2026-10-27 11:01:00
10 ᠰᠠᠷ᠎ᠠ᠎ᠶᠢᠨ 23 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠠᠵᠢᠯ᠎ᠤᠨ ᠬᠣᠷᠢᠶ᠎ᠠ᠎ᠳᠤ ᠬᠦᠷᠴᠦ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠳᠡᠳ᠋ ᠵᠠᠬᠢᠷᠤᠯ᠂ ᠫᠷᠤᠹᠸᠰᠰᠤᠷ ᠵᠠᠩ ᠰᠢᠤᠸᠠᠢ ᠭᠠᠩ ᠶᠡᠷᠦᠩᠬᠡᠢ ᠱᠦᠵᠢ ᠰᠢ ᠵᠢᠨ ᠫᠢᠩ᠎ᠦᠨ ᠡᠨᠡ ᠤᠳᠠᠭ᠎ᠠ᠎ᠶᠢᠨ ᠰᠢᠨᠵᠢᠯᠡᠨ ᠪᠠᠢᠴᠠᠭᠠᠯᠲᠠ᠎ᠶᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠬᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭᠠᠨ᠎ᠤ ᠪᠠᠶᠠᠯᠢᠭ᠋ ᠠᠭᠤᠯᠤᠭᠳᠠᠬᠤᠨ ᠪᠣᠯᠣᠨ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠣᠢᠯᠠᠭᠠᠬᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠪᠦᠬᠦ ᠬᠦᠴᠦᠨ᠎ᠢᠶᠡᠷ ᠠᠬᠢᠭᠤᠯᠬᠤ ᠵᠡᠷᠭᠡ ᠭᠤᠷᠪᠠᠨ ᠲᠠᠯ᠎ᠠ᠎ᠡᠴᠡ ᠭᠦᠨᠵᠡᠭᠡᠢ ᠪᠥᠭᠡᠳ ᠣᠢᠯᠠᠭᠠᠮᠵᠢᠲᠠᠢ᠂ ᠪᠦᠬᠦ ᠲᠠᠯ᠎ᠠ᠎ᠪᠠᠷ ᠰᠢᠰᠲᠧᠮ᠎ᠲᠠᠢ ᠲᠠᠢᠯᠤᠮᠵᠢ ᠬᠢᠪᠡ᠃
《ᠡᠨᠡ ᠤᠳᠠᠭ᠎ᠠ᠎ᠶᠢᠨ ᠤᠬᠠᠭᠤᠯᠤᠨ ᠲᠠᠢᠯᠪᠤᠷᠢᠯᠠᠬᠤ᠎ᠪᠠᠷ ᠳᠠᠮᠵᠢᠨ ᠪᠢ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠳᠤ ᠨᠡᠩ ᠰᠢᠰᠲᠧᠮ᠎ᠲᠠᠢ ᠭᠦᠨᠵᠡᠭᠡᠢ ᠣᠢᠯᠠᠭᠠᠯᠲᠠ᠎ᠲᠠᠢ ᠪᠣᠯᠪᠠ᠂ ᠪᠢᠳᠠ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠬᠢᠬᠢᠷᠢ ᠵᠢᠨ ᠨᠠᠭᠤᠷ᠎ᠤᠨ ᠤᠰᠤᠨ᠎ᠤ ᠠᠮᠢ ᠠᠬᠤᠢ᠎ᠶᠢ ᠬᠠᠮᠠᠭᠠᠯᠠᠬᠤ᠂ ᠤᠰᠤᠨ᠎ᠤ ᠡᠬᠢ ᠪᠠᠶᠠᠯᠢᠭ᠋᠎ᠢ ᠰᠢᠯᠢᠳᠡᠭᠵᠢᠭᠦᠯᠦᠨ ᠲᠣᠬᠢᠷᠠᠭᠤᠯᠬᠤ ᠪᠠ ᠤᠰᠤ ᠲᠠᠲᠠᠬᠤ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ ᠵᠡᠷᠭᠡ ᠭᠣᠣᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠦᠨᠡᠨ᠎ᠡᠴᠡ ᠵᠥᠪ᠎ᠢ ᠡᠷᠢᠵᠦ ᠰᠤᠳᠤᠯᠤᠨ ᠮᠠᠭᠠᠳᠯᠠᠬᠤ ᠠᠵᠢᠯ ᠥᠷᠨᠢᠭᠦᠯᠵᠦ᠂ ᠦᠨᠡᠨ ᠬᠦ᠌ ᠬᠡᠷᠡᠭᠵᠢᠭᠦᠯᠦᠭᠦᠰᠢᠲᠡᠢ ᠠᠵᠢᠯ᠎ᠤᠨ ᠠᠷᠭ᠎ᠠ ᠬᠡᠮᠵᠢᠶ᠎ᠡ ᠠᠪᠴᠤ᠂ ᠬᠠᠳᠤᠨ ᠭᠣᠣᠯ᠎ᠤᠨ ᠰᠠᠪᠠ ᠭᠠᠵᠠᠷ᠂〈ᠬᠦᠯᠦᠨ ᠨᠠᠭᠤᠷ ᠤᠯᠠᠭᠠᠨᠰᠤᠬᠠᠢ ᠳᠠᠭ᠎ᠠ ᠵᠢᠨ ᠨᠠᠭᠤᠷ〉 ᠵᠢᠴᠢ ᠴᠠᠭᠠᠨᠨᠠᠭᠤᠷ᠂ ᠬᠢᠬᠢᠷᠢ ᠵᠢᠨ ᠨᠠᠭᠤᠷ ᠵᠡᠷᠭᠡ ᠭᠣᠣᠯᠳᠠᠯᠭ᠎ᠠ᠎ᠲᠠᠢ ᠣᠷᠣᠨ ᠪᠦᠰᠡ᠎ᠶᠢᠨ ᠠᠮᠢ ᠠᠬᠤᠢ᠎ᠶᠢᠨ ᠵᠠᠰᠠᠯᠲᠠ᠎ᠶᠢ ᠦᠷᠭᠦᠯᠵᠢᠯᠡᠨ ᠰᠠᠢᠲᠤᠷ ᠠᠳᠬᠤᠵᠤ᠂ ᠪᠤᠳᠤᠯᠳᠠ ᠵᠢᠨ ᠬᠦᠴᠦᠨ ᠪᠡ ᠤᠰᠤᠨ᠎ᠤ ᠡᠬᠢ ᠪᠠᠶᠠᠯᠢᠭ᠎ᠤᠨ ᠬᠠᠮᠵᠢᠯᠴᠠᠭ᠎ᠠ᠎ᠶᠢ ᠢᠳᠡᠪᠬᠢᠲᠡᠢ ᠠᠬᠢᠭᠤᠯᠵᠤ᠂ ᠪᠤᠳᠤᠯᠳᠠ ᠵᠢᠨ ᠬᠦᠴᠦᠨ᠎ᠤ ᠪᠦᠲᠦᠭᠡᠨ ᠪᠠᠢᠭᠤᠯᠤᠯᠲᠠ᠎ᠶᠢᠨ ᠲᠦᠷᠦᠯ ᠵᠦᠢᠯ᠎ᠦᠨ ᠤᠰᠤ ᠬᠡᠷᠡᠭᠯᠡᠬᠦ ᠡᠯᠧᠮᠧᠨ᠋ᠲ᠎ᠦᠨ ᠪᠠᠲᠤᠯᠠᠭ᠎ᠠ᠎ᠶᠢ ᠦᠨᠡᠨ ᠬᠦ᠌ ᠰᠠᠢᠲᠤᠷ ᠬᠢᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠪᠠᠢᠭᠤᠯᠭ᠎ᠠ᠎ᠶᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠪᠠᠢᠭᠤᠯᠭ᠎ᠠ᠎ᠶᠢᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠵᠢᠨ ᠱᠦᠵᠢ ᠵᠢᠶᠠ ᠷᠦᠢ ᠬᠣᠩ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠲᠣᠭ᠎ᠠ ᠪᠠᠷᠢᠮᠲᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠪᠠᠢᠭᠤᠯᠭ᠎ᠠ᠎ᠶᠢᠨ ᠨᠠᠮ᠎ᠤᠨ ᠬᠣᠷᠢᠶ᠎ᠠ (ᠠᠵᠢᠯᠲᠠᠨ᠎ᠤ ᠶᠠᠪᠤᠳᠠᠯ᠎ᠤᠨ ᠭᠠᠵᠠᠷ)᠎ᠶ᠋ᠢᠨ ᠲᠤᠰᠬᠠᠢ ᠲᠤᠰᠢᠶᠠᠯᠲᠤ ᠳᠡᠳ᠋ ᠱᠦᠵᠢ (ᠭᠠᠵᠠᠷ᠎ᠤᠨ ᠳᠠᠷᠤᠭ᠎ᠠ) ᠪᠠᠢ ᠶᠦᠨ ᠵᠢᠶᠦ᠋ᠨ᠄《ᠲᠠᠷᠠᠭᠠᠴᠢ᠎ᠶᠢᠨ ᠠᠯᠬᠤᠮ᠎ᠳᠤ ᠪᠢᠳᠡ ᠤᠯᠤᠰ᠎ᠤᠨ 〈ᠵᠡᠬᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠠᠬᠢ ᠪᠤᠳᠤᠯᠳᠠ ᠵᠢᠨ ᠬᠦᠴᠦᠨ ᠵᠢᠡᠷ ᠳᠤᠯᠭᠠᠭᠤᠷᠢᠯᠠᠬᠤ〉 ᠢᠨᠵᠧᠨᠧᠷᠢᠩ᠎ᠢ ᠬᠡᠷᠡᠭᠵᠢᠭᠦᠯᠬᠦ᠂ ᠪᠥᠬᠥ ᠤᠯᠤᠰ᠎ᠤᠨ ᠨᠢᠭᠡ ᠴᠣᠭᠴᠠᠵᠢᠭᠤᠯᠤᠭᠰᠠᠨ ᠪᠤᠳᠤᠯᠳᠠ ᠵᠢᠨ ᠬᠦᠴᠦᠨ᠎ᠤ ᠰᠦᠯᠵᠢᠶ᠎ᠡ᠎ᠶᠢ ᠪᠠᠶ᠋ᠢᠭᠤᠯᠬᠤ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ᠎ᠢ ᠠᠮᠵᠢᠨ ᠠᠳᠬᠤᠵᠤ᠂ ᠪᠤᠳᠤᠯᠳᠠ ᠵᠢᠨ ᠬᠦᠴᠦᠨ᠎ᠤ ᠰᠠᠭᠤᠷᠢ ᠲᠦᠭᠦᠭᠡᠷᠦᠮᠵᠢ ᠪᠠ ᠴᠠᠬᠢᠯᠭᠠᠨ ᠰᠢᠰᠲ᠋ᠸᠮ᠎ᠤᠨ ᠬᠠᠮᠵᠢᠯᠴᠠᠭ᠎ᠠ᠂ ᠪᠤᠳᠤᠯᠳᠠ ᠵᠢᠨ ᠬᠦᠴᠦᠨ ᠪᠡ ᠤᠰᠤᠨ᠎ᠤ ᠡᠬᠢ ᠪᠠᠶᠠᠯᠢᠭ᠎ᠢ ᠬᠠᠮᠵᠢᠯᠴᠠᠭᠤᠯᠬᠤ᠎ᠶᠢ ᠶᠡᠬᠡᠪᠡᠷ ᠠᠬᠢᠭᠤᠯᠵᠤ᠂ ᠪᠤᠳᠤᠯᠳᠠ ᠵᠢᠨ ᠬᠦᠴᠦᠨ᠎ᠤ ᠳᠠᠪᠠᠭᠤᠯᠢᠭ᠋᠎ᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠳᠦ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ》 ᠭᠡᠵᠦ ᠢᠯᠡᠳᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃