2026-10-27 11:00:15
— ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠯᠢ ᠵᠥᠩ ᠽᠸᠩᠢ ᠰᠤᠷᠪᠤᠯᠵᠢᠯᠠᠭᠰᠠᠨ ᠨᠢ
10 ᠰᠠᠷ᠎ᠠ᠎ᠶᠢᠨ 16᠎ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠤᠯᠠᠭᠠᠨᠴᠠᠪ ᠬᠣᠲᠠ᠎ᠳᠤ ᠰᠢᠨᠵᠢᠯᠡᠨ ᠪᠠᠶ᠋ᠢᠴᠠᠭᠠᠬᠤ᠎ᠳᠠᠭᠠᠨ᠂ ᠪᠣᠬᠢᠷᠲᠤᠯ ᠥᠬᠡᠶ ᠬᠥᠭᠵᠢᠯᠲᠡ ᠪᠣᠯ ᠴᠢᠨᠠᠷ ᠰᠠᠶ᠋ᠢᠲᠠᠶ ᠬᠥᠭᠵᠢᠯᠲᠡ᠎ᠶᠢᠨ ᠪᠠᠶ᠋ᠢᠪᠠᠰᠤ ᠵᠣᠬᠢᠬᠤ ᠤᠳᠬ᠎ᠠ ᠠᠭᠤᠯᠭ᠎ᠠ ᠮᠥᠨ᠂ ᠴᠢᠨᠠᠷ ᠰᠠᠶ᠋ᠢᠲᠠᠶ ᠬᠥᠭᠵᠢᠯᠲᠡ ᠪᠠ ᠥᠨᠳᠥᠷ ᠲᠦᠪᠰᠢᠨ᠎ᠪᠦᠬᠦᠢ ᠬᠠᠮᠠᠭᠠᠯᠠᠯᠲᠠ᠎ᠶᠢ ᠨᠢᠭᠡᠳᠦᠯᠲᠡᠶ ᠲᠥᠯᠥᠪᠵᠢᠭᠦᠯᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ᠎ᠲᠡᠶ ᠵᠠᠰᠠᠬᠤ᠎ᠶᠢ ᠪᠠᠷᠢᠮᠲᠠᠯᠠᠵᠤ᠂ ᠨᠡᠭᠦᠷᠡᠰᠦᠲᠥᠢ᠍ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠌᠂ ᠨᠡᠮᠡᠭᠳᠡᠯ᠎ᠢ ᠪᠡᠶᠡᠯᠡᠭᠦᠯᠬᠦ ᠵᠢ ᠬᠠᠮᠵᠢᠯᠴᠠᠭᠤᠯᠤᠨ ᠠᠬᠢᠭᠤᠯᠵᠤ᠂ ᠠᠮᠢ ᠠᠬᠤᠶ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ᠌ ᠵᠠᠮ᠎ᠢᠶᠠᠷ ᠡᠷᠡᠰ ᠭᠤᠶ᠋ᠢᠪᠢᠰᠢ ᠥᠬᠡᠶ ᠵᠠᠮᠨᠠᠬᠤ ᠬᠡᠷᠡᠭᠲᠡᠶ ᠭᠡᠵᠦ᠍ ᠴᠢᠬᠤᠯᠠᠴᠢᠯᠠᠪᠠ᠃ ᠥᠪᠥᠷ ᠮᠣᠩᠭᠣᠯ᠎ᠤᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠬᠡᠷᠬᠢᠨ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠤᠢ ? ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠯᠢ ᠵᠥᠩ ᠽᠸᠩᠢ ᠰᠤᠷᠪᠤᠯᠵᠢᠯᠠᠪᠠ᠃
ᠯᠢ ᠵᠥᠩ ᠽᠸᠩ᠂ ᠥᠪᠥᠷ ᠮᠣᠩᠭᠣᠯ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠠᠮᠢ ᠠᠬᠤᠶ᠎ᠶᠢᠨ ᠰᠢᠰᠲ᠋ᠧᠮ᠎ᠦᠨ ᠲᠥᠷᠥᠯ ᠵᠦᠢᠯ ᠣᠯᠠᠨ ᠶᠠᠩᠵᠤ᠎ᠶᠢᠨ ᠪᠠᠶ᠋ᠢᠳᠠᠭ᠃ ᠡᠨᠳᠡᠬᠢ ᠠᠮᠢ ᠠᠬᠤᠢ᠎ᠶᠢᠨ ᠪᠠᠶ᠋ᠢᠳᠠᠯ ᠶᠠᠮᠠᠷ ᠪᠠᠶ᠋ᠢᠬᠤ ᠨᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠣᠷᠣᠰᠢᠯ ᠲᠣᠭᠲᠠᠨᠢᠯ ᠪᠠ ᠬᠥᠭᠵᠢᠯᠲᠡ᠎ᠲᠡᠶ ᠬᠣᠯᠪᠣᠭᠳᠠᠬᠤ᠎ᠪᠠᠷ ᠪᠠᠷᠠᠬᠤ ᠦᠭᠡᠢ ᠪᠠᠰᠠ ᠤᠮᠠᠷᠠᠲᠤ᠌ ᠣᠷᠣᠨ᠂ ᠵᠡᠭᠦᠨ ᠬᠣᠶ᠋ᠢᠲᠤ᠌ ᠣᠷᠣᠨ᠂ ᠪᠠᠷᠠᠭᠤᠨ ᠬᠣᠶ᠋ᠢᠲᠤ᠌ ᠣᠷᠣᠨ ᠴᠢᠨᠠᠭᠰᠢᠯᠠᠪᠠᠯ ᠪᠦᠬᠦ᠌ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠎ᠲᠡᠶ ᠬᠣᠯᠪᠣᠭᠳᠠᠨ᠎ᠠ ᠭᠡᠵᠦ ᠢᠯᠡᠳᠭᠡᠪᠡ᠃
ᠯᠢ ᠵᠦᠩ ᠽᠸᠩ᠂《ᠪᠢᠳᠡ ᠬᠥᠭᠵᠢᠯᠲᠡ᠎ᠶᠢᠨ ᠪᠠᠶ᠋ᠢᠷᠢᠰᠢᠭᠤᠯᠤᠯᠲᠠ᠎ᠶᠢ ᠰᠢᠯᠢᠳᠡᠭᠵᠢᠭᠦᠯᠬᠦ᠌ ᠲᠠᠯ᠎ᠠ᠎ᠪᠠᠷ ᠰᠢᠨ᠎ᠡ ᠠᠯᠬᠤᠮ᠎ᠢ ᠠᠯᠬᠤᠵᠤ᠂ ᠠᠮᠢ ᠠᠬᠤᠢ᠎ᠶᠢ ᠬᠠᠮᠠᠭᠠᠯᠠᠨ ᠰᠡᠷᠭᠦᠭᠡᠬᠦ᠌ ᠲᠠᠯ᠎ᠠ᠎ᠪᠠᠷ ᠰᠢᠨ᠎ᠡ ᠵᠢᠳᠬᠦᠯ ᠴᠢᠷᠮᠠᠶ᠋ᠢᠯᠭ᠎ᠠ ᠭᠠᠷᠭᠠᠵᠤ᠂ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠶ᠋ᠢᠵᠢᠷᠠᠭᠤᠯᠬᠤ ᠲᠠᠯ᠎ᠠ᠎ᠪᠠᠷ ᠰᠢᠨ᠎ᠡ ᠦᠷ᠎ᠡ ᠪᠦᠲᠦᠮᠵᠢ ᠣᠯᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠍ ᠲᠡᠢᠰᠢ ᠬᠡᠯᠪᠡᠷᠢ᠎ᠪᠡᠨ ᠬᠤᠪᠢᠷᠠᠭᠤᠯᠬᠤ ᠲᠠᠯ᠎ᠠ᠎ᠪᠠᠷ ᠰᠢᠨ᠎ᠡ ᠳᠠᠪᠠᠭᠤᠯᠢᠭ᠎ᠢ ᠪᠤᠢ ᠪᠣᠯᠭᠠᠨ᠎ᠠ》 ᠭᠡᠪᠡ᠃
ᠣᠶ᠋ᠢᠯᠠᠭᠠᠭᠳᠠᠬᠤᠨ᠎ᠢ ᠨᠣᠭᠣᠭᠠᠷᠠᠭᠤᠯᠤᠯᠲᠠ ᠲᠡᠢᠰᠢ ᠬᠤᠪᠢᠷᠠᠭᠤᠯᠬᠤ᠎ᠶᠢ ᠪᠠᠷᠢᠮᠲᠠᠯᠠᠵᠤ᠂ ᠬᠥᠭᠵᠢᠯᠲᠡ᠎ᠶᠢᠨ ᠪᠠᠶ᠋ᠢᠷᠢᠰᠢᠭᠤᠯᠤᠯᠲᠠ᠎ᠶᠢ ᠰᠢᠯᠢᠳᠡᠭᠵᠢᠭᠦᠯᠬᠦ᠌ ᠲᠠᠯ᠎ᠠ᠎ᠪᠠᠷ ᠰᠢᠨ᠎ᠡ ᠠᠯᠬᠤᠮ᠎ᠢ ᠠᠯᠬᠤᠨ᠎ᠠ᠃ ᠠᠮᠢ ᠠᠬᠤᠢ᠎ᠶᠢᠨ ᠪᠣᠯᠪᠠᠰᠤᠨ᠎ᠤ ᠪᠠᠶ᠋ᠢᠭᠤᠯᠤᠯᠲᠠ ᠪᠣᠯ ᠨᠢᠭᠡᠨ ᠤᠳᠠᠭᠠᠨ᠎ᠤ ᠭᠦᠨᠵᠡᠭᠡᠢ ᠬᠤᠪᠢᠰᠤᠯᠲᠠ ᠮᠥᠨ᠂ ᠣᠶ᠋ᠢᠯᠠᠭᠠᠭᠳᠠᠬᠤᠨ᠎ᠢᠶᠡᠨ ᠬᠤᠪᠢᠷᠠᠭᠤᠯᠬᠤ ᠪᠣᠯ ᠤᠷᠢᠲᠠᠯ ᠮᠥᠨ᠂ ᠪᠠᠰᠠ ᠴᠤ᠌ ᠬᠠᠮᠤᠭ᠎ᠤᠨ ᠦᠨᠳᠦᠰᠦᠨ᠂ ᠬᠠᠮᠤᠭ᠎ᠤᠨ ᠭᠦᠨᠵᠡᠭᠡᠢ ᠶᠤᠮ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠣᠷᠣᠨ ᠳᠠᠶᠠᠭᠠᠷ᠎ᠢᠶᠠᠨ ᠰᠢ ᠵᠢᠨ ᠫᠢᠩ᠎ᠦᠨ ᠠᠮᠢ ᠠᠬᠤᠶ᠎ᠶᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠲᠠᠷᠢᠬᠢ ᠲᠣᠯᠣᠭᠠᠶ᠎ᠪᠠᠨ ᠵᠡᠪᠰᠡᠭᠯᠡᠬᠦ᠌᠂ ᠦᠢᠯᠡᠳᠦᠯᠭᠡ᠎ᠪᠡᠨ ᠵᠢᠯᠣᠭᠣᠳᠣᠭᠤᠯᠬᠤ᠂ ᠠᠵᠢᠯ᠎ᠢᠶᠠᠨ ᠠᠬᠢᠭᠤᠯᠬᠤ᠎ᠶᠢ ᠪᠠᠷᠢᠮᠲᠠᠯᠠᠵᠤ᠂ ᠪᠣᠬᠢᠷᠲᠤᠯ ᠥᠬᠡᠶ ᠬᠥᠭᠵᠢᠯᠲᠡ᠎ᠶᠢᠨ ᠤᠬᠠᠮᠰᠠᠷᠲᠤ᠌ ᠴᠢᠨᠠᠷ ᠪᠠ ᠰᠠᠨᠠᠭᠠᠴᠢᠯᠠᠭᠠᠲᠤ᠌ ᠴᠢᠨᠠᠷ ᠢᠯᠡᠳᠲᠡ ᠴᠢᠩᠭᠠᠷᠠᠪᠠ᠃
ᠪᠢᠳᠡ ᠬᠠᠮᠠᠭᠠᠯᠠᠬᠤ ᠬᠠᠷᠢᠭᠤᠴᠠᠯᠭ᠎ᠠ᠎ᠶᠢ ᠪᠠᠲᠤ᠌ ᠡᠭᠦᠷᠭᠡᠯᠡᠵᠦ᠍᠂ ᠬᠠᠷᠢᠭᠤᠴᠠᠯᠭ᠎ᠠ᠎ᠪᠠᠨ ᠲᠣᠳᠣᠷᠬᠠᠶ ᠮᠡᠳᠡᠵᠦ᠍᠂ ᠬᠠᠷᠢᠭᠤᠴᠠᠯᠭ᠎ᠠ ᠡᠭᠦᠷᠭᠡᠯᠡᠵᠦ᠍ ᠬᠠᠷᠢᠭᠤᠴᠠᠯᠭ᠎ᠠ ᠭᠦᠢᠴᠡᠳᠬᠡᠬᠦ᠌᠎ᠶᠢ ᠦᠨᠡᠨ ᠬᠦ᠌ ᠪᠡᠶᠡᠯᠡᠭᠦᠯᠪᠡ᠃ ᠪᠢᠳᠡ ᠪᠤᠬᠢᠷᠳᠤᠯ ᠦᠭᠡᠢ ᠪᠠᠷᠢᠮᠵᠢᠶ᠎ᠡ ᠵᠢ ᠪᠤᠢ ᠪᠤᠯᠭᠠᠵᠤ᠂ ᠵᠦᠷᠢᠶᠡᠴᠢᠯᠡᠭᠰᠡᠨ᠂ ᠨᠠᠷᠢᠯᠢᠭ᠍ᠵᠢᠭᠤᠯᠤᠭᠰᠠᠨ ᠠᠮᠢ ᠠᠬᠤᠢ ᠣᠷᠴᠢᠨ ᠲᠤᠭᠤᠷᠢᠨ᠎ᠤ ᠣᠷᠣᠬᠤ ᠵᠥᠪᠰᠢᠶᠡᠷᠡᠯ᠎ᠦᠨ ᠲᠣᠳᠣᠷᠬᠠᠢ ᠬᠠᠭᠤᠳᠠᠰᠤ᠎ᠶᠢ ᠲᠣᠭᠲᠠᠭᠠᠪᠠ᠃ ᠪᠢᠳᠡ ᠬᠠᠮᠲᠤ᠎ᠪᠠᠷ ᠵᠠᠰᠠᠬᠤ ᠬᠠᠮᠲᠤᠷᠠᠯ᠎ᠤᠨ ᠬᠦᠴᠦᠨ᠎ᠢ ᠨᠢᠭ᠍ᠲᠠᠷᠠᠭᠤᠯᠵᠤ᠂ ᠠᠷᠠᠳ ᠤᠯᠠᠨ ᠤᠬᠠᠮᠰᠠᠷ᠎ᠡᠴᠡ᠎ᠪᠠᠨ ᠠᠮᠢ ᠠᠬᠤᠢ᠎ᠶᠢᠨ ᠪᠣᠯᠪᠠᠰᠤᠨ᠎ᠤ ᠰᠢᠨ᠎ᠡ ᠬᠡᠪ ᠰᠤᠷᠲᠠᠯ᠎ᠤᠨ ᠰᠠᠨᠠᠭᠠᠴᠢᠯᠠᠭ᠍ᠴᠢ᠂ ᠦᠢᠯᠡᠳᠦᠯᠭᠡᠵᠢᠭᠦᠯᠦᠭᠴᠢ ᠪᠠ ᠠᠬᠢᠭᠤᠯᠤᠭ᠍ᠴᠢ ᠪᠤᠯᠪᠠ᠃
《ᠶᠡᠷᠦᠩᠬᠡᠢ ᠱᠦᠵᠢ ᠰᠢ᠎ᠶᠢᠨ ᠫᠢᠩ ᠡᠨᠡ ᠤᠳᠠᠭ᠎ᠠ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ᠎ᠳᠠᠭᠠᠨ ᠠᠯᠢ ᠤᠯᠠᠨ ᠴᠢᠬᠤᠯᠠ ᠵᠢᠭᠠᠪᠤᠷᠢ ᠥᠭᠴᠡᠢ᠃ ᠪᠢᠳᠡ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠠᠷᠢᠭᠤᠴᠠᠯᠭ᠎ᠠ᠎ᠶᠢᠨ ᠳᠦᠷᠢᠮ᠎ᠢ ᠪᠦᠷᠢᠨᠰᠢᠭᠦᠯᠦᠨ ᠨᠠᠢᠳᠠᠪᠤᠷᠢᠵᠢᠭᠤᠯᠵᠤ᠂ ᠤᠯᠤᠰ᠎ᠤᠨ ᠭᠠᠵᠠᠷ ᠰᠢᠷᠣᠢ᠎ᠶᠢᠨ ᠣᠷᠣᠨ ᠵᠠᠢ᠎ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠢᠷᠢᠰᠢᠯ᠎ᠢ ᠰᠢᠯᠢᠳᠡᠭᠵᠢᠭᠦᠯᠵᠦ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠮᠢᠳᠤᠷᠠᠯ᠎ᠤᠨ ᠠᠷᠭ᠎ᠠ ᠬᠡᠯᠪᠡᠷᠢ᠎ᠶᠢ ᠦᠢᠯᠡᠳᠦᠯᠭᠡᠵᠢᠭᠦᠯᠤᠨᠡ》 ᠭᠡᠵᠦ ᠯᠢ ᠵᠦᠩ ᠽᠸᠩ ᠬᠡᠯᠡᠪᠡ᠃
ᠳᠡᠪᠢᠰᠭᠡᠷ ᠥᠩᠭᠡ᠎ᠶᠢ ᠨᠣᠭᠣᠭᠠᠷᠠᠭᠤᠯᠤᠯᠲᠠ ᠲᠡᠢᠰᠢ ᠬᠤᠪᠢᠷᠠᠭᠤᠯᠬᠤ᠎ᠶᠢ ᠪᠠᠷᠢᠮᠲᠠᠯᠠᠵᠤ᠂ ᠠᠮᠢ ᠠᠬᠤᠢ᠎ᠶᠢᠨ ᠬᠠᠮᠠᠭᠠᠯᠠᠯᠲᠠ ᠰᠡᠷᠭᠦᠭᠡᠯᠲᠡ᠎ᠶᠢᠨ ᠲᠠᠯ᠎ᠠ᠎ᠪᠠᠷ ᠰᠢᠨ᠎ᠡ ᠵᠢᠳᠬᠦᠯ ᠴᠢᠷᠮᠠᠢᠯᠭ᠎ᠠ ᠭᠠᠷᠭᠠᠨ᠎ᠠ᠃ ᠣᠢᠷ᠎ᠠ᠎ᠶᠢᠨ ᠵᠢᠯ᠎ᠡᠴᠡ ᠥᠪᠥᠷ ᠮᠣᠩᠭᠣᠯ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠲᠡᠷᠢᠭᠦᠨ᠎ᠳᠦ ᠲᠠᠯᠪᠢᠵᠤ᠂ ᠠᠮᠢ ᠠᠬᠤᠢ᠎ᠶᠢᠨ ᠰᠢᠰᠲ᠋ᠸᠮ᠎ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ᠎ᠢ ᠲᠠᠰᠤᠷᠠᠯᠳᠡ ᠦᠭᠡᠢ ᠳᠡᠭᠡᠭᠰᠢᠯᠡᠭᠦᠯᠪᠡ᠃
《ᠤᠮᠠᠷᠠᠲᠤ᠎ᠶᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠵᠦ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠡᠴᠡ ᠨᠠᠭᠠᠰᠢ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠶᠢ ᠨᠡᠢ᠍ᠢᠳᠡ 1.65 ᠳ᠋ᠦᠩᠰᠢᠭᠤᠷ ᠮᠦ᠍ ᠪᠡᠶᠡᠯᠡᠭᠦᠯᠪᠡ᠃
ᠲᠤᠮᠤ ᠲᠠᠯ᠎ᠠ ᠨᠤᠲᠤᠭ ᠲᠤᠮᠤ ᠤᠢ ᠰᠢᠭᠤᠢ᠎ᠶᠢ ᠬᠦᠴᠦᠯᠡᠨ ᠬᠠᠮᠠᠭᠠᠯᠠᠵᠤ᠂ 2025 ᠣᠨ᠎ᠳᠤ ᠨᠤᠲᠤᠭ ᠪᠡᠯᠴᠢᠭᠡᠷ᠎ᠦᠨ ᠶᠡᠷᠦᠩᠬᠡᠢᠯᠡᠭᠰᠡᠨ ᠤᠷᠭᠤᠮᠠᠯ᠎ᠤᠨ ᠬᠤᠴᠢᠯᠭ᠎ᠠ᠎ᠶᠢᠨ ᠪᠦᠷᠬᠦᠴᠡ 46.48%᠎ᠳᠤ ᠬᠦᠷᠴᠦ᠂ ᠤᠢ ᠰᠢᠭᠤᠢ᠎ᠶᠢᠨ ᠪᠦᠷᠬᠦᠴᠡ 22.03%᠎ᠳᠤ ᠬᠦᠷᠪᠡ᠃
ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢ ᠪᠥᠬᠥ ᠲᠠᠯ᠎ᠠ᠎ᠪᠠᠷ ᠠᠬᠢᠭᠤᠯᠵᠤ᠂ ᠬᠠᠲᠤᠨ ᠭᠣᠣᠯ᠎ᠤᠨ ᠭᠣᠣᠯ ᠤᠷᠤᠰᠬᠠᠯ᠎ᠤᠨ ᠥᠪᠥᠷ ᠮᠣᠩᠭᠣᠯ᠎ᠳᠠᠬᠢ ᠬᠡᠰᠡᠭ᠎ᠦᠨ ᠤᠰᠤᠨ᠎ᠤ ᠴᠢᠨᠠᠷ 6 ᠵᠢᠯ ᠳᠠᠷᠠᠭᠠᠯᠠᠨⅡᠲᠥᠷᠥᠯ᠎ᠡᠴᠡ ᠳᠡᠭᠡᠭᠰᠢ ᠪᠠᠢᠬᠤ᠎ᠶᠢ ᠪᠠᠲᠤᠯᠠᠵᠤ᠂《ᠬᠦᠯᠦᠨ ᠨᠠᠭᠤᠷ ᠤᠯᠠᠭᠠᠨᠰᠤᠬᠠᠢ ᠳᠠᠭ᠎ᠠ ᠵᠢᠨ ᠨᠠᠭᠤᠷ》 ᠵᠢᠴᠢ ᠴᠠᠭᠠᠨᠨᠠᠭᠤᠷ᠎ᠤᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠶᠡᠷᠦᠩᠬᠡᠢ ᠵᠢᠭᠠᠯᠲᠠ ᠲᠣᠭ᠎ᠠ ᠲᠣᠭᠲᠠᠭᠤᠨ᠎ᠢᠶᠠᠷ ᠳᠡᠭᠡᠭᠰᠢᠯᠡᠪᠡ᠃
ᠯᠢ ᠵᠥᠩ ᠽᠧᠩ᠂ ᠲᠠᠷᠠᠭᠠᠴᠢ᠎ᠶᠢᠨ ᠠᠯᠬᠤᠮ᠎ᠳᠤ ᠠᠭᠤᠯᠠ ᠤᠰᠤ ᠣᠶ ᠮᠤᠳᠤ ᠭᠠᠵᠠᠷ ᠲᠠᠷᠢᠶ᠎ᠠ ᠨᠠᠭᠤᠷ ᠪᠦᠷᠢᠲᠦ ᠨᠤᠲᠤᠭ ᠪᠡᠯᠴᠢᠭᠡᠷ ᠡᠯᠡᠰᠦ ᠮᠠᠨᠭᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠵᠤ᠂ ᠬᠤᠭᠤᠴᠠᠭ᠎ᠠ ᠶᠣᠰᠣᠭᠠᠷ 《ᠤᠮᠠᠷᠠᠲᠤ᠎ᠶᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠪᠡᠷᠬᠡ ᠰᠡᠳᠦᠪ᠎ᠢ ᠰᠢᠢᠳᠪᠦᠷᠢᠯᠡᠬᠦ ᠲᠡᠶ᠋ᠢᠨ᠎ᠦ ᠢᠯᠠᠯᠲᠠ᠎ᠶᠢ ᠣᠯᠵᠤ᠂ ᠭᠣᠣᠯᠳᠠᠯᠭ᠎ᠠ᠎ᠲᠠᠢ ᠨᠠᠭᠤᠷ ᠴᠥᠭᠥᠷᠥᠮ ᠨᠤᠭᠤ ᠭᠠᠵᠠᠷ᠎ᠤᠨ ᠠᠮᠢ ᠠᠬᠤᠢ᠎ᠶᠢᠨ ᠵᠠᠰᠠᠯᠲᠠ᠎ᠶᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠤᠨᠡ ᠭᠡᠵᠦ ᠢᠯᠡᠳᠬᠡᠪᠡ᠃
ᠵᠠᠰᠠᠯᠲᠠ᠎ᠶᠢ ᠨᠣᠭᠣᠭᠠᠷᠠᠭᠤᠯᠤᠯᠲᠠ ᠲᠡᠢᠰᠢ ᠬᠤᠪᠢᠷᠠᠭᠤᠯᠬᠤ᠎ᠶᠢ ᠪᠠᠷᠢᠮᠲᠠᠯᠠᠵᠤ᠂ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢᠵᠢᠷᠠᠭᠤᠯᠬᠤ ᠲᠠᠯ᠎ᠠ᠎ᠪᠠᠷ ᠰᠢᠨ᠎ᠡ ᠦᠷ᠎ᠡ ᠪᠦᠲᠦᠮᠵᠢ ᠣᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠡᠴᠡ ᠨᠠᠭᠠᠰᠢ᠂ ᠥᠪᠥᠷ ᠮᠣᠩᠭᠣᠯ ᠬᠦᠴᠦᠨ᠎ᠢᠶᠡᠨ ᠲᠥᠪᠯᠡᠷᠡᠭᠦᠯᠦᠨ ᠬᠥᠬᠡ ᠤᠭᠲᠠᠷᠭᠤᠢ᠂ ᠬᠦᠬᠡᠮᠳᠦᠭ ᠤᠰᠤ᠂ ᠠᠷᠢᠭᠤᠨ ᠬᠥᠷᠥᠰᠥ᠎ᠶᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠵᠦ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠰᠠᠢᠵᠢᠷᠠᠬᠤ ᠬᠠᠨᠳᠤᠰᠢ᠎ᠶᠢ ᠦᠷᠭᠦᠯᠵᠢᠯᠡᠨ ᠪᠡᠬᠢᠵᠢᠭᠦᠯᠪᠡ᠃
2025 ᠣᠨ᠎ᠳᠤ᠂ ᠪᠥᠬᠥ ᠣᠷᠣᠨ᠎ᠤ ᠠᠭᠠᠷ᠎ᠤᠨ ᠶᠠᠰᠤ ᠴᠢᠨᠠᠷ᠎ᠤᠨ ᠰᠢᠯᠢᠳᠡᠭ ᠰᠠᠢᠨ ᠡᠳᠦᠷ᠎ᠦᠨ ᠲᠣᠭ᠎ᠠ᠎ᠶᠢᠨ ᠬᠠᠷᠢᠴᠠᠯ ᠨᠢ 92.1% ᠪᠠᠢᠵᠤ᠂ 2020 ᠣᠨ᠎ᠤ ᠬᠢ᠎ᠡᠴᠡ ᠵᠠᠭᠤᠨ᠎ᠤ ᠬᠠᠷᠢᠴᠡᠯ ᠵᠢᠡᠷ 1.3 ᠳᠡᠭᠡᠭᠰᠢᠯᠡᠵᠦ᠂ 12 ᠠᠢᠮᠠᠭ ᠬᠣᠲᠠ ᠠᠩᠬ᠎ᠠ ᠤᠳᠠᠭ᠎ᠠ ᠪᠦᠬᠦᠨ᠎ᠢᠶᠡᠷ᠎ᠢᠶᠡᠨ ᠪᠠᠷᠢᠮᠵᠢᠶ᠎ᠠ᠎ᠳᠤ ᠬᠥᠷᠴᠠᠢ; ᠪᠥᠬᠥ ᠣᠷᠣᠨ᠎ᠤ PM 2.5 ᠶ᠋ᠢᠨ ᠥᠳᠬᠡᠴᠡ ᠪᠣᠰᠣᠭ᠎ᠠ ᠳᠥᠷᠪᠡᠯᠵᠢᠨ ᠮᠧᠲᠷ ᠪᠦᠷᠢᠳᠦ 21.6 ᠮᠢᠺᠷᠥᠭ᠌ᠷᠠᠮ ᠬᠦᠷᠴᠦ᠂ 2020 ᠣᠨ᠎ᠤ ᠬᠢ᠎ᠡᠴᠡ 22.9%᠎ᠪᠠᠷ ᠪᠠᠭᠤᠷᠠᠵᠦ᠂ ᠡᠯ᠎ᠠ ᠭᠦᠢᠴᠡᠳᠬᠡᠯ ᠲᠣᠭ᠎ᠠ ᠴᠥᠮ ᠲᠡᠦᠬᠡ᠎ᠶᠢᠨ ᠬᠠᠮᠤᠭ᠎ᠤᠨ ᠰᠠᠢᠨ ᠬᠢᠷᠢ ᠲᠦᠪᠰᠢᠨ᠎ᠢ ᠡᠭᠦᠳᠴᠡᠢ᠃
2026 ᠣᠨ᠎ᠤ 1 — 9 ᠰᠠᠷ᠎ᠠ᠎ᠳᠤ᠂ ᠪᠥᠬᠥ ᠣᠷᠣᠨ᠎ᠤ ᠠᠭᠠᠷ᠎ᠤᠨ ᠶᠠᠰᠦ ᠴᠢᠨᠡᠷ᠎ᠤᠨ ᠰᠢᠯᠢᠳᠡᠭ ᠰᠠᠢᠨ ᠡᠳᠦᠷ᠎ᠦᠨ ᠲᠣᠭ᠎ᠠ᠎ᠶᠢᠨ ᠬᠠᠷᠢᠴᠠᠯ 91.2%᠎ᠲᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠵᠠᠭᠤᠨ᠎ᠤ ᠬᠠᠷᠢᠴᠡᠯ ᠵᠢᠡᠷ 3.3 ᠳᠡᠭᠡᠭᠰᠢᠯᠡᠵᠦ᠂ PM 2.5 ᠶ᠋ᠢᠨ ᠳᠤᠮᠳᠠᠴᠢ ᠥᠳᠬᠡᠴᠡ ᠪᠣᠰᠣᠭ᠎ᠠ ᠳᠥᠷᠪᠡᠯᠵᠢᠨ ᠮᠧᠲᠷ ᠪᠦᠷᠢᠳᠦ 17.2 ᠮᠢᠺᠷᠦᠭ᠌ᠷᠠᠮ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 18.1%᠎ᠪᠠᠷ ᠪᠠᠭᠤᠷᠠᠵᠦ᠂ ᠡᠯ᠎ᠡ ᠵᠦᠢᠯ᠎ᠦᠨ ᠭᠦᠢᠴᠡᠳᠬᠡᠯ ᠲᠣᠭ᠎ᠠ ᠴᠥᠮ ᠱᠠᠲᠤ ᠦᠶᠡᠴᠢ ᠴᠢᠨᠠᠷᠲᠠᠢ᠎ᠪᠠᠷ ᠤᠯᠤᠰ᠎ᠤᠨ ᠬᠠᠷᠠᠯᠲᠠ ᠱᠠᠭᠠᠷᠳᠠᠯᠭ᠎ᠠ᠎ᠡᠴᠡ ᠳᠠᠪᠠᠭᠤᠯᠢᠭ᠋ ᠪᠠᠢᠪᠡ᠃
《ᠪᠢᠳᠡ ᠨᠠᠷᠢᠯᠢᠭ᠋ ᠣᠨᠣᠴᠠᠲᠠᠢ ᠰᠢᠨᠵᠢᠯᠡᠬᠦ ᠤᠬᠠᠭᠠᠨᠴᠢ᠎ᠪᠠᠷ ᠪᠣᠬᠢᠷᠲᠤᠯ᠎ᠢ ᠵᠠᠰᠠᠬᠤ ᠴᠢᠭᠯᠡᠯᠲᠡ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ᠎ᠶᠢ ᠭᠦᠨᠵᠡᠭᠡᠢ ᠠᠬᠢᠭᠤᠯᠵᠤ᠂ ᠠᠭᠠᠷ᠎ᠤᠨ ᠶᠠᠰᠤ ᠴᠢᠨᠠᠷ᠎ᠤᠨ ᠦᠷᠭᠦᠯᠵᠢᠯᠡᠨ ᠰᠠᠢᠵᠢᠷᠠᠬᠤ᠎ᠶᠢ ᠠᠬᠢᠭᠤᠯᠵᠤ᠂ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠣᠯᠣᠨ ᠬᠥᠳᠡᠭᠡ ᠲᠣᠰᠬᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠴᠢᠩᠭᠠᠳᠬᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠣᠨ ᠰᠢᠨ᠎ᠡ ᠪᠣᠬᠢᠷᠲᠤᠯ ᠪᠣᠳᠠᠰ᠎ᠢ ᠵᠠᠰᠠᠬᠤ ᠠᠵᠢᠯᠯᠠᠭ᠎ᠠ᠎ᠶᠢ ᠬᠡᠷᠡᠭᠵᠢᠭᠦᠯᠵᠦ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ᠎ᠠ》 ᠭᠡᠵᠦ ᠯᠢ ᠵᠦᠩ ᠽᠸᠩ ᠬᠡᠯᠡᠪᠡ᠃
ᠬᠥᠳᠡᠯᠭᠡᠬᠦ ᠬᠦᠴᠦᠨ᠎ᠢ ᠨᠣᠭᠣᠭᠠᠷᠠᠭᠤᠯᠤᠯᠳᠠ ᠳᠡᠢᠰᠢ ᠬᠤᠪᠢᠷᠠᠭᠤᠯᠬᠤ᠎ᠶᠢ ᠪᠠᠷᠢᠮᠲᠠᠯᠠᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠲᠡᠢᠰᠢ ᠬᠡᠯᠪᠡᠷᠢ᠎ᠪᠡᠨ ᠬᠤᠪᠢᠷᠠᠭᠤᠯᠬᠤ ᠲᠠᠯ᠎ᠠ᠎ᠪᠠᠷ ᠰᠢᠨ᠎ᠡ ᠳᠠᠪᠠᠭᠤᠯᠢᠭ᠋᠎ᠢ ᠪᠤᠢ ᠪᠤᠯᠭᠠᠨ᠎ᠠ᠃ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠥᠲᠥᠯᠥᠨ ᠳᠠᠭᠠᠭᠤᠯᠵᠤ ᠰᠢᠯᠢᠳᠡᠭᠵᠢᠭᠦᠯᠬᠦ ᠪᠠ ᠭᠡᠳᠡᠷᠭᠦ ᠰᠢᠬᠠᠮᠳᠠᠭᠤᠯᠬᠤ ᠦᠢᠯᠡᠳᠦᠯ᠎ᠢ ᠪᠠᠳᠠᠷᠠᠭᠤᠯᠵᠤ᠂ ᠪᠣᠬᠢᠷᠲᠤᠯ᠎ᠢ ᠪᠠᠭᠠᠰᠬᠠᠵᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ᠎ᠶᠢ ᠪᠠᠭᠤᠷᠠᠭᠤᠯᠤᠨ ᠬᠠᠮᠵᠢᠯᠴᠠᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠶᠡᠬᠡᠪᠡᠷ ᠠᠬᠢᠭᠤᠯᠵᠤ᠂《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠥᠪᠥᠷ ᠮᠣᠩᠭᠣᠯ ᠵᠢᠯ ᠳᠤᠮᠳᠠᠴᠢ᠎ᠪᠠᠷ 1.7%᠎ᠶᠢᠨ ᠡᠨᠧᠷᠭᠢ᠎ᠶᠢᠨ ᠬᠣᠷᠣᠭᠳᠠᠯ᠎ᠤᠨ ᠨᠡᠮᠡᠭᠳᠡᠯ᠎ᠦᠨ ᠬᠤᠷᠳᠤᠴᠠ᠎ᠪᠠᠷ ᠵᠢᠯ ᠳᠤᠮᠳᠠᠴᠢ᠎ᠪᠠᠷ 5.9%᠎ᠶᠢᠨ ᠠᠵᠤ ᠠᠬᠤᠢ᠎ᠶᠢᠨ ᠨᠡᠮᠡᠭᠳᠡᠯ᠎ᠦᠨ ᠬᠤᠷᠳᠤᠴᠠ᠎ᠶᠢ ᠲᠤᠯᠭᠠᠭᠤᠷᠢᠯᠠᠵᠤ᠂ ᠪᠥᠬᠥ ᠣᠷᠣᠨ᠎ᠤ ᠡᠨᠧᠷᠭᠢ᠎ᠶᠢᠨ ᠬᠣᠷᠣᠭᠳᠠᠯ᠎ᠤᠨ ᠬᠦᠴᠦᠯᠡᠴᠡ ᠨᠡᠶ᠋ᠢᠲᠡ 18%᠎ᠪᠠᠷ ᠪᠠᠭᠤᠷᠠᠵᠤ᠂ 4 ᠵᠢᠯ ᠳᠠᠷᠠᠭᠠᠯᠠᠨ ᠤᠯᠤᠰ᠎ᠤᠨ ᠡᠨᠧᠷᠭᠢ ᠠᠷᠪᠢᠯᠠᠬᠤ ᠬᠠᠷᠠᠯᠲᠠ᠎ᠶᠢᠨ ᠬᠢᠨᠠᠨ ᠰᠢᠯᠭᠠᠯᠲᠠ᠎ᠳᠤ 《ᠰᠢᠯᠢᠳᠡᠭ》ᠵᠢᠡᠷ ᠦᠨᠡᠯᠡᠭᠳᠡᠪᠡ᠃
ᠯᠢ ᠵᠦᠩ ᠽᠸᠩ᠂ ᠶᠡᠷᠦᠩᠬᠡᠢ ᠱᠦᠵᠢ ᠰᠢ ᠵᠢᠨ ᠫᠢᠩ᠎ᠦᠨ ᠴᠢᠨᠠᠷ ᠰᠠᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠬᠦ ᠲᠤᠬᠠᠢ ᠴᠢᠬᠤᠯᠠ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠵᠦ᠂ ᠪᠣᠳᠣᠯᠳᠠ ᠵᠢᠨ ᠬᠦᠴᠦᠨ᠎ᠤ ᠠᠵᠤ ᠦᠢᠯᠡᠰ᠎ᠦᠨ ᠬᠥᠭᠵᠢᠯᠲᠡ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠪᠦᠲᠦᠭᠡᠨ ᠪᠠᠢᠭᠤᠯᠤᠯᠲᠠ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠳᠤ ᠥᠪᠥᠷ ᠮᠣᠩᠭᠣᠯ᠎ᠤᠨ ᠡᠭᠦᠷᠭᠡᠯᠡᠯ᠎ᠢ ᠢᠯᠡᠷᠡᠭᠦᠯᠵᠦ᠂ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃