2026-10-28 10:28:59
10 ᠰᠠᠷ᠎ᠠ ᠶ᠋ᠢᠨ 26 ᠤ᠋ ᠡᠳᠦᠷ᠂ ᠶᠡᠷᠦᠩᠬᠡᠢ ᠱᠦᠵᠢ ᠰᠢ ᠶ᠋ᠢᠨ ᠫᠢᠩ ᠤ᠋ᠨ ᠤᠯᠠᠭᠠᠨᠴᠠᠪ ᠲᠦ᠍ ᠰᠢᠨᠵᠢᠯᠡᠨ ᠪᠠᠶ᠋ᠢᠴᠠᠭᠠᠬᠤ ᠦᠶ᠎ᠡ ᠶ᠋ᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠤᠨ ᠤ᠋ 《ᠣᠨᠤᠯ ᠤ᠋ᠨ ᠰᠤᠷᠤᠯᠴᠠᠯᠭ᠎ᠠ ᠶ᠋ᠢᠨ ᠬᠦᠨᠭᠭᠡᠨ ᠮᠤᠷᠢᠲᠤ ᠴᠡᠷᠢᠭ》 ᠤ᠋ᠨ ᠵᠢᠱ᠌ᠢᠶ᠎ᠡ ᠦᠵᠡᠭᠦᠯᠬᠦ᠌ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠤᠯᠠᠭᠠᠨᠴᠠᠪ ᠬᠤᠳᠠ ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ᠍ ᠬᠤᠰᠢᠭᠤᠨ ᠤ᠋ ᠪᠠᠶᠠᠨᠲᠠᠯ᠎ᠠ ᠪᠠᠯᠭᠠᠰᠤᠨ ᠤ᠋ ᠱᠦᠢ ᠴᠢᠤᠸᠠᠨ ᠲᠣᠰᠭᠤᠨ ᠳ᠋ᠤ ᠬᠦᠷᠴᠦ᠍ ᠤᠬᠠᠭᠤᠯᠤᠨ ᠲᠠᠶ᠋ᠢᠯᠪᠤᠷᠢᠯᠠᠯᠳᠠ ᠬᠢᠪᠠ᠃
ᠤᠬᠠᠭᠤᠯᠤᠨ ᠲᠠᠢᠯᠪᠤᠷᠢᠯᠠᠬᠤ ᠲᠤᠬᠠᠢ ᠶ᠋ᠢᠨ ᠲᠠᠯᠠᠪᠠᠢ ᠳ᠋ᠤ᠂ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ᠂ ᠤᠯᠠᠭᠠᠨᠴᠠᠪ ᠬᠤᠲᠠ ᠶ᠋ᠢᠨ ᠴᠠᠬᠠᠷ ᠳᠡᠭᠡᠳᠦ ᠰᠢᠨ᠎ᠡ ᠮᠡᠷᠭᠡᠵᠢᠯ ᠤ᠋ᠨ ᠨᠡᠭᠡᠭᠡᠯᠳᠠᠵᠢᠨ ᠲᠣᠭᠤᠷᠢᠭ ᠤ᠋ᠨ ᠬᠠᠮᠢᠶᠠᠷᠤᠯᠲᠠ ᠶ᠋ᠢᠨ ᠵᠥᠪᠯᠡᠯ ᠤ᠋ᠨ ᠳᠡᠳ᠋ ᠡᠷᠬᠢᠯᠡᠭᠴᠢ ᠯᠢᠦ ᠵᠢᠶᠦ᠋ᠨ ᠫᠢᠩ᠂ ᠤᠯᠠᠭᠠᠨᠴᠠᠪ ᠬᠤᠲᠠ ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ᠍ ᠬᠤᠰᠢᠭᠤᠨ ᠤ᠋ ᠭᠢᠬᠢᠷᠢ ᠶ᠋ᠢᠨ ᠨᠠᠭᠤᠷ ᠤ᠋ᠨ ᠪᠠᠶ᠋ᠢᠭᠠᠯᠢ ᠶ᠋ᠢᠨ ᠬᠠᠮᠠᠭᠠᠯᠠᠯᠲᠠ ᠶ᠋ᠢᠨ ᠣᠷᠤᠨ ᠤ᠋ ᠦᠢᠯᠡᠴᠢᠯᠡᠭᠡᠨ ᠤ᠋ ᠲᠥᠪ ᠤ᠋ᠨ ᠡᠷᠬᠢᠯᠡᠭᠴᠢ ᠸᠠᠩ ᠱᠣᠤ ᠵᠢᠶᠦ᠋ᠨ ᠲᠣᠰᠭᠤᠨ ᠤ᠋ ᠠᠷᠠᠳ ᠲᠠᠢ ᠬᠠᠮᠳᠤ ᠪᠠᠷ ᠲᠤᠭᠤᠢᠯᠠᠨ ᠰᠠᠭᠤᠯᠴᠠᠵᠤ᠂ ᠳᠥᠭᠦᠮ ᠣᠶ᠋ᠢᠯᠠᠭᠠᠮᠵᠢᠲᠠᠢ᠂ ᠪᠤᠷᠤᠭᠵᠢᠭᠤᠨ ᠭᠡᠯᠡᠯᠭᠡ ᠪᠡᠷ ᠶᠡᠷᠦᠩᠬᠡᠢ ᠱᠦᠵᠢ ᠰᠢ ᠶ᠋ᠢᠨ ᠫᠢᠩ ᠤ᠋ᠨ ᠤᠯᠠᠭᠠᠨᠴᠠᠪ ᠲᠦ᠍ ᠰᠢᠨᠵᠢᠯᠡᠨ ᠪᠠᠶ᠋ᠢᠴᠠᠭᠠᠬᠤ ᠬᠤᠭᠤᠴᠠᠭᠠᠨ ᠳ᠋ᠡᠬᠢ ᠮᠠᠷᠲᠠᠭᠳᠠᠰᠢᠦᠭᠡᠢ ᠴᠠᠭ ᠬᠤᠭᠤᠴᠠᠭ᠎ᠠ ᠵᠢ ᠡᠷᠭᠢᠴᠡᠭᠦᠯᠵᠦ᠂ ᠦᠪᠡᠷᠰᠡᠳᠤᠨ ᠠᠵᠢᠯ ᠤ᠋ᠨ ᠪᠣᠳᠠᠲᠠᠢ ᠲᠠᠢ ᠪᠠᠨ ᠤᠶᠠᠯᠳᠤᠭᠤᠯᠤᠨ᠂ ᠶᠡᠷᠦᠩᠬᠡᠢ ᠱᠦᠵᠢ ᠰᠢ ᠶ᠋ᠢᠨ ᠫᠢᠩ ᠤ᠋ᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠵᠢ ᠣᠯᠠᠨ ᠲᠠᠯ᠎ᠠ ᠡᠴᠡ ᠠᠮᠢᠳᠤᠯᠢᠭ ᠢ᠋ᠶ᠋ᠡᠷ ᠲᠠᠶ᠋ᠢᠯᠪᠤᠷᠢᠯᠠᠵᠤ᠂ ᠪᠥᠬᠦ᠌ ᠲᠣᠰᠭᠤᠨ ᠤ᠋ ᠠᠷᠠᠳ ᠢ᠋ ᠬᠦᠰᠡᠯ ᠨᠠᠶ᠋ᠢᠳᠠᠯᠭᠠ ᠵᠢ ᠪᠠᠲᠤ᠌ ᠴᠡᠭᠡᠵᠢᠯᠡᠵᠦ᠍᠂ ᠤᠬᠠᠮᠰᠠᠷ ᠡᠴᠡ ᠪᠠᠨ ᠰᠠᠢᠨ ᠰᠠᠢᠬᠠᠨ ᠠᠮᠢ ᠠᠬᠤᠢ ᠣᠷᠴᠢᠨ ᠲᠣᠭᠤᠷᠢᠨ ᠤ᠋ ᠬᠠᠮᠠᠭᠠᠯᠠᠭᠴᠢ ᠪᠣᠯᠬᠤ ᠪᠠᠷ ᠴᠢᠷᠮᠠᠢᠵᠠᠭᠠᠶ᠎ᠠ ᠭᠡᠵᠤ ᠤᠷᠢᠶᠠᠯᠠᠪᠠ᠃
ᠪᠠᠶᠠᠨᠲᠠᠯ᠎ᠠ ᠪᠠᠯᠭᠠᠰᠤᠨ ᠤ᠋ ᠬᠤᠵᠢᠷᠲᠤ ᠲᠠᠯ᠎ᠠ ᠲᠣᠰᠭᠤᠨ ᠤ᠋ ᠨᠠᠮ ᠤ᠋ᠨ ᠡᠭᠦᠷ ᠤ᠋ᠨ ᠱᠦᠵᠢ ᠬᠠᠨ ᠵᠢᠶᠦ᠋ᠨ᠄ 《ᠶᠡᠷᠦᠩᠬᠡᠢ ᠱᠦᠵᠢᠵᠢᠨ ᠤᠯᠠᠭᠠᠨᠴᠠᠪ ᠲᠦ᠍ ᠰᠢᠨᠵᠢᠯᠡᠨ ᠪᠠᠶ᠋ᠢᠴᠠᠭᠠᠬᠤ ᠦᠶ᠎ᠡ ᠶ᠋ᠢᠨ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠨᠢ ᠪᠢᠳᠡᠨ ᠤ᠋ ᠠᠮᠢ ᠠᠬᠤᠢ ᠵᠢ ᠤᠷᠢᠳ ᠢ᠋ᠶ᠋ᠡᠷ ᠪᠣᠳᠤᠯᠬᠢᠯᠠᠬᠤ᠂ ᠪᠣᠬᠢᠷᠲᠤᠯ᠎ᠦᠭᠡᠢ ᠬᠥᠭᠵᠢᠭᠦᠯᠬᠦ᠌ ᠴᠢᠭᠯᠡᠯ ᠢ᠋ ᠨᠡᠩ ᠲᠣᠳᠤᠷᠬᠠᠢ ᠪᠣᠯᠭᠠᠪᠠ᠃ ᠳᠠᠷᠠᠭᠠᠴᠢ ᠪᠠᠷ᠂ ᠪᠢᠳᠡ ᠬᠢᠬᠢᠷᠢ ᠶ᠋ᠢᠨ ᠨᠠᠭᠤᠷ ᠤ᠋ᠨ ᠨᠤᠭᠤ ᠭᠠᠵᠠᠷ ᠢ᠋ ᠪᠠᠳᠤ ᠰᠠᠬᠢᠬᠤ ᠵᠢ ᠴᠦᠬᠦᠷᠡᠰᠢ ᠦᠭᠡᠢ ᠪᠠᠷᠢᠮᠲᠠᠯᠠᠵᠤ᠂ ᠡᠳᠦᠷ ᠲᠤᠳᠤᠮ ᠤ᠋ᠨ ᠬᠠᠮᠢᠶᠠᠷᠤᠯᠲᠠ ᠬᠠᠮᠠᠭᠠᠯᠠᠯᠲᠠ ᠵᠢ ᠰᠠᠶ᠋ᠢᠲᠤᠷ ᠬᠢᠵᠤ᠂ ᠮᠠᠯ ᠪᠡᠯᠴᠢᠭᠡᠷ ᠢ᠋ ᠲᠡᠩᠴᠡᠭᠦᠷᠢ ᠲᠠᠢ ᠪᠠᠢᠯᠭᠠᠬᠤ ᠵᠢ ᠡᠷᠴᠢᠮᠳᠠᠢ ᠨᠠᠶ᠋ᠢᠳᠠᠪᠤᠷᠢᠵᠢᠭᠤᠯᠤᠨ᠂ ᠨᠢᠭᠡ ᠲᠠᠯ᠎ᠠ ᠪᠡᠷ ᠠᠮᠢ ᠠᠬᠤᠢ ᠵᠢ ᠰᠠᠶ᠋ᠢᠲᠤᠷ ᠬᠠᠮᠠᠭᠠᠯᠠᠵᠤ᠂ ᠨᠦᠬᠦᠭᠡ ᠲᠠᠯ᠎ᠠ ᠪᠡᠷ ᠪᠣᠬᠢᠷᠲᠤᠯ᠎ᠦᠭᠡᠢ ᠲᠠᠷᠢᠵᠤ ᠲᠡᠵᠢᠭᠡᠬᠦ᠌ ᠠᠵᠤ ᠦᠢᠯᠡᠰ ᠢ᠋ ᠬᠥᠭᠵᠢᠭᠦᠯᠵᠦ᠍᠂ ᠨᠤᠲᠤᠭ ᠤ᠋ᠨ ᠠᠬ᠎ᠠ ᠳᠡᠭᠦᠤᠨᠡᠷ ᠵᠢᠡᠨ ᠳᠠᠢᠴᠢᠯᠠᠨ ᠣᠷᠤᠯᠭ᠎ᠠ ᠵᠢ ᠨᠢ ᠨᠡᠮᠡᠭᠳᠡᠭᠦᠯᠵᠤ ᠠᠳᠠᠯ ᠠᠮᠢᠳᠤᠷᠠᠯᠢ ᠨᠢ ᠦᠭᠡᠳᠡ ᠲᠠᠳᠠᠨ᠎ᠠ᠃ ᠪᠢ ᠪᠠᠰᠠ ᠲᠣᠰᠭᠤᠨ ᠤ᠋ ᠠᠷᠠᠳ ᠲᠦ᠍ ᠢᠯᠡᠭᠦᠬᠡᠨ ᠤᠬᠠᠭᠤᠯᠭ᠎ᠠ ᠬᠢᠵᠦ᠍᠂ ᠤᠯᠠᠨ ᠢ᠋ᠶ᠋ᠡᠷ ᠢ᠋ᠶ᠋ᠡᠨ ᠰᠡᠳᠬᠢᠯ ᠨᠢᠭᠡᠳᠤᠨ ᠬᠦᠴᠤ ᠪᠠᠨ ᠬᠠᠮᠳᠤᠳᠬᠠᠵᠤ ᠬᠢᠬᠢᠷᠢᠵᠢᠨ ᠨᠠᠭᠤᠷ ᠢ᠋ᠶ᠋ᠡᠨ ᠰᠠᠢᠳᠤᠷ ᠰᠠᠬᠢᠨ ᠬᠠᠮᠠᠭᠠᠯᠠᠵᠤ᠂ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠰᠢᠨ ᠤ᠋ ᠬᠠᠯᠬᠠᠪᠴᠢ ᠵᠢ ᠨᠠᠡᠭ ᠪᠠᠬᠢᠵᠢᠭᠦᠯᠤᠨ᠂ ᠬᠥᠳᠡᠭᠡ ᠲᠣᠰᠭᠤᠨ ᠢ᠋ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠳ᠋ᠤ ᠬᠦᠴᠦᠨ ᠴᠢᠳᠠᠯ ᠢ᠋ᠶ᠋ᠡᠨ ᠨᠠᠮᠡᠷᠢᠯᠡᠨᠠ》 ᠭᠡᠪᠠ᠃
ᠱᠦᠢ ᠴᠢᠤᠸᠠᠨ ᠲᠣᠰᠭᠤᠨ ᠤ᠋ ᠠᠷᠠᠳ ᠵᠠᠩ ᠬᠣᠩ ᠷᠦ᠍᠄ 《ᠪᠢ ᠬᠢᠬᠢᠷᠢ ᠶ᠋ᠢᠨ ᠨᠠᠭᠤᠷ ᠤ᠋ᠨ ᠬᠦᠪᠡᠭᠡᠨ ᠳ᠋ᠤ ᠦᠰᠴᠦ ᠠᠮᠢᠳᠤᠷᠠᠵᠤ ᠢᠷᠡᠵᠡᠢ᠃ ᠡᠨᠡ ᠬᠡᠳᠦᠨ ᠵᠢᠯ ᠳ᠋ᠤ ᠬᠢᠬᠢᠷᠢ ᠶ᠋ᠢᠨ ᠨᠠᠭᠤᠷ ᠲᠦ᠍ ᠯᠤᠳᠤ ᠶᠡᠬᠡ ᠬᠤᠪᠢᠷᠠᠯᠲᠠ ᠭᠠᠷᠴᠦ᠂ ᠨᠠᠭᠤᠷ ᠤ᠋ᠨ ᠤᠰᠤ ᠲᠤᠩᠭᠠᠯᠠᠭᠰᠢᠵᠤ᠂ ᠡᠷᠭᠢ ᠪᠠ ᠨᠣᠭᠤ ᠭᠠᠵᠠᠷ ᠤ᠋ᠨ ᠡᠪᠡᠰᠦᠴᠦ᠍ ᠢᠬᠴᠤᠷᠠᠨ ᠤᠷᠭᠤᠵᠤ᠂ ᠨᠡᠭᠦᠳᠡᠯᠦᠨ ᠰᠢᠪᠠᠭᠤᠳ ᠵᠢᠯ ᠡᠴᠡ ᠵᠢᠯ ᠤᠯᠠᠰᠢᠷᠠᠵᠠᠢ᠃ ᠡᠳᠡᠭᠡᠷ ᠬᠤᠪᠢᠷᠠᠯᠲᠠ ᠵᠢ ᠬᠠᠷᠠᠭᠠᠳ ᠪᠢ ᠮᠠᠰᠢ ᠪᠠᠶᠠᠷᠯᠠᠵᠤ ᠪᠠᠢᠨ᠎ᠠ᠃ ᠤᠤᠯ ᠨᠢ ᠬᠢᠬᠢᠷᠢ ᠶ᠋ᠢᠨ ᠨᠠᠭᠤᠷ ᠢ᠋ ᠬᠠᠮᠠᠭᠠᠯᠠᠨ᠂ ᠠᠮᠢ ᠠᠬᠤᠢ ᠵᠢ ᠬᠠᠮᠠᠭᠠᠯᠠᠬᠤ ᠪᠣᠯ ᠺᠠᠳ᠋ᠷᠴᠤᠳ ᠤ᠋ᠨ ᠶᠠᠪᠤᠳᠠᠯ ᠭᠡᠵᠦ ᠪᠤᠳᠤᠵᠤ ᠪᠠᠢᠭᠰᠠᠨ ᠰᠢᠤ᠃ ᠥᠨᠦᠳᠦᠷ ᠤᠬᠠᠭᠤᠯᠤᠨ ᠲᠠᠶ᠋ᠢᠯᠪᠤᠷᠢᠯᠠᠬᠤ ᠵᠢ ᠰᠣᠨᠤᠰᠤᠭᠠᠳ ᠮᠠᠨ ᠤ᠋ ᠠᠷᠠᠳ ᠤᠯᠠᠨ ᠴᠦ᠍ ᠬᠠᠷᠢᠭᠤᠴᠠᠯᠭ᠎ᠠ ᠲᠠᠢ ᠭᠡᠳᠡᠭ ᠢ᠋ ᠤᠬᠠᠵᠠᠢ᠃ ᠬᠤᠢᠰᠢᠳᠠ ᠪᠢᠳᠡ ᠣᠷᠴᠢᠨ ᠲᠣᠭᠤᠷᠢᠨ ᠢ᠋ ᠤᠬᠠᠮᠰᠠᠷ ᠡᠴᠡ ᠪᠠᠨ ᠬᠠᠶ᠋ᠢᠷᠠᠯᠠᠨ ᠬᠠᠮᠠᠭᠠᠯᠠᠵᠤ᠂ ᠬᠤᠭ ᠨᠣᠪᠰᠢᠵᠢ ᠲᠤᠷ᠎ᠠ ᠪᠠᠷ ᠬᠠᠶᠠᠬᠤᠦᠭᠡᠢ᠂ ᠬᠢᠬᠢᠷᠢ ᠶ᠋ᠢᠨ ᠨᠠᠭᠤᠷ ᠵᠢᠡᠨ ᠬᠠᠮᠲᠤ ᠪᠡᠷ ᠰᠠᠬᠢᠨ ᠬᠠᠮᠠᠭᠠᠯᠠᠵᠤ ᠂ ᠨᠠᠩ ᠦᠵᠡᠰᠬᠦᠯᠡᠩᠲᠦ᠍ ᠰᠠᠶ᠋ᠢᠬᠠᠨ ᠪᠣᠯᠭᠠᠬᠤ ᠪᠠᠷ ᠬᠦᠴᠤᠯᠠᠨ ᠴᠢᠷᠮᠠᠢᠨ᠎ᠠ》 ᠭᠡᠵᠦ᠍ ᠬᠠᠷᠠᠯᠳᠠ ᠵᠤᠷᠢᠯᠳᠠ ᠪᠠᠨ ᠲᠠᠯᠭᠡᠵᠤ ᠭᠠᠷᠤᠯ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃