2026-10-28 10:40:06
— ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠢ ᠲᠠᠷᠢᠶᠠᠯᠠᠩ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠭᠦᠸᠧ ᠵᠠᠨ ᠵᠢᠶᠠᠩᠢ ᠰᠤᠷᠪᠤᠯᠵᠢᠯᠠᠭᠰᠠᠨ ᠨᠢ
ᠠᠯᠲᠠᠨ ᠨᠠᠮᠤᠷ᠎ᠤᠨ ᠤᠯᠠᠷᠢᠯ᠎ᠳᠤ᠂ ᠥᠪᠥᠷ ᠮᠣᠩᠭᠣᠯ᠎ᠤᠨ ᠡᠬᠡ ᠭᠠᠵᠠᠷ᠎ᠲᠤ ᠲᠤᠲᠤᠷᠭ᠎ᠠ᠎ᠵᠢᠨ ᠠᠩᠬᠢᠯᠤᠮ᠎ᠠ ᠦᠨᠦᠷ ᠬᠠᠩᠬᠤᠯᠵᠤ᠂ ᠡᠯᠪᠡᠭ ᠬᠤᠷᠢᠶᠠᠯᠲᠠ᠎ᠶᠢᠨ ᠦᠵᠡᠮᠵᠢ ᠲᠣᠳᠣᠷᠠᠨ᠎ᠠ᠃ 10 ᠰᠠᠷ᠎ᠠ᠎ᠶᠢᠨ 16᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ᠎ᠳᠠᠭᠠᠨ᠂ ᠲᠤᠬᠠᠢ᠎ᠶᠢᠨ ᠭᠠᠵᠠᠷ᠎ᠤᠨ ᠣᠨᠴᠠᠯᠢᠭ᠍ᠲᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠵᠡᠭᠦᠯᠭᠡ᠎ᠶᠢ ᠪᠠᠢᠴᠠᠭᠠᠨ ᠦᠵᠡᠵᠦ᠂ ᠭᠣᠣᠯ ᠪᠣᠯᠬᠤ ᠡᠭᠦᠯᠳᠡᠷ ᠪᠣᠯᠣᠨ ᠶᠠᠰᠤ ᠴᠢᠨᠠᠷ᠎ᠤᠨ ᠣᠨᠴᠠᠯᠢᠭ᠋᠎ᠢ ᠨᠠᠷᠢᠨ ᠣᠢᠯᠠᠭᠠᠵᠤ᠂ ᠲᠤᠬᠠᠢ᠎ᠶᠢᠨ ᠭᠠᠵᠠᠷ᠎ᠤᠨ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ᠎ᠶᠢ ᠴᠢᠩᠭᠠᠳᠬᠠᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭᠳᠡᠭᠦᠯᠵᠦ ᠪᠠᠶᠠᠵᠢᠬᠤ᠎ᠶᠢ ᠠᠬᠢᠭᠤᠯᠬᠤ᠎ᠶᠢ ᠵᠣᠷᠢᠭ᠍ᠵᠢᠭᠤᠯᠪᠠ᠃ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠨᠢ ᠥᠪᠥᠷ ᠮᠣᠩᠭᠣᠯ᠎ᠤᠨ ᠮᠠᠯ ᠠᠵᠤ ᠠᠬᠤᠢ ᠲᠠᠷᠢᠶᠠᠯᠠᠩ᠎ᠤᠨ ᠴᠢᠨᠠᠷ ᠰᠠᠢᠲᠠᠢ ᠬᠥᠭᠵᠢᠯᠲᠡ᠎ᠳᠦ ᠴᠢᠭᠯᠡᠯ᠎ᠢ ᠲᠣᠳᠣᠷᠬᠠᠢ ᠵᠢᠭᠠᠵᠤ ᠥᠭᠴᠡᠢ᠃
ᠶᠠᠭᠤᠨ᠎ᠳᠤ ᠠᠮᠢ ᠠᠬᠤᠢ᠎ᠶᠢᠨ ᠮᠠᠯ ᠠᠵᠤ ᠠᠬᠤᠢ ᠲᠠᠷᠢᠶᠠᠯᠠᠩ᠎ᠤᠨ ᠵᠠᠮ᠎ᠢᠶᠠᠷ ᠵᠠᠮᠨᠠᠬᠤ ᠪᠣᠶ ? ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠭᠠᠷᠤᠯᠲᠠ᠎ᠶᠢᠨ ᠶᠡᠬᠡ ᠣᠷᠣᠨ᠎ᠡᠴᠡ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰ᠎ᠦᠨ ᠬᠦᠴᠦᠷᠬᠡᠭ ᠣᠷᠣᠨ ᠳᠠᠢᠰᠢ ᠬᠤᠪᠢᠷᠠᠭᠤᠯᠬᠤ᠎ᠶᠢ ᠬᠡᠷᠬᠢᠨ ᠲᠦᠷᠭᠡᠳᠬᠡᠬᠦ ᠪᠣᠶ? ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠢ ᠲᠠᠷᠢᠶᠠᠯᠠᠩ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠭᠦᠸᠧ ᠵᠠᠨ ᠵᠢᠶᠠᠩᠢ ᠲᠤᠰᠬᠠᠢᠯᠠᠨ ᠰᠤᠷᠪᠤᠯᠵᠢᠯᠠᠪᠠ᠃
ᠭᠦᠸᠧ ᠵᠠᠨ ᠵᠢᠶᠠᠩ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ ᠪᠣᠯ ᠥᠪᠥᠷ ᠮᠣᠩᠭᠣᠯ᠎ᠤᠨ ᠡᠷᠬᠡᠪᠰᠢ ᠡᠭᠦᠷᠭᠡᠯᠡᠬᠦ ᠴᠢᠬᠤᠯᠠ ᠶᠡᠬᠡ ᠤᠯᠤᠰ ᠲᠦᠷᠦ᠎ᠶᠢᠨ ᠬᠠᠷᠢᠭᠤᠴᠠᠯᠭ᠎ᠠ ᠪᠣᠯᠣᠨ᠎ᠠ᠃ ᠡᠨᠡ ᠬᠦ᠌ ᠡᠭᠦᠷᠭᠡ᠎ᠶᠢ ᠪᠡᠶᠡᠯᠡᠭᠦᠯᠬᠦ᠎ᠳᠦ ᠥᠪᠥᠷ ᠮᠣᠩᠭᠣᠯ ᠪᠠᠲᠤ ᠪᠡᠬᠢ ᠰᠠᠭᠤᠷᠢ᠎ᠲᠠᠢ ᠪᠥᠭᠡᠳ ᠢᠲᠡᠭᠡᠯ ᠲᠡᠭᠦᠯᠳᠡᠷ ᠪᠠᠢᠨ᠎ᠠ᠃
ᠡᠨᠡ ᠬᠦ᠌ ᠢᠲᠡᠭᠡᠯ ᠨᠢ ᠡᠩ ᠲᠡᠷᠢᠭᠦᠨ᠎ᠳᠦ ᠨᠠᠮ᠎ᠤᠨ ᠲᠥᠪ ᠬᠣᠷᠢᠶᠠᠨ᠎ᠤ ᠳᠣᠲᠣᠨᠣ᠌ ᠬᠠᠯᠠᠮᠵᠢᠯᠠᠯ ᠪᠠ ᠪᠠᠢᠯᠳᠤᠬᠤ ᠪᠣᠳᠣᠯᠭ᠎ᠠ᠎ᠶᠢᠨ ᠵᠢᠯᠣᠭᠣᠳᠤᠯᠭ᠎ᠠ᠎ᠡᠴᠡ ᠢᠷᠡᠯᠲᠡ᠎ᠲᠠᠢ ᠶᠤᠮ᠃ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠢᠮᠠᠭᠲᠠ ᠭᠦᠨ ᠰᠠᠨᠠᠭᠠᠯᠵᠠᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢᠨ ᠲᠤᠬᠠᠢ ᠰᠠᠨᠠᠭᠠᠰᠢᠷᠠᠵᠤ᠂ ᠥᠪᠥᠷ ᠮᠣᠩᠭᠣᠯ᠎ᠤᠨ ᠮᠠᠯ ᠠᠵᠤ ᠠᠬᠤᠢ ᠲᠠᠷᠢᠶᠠᠯᠠᠩ᠎ᠤᠨ ᠬᠥᠭᠵᠢᠯᠲᠡ᠎ᠶᠢᠨ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭᠠᠵᠤ ᠥᠭᠴᠡᠢ᠃ ᠳᠠᠷᠠᠭᠠᠯᠠᠪᠠᠯ᠂ ᠤᠯᠤᠰ᠎ᠤᠨ ᠲᠥᠷᠥ᠎ᠶᠢᠨ ᠪᠣᠳᠣᠯᠭ᠎ᠠ᠎ᠶᠢᠨ ᠬᠦᠴᠦᠲᠡᠢ ᠳᠡᠮᠵᠢᠯᠭᠡ᠎ᠡᠴᠡ ᠢᠷᠡᠯᠲᠡ᠎ᠲᠠᠢ᠃ ᠨᠠᠮ᠎ᠤᠨ ᠲᠥᠪ ᠬᠣᠷᠢᠶ᠎ᠠ᠎ᠡᠴᠡ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》 ᠤ᠋ ᠠᠵᠢᠯ᠎ᠳᠠᠬᠢ ᠣᠷᠣᠭᠤᠯᠤᠯᠲᠠ᠎ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠥᠪᠥᠷ ᠮᠣᠩᠭᠣᠯ᠎ᠤᠨ ᠮᠠᠯ ᠠᠵᠤ ᠠᠬᠤᠢ ᠲᠠᠷᠢᠶᠠᠯᠠᠩ᠎ᠤᠨ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠬᠠᠩᠭᠠᠪᠠ᠃ ᠭᠤᠷᠪᠠᠳᠤᠭᠠᠷ ᠲᠦ᠍᠂ ᠣᠷᠣᠨ ᠳᠠᠶᠠᠭᠠᠷ᠎ᠤᠨ ᠪᠦᠯᠬᠦᠮᠳᠡᠯ ᠲᠡᠮᠡᠴᠡᠯ᠎ᠡᠴᠡ ᠢᠷᠡᠯᠲᠡ᠎ᠲᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠮᠠᠯ ᠠᠵᠤ ᠠᠬᠤᠢ ᠲᠠᠷᠢᠶᠠᠯᠠᠩ᠎ᠢ ᠴᠢᠬᠤᠯᠠ ᠠᠵᠢᠯ ᠪᠣᠯᠭᠠᠨ ᠲᠣᠪᠣᠢᠮ᠎ᠠ ᠪᠠᠢᠷᠢᠨ᠎ᠳᠤ ᠲᠠᠯᠪᠢᠬᠤ᠎ᠶᠢ ᠪᠠᠷᠢᠮᠲᠠᠯᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠡᠷᠡᠮᠡᠬᠡᠢᠯᠡᠨ ᠤᠷᠤᠭᠰᠢᠯᠠᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠵᠠᠢ ᠭᠡᠵᠦ ᠢᠯᠡᠳᠭᠡᠪᠡ᠃
ᠭᠦᠸᠧ ᠵᠠᠨ ᠵᠢᠶᠠᠩ ᠥᠪᠥᠷ ᠮᠣᠩᠭᠣᠯ᠎ᠤᠨ ᠠᠮᠢ ᠠᠬᠤᠢ᠎ᠵᠢᠨ ᠮᠠᠯ ᠠᠵᠤ ᠠᠬᠤᠢ ᠲᠠᠷᠢᠶᠠᠯᠠᠩ᠎ᠤᠨ ᠵᠠᠮ᠎ᠢᠶᠠᠷ ᠵᠠᠮᠨᠠᠬᠤ ᠰᠣᠩᠭᠣᠯᠲᠠ᠎ᠶᠢᠨ ᠠᠷᠤ᠎ᠳᠠᠬᠢ ᠪᠣᠳᠠᠲᠤ ᠯᠣᠭᠢᠭ᠋᠎ᠢ ᠵᠠᠳᠠᠯᠤᠨ ᠰᠢᠨᠵᠢᠯᠡᠪᠡ᠃ ᠡᠬᠢ ᠪᠠᠶᠠᠯᠢᠭ᠋ ᠣᠷᠴᠢᠨ ᠲᠣᠭᠣᠷᠢᠨ᠎ᠡᠴᠡ ᠦᠵᠡᠪᠡᠯ᠂ ᠥᠪᠥᠷ ᠮᠣᠩᠭᠣᠯ ᠪᠣᠯ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠪᠣᠯᠣᠨ᠎ᠠ᠂ ᠥᠪᠥᠷ ᠮᠣᠩᠭᠣᠯ᠎ᠤᠨ ᠠᠮᠢ ᠠᠬᠤᠢ᠎ᠶᠢᠨ ᠪᠠᠢᠳᠠᠯ ᠬᠢᠷᠢ ᠵᠡᠷᠭᠡ ᠪᠠᠢᠬᠤ ᠨᠢ ᠪᠥᠬᠥ ᠣᠷᠣᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠷᠣᠰᠢᠨ ᠲᠣᠭᠲᠠᠨᠢᠬᠤ ᠪᠠ ᠬᠥᠭᠵᠢᠯᠲᠡ᠎ᠲᠠᠢ ᠬᠣᠯᠪᠣᠭᠳᠠᠬᠤ᠎ᠪᠠᠷ ᠪᠠᠷᠠᠬᠤ ᠦᠭᠡᠢ᠂ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ ᠴᠢᠨᠠᠭᠰᠢᠯᠠᠪᠠᠯ ᠪᠥᠬᠥ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠎ᠲᠠᠢ ᠬᠣᠯᠪᠣᠭᠳᠠᠨ᠎ᠠ᠃ ᠣᠯᠠᠨ ᠲᠦᠮᠡᠨ᠎ᠦ ᠬᠡᠷᠡᠭᠴᠡᠭᠡ ᠱᠠᠭᠠᠷᠳᠠᠯᠭ᠎ᠠ᠎ᠡᠴᠡ ᠠᠪᠴᠤ ᠦᠵᠡᠪᠡᠯ᠂ ᠠᠮᠢᠳᠤᠷᠠᠯ᠎ᠤᠨ ᠲᠦᠪᠰᠢᠨ᠎ᠦ ᠳᠡᠭᠡᠭᠰᠢᠯᠡᠬᠦ᠎ᠶᠢ ᠳᠠᠭᠠᠯᠳᠤᠨ᠂ ᠠᠷᠠᠳ ᠣᠯᠠᠨ᠎ᠤ ᠴᠢᠨᠠᠷ ᠰᠠᠢᠲᠠᠢ᠂ ᠠᠮᠤᠷ ᠲᠦᠪᠰᠢᠨ᠂ ᠪᠣᠬᠢᠷᠲᠤᠯ ᠦᠭᠡᠢ ᠮᠠᠯ᠎ᠤᠨ ᠠᠰᠢᠭ᠋ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠎ᠦ ᠬᠡᠷᠡᠭᠴᠡᠭᠡ ᠱᠠᠭᠠᠷᠳᠠᠯᠭ᠎ᠠ ᠡᠳᠦᠷ ᠢᠷᠡᠬᠦᠶ᠎ᠡ ᠨᠡᠮᠡᠭᠳᠡᠪᠡ᠃ ᠴᠢᠨᠠᠷ ᠰᠠᠢᠲᠠᠢ ᠬᠥᠭᠵᠢᠯᠲᠡ᠎ᠡᠴᠡ ᠦᠵᠡᠪᠡᠯ᠂ ᠪᠣᠬᠢᠷᠲᠤᠯ ᠦᠭᠡᠢ ᠨᠤᠮᠢᠨ ᠨᠤᠭᠤᠭᠠᠨ ᠪᠣᠯ ᠴᠢᠨᠠᠷ ᠰᠠᠢᠲᠠᠢ ᠬᠥᠭᠵᠢᠯᠲᠡ᠎ᠶᠢᠨ ᠳᠡᠪᠢᠰᠭᠡᠷ ᠥᠩᠭᠡ ᠮᠥᠨ᠃ ᠭᠠᠭᠴᠠ ᠬᠦ᠌ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ᠎ᠶᠢ ᠪᠠᠷᠢᠮᠲᠠᠯᠠᠪᠠᠯ ᠰᠠᠶᠢ ᠮᠠᠯ ᠠᠵᠤ ᠠᠬᠤᠢ ᠲᠠᠷᠢᠶᠠᠯᠠᠩ᠎ᠤᠨ ᠨᠡᠮᠡᠯᠲᠡ ᠥᠷᠲᠡᠭ᠎ᠢ ᠳᠡᠭᠡᠭᠰᠢᠯᠡᠭᠦᠯᠵᠦ᠂ ᠠᠵᠤ ᠦᠢᠯᠡᠰ᠎ᠦᠨ ᠥᠷᠢᠰᠦᠯᠳᠦᠬᠦ ᠬᠦᠴᠦᠨ᠎ᠢ ᠴᠢᠩᠭᠠᠷᠠᠭᠤᠯᠵᠤ᠂《ᠬᠡᠮᠵᠢᠶ᠎ᠡ》 ᠵᠢᠨ ᠬᠤᠷᠠᠮᠳᠤᠯ᠎ᠡᠴᠡ 《ᠴᠢᠨᠠᠷ》 ᠤ᠋ᠨ ᠦᠰᠦᠷᠦᠯᠲᠡ᠎ᠶᠢ ᠦᠨᠡᠨ ᠬᠦ᠌ ᠪᠡᠶᠡᠯᠡᠭᠦᠯᠵᠦ ᠴᠢᠳᠠᠨ᠎ᠠ ᠭᠡᠪᠡ᠃
《ᠪᠢᠳᠡ ᠡᠷᠬᠡᠪᠰᠢ ᠰᠢ ᠵᠢᠨ ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ᠎ᠶᠢᠨ ᠮᠠᠯ ᠠᠵᠤ ᠠᠬᠤᠢ ᠲᠠᠷᠢᠶᠠᠯᠠᠩ᠎ᠤᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭᠲᠡᠢ》 ᠭᠡᠵᠦ ᠭᠦᠸᠧ ᠵᠠᠨ ᠵᠢᠶᠠᠩ ᠬᠡᠯᠡᠪᠡ᠃
ᠭᠦᠸᠧ ᠵᠠᠨ ᠵᠢᠶᠠᠩ᠂ ᠪᠣᠬᠢᠷᠲᠤᠯ ᠦᠭᠡᠢ ᠨᠤᠮᠢᠨ ᠨᠤᠭᠤᠭᠠᠨ ᠪᠣᠯ ᠮᠠᠨ᠎ᠤ ᠣᠷᠣᠨ᠎ᠤ ᠳᠡᠪᠢᠰᠭᠡᠷ ᠥᠩᠭᠡ᠂ ᠬᠠᠮᠤᠭ᠎ᠤᠨ ᠶᠡᠬᠡ ᠳᠠᠪᠠᠭᠤᠯᠢᠭ᠋ ᠮᠥᠨ᠃ ᠥᠪᠥᠷ ᠮᠣᠩᠭᠣᠯ ᠪᠣᠬᠢᠷᠲᠤᠯ ᠦᠭᠡᠢ ᠦᠢᠯᠡᠳᠪᠦᠷᠢᠯᠡᠯ᠂ ᠪᠣᠬᠢᠷᠲᠤᠯ ᠦᠭᠡᠢ ᠠᠵᠤ ᠦᠢᠯᠡᠰ᠂ ᠪᠣᠬᠢᠷᠲᠤᠯ ᠦᠭᠡᠢ ᠦᠢᠯᠡᠳᠬᠦᠨ ᠵᠡᠷᠭᠡ ᠭᠤᠷᠪᠠᠨ 《ᠪᠣᠬᠢᠷᠲᠤᠯ ᠦᠭᠡᠢ ᠲᠦᠷᠦᠯ ᠲᠡᠮᠳᠡᠭ》 ᠢ᠋ ᠭᠣᠣᠯᠳᠠᠯᠭ᠎ᠠ᠎ᠲᠠᠢ ᠰᠠᠢᠲᠤᠷ ᠬᠢᠵᠦ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠭᠠᠷᠤᠯᠲᠠ᠎ᠶᠢᠨ ᠶᠡᠬᠡ ᠣᠷᠣᠨ᠎ᠡᠴᠡ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰ᠎ᠦᠨ ᠬᠦᠴᠦᠷᠬᠡᠭ ᠣᠷᠣᠨ ᠳᠠᠢᠰᠢ ᠬᠤᠪᠢᠷᠠᠭᠤᠯᠬᠤ᠎ᠶᠢ ᠲᠦᠷᠭᠡᠳᠬᠡᠨ᠎ᠡ ᠭᠡᠵᠦ ᠳᠤᠷᠠᠳᠪᠠ᠃
ᠡᠩ ᠲᠡᠷᠢᠭᠦᠨ᠎ᠳᠦ᠂ ᠪᠣᠬᠢᠷᠲᠤᠯ ᠦᠭᠡᠢ ᠦᠢᠯᠡᠳᠪᠦᠷᠢᠯᠡᠯ᠎ᠦᠨ ᠲᠦᠷᠦᠯ ᠲᠡᠮᠳᠡᠭ᠎ᠢ ᠰᠠᠢᠲᠤᠷ ᠬᠢᠵᠦ᠂ ᠰᠠᠭᠤᠷᠢ᠎ᠪᠠᠨ ᠪᠠᠲᠤᠳᠬᠠᠨ᠎ᠠ᠃ ᠭᠦᠸᠧ ᠵᠠᠨ ᠵᠢᠶᠠᠩ ᠲᠠᠨᠢᠯᠴᠠᠭᠤᠯᠬᠤ᠎ᠳᠠᠭᠠᠨ᠂ ᠥᠪᠥᠷ ᠮᠣᠩᠭᠣᠯ ᠲᠠᠷᠢᠶᠠᠨ ᠭᠠᠵᠠᠷ᠎ᠤᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠂ ᠬᠠᠷ᠎ᠠ ᠬᠥᠷᠥᠰᠥᠲᠦ ᠭᠠᠵᠠᠷ᠎ᠢ ᠬᠠᠮᠠᠭᠠᠯᠠᠬᠤ ᠢᠨᠵᠧᠨᠧᠷᠢᠩ ᠪᠠ ᠬᠤᠵᠢᠷᠯᠢᠭ᠋ ᠭᠠᠵᠠᠷ᠎ᠢ ᠶᠡᠷᠦᠩᠬᠡᠢᠯᠡᠨ ᠠᠰᠢᠭ᠍ᠯᠠᠬᠤ᠎ᠶᠢ ᠭᠦᠨᠵᠡᠭᠡᠢ ᠬᠡᠷᠡᠭᠵᠢᠭᠦᠯᠵᠦ᠂ ᠬᠠᠮᠠᠭᠠᠯᠠᠯᠲᠠ᠎ᠶᠢᠨ ᠴᠢᠨᠠᠷᠲᠠᠢ ᠲᠠᠷᠢᠶᠠᠯᠠᠬᠤ ᠮᠡᠷᠭᠡᠵᠢᠯ᠎ᠢ ᠳᠡᠯᠭᠡᠷᠡᠭᠦᠯᠦᠨ᠎ᠡ᠃ ᠡᠭᠦᠨ᠎ᠦ ᠬᠠᠮᠲᠤ᠂ ᠲᠠᠯᠠᠪᠠᠶ ᠨᠢᠭᠡᠴᠢ᠎ᠶᠢᠨ ᠤᠨᠠᠯᠲᠠ᠎ᠡᠴᠡ ᠡᠯᠪᠡᠭ ᠬᠤᠷᠢᠶᠠᠯᠲᠠ ᠣᠯᠵᠤ᠂ ᠰᠠᠢᠨ ᠡᠭᠦᠯᠳᠡᠷ ᠰᠠᠢᠨ ᠠᠷᠭ᠎ᠠ ᠰᠠᠢᠨ ᠮᠡᠷᠭᠡᠵᠢᠯ᠎ᠢ ᠣᠷᠭᠠᠨᠢᠭ᠋᠎ᠢᠶᠠᠷ ᠲᠥᠬᠥᠷᠵᠢᠭᠦᠯᠬᠦ᠎ᠪᠡᠷ ᠳᠠᠮᠵᠢᠭᠤᠯᠤᠨ᠂ ᠬᠡᠪᠴᠢᠶᠡᠵᠢᠭᠰᠡᠨ᠂ ᠪᠠᠷᠢᠮᠵᠢᠶᠠᠵᠢᠭ᠍ᠰᠠᠨ ᠲᠡᠵᠢᠭᠡᠨ ᠦᠷᠡᠵᠢᠭᠦᠯᠬᠦ ᠲᠠᠯᠠᠪᠠᠶ᠎ᠶᠢᠨ ᠪᠦᠲᠦᠭᠡᠨ ᠪᠠᠢᠭᠤᠯᠤᠯᠲᠠ᠎ᠶᠢ ᠳᠡᠯᠭᠡᠷᠡᠭᠦᠯᠵᠦ᠂ ᠲᠠᠯ᠎ᠠ ᠨᠤᠲᠤᠭ᠎ᠤᠨ ᠮᠠᠯ ᠠᠵᠤ ᠠᠬᠤᠢ᠎ᠶᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ᠎ᠶᠢ ᠲᠦᠷᠭᠡᠳᠬᠡᠨ ᠠᠬᠢᠭᠤᠯᠵᠤ᠂ ᠠᠮᠤ ᠪᠤᠳᠠᠭ᠎ᠠ ᠪᠠ ᠴᠢᠬᠤᠯᠠ ᠮᠠᠯ᠎ᠤᠨ ᠠᠰᠢᠭ᠋ ᠰᠢᠮ᠎ᠡ᠎ᠶᠢᠨ ᠦᠢᠯᠡᠳᠪᠦᠷᠢᠯᠡᠯ᠎ᠦᠨ ᠴᠢᠳᠠᠪᠤᠷᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠡᠭᠦᠨ᠎ᠡᠴᠡ ᠭᠠᠳᠠᠨ᠎ᠠ᠂ ᠣᠶᠤᠨᠲᠤ ᠮᠠᠯ ᠠᠵᠤ ᠠᠬᠤᠢ ᠲᠠᠷᠢᠶᠠᠯᠠᠩ᠎ᠢ ᠶᠡᠬᠡ ᠪᠡᠷ ᠬᠥᠭᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠷᠭ᠎ᠠ ᠪᠠᠷᠢᠯ᠎ᠢᠶᠠᠷ ᠡᠬᠢ ᠪᠠᠶᠠᠯᠢᠭ᠋᠎ᠤᠨ ᠬᠢᠵᠠᠭᠠᠷᠯᠠᠯ᠎ᠢ ᠳᠡᠶ᠋ᠢᠯᠵᠦ᠂ ᠦᠢᠯᠡᠳᠪᠦᠷᠢᠯᠡᠯ᠎ᠦᠨ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ ᠭᠡᠵᠡᠢ᠃
ᠳᠠᠷᠠᠭᠠᠯᠠᠪᠠᠯ᠂ ᠪᠣᠬᠢᠷᠲᠤᠯ ᠦᠭᠡᠢ ᠠᠵᠤ ᠦᠢᠯᠡᠰ᠎ᠦᠨ ᠲᠦᠷᠦᠯ ᠲᠡᠮᠳᠡᠭ᠎ᠢ ᠰᠠᠢᠲᠤᠷ ᠬᠢᠵᠦ᠂ ᠬᠡᠯᠬᠢᠶ᠎ᠡ᠎ᠶᠢ ᠤᠷᠲᠤᠳᠬᠠᠨ᠎ᠠ᠃ ᠭᠦᠸᠧ ᠵᠠᠨ ᠵᠢᠶᠠᠩ᠂ ᠨᠢᠭᠡ ᠲᠠᠯ᠎ᠠ᠎ᠪᠠᠷ ᠬᠦᠷᠢᠶᠡᠯᠡᠩ ᠲᠣᠭᠣᠷᠢᠭ᠋᠎ᠤᠨ ᠳᠠᠢᠴᠢᠯᠠᠯᠲᠠ᠎ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ ᠬᠦᠷᠢᠶᠡᠯᠡᠩ ᠲᠣᠭᠣᠷᠢᠭ᠋᠎ᠢ ᠪᠦᠲᠦᠭᠡᠨ ᠪᠠᠢᠭᠤᠯᠵᠤ᠂ ᠡᠯᠧᠮᠧᠨ᠋ᠲ᠎ᠦᠨ ᠡᠬᠢ ᠪᠠᠶᠠᠯᠢᠭ᠋᠎ᠢ ᠲᠥᠪᠯᠡᠷᠡᠭᠦᠯᠬᠦ ᠬᠡᠷᠡᠭᠲᠡᠢ᠃ ᠨᠥᠭᠥᠭᠡ ᠲᠠᠯ᠎ᠠ᠎ᠪᠠᠷ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠭᠦᠨᠵᠡᠭᠡᠢ ᠡᠳ᠋ᠰᠢᠭᠦᠯᠬᠦ ᠢᠨᠵᠧᠨᠧᠷᠢᠩ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠡᠳ᠋ᠰᠢᠭᠦᠯᠬᠦ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠪᠤᠵᠠᠭᠠᠢᠷᠠᠭᠤᠯᠤᠨ᠂ ᠭᠣᠣᠯᠳᠠᠯᠭ᠎ᠠ᠎ᠲᠠᠢ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠬᠤ ᠲᠣᠭᠣᠷᠢᠨ᠎ᠳᠤ᠂ ᠨᠠᠷᠢᠯᠢᠭ᠋ ᠭᠦᠨᠵᠡᠭᠡᠢ ᠡᠳ᠋ᠰᠢᠭᠦᠯᠬᠦ ᠮᠡᠷᠭᠡᠵᠢᠯ᠎ᠦᠨ ᠰᠤᠳᠤᠯᠭᠠᠨ ᠪᠣᠯᠣᠨ ᠰᠢᠨ᠎ᠡ ᠦᠢᠯᠡᠳᠬᠦᠨ ᠰᠤᠳᠤᠯᠤᠨ ᠨᠡᠭᠡᠭᠡᠬᠦ ᠲᠠᠯ᠎ᠠ᠎ᠪᠠᠷ ᠪᠣᠭᠣᠮᠲᠠ ᠰᠢᠪᠲᠤᠯᠬᠤ᠎ᠶᠢ ᠥᠷᠨᠢᠭᠦᠯᠦᠨ᠎ᠡ᠃ ᠮᠢᠬᠠᠨ᠎ᠤ ᠦᠬᠡᠷ ᠮᠢᠬᠠᠨ᠎ᠤ ᠬᠣᠨᠢ᠎ᠶᠢ ᠥᠨᠳᠥᠷ ᠥᠷᠲᠡᠭᠲᠦ ᠳᠠᠭᠠᠯᠲᠠ ᠪᠦᠲᠦᠭᠡᠭᠳᠡᠬᠦᠨ ᠳᠠᠢᠰᠢ ᠥᠷᠭᠡᠳᠬᠡᠵᠦ᠂ ᠡᠯᠳᠡᠪ ᠠᠮᠤ ᠪᠤᠷᠴᠠᠭ᠎ᠢ ᠰᠡᠯᠡᠭᠦᠴᠡᠯ᠎ᠦᠨ ᠴᠢᠳᠠᠮᠵᠢᠲᠤ ᠢᠳᠡᠭᠡᠨ ᠳᠠᠢᠰᠢ ᠬᠤᠪᠢᠷᠠᠭᠤᠯᠬᠤ᠎ᠶᠢ ᠠᠬᠢᠭᠤᠯᠤᠨ᠎ᠠ᠃ ᠠᠵᠤ ᠠᠬᠤᠢᠯᠠᠯ᠎ᠤᠨ ᠪᠡᠯᠡ ᠬᠤᠷᠠᠮᠳᠤᠭᠤᠯᠬᠤ ᠳᠠᠷᠤᠭᠠᠰᠤ᠎ᠶᠢ ᠬᠥᠩᠭᠡᠷᠡᠭᠦᠯᠵᠦ᠂ ᠥᠷᠲᠡᠭ ᠨᠡᠮᠡᠭᠳᠡᠭᠦᠯᠬᠦ ᠣᠷᠣᠨ ᠵᠠᠢ᠎ᠶᠢ ᠥᠷᠭᠡᠳᠬᠡᠨ᠂ ᠪᠥᠬᠥ ᠣᠷᠣᠨ᠎ᠤ ᠮᠠᠯ᠎ᠤᠨ ᠠᠰᠢᠭ᠋ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠡᠳ᠋ᠰᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠪᠥᠬᠥ ᠬᠦᠴᠦᠨ᠎ᠢᠶᠡᠷ ᠠᠬᠢᠭᠤᠯᠤᠨ᠎ᠠ᠃ ᠡᠭᠦᠨ᠎ᠦ ᠬᠠᠮᠲᠤ᠂ ᠰᠢᠨ᠎ᠡ ᠡᠵᠡᠩᠨᠡᠯᠲᠡ᠎ᠶᠢᠨ ᠬᠡᠯᠪᠡᠷᠢ᠎ᠵᠢ ᠢᠳᠡᠪᠬᠢᠲᠡᠢ ᠨᠡᠭᠡᠭᠡᠨ ᠬᠥᠭᠵᠢᠭᠦᠯᠵᠦ᠂ ᠮᠠᠯ ᠠᠵᠤ ᠠᠬᠤᠢ ᠲᠠᠷᠢᠶᠠᠯᠠᠩ ᠬᠢᠭᠡᠳ ᠵᠢᠭᠤᠯᠴᠢᠯᠠᠯ᠂ ᠰᠣᠶᠣᠯ᠂ ᠡᠷᠡᠭᠦᠯᠵᠢᠯ ᠰᠤᠪᠢᠯᠠᠯᠲᠠ ᠵᠡᠷᠭᠡ ᠠᠵᠤ ᠦᠢᠯᠡᠰ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃ ᠬᠦᠳᠡᠯᠮᠦᠷᠢ᠎ᠪᠠᠷ ᠲᠡᠳᠬᠦᠮᠵᠢ᠎ᠶᠢ ᠣᠷᠣᠯᠠᠭᠤᠯᠬᠤ᠂ 《ᠨᠤᠲᠤᠭ᠎ᠤᠨ ᠣᠨᠴᠠ ᠭᠠᠷᠤᠯᠲᠠ》 ᠢ᠋ᠢᠨ ᠠᠵᠢᠯ᠎ᠢ ᠰᠠᠢᠲᠤᠷ ᠬᠢᠬᠦ᠂ ᠬᠠᠮᠲᠤ᠎ᠶᠢᠨ ᠠᠵᠤ ᠠᠬᠤᠢ᠎ᠶᠢ ᠪᠤᠵᠠᠭᠠᠢᠷᠠᠭᠤᠯᠬᠤ᠂ ᠰᠦᠯᠵᠢᠶᠡᠨ ᠳᠡᠭᠡᠷ᠎ᠡ ᠡᠵᠡᠩᠨᠡᠨ ᠪᠣᠷᠣᠯᠠᠭᠤᠯᠬᠤ᠂ ᠲᠠᠷᠢᠶᠠᠯᠠᠩ᠎ᠲᠠᠢ ᠬᠣᠯᠪᠤᠭᠠᠯᠠᠨ ᠲᠠᠷᠢᠶᠠᠯᠠᠩ᠎ᠢ ᠳᠠᠢᠴᠢᠯᠠᠬᠤ᠂ ᠲᠠᠷᠢᠶᠠᠴᠢᠳ᠎ᠲᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠣᠯᠠᠨ ᠡᠰᠢᠵᠢᠭᠦᠯᠦᠨ ᠬᠦᠴᠦᠯᠡᠵᠦ᠂ ᠳᠠᠩ ᠭᠠᠭᠴᠠ ᠭᠠᠷᠤᠯᠲᠠ ᠨᠡᠮᠡᠭᠳᠡᠭᠰᠡᠨ ᠴᠦ᠍ ᠣᠷᠣᠯᠭ᠎ᠠ᠎ᠶᠢ ᠦᠯᠦ ᠨᠡᠮᠡᠭᠳᠡᠭᠦᠯᠬᠦ ᠠᠰᠠᠭᠤᠳᠠᠯ᠎ᠢ ᠰᠠᠢᠲᠤᠷ ᠰᠢᠢᠳᠪᠦᠷᠢᠯᠡᠨ᠎ᠡ ᠭᠡᠵᠦ ᠢᠯᠡᠳᠭᠡᠪᠡ᠃
ᠭᠤᠷᠪᠠ᠎ᠳᠤ᠂ ᠪᠣᠬᠢᠷᠲᠤᠯ ᠦᠭᠡᠢ ᠪᠦᠲᠦᠭᠡᠭᠳᠡᠬᠦᠨ᠎ᠦ ᠲᠦᠷᠦᠯ ᠲᠡᠮᠳᠡᠭ᠎ᠢ ᠰᠠᠢᠲᠤᠷ ᠬᠢᠵᠦ᠂ ᠦᠨ᠎ᠡ ᠥᠷᠲᠡᠭ᠎ᠢ ᠨᠢ ᠳᠡᠭᠡᠭᠰᠢᠯᠡᠭᠦᠯᠦᠨ᠎ᠡ᠃ ᠭᠦᠸᠧ ᠵᠠᠨ ᠵᠢᠶᠠᠩ᠂ ᠪᠠᠷᠢᠮᠵᠢᠶ᠎ᠠ᠎ᠪᠠᠷ ᠬᠥᠲᠥᠯᠥᠨ ᠳᠠᠭᠠᠭᠤᠯᠬᠤ᠎ᠶᠢ ᠰᠠᠢᠲᠤᠷ ᠬᠢᠵᠦ᠂ ᠪᠣᠬᠢᠷᠲᠤᠯ ᠦᠭᠡᠢ ᠣᠷᠭᠠᠨᠢᠭ᠋ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠪᠠᠷᠢᠮᠵᠢᠶ᠎ᠠ᠎ᠶᠢᠨ ᠰᠢᠰᠲᠧᠮ᠎ᠢ ᠪᠠᠢᠭᠤᠯᠤᠨ ᠪᠦᠷᠢᠨᠰᠢᠭᠦᠯᠵᠦ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠶᠢ ᠪᠠᠷᠢᠮᠲᠠᠯᠠᠵᠤ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ᠂ ᠲᠠᠷᠢᠶᠠᠨ ᠡᠮ ᠬᠢᠮᠢ᠎ᠶᠢᠨ ᠪᠣᠷᠳᠣᠭᠤᠷ᠎ᠢ ᠪᠠᠭᠠᠰᠬᠠᠬᠤ᠂ ᠢᠯᠭᠠᠳᠠᠰᠤ ᠪᠣᠬᠢᠷᠲᠤᠯ᠎ᠢ ᠡᠬᠢ ᠪᠠᠶᠠᠯᠢᠭ᠍ᠵᠢᠭᠤᠯᠬᠤ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ᠎ᠶᠢ ᠠᠬᠢᠭᠤᠯᠵᠤ᠂ ᠪᠥᠬᠥ ᠶᠠᠪᠤᠴᠠ᠎ᠳᠤ ᠡᠬᠢ ᠡᠭᠦᠰᠦᠯ᠎ᠢ ᠨᠢ ᠮᠦᠷᠳᠡᠵᠦ᠂ ᠨᠤᠲᠤᠭ ᠪᠡᠯᠴᠢᠭᠡᠷ᠎ᠢ ᠰᠠᠢᠲᠤᠷ ᠬᠠᠮᠠᠭᠠᠯᠠᠵᠤ᠂ ᠮᠠᠨ᠎ᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠡᠷᠡᠭᠦᠯ ᠮᠡᠨᠳᠦ᠂ ᠠᠮᠤᠷ ᠲᠦᠪᠰᠢᠨ᠂ ᠰᠢᠮ᠎ᠡ ᠲᠡᠵᠢᠭᠡᠯ᠎ᠢ ᠪᠠᠲᠤᠯᠠᠬᠤ ᠬᠡᠷᠡᠭᠲᠡᠢ᠃ ᠢᠯᠠᠩᠭᠤᠶ᠎ᠠ 《ᠥᠪᠥᠷ ᠮᠣᠩᠭᠣᠯ》 ᠨᠡᠷᠡᠮᠵᠢᠲᠦ ᠲᠥᠷᠥᠯ ᠲᠡᠮᠳᠡᠭᠲᠦ᠎ᠶᠢᠨ ᠵᠢᠭ᠍ᠰᠠᠭᠠᠯ᠎ᠢ ᠬᠦᠴᠦᠷᠬᠡᠭᠵᠢᠭᠦᠯᠵᠦ᠂ ᠲᠥᠷᠥᠯ ᠲᠡᠮᠳᠡᠭᠲᠦ᠎ᠶᠢᠨ ᠨᠥᠯᠥᠭᠡᠯᠡᠬᠦ ᠬᠦᠴᠦᠨ ᠪᠠ ᠦᠨ᠎ᠡ ᠥᠰᠬᠡᠬᠦ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠲᠦᠷᠦᠯ ᠲᠡᠮᠳᠡᠭᠲᠦ᠎ᠪᠡᠷ ᠬᠦᠴᠦᠨ ᠣᠯᠭᠣᠬᠤ᠎ᠪᠠᠷ ᠳᠠᠮᠵᠢᠭᠤᠯᠤᠨ᠂ ᠰᠠᠢᠨ ᠦᠢᠯᠡᠳᠬᠦᠨ᠎ᠢ ᠰᠠᠢᠨ ᠦᠨ᠎ᠡ᠎ᠪᠡᠷ ᠬᠤᠳᠠᠯᠳᠤᠨ ᠭᠠᠷᠭᠠᠵᠤ᠂ ᠮᠠᠯᠴᠢᠨ ᠲᠠᠷᠢᠶᠠᠴᠢᠳ᠎ᠲᠤ ᠠᠵᠤ ᠦᠢᠯᠡᠰ᠎ᠦᠨ ᠥᠷᠲᠡᠭ ᠨᠡᠮᠡᠭᠳᠡᠯ᠎ᠦᠨ ᠠᠰᠢᠭ᠋ ᠣᠷᠣᠯᠭ᠎ᠠ᠎ᠶᠢ ᠨᠠᠩ ᠣᠯᠠᠨ ᠬᠤᠪᠢᠶᠠᠨ ᠡᠳ᠋ᠯᠡᠭᠦᠯᠦᠨ᠎ᠡ ᠭᠡᠵᠦ ᠢᠯᠡᠳᠭᠡᠪᠡ᠃
ᠰᠣᠷᠪᠤᠯᠵᠢᠯᠠᠭ᠎ᠠ ᠳᠠᠭᠤᠰᠬᠤ ᠦᠶ᠎ᠡ᠎ᠳᠤ᠂ ᠭᠦᠸᠧ ᠵᠠᠨ ᠵᠢᠶᠠᠩ᠄《ᠰᠢᠨ᠎ᠡ ᠠᠶᠠᠨ ᠪᠣᠯ ᠢᠷᠠᠭᠤ ᠠᠯᠳᠠᠷ ᠪᠠ ᠬᠦᠰᠡᠯ ᠵᠡᠭᠦᠳᠦ᠎ᠪᠡᠷ ᠪᠢᠯᠬᠠᠭᠰᠠᠨ ᠠᠯᠤᠰ᠎ᠤᠨ ᠠᠶᠠᠨ ᠪᠣᠯᠣᠨ᠎ᠠ᠃ ᠪᠢᠳᠡ ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠬᠤ ᠰᠡᠳᠬᠢᠯᠭᠡ᠂ ᠡᠷᠡᠮᠡᠬᠡᠢᠯᠡᠨ ᠳᠠᠪᠰᠢᠬᠤ ᠵᠣᠷᠢᠭ᠋᠎ᠢᠶᠠᠷ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠮᠠᠯ ᠠᠵᠤ ᠠᠬᠤᠢ ᠲᠠᠷᠢᠶᠠᠯᠠᠩ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠵᠦ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ ᠪᠠ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠬᠠᠩᠭᠠᠯᠭ᠎ᠠ᠎ᠶᠢ ᠪᠠᠲᠤᠯᠠᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ》 ᠭᠡᠵᠦ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃