ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ 26 ᠎ᠤ ᠦᠳᠡ᠎ᠶᠢᠨ ᠡᠮᠦᠨ᠎ᠡ ᠪᠡᠭᠡᠵᠢᠩ᠎ᠳᠦ ᠬᠤᠷᠠᠯᠳᠤᠵᠤ ᠡᠬᠢᠯᠡᠪᠡ᠃ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠲᠥᠪ ᠬᠣᠷᠢᠶ᠎ᠠ ᠵᠢᠨ ᠤᠯᠤᠰ ᠲᠥᠷᠥ᠎ᠶᠢᠨ ᠲᠣᠪᠴᠢᠢ᠎ᠠ ᠵᠢ ᠲᠦᠯᠦᠭᠡᠯᠡᠨ ᠪᠥᠬᠥᠳᠡ ᠬᠤᠷᠠᠯ᠎ᠳᠤ ᠠᠵᠢᠯ᠎ᠤᠨ ᠢᠯᠡᠳᠬᠡᠯ ᠬᠢᠭᠰᠡᠨ ᠪᠥᠭᠡᠳ《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠲᠣᠭᠲᠠᠭᠠᠯ ( ᠶᠠᠷᠢᠯᠴᠠᠬᠤ ᠨᠣᠣᠷᠠᠭ ) 》 ᠎ᠤᠨ ᠲᠤᠬᠠᠢ ᠪᠥᠬᠥᠳᠡ ᠬᠤᠷᠠᠯ᠎ᠳᠤ ᠲᠣᠳᠣᠷᠬᠠᠢᠯᠠᠯᠲᠠ ᠬᠢᠪᠡ᠃