭᠡ ᠪᠦᠯᠦᠭ ᠲᠤᠯᠤᠭᠠᠢᠯᠠᠬᠴᠢ ᠠᠵᠤ ᠠᠬᠤᠶ᠋ᠢᠯᠠᠯ᠎ᠤᠨ ᠬᠡᠲᠦ᠍ ᠶᠡᠬᠡ ᠬᠡᠪᠴᠢᠶᠡᠨ᠎ᠦ ᠤᠶᠤᠨᠲᠤ᠌ ᠪᠣᠳᠣᠯᠳᠠ ᠵᠢᠨ ᠲᠥᠪ᠎ᠦᠨ ᠲᠥᠷᠥᠯ ᠵᠦᠢᠯ ᠵᠠᠯᠭᠠᠭ᠎ᠠ᠎ᠪᠠᠷ ᠠᠰᠢᠭᠯᠠᠯᠲᠠ᠎ᠳᠤ ᠣᠷᠣᠪᠠ᠃ ᠮᠠᠨ᠎ᠤ ᠣᠷᠣᠨ ᠨᠢᠭᠡᠨᠲᠡ ᠳᠡᠭᠡᠳᠦ ᠭᠡᠯᠬᠢᠶ᠎ᠠ ᠵᠢᠨ ᠪᠤᠳᠤᠯᠳᠠ ᠵᠢᠨ ᠬᠦᠴᠤᠨ ᠪᠤᠯᠤᠨ ᠴᠠᠬᠢᠯᠭᠠᠨ ᠬᠦᠴᠤᠨ ᠤ᠋ ᠲᠥᠬᠥᠭᠡᠷᠦᠮᠵᠢ ᠦᠢᠯᠡᠳᠬᠦ᠂ ᠳᠤᠮᠳᠠ ᠭᠡᠯᠬᠢᠶ᠎ᠠ ᠵᠢᠨ ᠲᠦᠮᠡᠨ ᠺᠠᠷᠲ᠎ᠤᠨ ᠲᠠᠰ᠎ᠤᠨ ᠤᠶᠤᠨᠲᠤ᠌ ᠪᠣᠳᠣᠯᠳᠠ ᠵᠢᠨ ᠬᠦᠴᠤᠨ ᠤ᠋ ᠴᠤᠭᠯᠠᠷᠠᠯ᠎ᠢ ᠳᠣᠭᠢᠷᠠᠭᠤᠯᠬᠤ᠂ ᠳᠤᠤᠷᠠᠳᠤ ᠭᠡᠯᠬᠢᠶ᠎ᠠ ᠵᠢᠨ ᠲᠣᠭ᠎ᠠ ᠪᠠᠷᠢᠮᠲᠠ᠎ᠶᠢᠨ ᠵᠡᠭᠦᠯᠲᠡ ᠲᠠᠶ᠋ᠢᠯᠪᠤᠷᠢ ᠬᠢᠭᠡᠳ AI ᠠᠵᠢᠯ ᠲᠥᠷᠥᠯ᠎ᠦᠨ ᠬᠡᠷᠡᠭᠯᠡᠯᠲᠡ᠎ᠶᠢ ᠬᠠᠮᠤᠷᠤᠭᠰᠠᠨ ᠠᠵᠤ ᠦᠢᠯᠡᠰ᠎ᠦᠨ ᠠᠮᠢ ᠠᠬᠤᠶ᠎ᠶᠢᠨ ᠬᠡᠯᠬᠢᠶ᠎ᠡ᠎ᠶᠢ ᠠᠩᠬ᠎ᠠ ᠠᠯᠬᠤᠮ ᠪᠠᠶ᠋ᠢᠭᠤᠯᠪᠠ᠃
ᠪᠣᠬᠢᠷᠲᠤᠯ ᠥᠬᠡᠶ ᠳᠡᠪᠢᠰᠬᠡᠷ ᠥᠩᠭᠡ᠎ᠡᠴᠡ ᠠᠪᠴᠤ᠌ ᠦᠵᠡᠪᠡᠯ᠂ ᠪᠥᠬᠥ᠌ ᠣᠷᠣᠨ᠎ᠤ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶ᠎ᠡ 1.74 ᠳ᠋ᠦᠩᠰᠢᠭᠤᠷ ᠺᠢᠯᠦᠸᠠᠲᠲᠤ᠌ ᠬᠦᠷᠴᠦ᠍᠂ ᠲᠤᠭ᠎ᠠ ᠪᠠᠷᠢᠮᠳᠠ ᠵᠢᠨ ᠲᠥᠪ᠎ᠦᠨ ᠪᠣᠬᠢᠷᠲᠤᠯ ᠥᠬᠡᠶ ᠴᠠᠬᠢᠯᠭᠠᠨ ᠬᠡᠷᠡᠭᠯᠡᠬᠦ᠌ ᠬᠠᠷᠢᠴᠠᠯ 80% ᠵᠢ ᠳᠠᠪᠠᠵᠤ᠂ ᠰᠢᠨ᠎ᠡ᠎ᠪᠡᠷ ᠪᠠᠶ᠋ᠢᠭᠤᠯᠤᠭᠰᠠᠨ ᠲᠤᠭ᠎ᠠ ᠪᠠᠷᠢᠮᠳᠠ ᠵᠢᠨ ᠲᠥᠪ᠎ᠦᠨ ᠪᠣᠬᠢᠷᠲᠤᠯ ᠥᠬᠡᠶ ᠴᠠᠬᠢᠯᠭᠠᠨ᠎ᠤ ᠬᠠᠷᠢᠴᠠᠯ 80% ᠡᠴᠡ ᠳᠤᠤᠷ᠎ᠠ ᠪᠠᠶ᠋ᠢᠯᠭᠠᠬᠤ ᠥᠬᠡᠶ᠃ ᠤᠯᠠᠭᠠᠨᠴᠠᠪᠲᠤ᠌ ᠨᠢᠭᠡᠨᠲᠡ ᠪᠥᠬᠥ᠌ ᠤᠯᠤᠰ᠎ᠤᠨ ᠠᠩᠬᠠᠳᠠᠭᠴᠢ ᠲᠣᠭ᠎ᠠ ᠪᠠᠷᠢᠮᠲᠠ᠎ᠶᠢᠨ ᠲᠥᠪ᠎ᠦᠨ ᠪᠣᠬᠢᠷᠲᠤᠯ ᠥᠬᠡᠶ ᠴᠠᠬᠢᠯᠭᠠᠨ᠎ᠢ ᠰᠢᠭᠤᠳ ᠬᠣᠯᠪᠣᠬᠤ ᠡᠨ᠋ᠸᠷᠬᠢ ᠲᠤᠤᠷ ᠳᠠᠭᠠᠭᠠᠴᠠ ᠨᠥᠭᠡᠴᠡ᠎ᠶᠢ ᠨᠢᠭᠡ ᠴᠣᠭᠴᠠᠵᠢᠭᠤᠯᠬᠤ ᠲᠥᠷᠥᠯ ᠵᠦᠢᠯ᠎ᠢ ᠪᠠᠶ᠋ᠢᠭᠤᠯᠵᠤ᠂ ᠵᠢᠯ᠎ᠦᠨ ᠥᠪᠡᠰᠦᠪᠡᠨ ᠭᠠᠷᠭᠠᠵᠦ ᠥᠪᠡᠰᠦᠪᠡᠨ ᠬᠡᠷᠡᠭᠯᠡᠬᠦ᠌ ᠪᠤᠬᠢᠷᠳᠤᠯ ᠦᠭᠡᠢ ᠴᠠᠬᠢᠯᠭᠠᠨ 8.48 ᠳ᠋ᠦᠩᠰᠢᠭᠤᠷ ᠰᠢᠬᠠᠮ ᠺᠢᠯᠦᠸᠠᠲ ᠴᠠᠭᠪᠠᠢᠵᠤ᠂ ᠨᠡᠭᠦᠷᠡᠰᠦᠲᠦ᠋ᠷᠥᠭᠴᠢᠶᠢ 56.7 ᠲᠦᠮᠡᠨ ᠲᠣᠨ ᠪᠠᠭᠠᠰᠬᠠᠪᠠ᠃
ᠢᠨᠲ᠋ᠸᠷ ᠰᠦᠯᠵᠢᠶᠡᠨ᠎ᠦ ᠨᠡᠪᠲᠡᠷᠡᠯᠲᠡ᠎ᠡᠴᠡ ᠠᠪᠴᠤ ᠦᠵᠡᠪᠡᠯ᠂ ᠥᠪᠥᠷ ᠮᠣᠩᠭᠣᠯ ᠨᠢᠭᠡᠨᠲᠡ ᠤᠯᠤᠰ᠎ᠤᠨ ᠲᠠᠰ᠎ᠤᠨ ᠢᠨᠲ᠋ᠸᠷ ᠰᠦᠯᠵᠢᠶᠡᠨ᠎ᠦ ᠰᠢᠭᠤᠳ ᠬᠠᠷᠢᠯᠴᠠᠬᠤ ᠭᠤᠤᠯᠯᠠᠭᠴᠢ ᠴᠡᠭ᠎ᠢ ᠪᠠᠶ᠋ᠢᠭᠤᠯᠵᠤ᠂ 《ᠬᠥᠬᠡᠬᠣᠲᠠ ᠪᠤᠭᠤᠲᠤ᠌ ᠣᠷᠳᠣᠰ ᠦᠬᠠᠶ 2 ᠮᠢᠯᠢᠰᠸᠺᠦ᠋ᠨ᠋ᠳ᠋᠂ ᠪᠡᠭᠡᠵᠢᠩ ᠲᠢᠶᠠᠨᠵᠢᠨ ᠾᠧᠪᠧᠶ 5 ᠮᠢᠯᠢᠰᠸᠺᠦ᠋ᠨ᠋ᠳ᠋᠂ ᠭᠤᠸᠠᠩᠳᠦ᠋ᠩ ᠰᠢᠶᠠᠩᠭᠠᠩ ᠣᠣᠮᠧᠨ 20 ᠮᠢᠯᠢᠰᠸᠺᠦ᠋ᠨ᠋ᠳ᠋》 ᠪᠥᠬᠥᠶ ᠴᠠᠭ᠎ᠤᠨ ᠤᠳᠠᠭᠠᠰᠢᠷᠠᠯ ᠲᠤᠤᠷ᠎ᠠ ᠪᠤᠳᠤᠯᠳᠠ ᠵᠢᠨ ᠬᠦᠴᠤᠨ ᠤ᠋ ᠦᠢᠯᠡᠴᠢᠯᠡᠭᠡᠨ᠎ᠦ ᠲᠣᠭᠣᠷᠢᠭ᠎ᠢ ᠪᠠᠶ᠋ᠢᠭᠤᠯᠵᠤ᠂ ᠪᠣᠬᠢᠷᠲᠤᠯ ᠥᠬᠡᠶ ᠪᠤᠳᠤᠯᠳᠠ ᠵᠢᠨ ᠬᠦᠴᠤᠨ ᠤ᠋ 《ᠪᠡᠭᠡᠵᠢᠩ ᠱᠠᠩᠬᠠᠶ ᠲᠤᠮᠤ ᠪᠤᠯᠤᠩ ᠤ᠋ᠨ ᠤᠷᠤᠨ ᠳ᠋ᠤ ᠤᠷᠤᠬᠤ》 ᠵᠢ ᠪᠡᠶᠡᠯᠡᠭᠦᠯᠪᠡ᠃
ᠬᠤᠸᠠᠩ ᠸᠸᠨ ᠴᠤᠸᠠᠨ᠂ ᠳᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠳᠦᠷᠪᠡᠨ ᠲᠠᠯ᠎ᠠ᠎ᠶᠢᠨ ᠲᠣᠭᠣᠷᠢᠨ᠎ᠳᠤ ᠭᠣᠣᠯᠳᠠᠯᠭ᠎ᠠ ᠲᠠᠢ ᠬᠦᠴᠦᠯᠡᠵᠦ᠂ ᠪᠤᠳᠤᠯᠳᠠ᠎ᠶᠢᠨ ᠬᠦᠴᠦᠨ᠎ᠦ ᠳᠠᠪᠠᠭᠤᠯᠢᠭ᠋᠎ᠢ ᠲᠠᠰᠤᠷᠠᠯᠲᠠ ᠦᠭᠡᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠤᠯᠠᠷᠢᠭᠤᠯᠤᠨ᠎ᠠ᠃
ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠲᠠᠯ᠎ᠠ᠎ᠪᠠᠷ᠂ 《ᠲᠥᠷᠥᠯ ᠵᠦᠢᠯ ᠨᠢ ᠲᠥᠯᠦᠪᠵᠢᠭᠦᠯᠭᠡ᠎ᠶᠢ ᠳᠠᠭᠠᠵᠤ᠂ ᠡᠯᠸᠮᠸᠨ᠋ᠲ᠎ᠨᠢ ᠲᠥᠷᠥᠯ ᠵᠦᠢᠯ᠎ᠢ ᠳᠠᠭᠠᠬᠤ》 ᠵᠢ ᠪᠠᠷᠢᠮᠳᠠᠯᠠᠵᠦ᠂ ᠵᠠᠰᠠᠭ᠎ᠤᠨ ᠣᠷᠳᠣᠨ ᠡᠴᠡ ᠴᠠᠬᠢᠯᠭᠠᠨ ᠬᠦᠴᠦᠨ᠎ᠦ ᠵᠠᠯᠭᠠᠯᠲᠠ᠂ ᠭᠠᠵᠠᠷ ᠰᠢᠷᠣᠢ᠎ᠶᠢᠨ ᠬᠠᠩᠭᠠᠯᠭ᠎ᠠ᠂ ᠲᠣᠣᠷ ᠰᠦᠯᠵᠢᠶᠡᠨ᠎ᠦ ᠰᠠᠭᠤᠷᠢ᠂ ᠤᠰᠤ ᠬᠡᠷᠡᠭᠯᠡᠬᠦ ᠡᠨᠧᠷᠭᠢ ᠭᠡᠷᠡᠭᠯᠡᠬᠦ ᠵᠡᠷᠭᠡ ᠲᠠᠯ᠎ᠠ᠎ᠶᠢᠨ ᠡᠯᠸᠮᠸᠨ᠋ᠲ᠎ᠤᠨ ᠪᠠᠲᠤᠯᠠᠭ᠎ᠠ᠎ᠶᠢ ᠴᠢᠩᠭᠠᠳᠬᠠᠬᠤ ᠬᠡᠷᠡᠭᠲᠡᠢ᠃ ᠲᠥᠪ᠎ᠦᠨ ᠡᠳ᠋᠎ᠦᠨ ᠵᠠᠰᠠᠭ᠎ᠤᠨ ᠲᠤᠰᠬᠠᠢ ᠵᠦᠢᠯ᠎ᠦᠨ ᠪᠡᠯᠡ ᠮᠥᠩᠭᠥ᠂ ᠬᠡᠳᠦ ᠤᠷᠲᠤ ᠬᠤᠭᠤᠴᠠᠭᠠᠨ᠎ᠤ ᠤᠯᠤᠰ᠎ᠤᠨ ᠣᠨᠴᠠᠭᠠᠢ ᠵᠢᠭᠡᠯᠡᠯᠭᠡ᠂ ᠲᠥᠪ᠎ᠦᠨ ᠲᠥᠰᠥᠪ᠎ᠦᠨ ᠳᠣᠲᠣᠷᠠᠬᠢ ᠪᠡᠯᠡ ᠣᠷᠣᠭᠤᠯᠤᠯᠲᠠ᠂ ᠠᠵᠤ ᠦᠢᠯᠡᠰ᠎ᠦᠨ ᠬᠥᠭᠵᠢᠯᠲᠡ᠎ᠶᠢᠨ ᠰᠠᠭᠤᠷᠢ ᠮᠥᠩᠭᠥ ᠵᠡᠷᠭᠡ ᠪᠡᠯᠡ ᠮᠥᠩᠭᠥ᠎ᠶᠢᠨ ᠠᠷᠭ᠎ᠠ ᠵᠠᠮ᠎ᠢ ᠭᠦᠢᠴᠡᠳ ᠬᠡᠷᠡᠭᠯᠡᠨ᠂ ᠪᠣᠳᠣᠯᠳᠠ᠎ᠶᠢᠨ ᠬᠦᠴᠦᠨ᠎ᠦ ᠠᠵᠤ ᠦᠢᠯᠡᠰ᠎ᠦᠨ ᠴᠢᠬᠤᠯᠠ ᠶᠡᠬᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠳᠡᠮᠵᠢᠨ᠎ᠡ᠃
ᠪᠤᠳᠤᠯᠳᠠ᠎ᠶᠢᠨ ᠬᠦᠴᠦᠨ ᠪᠤᠯᠤᠨ ᠴᠠᠬᠢᠯᠭᠠᠨᠬᠦᠴᠦᠨᠤ ᠬᠠᠮᠵᠢᠯᠴᠠᠭ᠎ᠠ᠂ ᠪᠤᠳᠤᠯᠳᠠ᠎ᠶᠢᠨ ᠬᠦᠴᠦᠨ ᠪᠤᠯᠤᠨ ᠤᠰᠤᠨ᠎ᠤ ᠡᠬᠢ ᠪᠠᠶᠠᠯᠢᠭ᠎ᠤᠨ ᠬᠠᠮᠵᠢᠯᠴᠠᠭ᠎ᠠ᠎ᠶᠢᠨ ᠲᠠᠯ᠎ᠠ᠎ᠪᠠᠷ᠂ ᠨᠢᠭᠡ ᠪᠦᠯᠦᠭ ᠨᠡᠭᠦᠷᠡᠰᠦᠲᠥ᠋ᠷᠥᠭᠴᠢᠦᠬᠡᠢᠲᠣᠭᠠ ᠪᠠᠷᠢᠮᠲᠠ᠎ᠶᠢᠨ ᠲᠥᠪ ᠬᠦᠷᠢᠶᠡᠯᠡᠩ ᠲᠣᠭᠣᠷᠢᠭ᠋᠎ᠢ ᠪᠠᠢᠷᠢᠰᠢᠭᠤᠯᠵᠤ᠂ ᠪᠣᠬᠢᠷᠲᠤᠯ ᠦᠭᠡᠢ ᠴᠠᠬᠢᠯᠭᠠᠨ᠎ᠢ ᠰᠢᠭᠤᠳ ᠬᠠᠩᠭᠠᠬᠤ᠂ ᠴᠠᠬᠢᠯᠭᠠᠨ ᠡᠭᠦᠰᠬᠡᠭᠴᠢ ᠲᠣᠣᠷ ᠳᠠᠭᠠᠭᠠᠴᠠ ᠨᠥᠭᠡᠴᠡ᠎ᠶᠢ ᠨᠢᠭᠡ ᠴᠣᠭᠴᠠᠵᠢᠭᠤᠯᠬᠤ ᠵᠡᠷᠭᠡ ᠰᠠᠭᠤᠷᠢ ᠲᠥᠬᠦᠭᠡᠷᠦᠮᠵᠢ᠎ᠶᠢ ᠲᠦᠷᠭᠡᠳᠬᠡᠨ ᠪᠠᠢᠭᠤᠯᠤᠨ᠎ᠠ᠃ ᠬᠣᠷᠢᠨᠭᠡᠷ ᠪᠠ ᠴᠠᠬᠠᠷ᠎ᠤᠨ ᠨᠡᠮᠡᠭᠳᠡᠯ ᠴᠠᠬᠢᠯᠭᠠᠨ ᠲᠦᠭᠡᠭᠡᠬᠦ ᠲᠣᠣᠷ᠎ᠢ ᠵᠢᠯ᠎ᠦᠨ ᠰᠡᠭᠦᠯᠴᠢ᠎ᠪᠡᠷ ᠠᠵᠢᠯ ᠡᠬᠢᠯᠡᠭᠦᠯᠦᠨ ᠪᠠᠶ᠋ᠢᠭᠤᠯᠬᠤ᠎ᠶᠢ ᠠᠬᠢᠭᠤᠯᠵᠤ᠂ 2027 ᠣᠨ᠎ᠳᠤ ᠪᠠᠢᠭᠤᠯᠤᠨ ᠳᠠᠭᠤᠰᠬᠠᠵᠤ ᠠᠰᠢᠭ᠍ᠯᠠᠯᠲᠠ᠎ᠳᠤ ᠣᠷᠣᠭᠤᠯᠤᠨ᠂ ᠪᠠᠢᠭᠤᠯᠵᠤ ᠳᠠᠭᠤᠰᠤᠭᠰᠠᠨ᠎ᠤ ᠳᠠᠷᠠᠭᠠᠬᠢ ᠪᠣᠬᠢᠷᠲᠤᠯ ᠦᠭᠡᠢ ᠴᠠᠬᠢᠯᠭᠠᠨ᠎ᠤ ᠹᠢᠽᠢᠺ᠎ᠦᠨ ᠮᠥᠷᠳᠡᠵᠦ ᠪᠣᠯᠬᠤᠢᠴᠠ ᠴᠠᠬᠢᠯᠭᠠᠨ᠎ᠤ ᠬᠡᠮᠵᠢᠶ᠎ᠡ᠎ᠶᠢᠨ ᠡᠵᠡᠯᠡᠬᠦ ᠬᠠᠷᠢᠴᠠᠯ᠎ᠢ 80%᠎ᠳ᠋ᠤ᠌ ᠬᠦᠷᠭᠡᠵᠦ᠂ 《ᠥᠪᠥᠷ ᠮᠣᠩᠭᠣᠯ᠎ᠤᠨ ᠪᠣᠬᠢᠷᠲᠤᠯ ᠦᠭᠡᠢ ᠪᠤᠳᠤᠯᠳᠡ᠎ᠶᠢᠨ ᠬᠦᠴᠦᠨ》 ᠤ᠋ ᠨᠠᠷᠠᠲᠤ ᠲᠥᠷᠥᠯ ᠲᠡᠮᠳᠡᠭ᠎ᠢ ᠦᠷᠭᠦᠯᠵᠢᠯᠡᠨ ᠬᠢᠯᠠᠯᠵᠠᠭᠤᠯᠤᠨ᠎ᠠ᠃ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠤᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠤᠰᠤ᠎ᠪᠠᠷ ᠭᠠᠷᠤᠯᠲᠠ᠎ᠶᠢ ᠲᠣᠭᠲᠠᠭᠠᠬᠤ᠎ᠶᠢ ᠪᠠᠷᠢᠮᠲᠠᠯᠠᠨ᠂ ᠬᠡᠪ᠎ᠦᠨ ᠪᠤᠰᠤ ᠤᠰᠤ᠎ᠶᠢ ᠠᠰᠢᠭ᠍ᠯᠠᠬᠤ ᠲᠦᠪᠰᠢᠨ᠎ᠢ ᠳᠡᠭᠡᠭᠰᠢᠯᠡᠭᠦᠯᠵᠦ᠂ ᠲᠡᠷᠢᠭᠦᠨ᠎ᠦ ᠳᠣᠣᠷ᠎ᠠ ᠬᠣᠷᠣᠭᠳᠠᠯ᠎ᠲᠠᠢ ᠤᠰᠤ᠎ᠶᠢ ᠬᠥᠷᠥᠭᠡᠬᠦ ᠵᠡᠷᠭᠡ ᠮᠡᠷᠭᠡᠵᠢᠯ᠎ᠢ ᠳᠡᠯᠭᠡᠷᠡᠭᠦᠯᠦᠨ᠂ ᠪᠤᠳᠤᠯᠳᠠ᠎ᠶᠢᠨ ᠬᠦᠴᠦᠨ᠎ᠦ ᠠᠵᠤ ᠦᠢᠯᠡᠰ᠎ᠦᠨ ᠤᠰᠤ ᠬᠡᠷᠡᠭᠯᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃
ᠪᠤᠳᠤᠯᠳᠡ᠎ᠶᠢᠨ ᠬᠦᠴᠦᠨ᠎ᠦ ᠠᠮᠢ ᠠᠬᠤᠢ᠎ᠶᠢᠨ ᠠᠵᠤ ᠦᠢᠯᠡᠰ᠎ᠦᠨ ᠬᠡᠯᠬᠢᠶ᠎ᠡ᠎ᠶᠢ ᠬᠦᠴᠦᠷᠬᠡᠭᠵᠢᠬᠦᠯᠬᠦ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠲᠣᠭᠠᠴᠢᠯᠠᠭᠰᠠᠨ ᠠᠵᠤ ᠦᠢᠯᠡᠰ᠎ᠦᠨ ᠬᠦᠷᠢᠶᠡᠯᠡᠩ᠎ᠢᠶᠡᠷ ᠭᠣᠣᠯ ᠠᠴᠢᠶᠠᠯᠠᠪᠤᠷᠢ ᠪᠣᠯᠭᠠᠵᠤ᠂ ᠦᠢᠯᠡᠴᠢᠯᠡᠭᠦᠷ᠎ᠤᠨ ᠪᠦᠬᠦᠯᠢ ᠮᠠᠰᠢᠨ᠂ ᠰᠢᠩᠭᠡᠨ ᠬᠦᠷᠦᠬᠡᠯᠳᠡ ᠪᠡᠷ ᠳᠤᠯᠠᠭᠠᠨ᠎ᠢ ᠡᠵᠡᠮᠳᠡᠬᠦ᠂ ᠴᠠᠬᠢᠯᠭᠠᠨ ᠬᠠᠩᠭᠠᠵᠤ ᠲᠦᠭᠡᠭᠡᠬᠦ᠂ ᠳ᠋ᠠᠢᠲ᠋ᠠ ᠬᠥᠮᠥᠷᠭᠡ ᠵᠢᠴᠢ ᠵᠣᠬᠢᠶᠠᠮᠠᠯ ᠣᠶᠤᠨ ᠴᠢᠳᠠᠪᠤᠷᠢ᠂ ᠲᠣᠭ᠎ᠠ ᠪᠠᠷᠢᠮᠲᠠ᠎ᠶᠢᠨ ᠵᠡᠭᠦᠯᠲᠡ ᠵᠡᠷᠭᠡ ᠡᠬᠢᠨ᠎ᠤ ᠪᠠ ᠡᠴᠤᠰ᠎ᠤᠨ ᠭᠡᠯᠬᠢᠶ᠎ᠡ ᠵᠢᠨ ᠠᠵᠤ ᠠᠬᠤᠢᠯᠠᠯ᠎ᠢ ᠢᠳᠡᠪᠬᠢᠲᠡᠢ ᠤᠷᠢᠨ ᠠᠪᠴᠢᠷᠠᠵᠤ᠂ ᠪᠤᠳᠤᠯᠳᠠ᠎ᠶᠢᠨ ᠬᠦᠴᠦᠨ᠎ᠦ ᠠᠵᠤ ᠦᠢᠯᠡᠰ᠎ᠦᠨ 《ᠪᠤᠳᠤᠯᠳᠡ᠎ᠶᠢᠨ ᠬᠦᠴᠦᠨ᠎ᠢ ᠬᠤᠳᠠᠯᠳᠤᠬᠤ》᠎ᠡᠴᠡ 《ᠳ᠋ᠠᠢᠲ᠋ᠠ᠎ᠶᠢᠨ ᠲᠠᠰᠤᠯᠪᠤᠷᠢ᠎ᠵᠢ ᠬᠤᠳᠠᠯᠳᠤᠬᠤ》 ᠳᠠᠢᠰᠢ᠎ᠬᠢ ᠦᠰᠦᠷᠦᠯᠲᠠ ᠵᠢ ᠦᠷᠭᠦᠯᠵᠢᠯᠡᠨ ᠠᠬᠢᠭᠤᠯᠤᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ 《ᠠᠵᠤ ᠦᠢᠯᠡᠰ᠎ᠦᠨ ᠬᠡᠯᠬᠢᠶ᠎ᠡ᠎ᠶᠢ ᠢᠳᠡᠪᠬᠢᠲᠡᠢ ᠤᠷᠲᠤᠳᠬᠠᠵᠤ᠂ ᠲᠣᠭᠠᠴᠢᠯᠠᠭᠰᠠᠨ ᠠᠵᠤ ᠠᠬᠤᠢ ᠬᠢᠭᠡᠳ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ》 ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ 《ᠵᠣᠬᠢᠶᠠᠮᠠᠯ ᠣᠶᠤᠨ ᠴᠢᠳᠠᠪᠤᠷᠢ +》 ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠂ ᠴᠠᠬᠢᠯᠭᠠᠨ ᠬᠦᠴᠦᠨ᠂ ᠣᠲᠣ᠌ ᠦᠶ᠎ᠡ᠎ᠶᠢᠨ ᠲᠠᠷᠢᠶᠠᠯᠠᠩ ᠮᠠᠯ ᠠᠵᠤ ᠠᠬᠤᠢ᠂ ᠲᠡᠮᠦᠷᠯᠢᠭ ᠬᠠᠢᠯᠤᠭᠤᠯᠬᠤ ᠬᠢᠮᠢ᠎ᠶᠢᠨ ᠠᠵᠤ ᠦᠢᠯᠡᠳᠪᠦᠷᠢ᠂ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠂ ᠲᠣᠨᠣᠭ ᠲᠥᠬᠦᠭᠡᠷᠦᠮᠵᠢ ᠦᠢᠯᠡᠳᠬᠦ᠂ ᠠᠮᠢ ᠠᠬᠤᠢ᠎ᠶᠢᠨ ᠬᠠᠮᠠᠭᠠᠯᠠᠯᠲᠠ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠵᠢᠯ ᠲᠥᠷᠥᠯ᠎ᠦᠨ ᠲᠣᠮᠣ᠌ ᠵᠠᠭᠪᠤᠷ᠎ᠤᠨ ᠬᠡᠷᠡᠭᠯᠡᠯᠲᠡ᠎ᠶᠢ ᠳᠡᠮᠵᠢᠵᠦ᠂ ᠨᠢᠭᠡ ᠪᠦᠯᠦᠭ ᠠᠵᠤ ᠦᠢᠯᠡᠰ᠎ᠦᠨ ᠲᠣᠭᠠᠴᠢᠯᠠᠭᠰᠠᠨ ᠬᠡᠯᠪᠡᠷᠢ᠎ᠪᠡᠨ ᠬᠤᠪᠢᠷᠠᠭᠤᠯᠤᠭᠰᠠᠨ ᠬᠡᠪ ᠳᠠᠭᠤᠷᠢᠶᠠᠯ ᠠᠵᠤ ᠠᠬᠤᠢᠯᠠᠯ᠎ᠢ ᠪᠠᠢᠭᠤᠯᠤᠨ᠎ᠠ᠃
ᠠᠮᠤᠷ ᠲᠦᠪᠰᠢᠨ᠎ᠦ ᠪᠠᠲᠤᠯᠠᠭ᠎ᠠ᠎ᠶᠢ ᠴᠢᠩᠭᠠᠳᠬᠠᠬᠤ ᠲᠠᠯ᠎ᠠ᠎ᠪᠠᠷ᠂ ᠶᠡᠷᠦᠩᠬᠡᠢ ᠱᠦᠵᠢ ᠰᠢ ᠵᠢᠨ ᠫᠢᠩ᠎ᠦᠨ ᠳᠤᠷᠠᠳᠤᠭᠰᠠᠨ 《ᠥᠨᠳᠥᠷ ᠪᠦᠲᠦᠮᠵᠢᠲᠡᠢ᠂ ᠪᠣᠬᠢᠷᠲᠤᠯ ᠦᠭᠡᠢ᠂ ᠠᠮᠤᠷ ᠲᠦᠪᠰᠢᠨ》᠎ᠤ᠋ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠬᠦ᠂ ᠴᠢᠬᠤᠯᠠ ᠡᠯᠧᠮᠧᠨ᠋ᠲ᠎ᠢᠶᠡᠷ ᠲᠤᠯᠭᠠᠭᠤᠷᠢᠯᠠᠬᠤ᠂ ᠠᠮᠤᠷ ᠲᠦᠪᠰᠢᠨ᠎ᠢᠶᠡᠷ ᠪᠠᠲᠤᠯᠠᠬᠤ᠎ᠶᠢ ᠴᠢᠩᠭᠠᠳᠬᠠᠵᠤ᠂ ᠨᠢᠭᠡᠨᠲᠡ ᠪᠠᠢᠭᠤᠯᠤᠭᠰᠠᠨ ᠲᠦᠷᠦᠯ ᠵᠦᠢᠯ᠎ᠦᠨ ᠥᠨᠳᠥᠷ ᠪᠦᠲᠦᠮᠵᠢᠲᠡᠢ ᠠᠵᠢᠯᠯᠠᠬᠤ᠎ᠶᠢ ᠦᠨᠡᠨ ᠬᠦ᠌ ᠪᠠᠲᠤᠯᠠᠬᠤ᠎ᠶᠢᠨ ᠬᠠᠮᠲᠤ ᠵᠠᠯᠭᠠᠮᠵᠢ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠲᠣᠭᠲᠠᠭᠰᠠᠨ ᠬᠤᠭᠤᠴᠠᠭᠠᠨ᠎ᠳᠤ ᠪᠡᠶᠡᠯᠡᠭᠦᠯᠬᠦ ᠬᠡᠷᠡᠭᠲᠡᠢ᠃ ᠡᠭᠦᠨ᠎ᠦ ᠬᠠᠮᠲᠤ ᠰᠦᠯᠵᠢᠶ᠎ᠡ᠂ ᠲᠣᠭ᠎ᠠ ᠪᠠᠷᠢᠮᠲᠠ᠂ ᠪᠤᠳᠤᠯᠳᠠ᠎ᠶᠢᠨ ᠬᠦᠴᠦᠨ᠎ᠦ ᠲᠥᠬᠦᠭᠡᠷᠦᠮᠵᠢ᠎ᠶᠢᠨ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠵᠤ᠂ ᠵᠡᠷᠭᠡ ᠳᠡᠰ᠎ᠤᠨ ᠬᠠᠮᠠᠭᠠᠯᠠᠯᠲᠠ᠂ ᠲᠥᠷᠥᠯ ᠬᠤᠪᠢᠶᠠᠨ ᠲᠠᠰ ᠬᠤᠪᠢᠶᠠᠬᠤ ᠪᠠ ᠪᠠᠴᠢᠮ ᠪᠠᠢᠳᠠᠯ᠎ᠢ ᠠᠷᠭᠠᠴᠠᠭᠠᠬᠤ ᠠᠵᠢᠯᠯᠠᠭ᠎ᠠ ᠵᠢ ᠲᠡᠬᠦᠯᠳᠡᠷᠵᠢᠬᠦᠯᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠠᠶᠤᠯ ᠲᠦᠭᠰᠢᠭᠦᠷᠢ᠎ᠶᠢ ᠰᠢᠢᠳᠪᠦᠷᠢᠯᠡᠬᠦ ᠪᠠ ᠪᠥᠬᠥ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠬᠠᠮᠢᠶᠠᠷᠤᠯᠲᠠ᠎ᠶᠢ ᠴᠢᠩᠭᠠᠳᠬᠠᠵᠤ᠂ ᠪᠤᠳᠤᠯᠳᠠ᠎ᠶᠢᠨ ᠬᠦᠴᠦᠨ᠎ᠦ ᠰᠦᠯᠵᠢᠶᠡᠨ᠎ᠦ ᠲᠣᠭᠲᠠᠭᠤᠨ ᠪᠥᠭᠡᠳ ᠨᠠᠢᠳᠠᠪᠤᠷᠢᠲᠠᠢ ᠠᠵᠢᠯᠯᠠᠭ᠎ᠠ ᠵᠢ ᠪᠠᠲᠤᠯᠠᠨ᠎ᠠ ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃